ᠪᠦᠬᠦ ᠣᠷᠣᠨ ᠤ ᠤᠬᠠᠭᠤᠯᠬᠤ ᠬᠡᠯᠲᠡᠰ ᠤᠨ ᠲᠠᠷᠤᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/22
      ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ 1 ᠳ᠋ᠤᠭᠡᠷ ᠰᠠᠷ᠎ᠠ ᠶᠢᠨ 18  ᠤ ᠡᠳᠦᠷ ᠬᠤᠷᠠᠯᠳᠤᠪᠠ᠃ ᠬᠤᠷᠠᠯ   ᠠᠴᠠ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠵᠦ᠂ ᠪᠥᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ᠂ ᠳᠣᠯᠣᠳᠤᠭᠠᠷ ᠤᠳᠠᠭᠠᠨ ᠤ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠠᠶᠢᠳᠠᠯ ᠢ ᠵᠠᠳᠠᠯᠵᠤ᠂ ᠡᠨᠡ ᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ  ᠂ ᠪᠦᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ   ᠶᠢ ᠠᠬᠢᠭᠤᠯᠬᠤ ᠡᠨᠡᠬᠦ ᠬᠠᠮᠤᠭ ᠤᠨ ᠶᠡᠭᠡ ᠤᠯᠤᠰ ᠲᠥᠷᠥ ᠶᠢᠨ ᠲᠣᠭᠤᠷᠢᠨ ᠳᠤ ᠰᠢᠨ᠎ᠡ ᠴᠠᠭ ᠦᠶ᠎ᠡ ᠶᠢᠨ ᠰᠢᠨ᠎ᠡ ᠰᠣᠶᠣᠯ ᠤᠨ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠰᠢᠵᠦ᠂ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠪᠦᠬᠦ ᠨᠠᠮ ᠢ ᠵᠡᠪᠰᠡᠭᠯᠡᠬᠦ᠂ ᠠᠷᠠᠳ ᠲᠦᠮᠡᠨ ᠢ ᠬᠥᠮᠥᠵᠢᠭᠦᠯᠬᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ᠭᠤᠣᠯ ᠤᠷᠤᠰᠬᠠᠯ ᠤᠨ ᠦᠷᠳᠡᠭ᠂ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡ᠂ ᠭᠤᠣᠯ ᠤᠷᠤᠰᠬᠠᠯ ᠤᠨ ᠰᠣᠶᠣᠯ ᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠶᠢᠨ ᠲᠥᠯᠥᠭᠡ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠲᠥᠪᠯᠡᠷᠡᠭᠦᠯᠦᠨ᠎ᠡ ᠭᠡᠵᠦ ᠵᠢᠭᠠᠨ ᠭᠠᠷᠭᠠᠪᠠ᠃      ᠬᠤᠷᠠᠯ ᠠᠴᠠ᠂ ᠲᠤᠭ ᠲᠡᠮᠳᠡᠭ ᠲᠣᠳᠣᠷᠬᠠᠢ ᠪᠠᠷ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠦᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ  ᠭᠡᠵᠦ ᠴᠢᠬᠤᠯᠠᠴᠢᠯᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1