ᠲᠣᠭᠲᠠᠬᠤ ᠰᠢᠶᠠᠨ ᠤ ᠤᠯᠠᠭᠠᠨᠮᠥ᠋ᠴᠢᠷ ︽ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ︾ ᠭᠤᠷᠪᠠ ᠶᠢ ᠬᠥᠳᠡᠭᠡ ᠪᠠᠭᠤᠯᠭᠠᠬᠤ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/22
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ ᠬᠥᠭᠵᠢᠭᠦᠯᠬᠦ ᠶᠢᠨ ᠲᠥᠯᠥᠭᠡ᠂ 1 ᠳ᠋ᠤᠭᠡᠷ ᠰᠠᠷ᠎ᠠ ᠶᠢᠨ 18 ᠤ ᠡᠳᠦᠷ᠂ ᠲᠣᠭᠲᠠᠬᠤ ᠰᠢᠶᠠᠨ ᠤ ᠤᠯᠠᠭᠠᠨᠮᠥ᠋ᠴᠢᠷ ᠶᠦᠨᠵᠦ᠋ᠩ ᠵᠦᠴᠦᠭᠡ ᠶᠢᠨ ᠬᠦᠷᠢᠶᠡᠯᠡᠩ ᠳᠤ ᠬᠦᠷᠴᠦ ︽ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ︾ ᠭᠤᠷᠪᠠ ᠶᠢ ᠬᠥᠳᠡᠭᠡ ᠪᠠᠭᠤᠯᠭᠠᠬᠤ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠤᠯᠠᠭᠠᠨᠮᠥ᠋ᠴᠢᠷ ᠤᠨ ᠭᠡᠰᠢᠭᠦᠳ ᠤᠳᠤ ᠦᠶ᠎ᠡ ᠶᠢᠨ ᠵᠦᠴᠦᠭᠡ ︽ᠨᠢᠭᠡ ᠬᠡᠷᠡᠮ ᠤᠨ ᠠᠯᠤᠰᠯᠠᠯ︾ ᠪᠣᠯᠣᠨ ᠤᠯᠠᠮᠵᠢᠯᠠᠯᠲᠤ  ᠵᠦᠴᠦᠭᠡ ︽ᠮᠠᠯᠠᠭᠠᠢ ᠵᠢᠭᠡᠯᠡᠶ᠎ᠡ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠲᠣᠭᠯᠠᠵᠤ᠂ ᠥᠷᠭᠡᠨ ᠤᠯᠠᠨ ᠠᠷᠠᠳ ᠲᠦᠮᠡᠨ ᠤ ᠪᠠᠭ᠋ᠠᠷᠬᠠᠯ ᠢ ᠲᠠᠲᠠᠪᠠ᠃
     ᠲᠤᠰ ᠤᠳᠠᠭ᠎ᠠ ᠶᠢᠨ ᠠᠵᠢᠯᠯᠠᠭ᠎ᠠ ᠳᠤ᠂ ᠤᠯᠠᠭᠠᠨᠮᠥ᠋ᠴᠢᠷ ᠤᠨ ᠭᠡᠰᠢᠭᠦᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠴᠢᠷᠮᠠᠶᠢᠨ ᠪᠣᠶᠢᠵᠢᠭᠤᠯᠤᠨ ᠦᠢᠯᠡᠳᠦᠯᠭᠡᠵᠢᠭᠦᠯᠵᠦ᠂ ᠥᠷᠭᠡᠨ ᠤᠯᠠᠨ ᠠᠷᠠᠳ ᠲᠦᠮᠡᠨ ᠤ ᠶᠣᠰᠣ ᠰᠤᠷᠲᠠᠬᠤᠨ ᠢ ᠡᠷᠬᠢᠮᠯᠡᠬᠦ᠂ ᠶᠣᠰᠣ ᠰᠤᠷᠲᠠᠬᠤᠨ ᠢ ᠰᠠᠬᠢᠬᠤ᠂ ᠡᠷᠬᠢᠮ ᠳᠡᠭᠡᠳᠦ ᠶᠣᠰᠣ ᠰᠤᠷᠲᠠᠬᠤᠨ ᠤ ᠬᠦᠰᠡᠯᠡᠩ ᠢ ᠬᠥᠭᠡᠭᠡᠴᠡᠯᠳᠦᠬᠦ ᠶᠢ ᠢᠳᠡᠪᠬᠢᠲᠡᠢ ᠬᠥᠲᠥᠯᠥᠨ ᠳᠠᠭᠠᠭᠤᠯᠬᠤ ᠶᠢᠨ ᠬᠠᠮᠲᠤ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1