ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/1/22
      ᠪᠤᠤ ᠭᠠᠩ ᠶᠠᠷᠢᠶ᠎ᠠ ᠲᠠᠯᠪᠢᠵᠠᠢ ᠾᠧ ᠬᠠᠢ ᠳ᠋ᠦᠩ ᠴᠠᠩ ᠫᠧᠢ ᠵᠦᠩ ᠼᠦᠢ ᠵᠧᠨ ᠦ᠋ ᠣᠷᠣᠯᠴᠠᠵᠠᠢ ᠯᠢ ᠵᠢᠶᠦ᠋ᠩ ᠬᠤᠷᠠᠯ ᠢ ᠡᠷᠬᠢᠯᠡᠪᠡ      1 ᠳ᠋ᠤᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠠᠮᠵᠢᠯᠲᠠ ᠲᠠᠢ ᠥᠨᠳᠥᠷᠯᠡᠪᠡ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠶᠡᠭᠡ ᠬᠤᠷᠠᠯ ᠤᠨ ᠲᠡᠭᠦᠰᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠩ ᠶᠡᠭᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠸᠧᠨ ᠮᠢᠩ᠂ ᠯᠠᠨ ᠹᠧᠩ᠂ ᠶᠢᠨ ᠴᠦᠨ ᠯᠢᠶᠠᠩ᠂ ᠸᠧᠢ ᠬᠤᠩ ᠵᠢᠶᠦ᠋ᠨ᠂ ᠵᠠᠩ ᠵᠥᠩ ᠳ᠋ᠦᠩ᠂ ᠶᠦᠨ ᠢᠦᠢ ᠮᠧᠶ ᠪᠣᠯᠣᠨ ᠨᠠᠷᠢᠨ ᠪᠢᠴᠢᠭ ᠤᠨ ᠳᠠᠷᠤᠭ᠎ᠠ ᠰᠢᠩ ᠵᠢᠶᠦ᠋ᠨ ᠫᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠾᠧ ᠬᠠᠢ ᠳ᠋ᠦᠩ᠂ ᠴᠠᠩ ᠫᠧᠢ ᠵᠥᠩ᠂ ᠼᠦᠢ ᠵᠧᠨ ᠦ᠋᠂ ᠹᠠᠩ ᠢᠦᠢ ᠳ᠋ᠦᠩ᠂ ᠰᠢᠨ ᠨᠠ᠂ ᠯᠢ ᠵᠢᠶᠦ᠋ᠨ ᠂ ᠸᠠᠩ ᠬᠠᠢ ᠢᠦᠢ᠂ ᠭᠧ ᡁᠢ ᠮᠢᠨ᠂ ᠯᠢᠦ ᠵᠢᠢ ᠶᠢᠩ᠂ ᠵᠠᠩ ᠵᠢᠢ ᠹᠧᠢ᠂ ᠰᠧ ᠰᠢᠶᠣᠣ ᠶᠠᠩ᠂ ᠯᠢ ᠰᠢᠶᠣᠣ ᠶᠠᠨ᠂ ᠭᠦᠸᠧ ᡁᠢ ᠭᠠᠩ᠂ ᠸᠠᠩ ᠰᠢᠨ ᠢᠦᠢ᠂ ᠼᠤᠤ ᡁᠢ᠂ ᠵᠢᠶᠣᠣ ᠬᠤᠩ᠂ ᠮᠠ ᠪᠢᠩ ᠴᠢᠤᠸᠠᠨ᠂ ᠹᠦ᠋ ᠶᠢᠨ ᠽᠠᠢ᠂ ᠵᠦ ᠵᠢᠶᠠᠨ ᠭᠦᠸᠧ᠂ ᠶᠦᠨ ᠰᠢᠨ ᠮᠢᠩ᠂ ᠭᠤᠸ ᠵᠧᠨ ᠸᠧᠢ᠂ ᠰᠥᠩ ᠬᠤᠶ᠂ ᠯᠢ ᠰᠢᠶᠣᠣ ᠳ᠋ᠦᠩ᠂ ᠰᠦᠸᠧ ᠶᠢᠩ ᠵᠢᠶᠦ᠋ᠨ᠂ ᠯᠢ ᠸᠧᠨ ᠭᠧ᠂ ᠭᠤᠸ ᠷᠦᠢ ᠵᠢᠶᠦ᠋ᠨ᠂ ᠪᠠᠭᠠᠲᠤᠷ᠂ ᠯᠢᠦ ᠵᠢᠶᠠᠨ ᠭᠦᠸᠧ᠂ ᠦ᠋ ᠴᠧᠩ ᠢ᠂ ᠵᠣᠣ ᠰᠢ ᠮᠢᠨ᠂ ᠵᠠᠩ ᠰᠢᠶᠣᠣ ᠬᠤᠩ᠂ ᠼᠤᠤ ᠬᠤᠩ᠂ ᠯᠢᠦ ᠵᠠᠨ ᠶᠢᠩ᠂ ᠶᠠᠩ ᠤᠷᠳᠦ᠂ ᠲᠠᠯ᠎ᠠ ᠵᠡᠷᠭᠡ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠲᠡᠭᠦᠰᠬᠦ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 342 ᠬᠥᠮᠥᠨ ᠪᠠᠶᠢᠵᠤ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 327 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃      ᠬᠤᠷᠠᠯ ᠠᠴᠠ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠵᠤ᠂ ᠬᠥᠬᠡᠬᠤᠲᠠ ᠶᠢᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ᠂ ᠬᠥᠬᠡᠬᠤᠲᠠ ᠶᠢᠨ 2023 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠲᠥᠰᠥᠪ ᠤᠨ ᠲᠤᠬᠠᠢ ᠰᠢᠢᠳᠪᠦᠷᠢ᠂ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠳᠤᠯᠠᠪᠠ᠃      ᠪᠤᠤ ᠭᠠᠩ᠂ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠴᠢᠩᠭ᠎ᠠ ᠬᠦᠴᠦᠲᠡᠢ ᠤᠯᠤᠰ ᠲᠦᠷᠦ ᠶᠢᠨ ᠬᠠᠷᠢᠭᠤᠴᠠᠯᠭ᠎ᠠ ᠶᠢ ᠢᠯᠡᠷᠡᠭᠦᠯᠵᠦ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠡᠢ ᠭᠡᠵᠦ ᠵᠢᠭᠠᠵᠤ ᠭᠠᠷᠭᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1