ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠶᠢᠩ ᠪᠢᠨ ᠨᠡᠶᠢᠭᠡᠮ ᠲᠣᠭᠤᠷᠢᠭ ᠲᠠᠢ ᠬᠠᠮᠳᠤᠷᠠᠨ ︽ᠠᠷᠠᠳ ᠤᠨ ᠲᠥᠯᠥᠭᠡ ᠪᠣᠳᠠᠲᠠᠢ ᠠᠵᠢᠯ ᠬᠢᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/29
      ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ ᠂ ︽ᠬᠤᠶᠠᠷ ᠲᠤ ᠨᠡᠷ᠎ᠡ ᠮᠡᠳᠡᠭᠦᠯᠬᠦ︾ ︽ᠬᠤᠶᠠᠷ ᠲᠤ ᠦᠢᠯᠡᠴᠢᠯᠡᠬᠦ︾ ᠠᠵᠢᠯ ᠢ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ 1 ᠳ᠋ᠤᠭᠡᠷ ᠰᠠᠷ᠎ᠠ ᠶᠢᠨ 24 ᠤ ᠡᠳᠦᠷ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ᠂ ᠶᠢᠩ ᠪᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠠᠷᠠᠳ ᠤᠨ ᠲᠥᠯᠥᠭᠡ ᠪᠣᠳᠠᠲᠠᠢ ᠠᠵᠢᠯ ᠬᠢᠬᠦ︾ ᠠᠵᠢᠯᠯᠠᠭ᠎ᠠ ᠥᠷᠨᠢᠭᠦᠯᠪᠡ᠃
     ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠰᠠᠭᠤᠭᠠᠯᠢ ᠠᠷᠠᠳ ᠨᠢᠭᠡᠪᠦᠷᠢ ᠳᠤ ᠬᠦᠷᠭᠡᠭᠰᠡᠨ ᠴᠢᠩ ᠰᠡᠳᠬᠢᠯ ᠤᠨ ᠮᠡᠨᠳᠦᠴᠢᠯᠡᠯ ᠪᠣᠯᠣᠨ ᠪᠠᠶᠠᠷ ᠤᠨ ᠡᠳᠦᠷ ᠤᠨ ᠵᠥᠩᠨᠡᠯ ᠢ ᠲᠥᠯᠥᠭᠡᠯᠡᠵᠦ ᠪᠠᠶᠢᠨ᠎ᠠ᠃ ᠲᠤᠬᠠᠢ ᠶᠢᠨ ᠲᠠᠯᠠᠪᠠᠶ ᠳᠤ ᠠᠵᠢᠯᠲᠠᠳ ᠡᠮᠬᠢ ᠳᠢᠭᠯᠢᠮ ᠲᠠᠢ ᠪᠠᠷ ᠳᠡᠩᠰᠡᠯᠡᠨ ᠲᠠᠷᠬᠠᠭᠠᠵᠤ᠂ ᠨᠢᠭᠡ ᠤᠭᠤᠲᠠ ᠲᠤᠲᠤᠷᠭ᠎ᠠ᠂ ᠨᠢᠭᠡ ᠤᠭᠤᠲᠠ ᠭᠤᠯᠢᠷ ᠨᠢ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠪᠣᠯᠣᠨ ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ   ᠢ ᠠᠪᠴᠤ ᠵᠢᠷᠠᠨ ᠨᠠᠰᠤᠨ   ᠠᠴᠠ ᠳᠡᠭᠡᠭᠰᠢᠬᠢ ᠨᠠᠰᠤᠲᠠᠳ᠂ ᠣᠨᠴᠠᠭᠠᠶ ᠬᠦᠴᠢᠷᠳᠡᠯᠲᠡᠢ ᠰᠠᠭᠤᠭᠠᠯᠢ ᠠᠷᠠᠳ ᠤᠨ ᠰᠡᠳᠬᠢᠯ ᠳᠤ ᠲᠠᠭᠠᠯᠠᠭᠳᠠᠵᠠᠢ᠃ ᠠᠵᠢᠯᠲᠠᠳ ᠨᠢᠭᠡ ᠲᠠᠯ᠎ᠠ ᠪᠠᠷ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ ᠢ ᠳᠣᠲᠣᠨᠣᠰᠤᠭ ᠢᠶᠠᠷ ᠮᠡᠨᠳᠦᠴᠢᠯᠡᠵᠦ᠂ ᠨᠦᠬᠦᠭᠡ ᠲᠠᠯ᠎ᠠ ᠪᠠᠷ ᠨᠠᠰᠤᠲᠠᠶᠢᠴᠤᠳ ᠢ ᠬᠠᠪᠰᠤᠷᠤᠨ ᠲᠣᠬᠤᠨᠢᠭᠤᠯᠬᠤ ᠪᠣᠳᠠᠰ ᠢ ᠵᠥᠭᠡᠭᠡᠵᠦ᠂ ᠨᠠᠰᠤᠲᠠᠶᠢᠴᠤᠳ ᠢ ᠭᠡᠷ ᠲᠡᠭᠡᠨ ᠬᠠᠷᠢᠬᠤ ᠵᠠᠮ ᠳᠠᠭᠠᠨ ᠠᠮᠤᠷ ᠲᠦᠪᠰᠢᠨ ᠢ ᠠᠩᠬᠠᠷᠴᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠬᠤ ᠶᠢ ᠰᠠᠨᠠᠭᠤᠯᠵᠤ᠂ ᠨᠠᠰᠤᠲᠠᠳ ᠡᠷᠡᠬᠡᠢ ᠬᠤᠷᠤᠭᠤ ᠪᠠᠷ ᠢᠶᠠᠨ ᠠᠵᠢᠯᠴᠢᠨ ᠤ ᠶᠡᠷᠦᠩᠬᠡᠢ ᠡᠪᠯᠡᠯ ᠤᠨ ᠬᠠᠯᠠᠭᠤᠨ ᠰᠡᠳᠬᠢᠯ ᠳᠤ ᠦᠢᠯᠡᠴᠢᠯᠡᠵᠦ ᠪᠠᠶᠢᠬᠤ ᠶᠢ ᠮᠠᠭᠲᠠᠨ ᠰᠠᠶᠢᠰᠢᠶᠠᠵᠤ᠂ ᠨᠡᠶᠢᠭᠡᠮ ᠲᠣᠭᠤᠷᠢᠭ ᠤᠨ ᠬᠠᠪᠰᠤᠷᠤᠯᠭ᠎ᠠ ᠪᠠ ᠬᠠᠯᠠᠮᠵᠢᠯᠠᠯ ᠳᠤ ᠲᠠᠯᠠᠷᠬᠠᠪᠠ᠃
     ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠠᠵᠢᠯᠲᠠᠨ ᠠᠵᠢᠯᠴᠢᠨ ᠤᠯᠠᠨ ᠲᠦᠮᠡᠨ ᠤ ᠪᠠᠴᠢᠮᠳᠠᠵᠤ ᠵᠣᠪᠠᠭ᠋ᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠵᠢᠯᠲᠠᠨ ᠠᠵᠢᠯᠴᠢᠨ ᠤᠯᠠᠨ ᠲᠦᠮᠡᠨ ᠤ ᠬᠠᠨᠤᠮᠵᠢᠲᠠᠢ ᠪᠠᠶᠢᠬᠤ ᠪᠠᠷ ᠬᠡᠮᠵᠢᠭᠦᠷ ᠪᠣᠯᠭᠠᠵᠤ᠂ ᠰᠡᠳᠬᠢᠯ ᠲᠠᠯᠪᠢᠨ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠦᠨᠡᠨ ᠰᠡᠳᠬᠢᠯ ᠠᠴᠠ ᠪᠠᠨ ᠠᠵᠢᠯᠲᠠᠨ ᠠᠵᠢᠯᠴᠢᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠵᠦ᠂ ᠰᠠᠶᠢᠨ ᠶᠠᠪᠤᠳᠠᠯ ᠬᠢᠵᠦ᠂ ᠠᠵᠢᠯᠯᠠᠭ᠎ᠠ ᠶᠢᠨ ︽ᠬᠠᠯᠠᠭᠤᠴᠠ︾ ᠢᠶᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠦᠢᠯᠡᠳᠦᠯᠭᠡᠵᠢᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠶᠦᠨ ᠵᠦᠩ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1