ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠶ᠎ᠠ︾ ᠭᠤᠣᠯ ᠰᠡᠳᠦᠪᠲᠦ ᠭᠡᠷ ᠤᠨ ᠰᠣᠷᠪᠤᠯᠵᠢᠯᠠᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/29
      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠪᠠᠭᠰᠢ᠂ ᠰᠤᠷᠤᠭᠴᠢ ᠵᠢᠴᠢ ᠭᠡᠷ ᠤᠨ ᠠᠬᠠᠮᠠᠳ ᠤᠨ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠲᠠᠨᠢᠵᠤ ᠣᠶᠢᠯᠠᠭᠠᠬᠤ ᠶᠢ ᠬᠥᠲᠥᠯᠥᠨ ᠳᠠᠭᠠᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ  ᠲᠠᠭᠠᠶ᠎ᠠ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠪᠣᠳᠠᠲᠠᠢ ᠨᠠᠶᠢᠳᠠᠪᠤᠷᠢᠵᠢᠭᠤᠯᠬᠤ ᠶᠢᠨ ᠲᠥᠯᠥᠭᠡ ᠂ ︽ᠠᠷᠠᠳ ᠤᠨ ᠰᠠᠨᠠᠭ᠎ᠠ ᠶᠢ ᠰᠤᠷᠪᠤᠯᠵᠢᠯᠠᠬᠤ︾᠂ ︽ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ︾ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠲᠦᠯᠦᠭᠡ᠂ ᠣᠶᠢᠷ᠎ᠠ ᠳᠤ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ  ᠲᠠᠭᠠᠶ᠎ᠠ︾ ᠪᠠᠷ ᠭᠤᠣᠯ ᠰᠡᠳᠦᠪ ᠪᠣᠯᠭᠠᠭᠰᠠᠨ ᠠᠮᠠᠷᠠᠯᠲᠠ ᠶᠢᠨ ᠬᠤᠭᠤᠴᠠᠭᠠᠨ ᠤ ᠭᠡᠷ ᠪᠦᠯᠢ ᠶᠢᠨ ᠰᠣᠷᠪᠤᠯᠵᠢᠯᠠᠭ᠎ᠠ ᠶᠢᠨ ᠠᠵᠢᠯᠯᠠᠭ᠎ᠠ ᠥᠷᠨᠢᠭᠦᠯᠪᠡ᠃ ᠪᠦᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠵᠠᠰᠠᠭ ᠤᠨ ᠪᠦᠷᠢᠯᠳᠦᠭᠦᠨ᠂ ᠨᠠᠮ ᠤᠨ ᠭᠡᠰᠢᠭᠦᠨ᠂ ᠪᠠᠭᠰᠢ ᠨᠠᠷ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠤᠲᠠᠰᠤ ᠪᠠᠷ ᠭᠡᠷ ᠲᠤᠨᠢ ᠰᠤᠷᠪᠤᠯᠵᠢᠯᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠭᠡᠷ ᠪᠦᠯᠢ ᠶᠢᠨ ᠰᠤᠷᠪᠤᠯᠵᠢᠯᠠᠬᠤ ᠠᠵᠢᠯᠯᠠᠭ᠎ᠠ ᠶᠢ ᠦᠨᠡᠨ ᠬᠦ ᠥᠷᠨᠢᠭᠦᠯᠪᠡ᠃
     ᠡᠯ᠎ᠡ ᠰᠤᠷᠭᠠᠭᠤᠯᠢ ᠶᠢᠨ ᠬᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠢᠭᠡᠳᠦᠯᠲᠡᠢ ᠱᠠᠭᠠᠷᠳᠠᠯᠭ᠎ᠠ᠂ ᠨᠢᠭᠡᠳᠦᠯᠲᠡᠢ ᠲᠣᠬᠢᠷᠠᠭᠤᠯᠭ᠎ᠠ ᠶᠣᠰᠣᠭᠠᠷ᠂ ᠭᠡᠷ ᠪᠦᠯᠢ ᠶᠢᠨ ᠰᠤᠷᠪᠤᠯᠵᠢᠯᠠᠬᠤ ᠱᠠᠭᠠᠷᠳᠠᠯᠭ᠎ᠠ ᠪᠠ ᠬᠠᠮᠢᠶ᠎ᠠ ᠪᠦᠬᠦᠢ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠬᠠᠶᠢᠷ᠎ᠠ ᠰᠡᠳᠬᠢᠯᠭᠡ ᠲᠠᠢ ᠪᠠᠷ ᠭᠡᠷ ᠪᠦᠯᠢ ᠶᠢᠨ ᠰᠤᠷᠪᠤᠯᠵᠢᠯᠠᠵᠤ᠂ ᠠᠰᠠᠭᠤᠳᠠᠯ ᠲᠠᠢ ᠭᠡᠷ ᠪᠦᠯᠢ ᠪᠠᠷ ᠰᠤᠷᠪᠤᠯᠵᠢᠯᠠᠵᠤ᠂ ᠬᠦᠴᠢᠷᠳᠡᠯᠲᠡᠢ ᠭᠡᠷ ᠪᠦᠯᠢ ᠶᠢᠨ ᠰᠣᠷᠣᠭᠴᠢ᠂ ᠭᠡᠷ ᠲᠡᠭᠡᠨ ᠬᠤᠴᠣᠷᠤᠭᠰᠠᠨ ᠰᠣᠷᠣᠭᠴᠢ᠂ ᠵᠡᠮᠳᠡᠭ ᠰᠣᠷᠣᠭᠴᠢ᠂ ᠰᠤᠷᠤᠯᠭ᠎ᠠ ᠶᠢᠨ ᠬᠦᠴᠢᠷᠳᠡᠯ ᠲᠠᠢ ᠰᠣᠷᠣᠭᠴᠢ ᠵᠡᠷᠭᠡ ᠣᠨᠴᠠᠭᠠᠶ ᠬᠠᠮᠲᠤᠯᠢᠭ ᠤᠨ ᠰᠣᠷᠣᠭᠴᠢ ᠶᠢ ᠭᠤᠣᠯᠳᠠᠯᠭ᠎ᠠ ᠲᠠᠢ ᠠᠩᠬᠠᠷᠴᠤ᠂ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ᠂ ᠬᠡᠪ ᠴᠢᠨᠠᠷ ᠤᠨ ᠰᠤᠷᠭᠠᠨ ᠬᠥᠮᠦᠵᠢᠯ᠂ ᠭᠡᠷ ᠪᠦᠯᠢ ᠪᠠ ᠰᠤᠷᠭᠠᠭᠤᠯᠢ ᠶᠢᠨ ᠬᠠᠮᠲᠤᠷᠠᠯᠴᠠᠭ᠎ᠠ ᠵᠡᠷᠭᠡ ᠰᠡᠳᠦᠪ ᠢ ᠭᠤᠣᠯᠳᠠᠯᠭ᠎ᠠ ᠲᠠᠢ ᠰᠣᠯᠢᠯᠴᠠᠬᠤ ᠠᠭᠤᠯᠭ᠎ᠠ ᠪᠣᠯᠭᠠᠪᠠ᠃
     ᠭᠡᠷ ᠤᠨ ᠰᠣᠷᠪᠤᠯᠵᠢᠯᠠᠭ᠎ᠠ ᠬᠢᠬᠦ ᠶᠠᠪᠤᠴᠠ ᠳᠤ᠂ ᠰᠤᠷᠭᠠᠭᠤᠯᠢ ᠶᠢᠨ ᠤᠳᠤᠷᠢᠳᠬᠤ ᠪᠠᠭ᠂ ᠨᠠᠮ ᠤᠨ ᠭᠡᠰᠢᠭᠦᠨ᠂ ᠪᠠᠭᠰᠢ ᠨᠠᠷ ᠭᠡᠷ ᠤᠨ ᠠᠬᠠᠮᠠᠳ ᠲᠤ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾ ᠵᠢᠴᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ᠣᠯᠣᠭᠰᠠᠨ ᠦᠷ᠎ᠡ ᠪᠦᠲᠦᠮᠵᠢ ᠶᠢ ᠨᠠᠷᠢᠨ ᠲᠠᠶᠢᠯᠪᠤᠷᠢᠯᠠᠵᠤ ᠥᠭᠭᠦᠭᠰᠡᠨ ᠪᠠᠶᠢᠨ᠎ᠠ᠃
     ᠰᠤᠷᠤᠭᠴᠢᠳ ᠤᠨ ᠭᠡᠷ ᠲᠤ᠂ ᠪᠠᠭᠰᠢ ᠨᠠᠷ ᠭᠡᠷ ᠤᠨ ᠠᠬᠠᠮᠠᠳ ᠲᠠᠢ ᠬᠠᠮᠲᠤ ᠰᠠᠭᠤᠵᠤ᠂ ᠰᠡᠳᠬᠢᠯ ᠤᠨ ᠦᠭᠡ ᠪᠠᠨ ᠳᠡᠯᠭᠡᠨ᠂ ᠤᠷᠳᠤ ᠬᠤᠭᠤᠴᠠᠭ᠎ᠠ ᠪᠠᠷ ᠶᠠᠷᠢᠯᠴᠠᠵᠤ᠂ ᠰᠤᠷᠤᠭᠴᠢᠳ ᠤᠨ ᠭᠡᠷ ᠲᠡᠭᠡᠨ ᠪᠠᠶᠢᠭ᠎ᠠ ᠦᠵᠡᠯ ᠰᠠᠨᠠᠭᠠᠨ ᠤ ᠪᠠᠶᠢᠳᠠᠯ᠂ ᠠᠮᠢᠳᠤᠷᠠᠯ ᠤᠨ ᠢᠯᠡᠷᠡᠯ᠂ ᠰᠤᠷᠤᠯᠴᠠᠬᠤ ᠳᠠᠳᠬᠠᠯ ᠢ ᠣᠶᠢᠯᠠᠭᠠᠵᠤ᠂ ᠰᠤᠷᠤᠭᠴᠢᠳ ᠤᠨ ᠭᠡᠷ ᠪᠦᠯᠢ ᠶᠢᠨ ᠦᠰᠦᠨ ᠪᠣᠶᠢᠵᠢᠬᠤ ᠣᠷᠴᠢᠨ ᠲᠣᠭᠤᠷᠢᠨ ᠲᠠᠢ ᠤᠶᠠᠯᠳᠤᠭᠤᠯᠤᠨ ᠴᠢᠳᠠᠪᠤᠷᠢᠲᠠᠨ ᠤ ᠪᠠᠶᠢᠳᠠᠯ ᠳᠤᠨᠢ ᠲᠣᠬᠢᠷᠠᠭᠤᠯᠤᠨ ᠰᠤᠷᠪᠤᠯᠵᠢᠯᠠᠪᠠ᠃ ᠪᠠᠭᠰᠢ ᠨᠠᠷ ᠭᠡᠷ ᠤᠨ ᠠᠬᠠᠮᠠᠳ ᠲᠤ ᠭᠡᠷ ᠪᠦᠯᠢ ᠪᠠ ᠰᠤᠷᠭᠠᠭᠤᠯᠢ ᠪᠠᠨ ᠬᠠᠮᠲᠤ ᠪᠠᠷ ᠬᠥᠮᠥᠵᠢᠭᠦᠯᠬᠦ ᠶᠢᠨ ᠴᠢᠬᠤᠯᠠ ᠴᠢᠨᠠᠷ ᠢ ᠲᠦᠭᠡᠮᠡᠯᠵᠢᠭᠦᠯᠵᠦ᠂ ᠪᠠᠭᠠᠴᠤᠳ ᠬᠡᠦᠬᠡᠳ ᠲᠠᠢ ᠬᠠᠷᠢᠯᠴᠠᠬᠤ ᠠᠷᠭ᠎ᠠ ᠬᠡᠯᠪᠡᠷᠢ ᠶᠢ ᠤᠯᠠᠮᠵᠢᠯᠠᠵᠤ᠂ ᠭᠡᠷ ᠤᠨ ᠠᠬᠠᠮᠠᠳ ᠨᠠᠷ ᠢ ᠪᠠᠭᠰᠢ ᠲᠠᠢ ᠪᠠᠨ ᠬᠠᠷᠢᠯᠴᠠᠬᠤ ᠳᠠᠭᠠᠨ ᠬᠠᠷᠢᠯᠴᠠᠨ ᠣᠶᠢᠯᠠᠭᠠᠯᠴᠠᠵᠤ᠂ ᠢᠲᠡᠭᠡᠯ ᠤᠨ ᠰᠡᠳᠬᠢᠯᠭᠡ ᠲᠠᠢ ᠪᠣᠯᠭᠠᠵᠤ᠂ ᠭᠡᠷ ᠪᠦᠯᠢ ᠪᠠ ᠰᠤᠷᠭᠠᠭᠤᠯᠢ ᠲᠠᠢ ᠪᠠᠨ ᠬᠠᠮᠲᠤᠷᠠᠨ ᠠᠵᠢᠯᠯᠠᠵᠤ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠲᠤ ᠪᠠᠷ ᠠᠬᠢᠭᠤᠯᠬᠤ ᠢᠲᠡᠭᠡᠯ ᠵᠣᠷᠢᠭ ᠢ  ᠨᠢ ᠨᠡᠮᠡᠭᠳᠡᠭᠦᠯᠦᠨ᠎ᠡ᠃ ᠡᠭᠦᠨ ᠤ ᠵᠡᠷᠭᠡ ᠳᠤ᠂ ᠪᠠᠭᠰᠢ ᠨᠠᠷ ᠪᠠᠰᠠ ᠭᠡᠷ ᠤᠨ ᠠᠬᠠᠮᠠᠳ ᠲᠤ ᠬᠡᠦᠬᠡᠳ ᠤᠨ ᠢᠶᠠᠨ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠠᠩᠬᠠᠷᠴᠤ᠂ ᠭᠡᠷ ᠤᠨ ᠠᠬᠠᠮᠠᠳ ᠲᠤ ︽ᠬᠤᠶᠠᠷ ᠢ ᠬᠥᠩᠭᠡᠯᠡᠬᠦ︾ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠠᠶᠢᠯᠪᠤᠷᠢᠯᠠᠨ ᠥᠭᠴᠦ᠂ ᠰᠤᠷᠤᠭᠴᠢᠳ ᠤᠨ ᠡᠪᠦᠯ ᠤᠨ ᠠᠮᠠᠷᠠᠯᠲᠠ ᠶᠢᠨ ᠰᠤᠷᠤᠯᠴᠠᠯᠭ᠎ᠠ᠂ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠬᠥᠳᠡᠯᠮᠦᠷᠢ ᠶᠢᠨ ᠦᠢᠯᠡᠳᠦᠯᠭᠡ ᠲᠠᠢ ᠤᠶᠠᠯᠳᠤᠭᠤᠯᠵᠤ᠂ ᠨᠠᠩ ᠤᠳᠬ᠎ᠠ ᠠᠭᠤᠯᠭ᠎ᠠ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠬᠦᠰᠡᠪᠡ᠃ ᠡᠭᠦᠨ ᠤ ᠵᠡᠷᠭᠡ ᠳᠤ ᠭᠡᠷ ᠤᠨ ᠠᠬᠠᠮᠠᠳ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠲᠤᠬᠠᠢ ᠦᠨᠡᠯᠡᠯᠲᠡ ᠪᠠ ᠰᠠᠨᠠᠭᠤᠯᠭ᠎ᠠ ᠶᠢ ᠬᠤᠷᠢᠶᠠᠵᠤ᠂ ᠭᠡᠷ ᠤᠨ ᠠᠬᠠᠮᠠᠳ ᠤᠨ ︽ᠪᠠᠴᠢᠮᠳᠠᠨ ᠰᠠᠨᠳᠤᠷᠴᠤ ᠵᠣᠪᠠᠭ᠋ᠤ︾ ᠰᠤᠷᠭᠠᠨ ᠬᠥᠮᠦᠵᠢᠯ ᠤᠨ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠰᠤᠷᠭᠠᠭᠤᠯᠢ ᠠᠴᠠ ᠡᠲᠡᠭᠡᠷ ᠠᠰᠠᠭᠤᠳᠠᠯ ᠢ ᠰᠢᠢᠳᠪᠦᠷᠢᠯᠡᠬᠦ ᠶᠢ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢᠶᠠᠨ ᠪᠣᠯᠭᠠᠨ ᠠᠬᠢᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃      ᠲᠣᠰ ᠤᠳᠠᠭᠠᠨ ᠤ ᠭᠡᠷ ᠪᠦᠯᠢ ᠶᠢᠨ ᠠᠶᠢᠯᠴᠢᠯᠠᠯᠲᠠ ᠶᠢᠨ ᠠᠵᠢᠯᠯᠠᠭ᠎ᠠ ᠨᠢ ᠭᠡᠷ ᠪᠦᠯᠢ ᠪᠠ ᠰᠤᠷᠭᠠᠭᠤᠯᠢ ᠶᠢᠨ ᠬᠠᠷᠢᠯᠴᠠᠭ᠎ᠠ ᠶᠢ ᠴᠢᠩᠭᠠᠳᠬᠠᠵᠤ᠂ ᠭᠡᠷ ᠤᠨ ᠠᠬᠠᠮᠠᠳ ᠤᠨ ᠰᠤᠷᠭᠠᠭᠤᠯᠢ ᠳᠠᠬᠢ ᠢᠲᠡᠭᠡᠯ ᠪᠠ ᠳᠡᠮᠵᠢᠯᠭᠡ ᠶᠢ ᠨᠡᠮᠡᠭᠳᠡᠭᠦᠯᠦᠨ᠂ ᠰᠤᠷᠤᠭᠴᠢᠳ ᠤᠨ ᠦᠰᠦᠨ ᠪᠤᠶᠢᠵᠢᠯᠲᠠ ᠳᠤ ᠰᠠᠶᠢᠨ ᠰᠠᠶᠢᠬᠠᠨ ᠭᠡᠷ ᠪᠦᠯᠢ ᠶᠢᠨ ᠣᠷᠴᠢᠨ ᠲᠣᠭᠤᠷᠢᠨ ᠢ ᠡᠭᠦᠳᠦᠨ ᠥᠭᠴᠦ᠂ ᠡᠶ᠎ᠡ ᠵᠣᠬᠢᠴᠠᠯ ᠲᠠᠢ ᠬᠠᠮᠲᠤ ᠪᠠᠷ ᠬᠥᠮᠥᠵᠢᠭᠦᠯᠬᠦ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠪᠣᠶ ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠶᠢ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠬᠤ ᠲᠠᠢ ᠤᠶᠠᠯᠳᠤᠭᠤᠯᠵᠤ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠶᠦᠨ ᠵᠦᠩ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1