ᠣᠶᠢᠷ᠎ᠠ ᠳᠤ᠂ ᠲᠣᠭᠲᠠᠬᠤ ᠰᠢᠶᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠶᠢᠨ ᠽᠧ ᠰᠠᠯᠪᠤᠷᠢ | ᠪᠠᠩᠬᠢ ᠳᠤ ᠪᠠᠷᠢᠯᠭ᠎ᠠ ᠶᠢᠨ ᠮᠠᠲ᠋ᠧᠷᠢᠶᠠᠯ ᠡᠵᠡᠩᠨᠡᠬᠦ ᠪᠠᠷ ᠪᠡᠯᠡᠳᠬᠡᠵᠦ ᠪᠠᠶᠢᠭᠰᠠᠨ ᠵᠠᠩ ᠠᠪᠠᠭ᠋ᠠᠢ ᠰᠠᠶ᠋ᠢᠬᠠᠨ ᠠᠪᠤᠭᠰᠠᠨ | ᠡᠵᠡᠩᠨᠡᠯᠲᠡ ᠶᠢᠨ ᠦᠨᠡᠮᠯᠡᠯ ᠢᠶᠠᠨ ᠠᠪᠤᠭᠠᠳ ᠶᠡᠬᠡᠳᠡ ᠰᠡᠳᠬᠢᠯ ᠬᠥᠳᠡᠯᠵᠡᠢ᠃ | ᠵᠠᠩ ᠠᠪᠠᠭ᠋ᠠᠢ ᠶᠢᠨ ᠦᠨᠡᠮᠯᠡᠯ ᠠᠪᠬᠤ ᠳᠤ ᠲᠥᠬᠦᠮ ᠦᠵᠡᠭᠦᠯᠦᠭᠰᠡᠨ ᠨᠢ ᠲᠣᠭᠲᠠᠬᠤ ᠰᠢᠶᠠᠨ ᠤ ︽ᠨᠠᠢᠮᠠᠨ | ᠪᠠᠶᠢᠬᠤ︾ ᠪᠠᠷᠢᠮᠵᠢᠶ᠎ᠠ ᠪᠠᠷ ᠪᠠᠶᠢᠭᠤᠯᠤᠭᠰᠠᠨ ︽ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠠᠴᠠ ᠪᠣᠯᠤᠭᠰᠠᠨ ᠶᠤᠮ᠃ ᠰᠢᠢᠳᠪᠦᠷᠢᠯᠡᠬᠦ ᠳᠤ ᠬᠢᠯᠪᠠᠷ᠂ ᠲᠦᠷᠭᠡᠨ᠂ | ᠣᠶᠢᠷ᠎ᠠ ᠬᠠᠪᠢ ᠳᠠᠭᠠᠨ ᠰᠢᠢᠳᠪᠦᠷᠢᠯᠡᠬᠦ ᠦᠢᠯᠡᠴᠢᠯᠡᠭᠡᠨ ᠤ ᠵᠣᠷᠢᠯᠲᠠ ᠪᠠᠷ ᠲᠣᠭᠲᠠᠬᠤ ᠰᠢᠶᠠᠨ ᠤ ᠬᠢᠨ ᠥᠪᠡᠷ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭ ᠢᠶᠠᠨ ︽ᠵᠣᠬᠢᠰᠲᠠᠢ ᠪᠠᠷ ᠭᠦᠢᠴᠡᠳᠬᠡᠬᠦ︾᠂ | ᠲᠡᠷᠡᠴᠢᠯᠡᠨ ︽ᠵᠠᠰᠠᠭ ᠤᠨ ᠶᠠᠪᠤᠳᠠᠯ ᠤᠨ ᠦᠢᠯᠡᠴᠢᠯᠡᠭᠡ + e ᠦᠢᠯᠡᠴᠢᠯᠡᠭᠡ︾ ᠶᠢᠨ ᠬᠠᠪᠰᠤᠷᠤᠨ ᠭᠦᠢᠴᠡᠳᠬᠡᠬᠦ | ᠪᠠ ᠣᠷᠣᠯᠠᠨ ᠭᠦᠢᠴᠡᠳᠬᠡᠬᠦ ᠪᠦᠯᠬᠦᠮ ᠢ ᠵᠣᠬᠢᠶᠠᠨ ᠪᠠᠶᠢᠭᠤᠯᠵᠤ᠂ ᠰᠢᠶᠠᠨ ᠤ ᠲᠠᠷᠢᠶᠠᠯᠠᠩ ᠤᠨ ᠬᠤᠳᠠᠯᠳᠤᠭᠠᠨ ᠤ | ᠭᠠᠵᠠᠷ᠂ ᠴᠠᠬᠢᠯᠭᠠᠨ ᠬᠤᠯᠪᠣᠭ᠎ᠠ᠂ ᠬᠠᠮᠲᠤᠷᠠᠭᠰᠠᠨ ᠬᠤᠯᠪᠣᠭ᠎ᠠ᠂ ᠰᠢᠯᠵᠢᠮᠡᠯ ᠬᠤᠯᠪᠣᠭ᠎ᠠ ᠲᠠᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠡᠳᠦᠷ | ᠲᠤᠲᠤᠮ ᠤᠨ ᠬᠡᠷᠡᠭᠴᠡᠭᠡ ᠱᠠᠭᠠᠷᠳᠠᠯᠭ᠎ᠠ ᠪᠠ ᠭᠦᠢᠴᠡᠳᠬᠡᠬᠦ ᠤᠳᠠᠭ᠎ᠠ ᠶᠢ ᠦᠨᠳᠦᠰᠦᠯᠡᠨ᠂ 21 ᠵᠦᠢᠯ ᠤᠨ ᠥᠨᠳᠥᠷ | ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠵᠦᠢᠯᠡᠰ ᠢ ᠡᠮᠬᠢᠯᠡᠨ ᠭᠠᠷᠭᠠᠵᠤ᠂ 6 ᠪᠠᠯᠭᠠᠰᠤ ᠶᠢᠨ ᠲᠠᠰ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠲᠥᠪ᠂ 136 ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠥᠷᠲᠡᠭᠡ᠂ 38 ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠣᠣᠷ ᠴᠡᠭ ᠲᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠠᠩ ᠣᠯᠠᠨ ᠥᠨᠳᠥᠷ ᠳᠠᠪᠲᠠᠮᠵᠢᠲᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠦᠨᠳᠦᠰᠦᠨ ᠱᠠᠲᠤᠨ ᠳᠤ ︽ᠣᠶᠢᠷ᠎ᠠ ᠬᠠᠪᠢ ᠳᠤᠨᠢ ᠭᠦᠢᠴᠡᠳᠬᠡᠬᠦ︾ ᠶᠢ | ᠪᠡᠶᠡᠯᠡᠭᠦᠯᠪᠡ᠃ | ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ | ᠰᠢᠶᠠᠨ ᠤ ᠬᠢᠨ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠨ᠂ ᠦᠢᠯᠡᠳᠦᠯᠭᠡ ᠶᠢ | ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ︽ᠳᠥᠷᠪᠡ ᠶᠢ | ᠪᠠᠷᠢᠮᠲᠠᠯᠠᠬᠤ︾ ᠳᠤ ᠰᠠᠭᠤᠷᠢᠯᠠᠨ᠂ ᠭᠤᠣᠯ ᠰᠡᠳᠦᠪᠲᠦ ᠬᠥᠮᠦᠵᠢᠯ ᠤᠨ ᠣᠨᠣᠯ ᠤᠨ ᠰᠤᠷᠤᠯᠴᠠᠯᠭ᠎ᠠ᠂ ᠪᠠᠶᠢᠴᠠᠭᠠᠨ | ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ | ᠭᠤᠣᠯᠳᠠᠯᠭ᠎ᠠ ᠲᠠᠢ ᠡᠭᠦᠷᠭᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ | ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ | ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ | ᠪᠦᠲᠦᠮᠵᠢ ᠭᠠᠷᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠥᠭᠵᠢᠯᠲᠡ ᠶᠢ ᠠᠬᠢᠭᠤᠯᠵᠤ | ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠪᠠ᠃ | ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠦᠨᠡᠨ ᠬᠦ ᠬᠦᠴᠦ ᠣᠷᠣᠭᠤᠯᠵᠤ | ᠪᠠᠶᠢᠭᠠᠳ ᠨᠠᠮ ᠤᠨ ᠰᠢᠨ᠎ᠡ ᠶᠢ ᠡᠭᠦᠳᠬᠦ ᠤᠨᠤᠯ ᠢ ᠰᠤᠷᠤᠯᠴᠠᠨ᠎ᠠ᠃ ᠲᠣᠭᠲᠠᠬᠤ ᠰᠢᠶᠠᠨ ᠤ ᠬᠢᠨ ︽ᠦᠵᠡᠯ | ᠰᠠᠨᠠᠭ᠎ᠠ ᠶᠢ ᠰᠤᠷᠤᠯᠴᠠᠬᠤ︾ ᠪᠠᠷ ᠪᠦᠬᠦ ᠲᠠᠯ᠎ᠠ ᠶᠢ ᠬᠠᠮᠢᠶᠠᠷᠬᠤ ᠱᠠᠭᠠᠷᠳᠠᠯᠭ᠎ᠠ ᠪᠠ ᠢᠮᠠᠭᠲᠠ ᠲᠤᠤᠱᠯᠠᠭᠤᠯᠬᠤ ᠭᠤᠣᠯ | ᠰᠢᠵᠢᠮ ᠪᠣᠯᠭᠠᠬᠤ ᠶᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠬᠥᠲᠥᠯᠥᠨ ᠳᠠᠭᠠᠭᠤᠯᠵᠤ | ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠤᠤᠯ ᠤᠨ ᠰᠤᠷᠤᠯᠴᠠᠯᠭ᠎ᠠ ᠳᠤ ᠲᠣᠭᠲᠠᠭᠠᠭᠰᠠᠨ | ᠨᠣᠮ ᠤᠨ ᠵᠣᠷᠢᠯᠭ᠎ᠠ ᠶᠢᠨ ᠰᠠᠭᠤᠷᠢᠨ ᠳᠡᠭᠡᠷ᠎ᠡ᠂ ᠤᠷᠢᠳ ᠬᠤᠵᠢᠳ 3 ᠬᠤᠭᠤᠴᠠᠭ᠎ᠠ ᠲᠤᠰᠬᠠᠢ ᠰᠡᠳᠦᠪᠲᠦ ᠨᠣᠮ | ᠤᠩᠰᠢᠬᠤ ᠠᠩᠭᠢ ᠶᠢ ᠡᠷᠬᠢᠯᠡᠵᠦ᠂ 10 ᠤᠳᠠᠭ᠎ᠠ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠳᠤᠯᠤᠨ | ᠶᠠᠷᠢᠯᠴᠠᠬᠤ᠂ 4 ᠤᠳᠠᠭ᠎ᠠ ᠲᠤᠰᠬᠠᠢ ᠮᠡᠷᠭᠡᠵᠢᠯᠲᠡᠨ ᠤ ᠬᠠᠪᠰᠤᠷᠤᠨ ᠵᠢᠯᠤᠭᠤᠳᠬᠤ ᠪᠠ 2 ᠤᠳᠠᠭ᠎ᠠ ᠭᠤᠣᠯ | ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ ᠥᠷᠨᠢᠭᠦᠯᠵᠡᠢ᠃ ᠡᠯ᠎ᠡ ᠬᠦᠷᠢᠶᠡᠨ ᠤ ᠨᠠᠮ ᠤᠨ ᠡᠭᠦᠷ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ ᠲᠥᠯᠥᠪᠯᠡᠭᠡ ᠲᠣᠭᠲᠠᠭᠠᠵᠤ᠂ ᠨᠠᠮ ᠤᠨ ᠭᠡᠰᠢᠭᠦᠨ ᠺᠠᠳ᠋ᠷᠴᠤᠳ ᠢ | ᠵᠣᠬᠢᠶᠠᠨ ᠪᠠᠶᠢᠭᠤᠯᠤᠨ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷᠯᠢᠭ ᠵᠡᠷᠭᠡ | ᠠᠴᠢᠶᠠᠯᠠᠪᠤᠷᠢ ᠳᠤ ᠲᠦᠰᠢᠭᠯᠡᠨ᠂ ᠤᠨᠤᠯ ᠤᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠠᠵᠢᠯ ᠢ 1051 | ᠤᠳᠠᠭ᠎ᠠ ᠥᠷᠨᠢᠭᠦᠯᠵᠦ᠂ 28708 ᠬᠥᠮᠥᠨ ᠤᠳᠠᠭ᠎ᠠ ᠰᠤᠷᠤᠯᠴᠠᠵᠤ᠂ ᠲᠤᠰᠬᠠᠢ ᠰᠡᠳᠦᠪᠲᠦ ᠨᠠᠮ ᠤᠨ ᠬᠢᠴᠢᠶᠡᠯ ᠢ | 375 ᠤᠳᠠᠭ᠎ᠠ ᠡᠷᠬᠢᠯᠡᠵᠡᠢ᠃ ᠡᠭᠦᠨ ᠤ ᠵᠡᠷᠭᠡᠪᠡᠷ᠂ 15 ᠬᠤᠭᠤᠴᠠᠭᠠᠨ ᠤ ᠺᠠᠳ᠋ᠷ ᠤᠨ ᠲᠤᠰᠬᠠᠢ ᠰᠡᠳᠦᠪᠲᠦ | ᠪᠣᠯᠪᠠᠰᠤᠷᠠᠯ ᠢ ᠡᠷᠬᠢᠯᠡᠵᠦ᠂ ᠥᠷᠭᠡᠨ ᠤᠯᠠᠨ ᠨᠠᠮ ᠤᠨ ᠭᠡᠰᠢᠭᠦᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ︽ᠦᠨᠳᠦᠰᠦᠲᠡᠨ ᠤ ᠵᠣᠬᠢᠶᠠᠯ︾ | ︽ᠥᠪᠥᠷ ᠮᠣᠩᠭᠤᠯ ᠤᠨ ᠵᠣᠬᠢᠶᠠᠯ︾ ᠢ ᠭᠦᠨᠵᠡᠭᠡᠢ ᠰᠤᠷᠤᠯᠴᠠᠬᠤ ᠶᠢ ᠠᠬᠢᠭᠤᠯᠵᠤ᠂ ᠶᠡᠷᠦᠩᠬᠡᠢ ᠱᠦᠵᠢ ᠶᠢᠨ | ᠥᠪᠥᠷ ᠮᠣᠩᠭᠤᠯ ᠤᠨ ᠲᠤᠬᠠᠢ ᠭᠦᠨᠵᠡᠭᠡᠢ ᠪᠣᠳᠣᠯᠬᠢᠯᠠᠯ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ | ᠭᠦᠨᠵᠡᠭᠡᠢ ᠣᠶᠢᠯᠠᠭᠠᠵᠤ᠂ ︽ᠬᠤᠶᠠᠷ ᠢ ᠲᠤᠭᠳᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠦᠷᠢᠶᠡᠯᠡᠬᠦ︾ ᠶᠢ | ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠪᠠ᠃ | ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠤ | ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠪᠠᠶᠢᠴᠠᠭᠠᠨ ᠦᠵᠡᠬᠦ ᠶᠢ ᠪᠠᠷᠢᠮᠲᠠᠯᠠᠪᠠ᠃ ᠲᠣᠭᠲᠠᠬᠤ ᠰᠢᠶᠠᠨ | ᠴᠡᠭᠴᠡᠯᠡᠨ ᠵᠠᠰᠠᠵᠤ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ | ᠪᠦᠬᠦ ᠣᠷᠣᠨ ᠤ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠰᠤᠷᠤᠯᠴᠠᠬᠤ ᠶᠢᠨ ᠳᠠᠭᠠᠤ | ᠬᠠᠷᠢᠴᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠥᠭᠡᠷᠡᠴᠢᠯᠡᠯᠲᠡ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠵᠥᠷᠢᠴᠡᠯ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠥᠯᠥᠭᠡᠯᠡᠵᠦ ᠪᠠᠶᠢᠭ᠎ᠠ ᠵᠠᠩᠭᠢᠯᠠᠭ᠎ᠠ ᠶᠢᠨ ᠴᠢᠨᠠᠷᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠣᠯᠠᠨ ᠲᠦᠮᠡᠨ ᠤ | ᠲᠤᠰᠬᠠᠯ ᠴᠢᠩᠭ᠎ᠠ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ᠂ ᠤᠷᠲᠤ ᠬᠤᠭᠤᠴᠠᠭ᠎ᠠ ᠪᠠᠷ | ᠰᠢᠢᠳᠪᠦᠷᠢᠯᠡᠵᠦ ᠳᠡᠶᠢᠯᠦᠭᠡᠳᠦᠢ ᠬᠦᠨᠳᠦ ᠪᠡᠷᠬᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ ᠤ | ᠨᠠᠮ ᠤᠨ ᠬᠤᠷᠢᠶᠠᠨ ᠤ ᠱᠦᠵᠢ ᠥᠪᠡᠷ ᠤᠨ ᠪᠡᠶ᠎ᠡ ᠪᠠᠷ ᠢᠶᠠᠨ ︽ᠠᠷᠪᠠᠨ ᠵᠣᠷᠢᠭ ᠰᠢᠭᠤᠳᠬᠤ︾ ᠶᠢ ᠰᠤᠳᠤᠯᠤᠨ | ᠲᠣᠭᠲᠠᠭᠠᠵᠤ᠂ 94 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢᠨ ᠨᠠᠷᠢᠨ ᠲᠠᠩᠰᠠ ᠶᠢ ᠵᠠᠳᠠᠯᠤᠨ ᠲᠣᠭᠲᠠᠭᠠᠵᠤ᠂ ︽ | ᠳᠥᠷᠪᠡᠨ ᠰᠢᠯᠤᠭᠤᠨ ᠪᠤᠰᠤ ᠬᠤᠶᠠᠷ ᠰᠢᠯᠤᠭᠤᠨ︾ ᠬᠡᠯᠪᠡᠷᠢ ᠪᠠᠷ ᠦᠨᠳᠦᠰᠦᠨ ᠱᠠᠲᠤᠨ ᠳᠤ ᠭᠦᠨᠵᠡᠭᠡᠶᠢᠷᠡᠵᠦ᠂ | ᠪᠠᠶᠢᠴᠠᠭᠠᠨ ᠰᠤᠳᠤᠯᠤᠯᠲᠠ ᠶᠢᠨ ᠳᠤᠮᠳᠠ ᠲᠤᠰᠬᠠᠭᠰᠠᠨ ᠪᠠ ᠢᠯᠡᠷᠡᠭᠦᠯᠦᠭᠰᠡᠨ ᠠᠰᠠᠭᠤᠳᠠᠯ ᠢ ᠨᠢᠭᠡᠳ ᠨᠢᠭᠡ ᠪᠠᠷ | ᠠᠰᠠᠭᠤᠳᠠᠯ ᠤᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ ᠵᠢᠴᠢ | ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠨᠠᠷᠢᠨ ᠲᠠᠩᠰᠠ ︽ᠳᠥᠷᠪᠡᠨ ᠵᠦᠢᠯ ᠤᠨ ᠨᠠᠷᠢᠨ ᠲᠠᠩᠰᠠ︾ ᠶᠢ ᠪᠣᠶ | ᠪᠣᠯᠭᠠᠵᠤ᠂ ᠨᠢᠭᠡᠳ ᠨᠢᠭᠡ ᠪᠠᠷ ᠳ᠋ᠤᠭᠠᠷ ᠢ ᠨᠢ ᠬᠠᠰᠤᠵᠤ᠂ ᠪᠢᠲᠡᠭᠦᠦ ᠴᠠᠭᠠᠷᠢᠭ ᠢ ᠪᠣᠶ ᠪᠣᠯᠭᠠᠪᠠ᠃ ᠣᠲᠣ ᠪᠣᠯᠲᠠᠯ᠎ᠠ᠂ | ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠨᠡᠶᠢᠲᠡ 161 ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ | ᠨᠡᠶᠢᠲᠡ 105 ᠵᠦᠢᠯ ᠤᠨ ᠠᠰᠠᠭᠤᠳᠠᠯ ᠢ ᠡᠮᠬᠢᠯᠡᠨ ᠳᠢᠭᠯᠡᠵᠦ᠂ 126 ᠵᠦᠢᠯ ᠤᠨ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ | ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠲᠣᠭᠲᠠᠬᠤ ᠰᠢᠶᠠᠨ ᠥᠪᠡᠷᠲᠡᠭᠡᠨ ᠵᠠᠰᠠᠬᠤ ᠣᠷᠣᠨ ᠤ ︽ᠬᠤᠶᠠᠷ | ᠶᠡᠭᠡ ᠶᠠᠪᠤᠳᠠᠯ︾ ᠢ ᠰᠠᠶᠢᠲᠤᠷ ᠬᠢᠬᠦ ᠪᠠ ᠬᠤᠲᠠ ᠶᠢᠨ ᠨᠠᠮ ᠤᠨ ᠬᠤᠷᠢᠶᠠᠨ ᠤ ︽ᠲᠠᠪᠤᠨ ᠴᠢᠳᠠᠪᠤᠷᠢ ᠶᠢᠨ ᠳᠡᠰ︾ ᠢ | ᠳᠡᠭᠡᠭᠰᠢᠯᠡᠭᠦᠯᠬᠦ ᠠᠵᠢᠯ ᠤᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠢᠩᠭᠠᠨ ᠳ᠋ᠦᠩᠰᠢᠭᠤᠷ ᠤᠨ | ᠲᠠᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠢᠯᠢᠶᠡ ᠲᠢᠪ ᠤᠨ ᠨᠢᠭᠡᠳᠦᠭᠡᠷ ᠮᠠᠯᠵᠢᠯ ᠤᠨ | ᠲᠠᠯᠠᠪᠠᠶ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠲᠣᠭᠲᠠᠬᠤ ᠰᠢᠶᠠᠨ ᠤ ᠣᠯᠠᠨ ᠲᠦᠮᠡᠨ ᠳᠤ | ᠪᠤᠶᠠᠨ ᠦᠢᠯᠡᠳᠬᠦ ᠡᠯ᠎ᠡ ᠵᠦᠢᠯ ᠤᠨ ᠠᠵᠢᠯ ᠵᠡᠷᠭᠡ ︽ᠲᠠᠪᠤᠨ ᠶᠡᠭᠡ ᠭᠠᠷᠳᠠᠴᠠ︾ ᠶᠢᠨ ᠲᠣᠭᠤᠷᠢᠨ ᠳᠤ᠂ ᠡᠷᠡᠰ | ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠨ᠂ ᠡᠯ᠎ᠡ ᠲᠠᠯ᠎ᠠ ᠶᠢᠨ | ᠠᠵᠢᠯ ᠳᠤ ᠢᠳᠡᠪᠬᠢᠲᠡᠢ ᠦᠷ᠎ᠡ ᠪᠦᠲᠦᠮᠵᠢ ᠣᠯᠪᠠ᠃ 7 ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ | ᠣᠶᠢᠷ᠎ᠠ ᠶᠢᠨ ᠵᠢᠯ ᠳᠤ ᠠᠩᠬ᠎ᠠ ᠤᠳᠠᠭ᠎ᠠ ᠪᠦᠬᠦᠨ ᠢᠶᠠᠷ ᠢᠶᠠᠨ ᠡᠶᠡᠷᠭᠦ ᠨᠡᠮᠡᠭᠳᠡᠯ ᠢ ᠪᠡᠶᠡᠯᠡᠭᠦᠯᠵᠦ᠂ 2023 ᠣᠨ ᠤ | ᠲᠦᠷᠦᠭᠦᠦ ᠭᠤᠷᠪᠠᠨ ᠤᠯᠠᠷᠢᠯ ᠳᠤ᠂ GDP᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠭᠠᠶᠢᠯᠢ ᠶᠢᠨ | ᠣᠷᠣᠯᠭ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠡᠷᠭᠡ 4 ᠵᠦᠢᠯ ᠤᠨ ᠭᠦᠢᠴᠡᠳᠬᠡᠯ | ᠲᠤᠭ᠎ᠠ ᠶᠢᠨ ᠨᠡᠮᠡᠭᠳᠡᠯ ᠤᠨ ᠬᠤᠷᠳᠤᠴᠠ ᠶᠢᠨ ᠶᠡᠷᠦᠩᠬᠡᠶᠢᠯᠡᠭᠰᠡᠨ ᠬᠤᠪᠢ ᠣᠯᠵᠤ᠂ 103 ᠬᠤᠰᠢᠭᠤ ᠰᠢᠶᠠᠨ | ᠲᠣᠭᠤᠷᠢᠭ ᠤᠨ ᠳᠣᠲᠣᠷ᠎ᠠ 27 ᠣᠷᠣᠨ ᠪᠣᠯᠣᠨ ᠳᠡᠭᠡᠭᠰᠢᠯᠡᠵᠦ᠂ 24 ᠶᠡᠷᠦᠩᠬᠡᠶᠢᠯᠡᠭᠰᠡᠨ ᠰᠢᠶᠠᠨ ᠤ ᠬᠡᠪᠴᠢᠶᠡᠨ ᠤ | ᠳᠦᠷᠦᠯ 8 ᠣᠷᠣᠨ ᠪᠣᠯᠣᠨ ᠳᠡᠭᠡᠭᠰᠢᠯᠡᠵᠦ᠂ ᠶᠡᠷᠦᠩᠬᠡᠢ ᠨᠡᠷᠡᠰ ᠤᠨ ᠵᠢᠭᠰᠠᠭᠠᠯᠲᠠ᠂ ᠳᠦᠷᠦᠯ ᠬᠤᠪᠢᠶᠠᠨ ᠨᠡᠷᠡᠰ ᠤᠨ | ᠵᠢᠭᠰᠠᠭᠠᠯᠲᠠ ᠳᠤ ︽ᠶᠡᠭᠡ ᠬᠡᠪᠴᠢᠶ᠎ᠡ ᠪᠠᠷ ᠬᠤᠣᠰ ᠣᠷᠣᠨ ᠳᠡᠪᠰᠢᠬᠦ︾ ᠶᠢ ᠪᠡᠶᠡᠯᠡᠭᠦᠯᠵᠡᠢ᠃ ᠠᠷᠠᠳ ᠤᠨ | ᠠᠮᠢᠳᠤᠷᠠᠯ ᠢ ᠪᠠᠲᠤᠯᠠᠬᠤ ᠲᠠᠯ᠎ᠠ ᠪᠠᠷ᠂ ︽ᠬᠠᠪᠤᠷ ᠤᠨ ᠰᠠᠯᠬᠢᠨ ᠠᠵᠢᠯᠯᠠᠭ᠎ᠠ︾ ᠵᠡᠷᠭᠡ ᠤᠯᠠᠨ ᠲᠠᠯᠠᠪᠤᠷ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ ᠡᠷᠬᠢᠯᠡᠵᠦ᠂ 3715 ᠠᠵᠢᠯ ᠤᠨ | ᠪᠠᠶᠢᠷᠢ ᠬᠠᠩᠭᠠᠪᠠ︔ ᠬᠤᠳᠠ ᠪᠠᠯᠭᠠᠰᠤᠨ ᠳᠤ 2550 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠠᠳᠠᠯ | ᠦᠢᠯᠡᠰ ᠴᠣᠭᠴᠠᠯᠠᠨ ᠠᠵᠢᠯ ᠣᠯᠭᠤᠬᠤ ᠪᠣᠯᠪᠠᠰᠤᠷᠠᠯ ᠢ 1746 ᠬᠥᠮᠥᠨ ᠥᠷᠨᠢᠭᠦᠯᠵᠦ᠂ 39692 | ᠲᠠᠷᠢᠶᠠᠴᠢᠳ ᠢ ᠰᠢᠯᠵᠢᠭᠦᠯᠦᠨ ᠠᠵᠢᠯ ᠣᠯᠭᠤᠪᠠ︔ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠨᠠᠰᠤᠲᠠᠨ ᠢᠶᠠᠨ ᠬᠦᠨᠳᠦᠯᠡᠬᠦ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ᠂ ᠵᠡᠮᠳᠡᠭᠴᠦᠳ ᠲᠤ | ᠨᠥᠬᠦᠪᠦᠷᠢ ᠥᠭᠬᠦ ᠵᠡᠷᠭᠡ ᠪᠡᠯᠡ ᠮᠥᠩᠭᠦ ᠶᠢ 1.1 ᠳ᠋ᠦᠩᠰᠢᠭᠤᠷ ᠲᠥᠭᠦᠷᠢᠭ ᠲᠠᠷᠬᠠᠭᠠᠪᠠ᠃ | ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠶᠢ ᠪᠠᠷᠢᠮᠲᠠᠯᠠᠵᠤ᠂ ᠲᠣᠭᠲᠠᠬᠤ ᠰᠢᠶᠠᠨ ᠤ ᠵᠥᠪ ᠲᠠᠯ᠎ᠠ ᠶᠢᠨ | ᠳᠦᠷᠢ ᠲᠥᠷᠬᠦ ᠶᠢ ᠪᠤᠢ ᠪᠤᠯᠭᠠᠪᠠ᠃ ᠲᠣᠭᠲᠠᠬᠤ ᠰᠢᠶᠠᠨ ᠪᠣᠳᠠᠲᠤ ᠴᠣᠭᠴᠠ ᠶᠢᠨ ᠠᠵᠤ ᠠᠬᠤᠢ ᠶᠢ ᠴᠢᠩᠭ᠎ᠠ | ᠠᠳᠬᠤᠬᠤ᠂ ᠮᠢᠩᠭᠠᠨ ᠳ᠋ᠦᠩᠰᠢᠭᠤᠷ ᠤᠨ ᠲᠡᠰ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠠᠷᠠᠯᠲᠠ ᠶᠢ | ᠪᠤᠢ ᠪᠣᠯᠭᠠᠬᠤ ᠶᠢᠨ ᠲᠣᠭᠤᠷᠢᠨ ᠳᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠬᠤᠶᠠᠷ ᠵᠦᠢᠯ ᠤᠨ ᠲᠤᠰᠬᠠᠢ ᠴᠡᠭᠴᠡᠯᠡᠨ ᠵᠠᠰᠠᠯᠲᠠ ᠶᠢ ᠠᠬᠢᠭᠤᠯᠬᠤ ᠪᠠᠷ | ᠲᠣᠭᠲᠠᠵᠤ᠂ ︽ᠲᠣᠭᠲᠠᠬᠤ ᠰᠢᠶᠠᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠠᠰᠠᠭᠤᠳᠠᠯ ᠢ ᠦᠷᠭᠦᠯᠵᠢᠯᠡᠨ ᠠᠬᠢᠭᠤᠯᠬᠤ ᠲᠤᠰᠬᠠᠢ ᠴᠡᠭᠴᠡᠯᠡᠨ | ᠵᠠᠰᠠᠬᠤ ᠲᠥᠰᠥᠯ︾ ᠪᠠ ︽ᠲᠣᠭᠲᠠᠬᠤ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠲᠣᠭᠲᠠᠭᠠᠪᠠ︔ ︽ᠵᠢᠷᠭᠤᠭ᠎ᠠ ᠶᠢ ᠪᠠᠭᠤᠷᠠᠭᠤᠯᠵᠤ | ᠰᠢᠯᠢᠳᠡᠭ ᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠮᠢᠳᠤ ᠪᠣᠳᠠᠰ ᠤᠨ ᠡᠮ ᠡᠮᠨᠡᠯᠭᠡ ᠶᠢᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ 5 ᠬᠠᠲᠠᠭᠤ ᠭᠤᠤᠯ ᠠᠷᠭ᠎ᠠ ᠬᠡᠮᠵᠢᠶ᠎ᠡ ᠶᠢ ᠨᠡᠶᠢᠲᠡᠯᠡᠵᠦ | ᠂ ᠦᠢᠯᠡᠳᠪᠦᠷᠢᠯᠡᠯ ᠤᠨ ᠬᠦᠴᠦᠨ ᠵᠦᠢᠯ ᠤᠨ ᠥᠪᠡᠷ ᠤᠨ ᠥᠷᠲᠡᠭ ᠢ ᠪᠥᠬᠦ ᠲᠠᠯ᠎ᠠ ᠪᠠᠷ ᠪᠠᠭᠤᠷᠠᠭᠤᠯᠪᠠ︔ ᠬᠢᠨᠠᠨ | ᠵᠥᠪᠰᠢᠶᠡᠷᠡᠬᠦ ᠶᠠᠪᠤᠴᠠ ᠶᠢ ᠳᠠᠬᠢᠨ ᠱᠤᠭᠤᠵᠤ᠂ ᠴᠣᠮᠬᠠᠳᠬᠠᠬᠤ ᠲᠠᠰ ᠳᠠᠷᠠᠭᠠᠯᠠᠯ ᠵᠢᠴᠢ ᠵᠠᠩᠭᠢᠯᠠᠭ᠎ᠠ ᠶᠢᠨ ᠶᠡᠷᠦᠩᠬᠡᠢ | ᠲᠤᠭ᠎ᠠ 32 ᠪᠠᠶᠢᠵᠤ᠂ ᠴᠣᠮᠬᠠᠳᠬᠠᠬᠤ ᠬᠠᠷᠢᠴᠠᠯ 16% ᠳᠤ ᠬᠥᠷᠪᠡ︔ ︽ᠠᠮᠠᠯᠠᠯᠲᠠ ᠶᠢᠨ ᠳᠦᠷᠢᠮ + ᠪᠥᠬᠦ | ᠬᠠᠪᠰᠤᠷᠤᠨ ᠭᠦᠢᠴᠡᠳᠬᠡᠬᠦ + ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ 15 | ᠭᠤᠣᠯᠳᠠᠯᠭ᠎ᠠ ᠲᠠᠢ ᠲᠥᠷᠥᠯ ᠵᠦᠢᠯ ᠢ ᠠᠵᠢᠯ ᠡᠬᠢᠯᠡᠭᠦᠯᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ 1 | ᠰᠠᠷ᠎ᠠ ᠠᠴᠠ ᠳᠡᠭᠡᠭᠰᠢ ᠴᠠᠭ ᠠᠷᠪᠢᠯᠠᠵᠤ ᠦᠭᠭᠦᠪᠡ︔ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ 394 ᠪᠠᠭᠠᠰᠬᠠᠵᠤ᠂ 820 | ᠮᠠᠲ᠋ᠧᠷᠢᠶᠠᠯ ᠢ ᠴᠣᠮᠬᠠᠳᠬᠠᠨ᠂ ᠲᠠᠮᠠᠭ᠎ᠠ ᠰᠡᠶᠢᠯᠬᠦ᠂ ᠪᠠᠭᠤᠯᠭᠠᠬᠤ ᠵᠡᠷᠭᠡ ᠵᠠᠷᠤᠳᠠᠯ ᠢ 21.4 ᠲᠦᠮᠡᠨ ᠲᠥᠭᠦᠷᠢᠭ | ᠬᠠᠰᠤᠵᠤ ᠬᠡᠯᠲᠦᠷᠢᠭᠦᠯᠪᠡ︔ ︽ᠠᠷᠠᠳ ᠠᠴᠠ ᠡᠷᠬᠢᠯᠡᠭᠰᠡᠨ ᠭᠠᠶᠢᠯᠢ ᠳᠤ ᠲᠦᠬᠦᠮ ᠦᠵᠡᠭᠦᠯᠬᠦ ᠤᠷᠢᠬᠠᠨ ᠰᠠᠯᠬᠢᠨ ᠤ | ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ | ᠭᠦᠢᠴᠡᠳᠬᠡᠯ ᠢ 1 ᠠᠵᠢᠯ ᠤᠨ ᠡᠳᠦᠷ ᠪᠣᠯᠭᠠᠨ ᠪᠠᠭᠠᠰᠬᠠᠪᠠ᠃ | ᠢᠷᠡᠯᠳᠡ᠄ ᠲᠤᠭᠳᠠᠬᠤ ᠰᠢᠶᠠᠨ ᠤ ᠶᠦᠨ ᠵᠦᠩ ᠬᠠᠮ ᠵᠠᠭᠤᠴᠢᠯᠠᠭᠤᠷ ᠤᠨ ᠲᠥᠪ |