ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠯᠵᠢᠶᠡᠨ ᠤ ᠴᠤᠤᠷᠬᠠᠯ ᠲᠠᠷᠬᠠᠭᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠢᠩᠭ᠎ᠠ ᠴᠣᠬᠢᠯᠲᠠ ᠥᠭᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2024/1/29
      ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠯᠵᠢᠶᠡᠨ ᠤ ᠴᠤᠤᠷᠬᠠᠯ ᠲᠠᠷᠬᠠᠭᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠢᠩᠭ᠎ᠠ ᠴᠣᠬᠢᠯᠲᠠ ᠥᠭᠬᠦ ᠲᠤᠬᠠᠢ ᠵᠠᠷᠯᠠᠯ      ᠰᠦᠯᠵᠢᠶᠡᠨ ᠤ ᠠᠮᠢ ᠠᠬᠤᠢ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠬᠦ ᠶᠢᠨ ᠲᠥᠯᠥᠭᠡ᠂ ᠬᠠᠤᠯᠢ ᠲᠣᠭᠲᠠᠭᠠᠯ ᠶᠣᠰᠣᠭᠠᠷ ᠰᠦᠯᠵᠢᠶᠡᠨ ᠤ ᠴᠤᠤᠷᠬᠠᠯ ᠳᠤ ᠴᠣᠬᠢᠯᠲᠠ ᠥᠭᠴᠦ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾᠂ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠢ ᠶᠢᠨ ᠵᠠᠰᠠᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠵᠢᠴᠢ ᠳᠦᠷᠢᠮᠵᠢᠯ ᠤᠨ ᠰᠦᠯᠵᠢᠶᠡᠨ ᠤ ᠴᠡᠪᠡᠷ ᠣᠷᠣᠨ ᠵᠠᠢ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠦᠯᠦᠭᠡ᠂ ᠣᠲᠣ ᠬᠠᠤᠯᠢ ᠲᠣᠭᠲᠠᠭᠠᠯ ᠶᠣᠰᠣᠭᠠᠷ ᠰᠦᠯᠵᠢᠶᠡᠨ ᠤ ᠴᠤᠤᠷᠬᠠᠯ  ᠲᠠᠷᠬᠠᠭᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠳᠣᠣᠷᠠᠬᠢ ᠮᠡᠲᠦ ᠵᠠᠷᠯᠠᠶ᠎ᠠ      ᠨᠢᠭᠡ᠂ ᠦᠨᠡᠨ ᠪᠣᠳᠠᠲᠠᠢ ᠪᠤᠰᠤ ᠮᠡᠳᠡᠭᠡ ᠵᠠᠩᠭᠢ ᠶᠢ ᠵᠣᠬᠢᠶᠠᠬᠤ᠂ ᠤᠯᠠᠮᠵᠢᠯᠠᠨ ᠲᠠᠷᠬᠠᠭᠠᠬᠤ ᠶᠢ ᠴᠢᠩᠭ᠎ᠠ ᠴᠠᠭᠠᠵᠠᠯᠠᠨ᠎ᠠ᠃ ᠰᠦᠯᠵᠢᠶ᠎ᠡ ᠪᠠᠷ ᠤᠯᠠᠮᠵᠢᠯᠠᠨ ᠲᠠᠷᠬᠠᠭᠠᠭᠰᠠᠨ ᠦᠰᠦᠭ ᠪᠢᠴᠢᠭ᠂ ᠭᠡᠷᠡᠯ ᠵᠢᠷᠤᠭ ᠪᠠ ᠸᠢᠳᠢᠤ᠋ ᠵᠡᠷᠭᠡ ᠮᠡᠳᠡᠭᠡ ᠵᠠᠩᠭᠢ ᠶᠢ ᠨᠠᠷᠢᠨ ᠨᠢᠮᠪᠠᠢ ᠬᠢᠨᠠᠨ ᠲᠣᠳᠣᠯᠠᠵᠤ᠂ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠪᠠᠷ ᠪᠠᠷᠢᠮᠵᠢᠶ᠎ᠠ ᠪᠣᠯᠭᠠᠬᠤ ᠬᠡᠷᠡᠭᠲᠡᠢ᠂ ᠴᠤᠤᠷᠬᠠᠯ ᠵᠣᠬᠢᠶᠠᠵᠤ ᠪᠣᠯᠬᠤ ᠦᠭᠡᠢ᠂ ᠭᠡᠷᠡᠴᠢᠯᠡᠭᠳᠡᠭᠡ ᠦᠭᠡᠢ ᠮᠡᠳᠡᠭᠡ ᠵᠠᠩᠭᠢ ᠶᠢ ᠳᠤᠷ᠎ᠠ ᠪᠠᠷ ᠢᠶᠠᠨ ᠳᠠᠮᠵᠢᠭᠤᠯᠵᠤ᠂ ᠤᠯᠠᠮᠵᠢᠯᠠᠨ ᠲᠠᠷᠬᠠᠭᠠᠵᠤ ᠪᠣᠯᠬᠤ ᠦᠭᠡᠢ︔ ᠨᠢᠭᠡᠨᠲᠡ ᠨᠡᠶᠢᠲᠡᠯᠡᠭᠰᠡᠨ᠂ ᠤᠯᠠᠮᠵᠢᠯᠠᠨ ᠲᠠᠷᠬᠠᠭᠠᠭᠰᠠᠨ ᠪᠤᠶᠤ ᠰᠢᠭᠦᠮᠵᠢ ᠶᠢᠨ ᠢᠷᠡᠯᠲᠡ ᠨᠢ ᠲᠣᠳᠣᠷᠬᠠᠢ ᠦᠭᠡᠢ᠂ ᠨᠤᠲᠠᠯᠠᠭ᠎ᠠ ᠦᠭᠡᠢ ᠬᠤᠳᠠᠯ ᠬᠠᠭᠤᠷᠮᠠᠭ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠰᠤᠵᠤ᠂ ᠬᠠᠰᠤᠬᠤ ᠶᠢᠨ ᠠᠷᠭ᠎ᠠ ᠦᠭᠡᠢ ᠪᠠᠶᠢᠪᠠᠯ ᠴᠤᠤᠷᠬᠠᠯ ᠢ ᠴᠠᠭ ᠲᠤᠬᠠᠢ ᠳᠤᠨᠢ ᠨᠢᠴᠤᠭᠠᠵᠤ᠂ ᠨᠡᠶᠢᠭᠡᠮ ᠤᠨ ᠮᠠᠭᠤ ᠨᠥᠯᠥᠭᠡ ᠶᠢ ᠰᠠᠨᠠᠭᠠᠴᠢᠯᠠᠭ᠎ᠠ ᠠᠴᠠ ᠪᠠᠨ ᠠᠷᠢᠯᠭᠠᠬᠤ ᠬᠡᠷᠡᠭᠲᠡᠢ᠃      ᠬᠤᠶᠠᠷ᠂ ᠰᠦᠯᠵᠢᠶᠡᠨ ᠤ ᠬᠦᠴᠦᠷᠬᠡᠭᠯᠡᠯ ᠠᠴᠠ ᠡᠷᠡᠰ ᠵᠠᠶᠢᠳᠠᠬᠤ ᠬᠡᠷᠡᠭᠲᠡᠢ᠃ ᠥᠷᠭᠡᠨ ᠣᠯᠠᠨ ᠰᠦᠯᠵᠢᠶᠡᠨ ᠤ ᠠᠷᠠᠳ᠂ ᠰᠦᠯᠵᠢᠶᠡᠨ ᠤ ᠵᠠᠭᠤᠴᠢᠯᠠᠭᠤᠷ ᠤᠨ ᠬᠢᠨ ᠰᠦᠯᠵᠢᠶ᠎ᠡ ᠪᠠᠷ ᠳᠠᠮᠵᠢᠭᠤᠯᠤᠨ ᠴᠤᠤᠷᠬᠠᠯ ᠲᠠᠷᠬᠠᠭᠠᠵᠤ᠂ ᠪᠤᠰᠤᠳ ᠤᠨ ᠨᠡᠷ᠎ᠡ ᠬᠦᠨᠳᠦ ᠶᠢ ᠮᠠᠭᠤᠰᠢᠶᠠᠵᠤ᠂ ᠪᠤᠰᠤᠳ ᠤᠨ ᠨᠡᠷ᠎ᠡ ᠬᠦᠨᠳᠦ   ᠶᠢ ᠬᠤᠬᠢᠷᠠᠭᠤᠯᠵᠤ ᠪᠣᠯᠬᠤ ᠦᠭᠡᠢ᠃ ᠳᠤᠷ᠎ᠠ ᠪᠠᠷ ᠢᠶᠠᠨ ᠬᠠᠷᠢᠶᠠᠬᠤ᠂ ᠮᠠᠭᠤ ᠰᠠᠨᠠᠭ᠎ᠠ ᠲᠠᠢ ᠪᠠᠷ ᠭᠦᠳᠬᠡᠨ ᠮᠠᠭᠤᠯᠠᠬᠤ᠂ ᠬᠤᠪᠢ ᠶᠢᠨ ᠨᠢᠭᠤᠴᠠ ᠶᠢ ᠵᠠᠳᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠪᠤᠰᠤᠳ ᠢ ᠢᠯᠡ ᠪᠠᠷ ᠭᠤᠲᠤᠭᠠᠨ ᠳᠣᠷᠣᠮᠵᠢᠯᠠᠭᠰᠠᠨ︔ ᠬᠠᠤᠯᠢ ᠪᠤᠰᠤ ᠪᠠᠷ ᠴᠤᠭᠯᠠᠭᠤᠯᠤᠭᠰᠠᠨ ᠪᠥᠭᠡᠳ ᠣᠨᠴᠠ ᠲᠣᠭᠲᠠᠭᠰᠠᠨ ᠪᠤᠰᠤ ᠣᠯᠠᠩᠬᠢ ᠬᠥᠮᠥᠨ ᠳᠤ ᠠᠷᠠᠳ ᠢᠷᠭᠡᠨ ᠤ ᠬᠤᠪᠢ ᠬᠥᠮᠥᠨ ᠤ ᠮᠡᠳᠡᠭᠡ ᠵᠠᠩᠭᠢ ᠶᠢ ᠨᠡᠶᠢᠲᠡᠯᠡᠭᠰᠡᠨ︔ ᠬᠠᠯᠠᠭᠤᠨ ᠤ ᠬᠡᠮᠵᠢᠶ᠎ᠡ ᠶᠢ ᠤᠳᠠᠭᠠᠰᠢᠷᠠᠭᠤᠯᠤᠨ ᠬᠥᠭᠡᠷᠭᠡᠳᠡᠵᠦ᠂ ᠭᠤᠭᠤᠵᠢᠭᠤᠯᠤᠯᠲᠠ ᠶᠢ ᠳᠡᠯᠭᠡᠷᠡᠭᠦᠯᠦᠨ᠂ ᠢᠨᠲ᠋ᠧᠷ ᠰᠦᠯᠵᠢᠶᠡᠨ ᠤ ᠬᠡᠷᠡᠭᠯᠡᠭᠴᠢ ᠶᠢᠨ ᠣᠯᠠᠨ ᠨᠡᠶᠢᠲᠡ ᠶᠢᠨ ᠲᠠᠩᠰᠠᠨ ᠨᠣᠮᠧᠷ ᠵᠡᠷᠭᠡ ᠶᠢ ᠠᠰᠢᠭᠯᠠᠨ ᠰᠦᠯᠵᠢᠶᠡᠨ ᠤ ᠬᠦᠴᠦᠷᠬᠡᠭᠯᠡᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠬᠤ ᠬᠡᠷᠡᠭᠲᠡᠢ᠃      ᠭᠤᠷᠪᠠ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠦᠯᠵᠢᠶᠡᠨ ᠥᠷᠲᠡᠭᠡᠨ ᠤ ᠲᠠᠪᠴᠠᠩ ᠵᠢᠴᠢ ᠰᠦᠯᠵᠢᠶᠡᠨ ᠤ ᠵᠠᠭᠤᠴᠢᠯᠠᠭᠤᠷ ᠤᠨ ᠬᠢᠨ ᠠᠭᠤᠯᠭ᠎ᠠ ᠶᠢ ᠦᠢᠯᠡᠳᠪᠦᠷᠢᠯᠡᠬᠦ᠂ ᠨᠡᠶᠢᠲᠡᠯᠡᠬᠦ᠂ ᠤᠯᠠᠮᠵᠢᠯᠠᠬᠤ ᠡᠯ᠎ᠡ ᠭᠤᠭᠴᠤᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠮᠡᠳᠡᠭᠡ ᠵᠠᠩᠭᠢ ᠶᠢᠨ ᠠᠭᠤᠯᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠴᠤᠤᠷᠬᠠᠯ ᠵᠡᠷᠭᠡ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠴᠤᠤᠷᠬᠠᠯ ᠲᠠᠷᠬᠠᠭᠠᠬᠤ ᠬᠡᠯᠬᠢᠶ᠎ᠡ ᠶᠢ ᠲᠠᠰᠤᠯᠵᠤ᠂ ᠴᠤᠤᠷᠬᠠᠯ ᠤᠨ ᠡᠭᠦᠰᠴᠦ ᠳᠡᠯᠭᠡᠷᠡᠬᠦ ᠣᠷᠣᠨ ᠵᠠᠢ ᠶᠢ ᠪᠦᠬᠦ ᠬᠦᠴᠦᠨ ᠢᠶᠠᠷ ᠢᠶᠠᠨ ᠪᠠᠭᠠᠰᠬᠠᠬᠤ ᠬᠡᠷᠡᠭᠲᠡᠢ᠃      ᠳᠥᠷᠪᠡ᠂ ᠰᠦᠯᠵᠢᠶᠡᠨ ᠳᠡᠭᠡᠷᠡᠬᠢ ᠴᠤᠤᠷᠬᠠᠯ ᠳᠤ ᠬᠠᠤᠯᠢ ᠶᠣᠰᠣᠭᠠᠷ ᠴᠣᠬᠢᠯᠲᠠ ᠥᠭᠴᠦ ᠲᠡᠭᠦᠨ ᠢ ᠴᠡᠭᠴᠡᠯᠡᠨ ᠵᠠᠰᠠᠨ᠎ᠠ᠃ ᠰᠦᠯᠵᠢᠶ᠎ᠡ ᠪᠠᠷ ᠳᠠᠮᠵᠢᠭᠤᠯᠤᠨ ᠬᠤᠳᠠᠯ ᠬᠠᠭᠤᠷᠮᠠᠭ ᠮᠡᠳᠡᠭᠡ ᠵᠠᠩᠭᠢ ᠶᠢ ᠨᠡᠶᠢᠲᠡᠯᠡᠬᠦ᠂ ᠤᠯᠠᠮᠵᠢᠯᠠᠨ ᠲᠠᠷᠬᠠᠭᠠᠬᠤ᠂ ᠵᠣᠷᠢᠭᠤᠳᠠ ᠰᠦᠯᠵᠢᠶᠡᠨ ᠳᠡᠭᠡᠷᠡᠬᠢ ᠴᠤᠤᠷᠬᠠᠯ ᠢ ᠵᠣᠬᠢᠶᠠᠨ ᠲᠠᠷᠬᠠᠭᠠᠵᠤ᠂ ᠨᠡᠶᠢᠭᠡᠮ ᠳᠤ ᠮᠠᠭᠤ ᠨᠥᠯᠥᠭᠡ ᠭᠠᠷᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠰ ᠴᠢᠩᠭ᠎ᠠ ᠴᠣᠬᠢᠯᠲᠠ ᠥᠭᠴᠦ᠂ ᠬᠤᠯᠪᠣᠭᠳᠠᠯ ᠪᠦᠬᠦᠢ  ᠰᠦᠯᠵᠢᠶ᠎ᠡ᠂ ᠲᠠᠪᠴᠠᠩ ᠪᠠ ᠰᠦᠯᠵᠢᠶᠡᠨ ᠤ ᠲᠠᠩᠰᠠᠨ ᠨᠣᠮᠧᠷ ᠢ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ ᠨᠡᠶᠢᠲᠡᠯᠡᠭᠴᠢ᠂ ᠳᠠᠮᠵᠢᠭᠤᠯᠤᠨ ᠲᠠᠷᠬᠠᠭᠠᠭᠴᠢ᠂ ᠬᠠᠮᠢᠶᠠᠷᠤᠭᠴᠢ ᠵᠡᠷᠭᠡ ᠬᠥᠮᠥᠰ ᠤᠨ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃      ᠲᠠᠪᠤ᠂ ᠰᠦᠯᠵᠢᠶᠡᠨ ᠳᠡᠭᠡᠷᠡᠬᠢ ᠴᠤᠤᠷᠬᠠᠯ ᠢ ᠢᠳᠡᠪᠬᠢᠲᠡᠢ ᠪᠠᠷ ᠢᠯᠡᠴᠢᠯᠡᠨ ᠮᠡᠳᠡᠭᠦᠯᠦᠨ᠎ᠡ᠃ ᠥᠷᠭᠡᠨ ᠤᠯᠠᠨ ᠰᠦᠯᠵᠢᠶᠡᠨ ᠤ ᠢᠷᠭᠡᠳ ᠤᠨ ᠵᠢᠷᠭᠢᠶ᠎ᠡ ᠶᠢᠨ ᠪᠦᠯᠦᠭ᠂ ᠨᠠᠶᠢᠵᠢ ᠶᠢᠨ ᠬᠦᠷᠢᠶᠡᠨ ᠤ ᠬᠢᠨ᠂ ᠪᠢᠴᠢᠯ ᠪᠯᠤᠭ᠂ ᠬᠤᠷᠳᠤᠨ ᠭᠠᠷ᠂  ᠲᠢᠭ ᠲᠤᠭ ᠵᠡᠷᠭᠡ ᠰᠦᠯᠵᠢᠶᠡᠨ ᠤ ᠲᠠᠪᠴᠠᠩ ᠠᠴᠠ ᠳᠠᠮᠵᠢᠭᠤᠯᠤᠭᠰᠠᠨ ᠦᠨᠡᠨ ᠪᠣᠳᠠᠲᠠᠢ ᠪᠤᠰᠤ ᠰᠦᠯᠵᠢᠶᠡᠨ ᠳᠡᠭᠡᠷᠡᠬᠢ ᠴᠤᠤᠷᠬᠠᠯ ᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠥᠷᠭᠡᠨ ᠤᠯᠠᠨ ᠰᠦᠯᠵᠢᠶᠡᠨ ᠤ ᠢᠷᠭᠡᠳ ᠤᠨ ᠠᠯᠪᠠᠨ ᠤ ᠲᠠᠯ᠎ᠠ ᠶᠢᠨ ᠮᠡᠳᠡᠭᠡ ᠵᠠᠩᠭᠢ ᠪᠠ ᠢᠳᠡᠪᠬᠢ ᠬᠦᠴᠦᠨ ᠤ ᠮᠡᠳᠡᠭᠡ ᠵᠠᠩᠭᠢ ᠶᠢ ᠥᠷᠭᠡᠨ ᠢᠶᠠᠷ ᠳᠠᠮᠵᠢᠭᠤᠯᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠬᠤ ᠶᠢ ᠵᠣᠷᠢᠭᠵᠢᠭᠤᠯᠤᠨ᠎ᠠ᠃      ᠰᠦᠯᠵᠢᠶᠡᠨ ᠤ ᠣᠷᠣᠨ ᠵᠠᠢ ᠪᠣᠯ ᠬᠠᠤᠯᠢ ᠠᠴᠠ ᠭᠠᠳᠠᠭᠤᠷ ᠭᠠᠵᠠᠷ ᠪᠢᠰᠢ᠂ ᠥᠷᠭᠡᠨ ᠣᠯᠠᠨ ᠰᠦᠯᠵᠢᠶᠡᠨ ᠨᠠᠶᠢᠵᠠ᠂ ᠡᠯ᠎ᠡ ᠰᠦᠯᠵᠢᠶᠡᠨ ᠤ ᠲᠠᠪᠴᠠᠩ ᠤᠨ ᠭᠤᠣᠯᠯᠠᠨ ᠡᠷᠭᠢᠯᠡᠭᠰᠡᠨ ᠨᠢᠭᠡᠴᠡ ᠪᠣᠯᠣᠨ ᠡᠵᠡᠩᠨᠡᠯᠲᠡ ᠶᠢᠨ ᠬᠠᠷᠢᠭᠤᠴᠠᠯᠭᠠᠲᠠᠨ ᠬᠠᠤᠯᠢ ᠪᠠᠷ ᠵᠠᠰᠠᠬᠤ ᠤᠬᠠᠮᠰᠠᠷ ᠢ ᠪᠠᠲᠤ ᠪᠤᠶ ᠪᠣᠯᠭᠠᠵᠤ᠂ ᠢᠯᠭᠠᠨ ᠲᠠᠨᠢᠬᠤ ᠴᠢᠳᠠᠪᠤᠷᠢ ᠪᠠᠨ ᠦᠨᠡᠨᠬᠦ ᠴᠢᠩᠭᠠᠳᠬᠠᠨ᠂ ᠰᠦᠯᠵᠢᠶᠡᠨ ᠳᠡᠭᠡᠷᠡᠬᠢ ᠴᠤᠤᠷᠬᠠᠯ ᠢ ᠡᠰᠡᠷᠭᠦᠴᠡᠨ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠷᠡᠭᠦᠯ ᠪᠥᠭᠡᠳ ᠡᠮᠬᠢ ᠵᠢᠷᠤᠮ  ᠲᠠᠢ ᠰᠦᠯᠵᠢᠶᠡᠨ ᠤ ᠣᠷᠴᠢᠨ ᠲᠣᠭᠤᠷᠢᠨ ᠪᠣᠯᠣᠨ ᠨᠡᠶᠢᠭᠡᠮ ᠤᠨ ᠡᠮᠬᠢ ᠳᠢᠭᠯᠢᠮ   ᠢ ᠬᠠᠮᠲᠤ ᠪᠠᠷ ᠬᠠᠮᠠᠭᠠᠯᠠᠬᠤ   ᠶᠢ ᠬᠦᠰᠡᠵᠦ ᠪᠠᠶᠢᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ  ᠴᠤᠤᠷᠬᠠᠯ ᠲᠠᠷᠬᠠᠭᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠨᠡᠶᠢᠲᠡᠯᠡᠭᠴᠢ᠂ ᠳᠠᠮᠵᠢᠭᠤᠯᠤᠨ ᠲᠠᠷᠬᠠᠭᠠᠭᠴᠢ᠂ ᠬᠠᠮᠢᠶᠠᠷᠤᠭᠴᠢ ᠵᠡᠷᠭᠡ ᠬᠤᠯᠪᠣᠭᠳᠠᠯ ᠪᠦᠬᠦᠢ ᠬᠥᠮᠥᠰ ᠲᠤ ᠴᠢᠩᠭ᠎ᠠ ᠴᠣᠬᠢᠯᠲᠠ ᠥᠭᠭᠦᠨ᠎ᠡ᠃ ᠥᠷᠭᠡᠨ ᠤᠯᠠᠨ ᠰᠦᠯᠵᠢᠶᠡᠨ ᠤ ᠠᠨᠳᠠ ᠨᠠᠷ ᠪᠣᠯᠣᠨ ᠤᠯᠠᠨ ᠲᠦᠮᠡᠨ ᠤ ᠰᠦᠯᠵᠢᠶᠡᠨ ᠳᠡᠭᠡᠷᠡᠬᠢ ᠴᠤᠤᠷᠬᠠᠯ ᠮᠡᠳᠡᠭᠡ ᠵᠠᠩᠭᠢ ᠵᠢᠴᠢ ᠰᠦᠪᠡᠭᠴᠢ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃      ᠢᠯᠡᠴᠢᠯᠡᠨ ᠮᠡᠳᠡᠭᠦᠯᠬᠦ ᠤᠲᠠᠰᠤ᠄ 110      ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                 2024 ᠣᠨ ᠤ 1 ᠳ᠋ᠤᠭᠡᠷ ᠰᠠᠷ᠎ᠠ ᠶᠢᠨ 26 ᠤ ᠡᠳᠦᠷ ᠢᠷᠡᠯᠳᠡ᠄ ᠲᠤᠭᠳᠠᠬᠤ ᠰᠢᠶᠠᠨ ᠤ ᠶᠦᠨ ᠵᠦᠩ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1