ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 24 ᠤ ᠴᠠᠭᠢᠯᠭᠠᠨ ᠮᠡᠳᠡᠭᠡ 1 ᠰᠠᠷ᠎ᠠ ᠶᠢᠨ 24 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠦᠽᠧᠪᠧᠺᠰᠲ᠋ᠠᠨ ᠤ ᠶᠡᠷᠦᠩᠬᠡᠶᠢᠯᠡᠭᠴᠢ | ᠮᠢᠷᠵᠢᠶᠤᠤᠶᠧᠹ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠦᠽᠧᠪᠧᠺᠰᠲ᠋ᠠᠨ ᠤ ᠬᠢᠨ ᠰᠢᠨ᠎ᠡ | ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠪᠠᠷ | ᠲᠣᠭᠲᠠᠵᠤ᠂ ᠨᠡᠩ ᠥᠨᠳᠥᠷ ᠭᠠᠷᠤᠭ᠎ᠠ ᠠᠴᠠ ᠳᠤᠮᠳᠠᠳᠤ ᠦᠽᠧᠪᠧᠺᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠤᠨ᠎ᠠ ᠭᠡᠵᠦ ᠨᠡᠶᠢᠲᠡᠯᠡᠪᠡ᠃ | | | 1 ᠰᠠᠷ᠎ᠠ ᠶᠢᠨ 24 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠦᠽᠧᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ | ᠬᠢᠬᠦ ᠠᠴᠠ ᠡᠮᠦᠨ᠎ᠡ᠂ ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ | ᠬᠤᠶᠢᠲᠤ ᠶᠡᠭᠡ ᠲᠢᠩᠬᠢᠮ ᠳᠤ ᠮᠢᠷᠵᠢᠶᠤᠤᠶᠧᠹ ᠪᠣᠯᠣᠨ ᠲᠡᠭᠦᠨ ᠤ ᠬᠠᠲᠤᠨ ᠮᠢᠷᠵᠢᠶᠤᠤᠶ᠋ᠸᠧᠠ ᠶᠢ ᠤᠭᠲᠤᠬᠤ ᠶᠣᠰᠣᠯᠠᠯ | ᠶᠠᠪᠤᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ᠃ | | ᠰᠢ ᠶᠢᠨ ᠫᠢᠩ᠂ 32 ᠵᠢᠯ ᠤᠨ ᠡᠮᠦᠨ᠎ᠡ᠂ ᠦᠽᠧᠪᠧᠺᠰᠲ᠋ᠠᠨ ᠳᠤᠮᠳᠠᠳᠤ ᠠᠽᠢᠶ᠎ᠠ ᠶᠢᠨ ᠤᠯᠤᠰ ᠤᠳ ᠤᠨ ᠳᠤᠮᠳᠠ | ᠬᠠᠮᠤᠭ ᠤᠨ ᠲᠦᠷᠦᠭᠦᠨ ᠳᠤ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ | ᠲᠣᠷᠭᠠᠨ ᠵᠠᠮ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠤᠮᠳᠠᠳᠤ ᠦᠽᠧᠪᠧᠺᠰᠲ᠋ᠠᠨ ᠤ ᠨᠥᠬᠦᠷᠯᠡᠯ ᠤᠨ ᠲᠣᠮᠣ ᠮᠣᠳᠣ | ᠦᠨᠳᠦᠰᠦ ᠨᠢ ᠭᠦᠨ ᠨᠠᠪᠴᠢ ᠨᠢ ᠢᠭᠴᠤ ᠰᠠᠬᠤᠯᠢᠭ ᠪᠣᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠵᠠᠢ᠃ ᠢᠯᠠᠩᠭᠤᠶ᠎ᠠ | ᠥᠩᠭᠡᠷᠡᠭᠰᠡᠨ 7 ᠵᠢᠯ ᠭᠠᠷᠤᠢ ᠶᠢᠨ ᠲᠤᠷᠰᠢ᠂ ᠪᠢᠳᠡ ᠬᠠᠮᠲᠤ ᠪᠠᠷ ᠬᠤᠶᠠᠷ ᠤᠯᠤᠰ ᠤᠨ ᠡᠯ᠎ᠡ ᠬᠦᠷᠢᠶᠡᠨ ᠤ | ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠵᠤ ᠡᠳᠦᠷ ᠠᠴᠠ ᠡᠳᠦᠷ ᠥᠭᠡᠳᠡᠯᠡᠨ ᠲᠠᠪᠰᠢᠵᠤ ᠪᠠᠶᠢᠭ᠎ᠠ ᠰᠠᠶᠢᠨ ᠰᠠᠶᠢᠬᠠᠨ | ᠪᠠᠶᠢᠳᠠᠯ ᠢ ᠪᠤᠢ ᠪᠣᠯᠭᠠᠪᠠ᠃ ᠨᠡᠩ ᠪᠠᠶᠠᠯᠢᠭ ᠳᠣᠲᠣᠭᠠᠳᠤ ᠠᠭᠤᠯᠬᠤᠨ ᠪᠠ ᠠᠮᠢᠵᠢᠷᠠᠯ ᠤᠨ ᠬᠦᠴᠦᠨ ᠲᠠᠢ ᠳᠤᠮᠳᠠᠳᠤ | ᠦᠽᠧᠪᠧᠺᠰᠲ᠋ᠠᠨ ᠤ ᠬᠠᠷᠢᠯᠴᠠᠭ᠎ᠠ ᠶᠢ ᠪᠠᠶᠢᠭᠤᠯᠬᠤ ᠪᠣᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ | ᠡᠷᠡᠮᠡᠯᠵᠡᠯ ᠪᠣᠯᠣᠨ᠎ᠠ᠃ ᠬᠤᠶᠠᠷ ᠲᠠᠯ᠎ᠠ ᠪᠠᠷ ᠢᠶᠠᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠪᠠᠷ ᠠᠵᠠ ᠲᠣᠭᠢᠶᠠᠯ ᠪᠤᠯᠭᠠᠵᠤ᠂ ᠥᠨᠳᠥᠷ ᠲᠦᠪᠰᠢᠨ ᠪᠦᠬᠦᠢ ᠤᠯᠤᠰ | ᠲᠦᠷᠦ ᠶᠢᠨ ᠢᠲᠡᠭᠡᠯᠴᠡᠭᠡ ᠪᠠᠷ ᠳᠤᠮᠳᠠᠳᠤ ᠦᠽᠧᠪᠧᠺᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠰᠠᠭᠤᠷᠢ ᠶᠢ ᠪᠠᠬᠢᠵᠢᠭᠦᠯᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠᠷ | ᠳᠤᠮᠳᠠᠳᠤ ᠦᠽᠧᠪᠧᠺᠰᠲ᠋ᠠᠨ ᠤ ᠲᠤᠰ ᠲᠤᠰ ᠤᠨ ᠣᠳᠣᠬᠢᠴᠢᠯᠠᠯᠲᠠ ᠶᠢᠨ ᠦᠢᠯᠡᠰ ᠢᠶᠠᠨ ᠠᠬᠢᠭᠤᠯᠬᠤ ᠳᠤ ᠬᠦᠴᠦᠨ | ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠦᠽᠧᠪᠧᠺᠰᠲ᠋ᠠᠨ ᠤ ᠬᠠᠷᠢᠯᠴᠠᠭ᠎ᠠ ᠰᠠᠶᠢᠨ ᠪᠠᠶᠢᠬᠤ ᠨᠢ ᠬᠤᠶᠠᠷ ᠲᠠᠯ᠎ᠠ ᠪᠠᠷ ᠢᠶᠠᠨ | ᠢᠮᠠᠭᠲᠠ ᠦᠨᠡᠨᠴᠢ ᠪᠠᠷ ᠬᠠᠨᠳᠤᠵᠤ᠂ ᠢᠲᠡᠭᠡᠯᠴᠡᠭᠡ ᠪᠠᠷ ᠨᠥᠬᠦᠷᠯᠡᠭᠰᠡᠨ ᠳᠤ ᠪᠤᠢ᠂ ᠣᠳᠣᠬᠠᠨ ᠤ ᠨᠠᠷᠢᠨ ᠪᠤᠳᠤᠯᠢᠶᠠᠨᠲᠠᠢ | ᠳᠡᠯᠡᠬᠡᠢ ᠶᠢᠨ ᠪᠠᠶᠢᠳᠠᠯ ᠤᠨ ᠡᠮᠦᠨ᠎ᠡ᠂ ᠬᠤᠶᠠᠷ ᠲᠠᠯ᠎ᠠ ᠪᠠᠷ ᠢᠶᠠᠨ ᠨᠡᠩ ᠡᠷᠡᠰ ᠪᠠᠲᠤ ᠪᠠᠷ ᠬᠠᠷᠢᠯᠴᠠᠨ ᠳᠡᠮᠵᠢᠯᠴᠡᠶ᠎ᠡ᠃ | ᠳᠤᠮᠳᠠᠳᠤ ᠤᠯᠤᠰ ᠦᠽᠧᠪᠧᠺᠰᠲ᠋ᠠᠨ ᠤ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ | ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠡᠷᠡᠰ ᠳᠡᠮᠵᠢᠵᠦ᠂ ᠦᠽᠧᠪᠧᠺᠰᠲ᠋ᠠᠨ ᠤ ᠬᠢᠨ ᠤ ᠬᠥᠭᠵᠢᠯᠲᠡ ᠶᠢᠨ | ᠵᠠᠮ ᠢᠶᠠᠨ ᠡᠵᠡᠨ ᠮᠡᠳᠡᠵᠤ ᠰᠣᠩᠭᠤᠬᠤ ᠶᠢ ᠡᠷᠡᠰ ᠲᠠᠮᠵᠢᠨ᠎ᠠ᠃ ᠬᠤᠶᠠᠷ ᠲᠠᠯ᠎ᠠ ᠪᠠᠷ ᠢᠶᠠᠨ ᠵᠠᠰᠠᠭ ᠤᠨ ᠣᠷᠳᠣᠨ ᠤ | ᠬᠤᠭᠤᠷᠣᠨᠳᠣᠭᠢ ᠬᠠᠮᠲᠤᠷᠠᠯᠴᠠᠭᠠᠨ ᠤ ᠵᠥᠪᠯᠡᠯ ᠵᠡᠷᠭᠡ ᠲᠠᠪᠴᠠᠩ ᠢ ᠰᠠᠶᠢᠲᠤᠷ ᠠᠰᠢᠭᠯᠠᠵᠤ᠂ ᠪᠠᠶᠢᠯᠳᠤᠬᠤ ᠪᠣᠳᠣᠯᠭ᠎ᠠ ᠶᠢᠨ | ᠣᠯᠣᠯᠴᠠᠭ᠎ᠠ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠦᠭᠦ ᠲᠠᠯ᠎ᠠ ᠪᠠᠷ ᠭᠦᠨᠵᠡᠭᠡᠶᠢᠷᠡᠭᠦᠯᠦᠶ᠎ᠡ᠃ | ᠳᠤᠮᠳᠠᠳᠤ ᠦᠽᠧᠪᠧᠺᠰᠲ᠋ᠠᠨ ᠤ ᠬᠥᠭᠵᠢᠯᠲᠡ ᠶᠢᠨ ᠬᠠᠷᠠᠯᠲᠠ ᠠᠳᠠᠯᠢᠪᠲᠤᠷ᠂ ᠣᠶᠢᠯᠠᠭᠠᠭᠳᠠᠬᠤᠨ ᠵᠣᠬᠢᠴᠠᠯᠳᠤᠵᠤ᠂ ᠬᠤᠶᠠᠷ | ᠲᠠᠯ᠎ᠠ ᠪᠠᠷ ᠢᠶᠠᠨ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ | ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠢᠳᠡᠪᠬᠢᠲᠡᠢ ᠵᠣᠯᠭᠠᠭᠤᠯᠵᠤ᠂ ᠤᠯᠠᠮᠵᠢᠯᠠᠯᠲᠤ | ᠬᠠᠮᠲᠤᠷᠠᠯᠴᠠᠭᠠᠨ ᠤ ᠲᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠵᠤ ᠠᠬᠤᠢ ᠠᠷᠠᠯᠵᠢᠶ᠎ᠠ ᠪᠣᠯᠣᠨ ᠪᠡᠯᠡ | ᠣᠷᠣᠭᠤᠯᠤᠯᠲᠠ ᠶᠢᠨ ᠳᠤᠮᠳᠠ ᠤᠷᠳᠤ ᠬᠤᠭᠤᠴᠠᠭᠠᠨ ᠤ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠨᠡᠩ ᠤᠯᠠᠨ ᠪᠡᠯᠡ ᠣᠷᠣᠭᠤᠯᠤᠯᠲᠠ ᠪᠣᠯᠣᠨ ᠠᠷᠠᠯᠵᠢᠶᠠᠨ ᠤ ᠳᠥᠭᠦᠮᠴᠢᠯᠡᠯᠲᠡ ᠶᠢᠨ ᠠᠷᠭ᠎ᠠ | ᠬᠡᠮᠵᠢᠶ᠎ᠡ ᠶᠢ ᠲᠣᠭᠲᠠᠭᠠᠵᠤ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ ᠶᠢᠨ ᠳᠡᠭᠡᠳᠦ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠬᠠᠮᠲᠤᠷᠠᠯᠴᠠᠭ᠎ᠠ ᠶᠢ ᠥᠷᠭᠡᠳᠬᠡᠵᠦ | ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠦᠽᠧᠪᠧᠺᠰᠲ᠋ᠠᠨ ᠤ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠤᠨ᠎ᠠ᠃ | ᠬᠤᠶᠠᠷ ᠲᠠᠯ᠎ᠠ ᠪᠠᠷ ᠢᠶᠠᠨ ᠳᠤᠮᠳᠠᠳᠤ ᠺᠢᠷᠭᠢᠽᠰᠲ᠋ᠠᠨ ᠦᠽᠧᠪᠧᠺᠰᠲ᠋ᠠᠨ ᠤ ᠲᠡᠮᠦᠷ ᠵᠠᠮ ᠤᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠷᠲᠡᠬᠡᠨ ᠡᠬᠢᠯᠡᠭᠦᠯᠵᠦ᠂ ︽ᠬᠠᠲᠠᠭᠤ ᠨᠡᠪᠲᠡᠷᠡᠯᠴᠡᠭᠡ︾ ᠪᠠ ︽ᠵᠥᠭᠡᠯᠡᠨ ᠵᠤᠯᠭᠠᠯᠴᠠᠭ᠎ᠠ︾ ᠶᠢ | ᠵᠡᠷᠭᠡ ᠪᠠᠷ ᠠᠬᠢᠭᠤᠯᠵᠤ᠂ ᠪᠣᠰᠤᠭ᠎ᠠ ᠴᠣᠭᠴᠠᠲᠤ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠦᠽᠧᠪᠧᠺᠰᠲ᠋ᠠᠨ ᠤ | ︽ᠡᠬᠡ ᠬᠠᠭᠤᠷᠠᠢ ᠶᠢᠨ ᠪᠢᠲᠡᠭᠦᠮᠵᠢᠯᠡᠭᠳᠡᠭᠰᠡᠨ ᠤᠯᠤᠰ︾ ᠠᠴᠠ ︽ᠡᠬᠡ ᠬᠠᠭᠤᠷᠠᠢ ᠶᠢᠨ ᠨᠡᠪᠲᠡᠷᠡᠯᠴᠡᠭᠰᠡᠨ ᠤᠯᠤᠰ︾ | ᠲᠡᠶᠢᠰᠢ ᠭᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠶ᠎ᠡ᠃ ᠳᠤᠮᠳᠠᠳᠤ ᠤᠯᠤᠰ ᠳᠤᠷᠠᠲᠠᠶ᠎ᠠ | ᠦᠽᠧᠪᠧᠺᠰᠲ᠋ᠠᠨ ᠤ ᠬᠢᠨ ᠲᠠᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠦᠭᠦ ᠠᠵᠤ ᠦᠢᠯᠡᠰ ᠤᠨ ᠬᠡᠯᠬᠢᠶ᠎ᠡ ᠶᠢᠨ | ᠬᠠᠮᠲᠤᠷᠠᠯᠴᠠᠭ᠎ᠠ ᠶᠢ ᠥᠷᠭᠡᠳᠬᠡᠵᠦ᠂ ᠭᠡᠷᠡᠯᠴᠢ ᠴᠡᠨᠡᠭ᠂ ᠰᠠᠯᠬᠢᠨ ᠬᠦᠴᠦᠨ ᠤ ᠴᠠᠭᠢᠯᠭᠠᠨ᠂ ᠤᠰᠤᠨ ᠴᠠᠭᠢᠯᠭᠠᠨ ᠵᠡᠷᠭᠡ | ᠴᠢᠬᠤᠯᠠ ᠶᠡᠭᠡ ᠲᠦᠷᠦᠯ ᠵᠦᠢᠯ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠦᠽᠧᠪᠧᠺᠰᠲ᠋ᠠᠨ ᠤ ᠪᠣᠬᠢᠷᠳᠤᠯ ᠦᠭᠡᠢ ᠠᠵᠤ | ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠬᠦᠴᠦᠨ ᠨᠡᠮᠡᠷᠢᠯᠡᠵᠦ᠂ ᠦᠷᠭᠦᠯᠵᠢᠯᠡᠬᠦ ᠬᠥᠭᠵᠢᠯᠲᠡ ᠶᠢ | ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠪᠠᠰᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ | ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠣᠷᠣᠨ ᠨᠤᠲᠤᠭ ᠤᠨ ᠬᠠᠮᠲᠤᠷᠠᠯᠴᠠᠭ᠎ᠠ ᠶᠢ ᠥᠷᠭᠡᠳᠬᠡᠨ | ᠭᠦᠨᠵᠡᠭᠡᠶᠢᠷᠡᠭᠦᠯᠵᠦ᠂ ᠠᠷᠠᠳ ᠲᠤ ᠠᠰᠢᠭ ᠬᠦᠷᠲᠡᠭᠡᠬᠦ ᠨᠡᠩ ᠤᠯᠠᠨ ᠢᠨᠵᠧᠨᠧᠷᠢᠩ ᠢ ᠪᠠᠶᠢᠭᠤᠯᠤᠶ᠎ᠠ᠃ ᠰᠣᠶᠣᠯ | ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠰᠣᠶᠣᠯ ᠤᠨ ᠡᠳᠦᠷᠯᠢᠭ᠂ ᠤᠷᠠᠯᠢᠭ ᠤᠨ ᠪᠠᠶᠠᠷ ᠢ ᠦᠷᠭᠦᠯᠵᠢᠯᠡᠨ | ᠬᠠᠷᠢᠯᠴᠠᠨ ᠡᠷᠭᠢᠯᠡᠵᠦ᠂ ᠬᠠᠷᠢᠯᠴᠠᠨ ᠰᠣᠶᠣᠯ ᠤᠨ ᠲᠥᠪ ᠪᠠᠶᠢᠭᠤᠯᠬᠤ ᠶᠢ ᠲᠦᠷᠭᠡᠳᠬᠡᠵᠦ᠂ ᠬᠢᠲᠠᠳ ᠬᠡᠯᠡᠨ ᠤ ᠵᠢᠭᠠᠨ | ᠰᠤᠷᠭᠠᠯᠲᠠ ᠶᠢᠨ ᠬᠠᠮᠲᠤᠷᠠᠯᠴᠠᠭ᠎ᠠ ᠶᠢ ᠥᠷᠭᠡᠳᠬᠡᠵᠦ᠂ ᠵᠠᠯᠠᠭᠤᠴᠤᠳ ᠤᠨ ᠰᠣᠯᠢᠯᠴᠠᠭ᠎ᠠ ᠶᠢ ᠴᠢᠩᠭᠠᠳᠬᠠᠬᠤ ᠶᠢ ᠳᠡᠮᠵᠢᠶ᠎ᠡ᠂ | ᠳᠤᠮᠳᠠᠳᠤ ᠤᠯᠤᠰ ᠳᠤᠷᠠᠲᠠᠶ᠎ᠠ ᠦᠽᠧᠪᠧᠺᠰᠲ᠋ᠠᠨ ᠤ ᠵᠠᠯᠠᠭᠤᠴᠤᠳ ᠤᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠳᠤ | ᠨᠡᠩ ᠤᠯᠠᠨ ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠣᠷᠣᠨ ᠲᠤᠭ᠎ᠠ ᠬᠠᠩᠭᠠᠨ᠎ᠠ᠃ ᠳᠤᠮᠳᠠᠳᠤ | ᠤᠯᠤᠰ ᠳᠤᠷᠠᠲᠠᠶ᠎ᠠ ᠦᠽᠧᠪᠧᠺᠰᠲ᠋ᠠᠨ ᠤ ᠬᠢᠨ ᠲᠠᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ | ᠲᠠᠯ᠎ᠠ ᠶᠢᠨ ᠬᠢᠨ ᠤ ᠪᠦᠯᠬᠦᠮᠳᠡᠯ ᠬᠠᠮᠲᠤᠷᠠᠯᠴᠠᠭ᠎ᠠ ᠶᠢ ᠠᠬᠢᠭᠤᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠵᠥᠪ ᠣᠨᠣᠪᠴᠢᠲᠠᠢ ᠬᠥᠭᠵᠢᠯᠲᠡ ᠶᠢᠨ ᠴᠢᠭᠯᠡᠯ ᠢ ᠬᠠᠮᠲᠤ ᠪᠠᠷ ᠬᠠᠮᠠᠭᠠᠯᠠᠵᠤ᠂ ᠳᠤᠮᠳᠠᠳᠤ ᠤᠯᠤᠰ — | ᠳᠤᠮᠳᠠᠳᠤ ᠠᠽᠢᠶ᠎ᠠ ᠶᠢᠨ ᠰᠢ ᠠᠨ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠲᠣᠭᠲᠠᠴᠠ ᠶᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠪᠦᠭᠦ ᠪᠥᠮᠪᠥᠷᠴᠡᠭ ᠪᠣᠯᠣᠨ ᠣᠷᠣᠨ ᠪᠦᠰᠡ ᠶᠢᠨ ᠵᠠᠰᠠᠯᠲᠠ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠮᠢᠷᠵᠢᠶᠤᠤᠶᠧᠹ᠂ ᠡᠨᠡ ᠵᠢᠯ ᠤᠨ ᠠᠩᠬᠠᠳᠠᠭᠴᠢ ᠭᠠᠳᠠᠭᠠᠳᠤ ᠠᠶᠢᠯᠴᠢᠯᠠᠯᠲᠠ ᠪᠠᠨ ᠪᠢ ᠳᠤᠮᠳᠠᠳᠤ ᠤᠯᠤᠰ ᠢ | ᠰᠣᠩᠭᠤᠵᠤ ᠠᠶᠢᠯᠴᠢᠯᠠᠬᠰᠠᠨ ᠨᠢ ᠴᠢᠬᠤᠯᠠ ᠪᠡᠯᠭᠡᠳᠡᠯ ᠤᠨ ᠠᠴᠢ ᠬᠤᠯᠪᠣᠭᠳᠠᠯ ᠲᠠᠢ ᠶᠤᠮ᠃ ᠦᠽᠧᠪᠧᠺᠰᠲ᠋ᠠᠨ | ᠳᠤᠮᠳᠠᠳᠤ ᠶᠢᠨ ᠠᠷᠠᠳ ᠲᠦᠮᠡᠨ ᠮᠢᠩᠭᠠᠨ ᠵᠢᠯ ᠤᠨ ᠤᠯᠠᠮᠵᠢᠯᠠᠯᠲᠤ ᠨᠥᠬᠦᠷᠯᠡᠯ ᠲᠠᠢ᠂ ᠬᠤᠶᠠᠷ ᠤᠯᠤᠰ ᠤᠨ ᠬᠠᠷᠢᠯᠴᠠᠭ᠎ᠠ | ᠥᠨᠳᠥᠷ ᠲᠦᠪᠰᠢᠨ ᠪᠦᠬᠦᠢ ᠬᠥᠭᠵᠢᠯᠲᠡ ᠪᠠᠨ ᠪᠠᠲᠤᠯᠠᠪᠠ᠃ ᠪᠢ ᠳᠤᠮᠳᠠᠳᠤ ᠤᠯᠤᠰ ᠲᠤ ᠠᠶᠢᠯᠴᠢᠯᠠᠬᠤ ᠪᠣᠯᠭᠠᠨ ᠳᠤᠮᠳᠠᠳᠤ | ᠤᠯᠤᠰ ᠤᠨ ᠥᠭᠡᠷᠡᠴᠢᠯᠡᠯᠲᠡ ᠬᠥᠭᠵᠢᠯᠲᠡ ᠶᠢᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠮᠠᠰᠢ ᠮᠠᠭᠲᠠᠨ | ᠰᠠᠶᠢᠰᠢᠶᠠᠳᠠᠭ᠃ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠶᠢᠨ ᠠᠴᠢ ᠪᠠᠷ᠂ ᠳᠤᠮᠳᠠᠳᠤ ᠤᠯᠤᠰ | ᠠᠵᠤ ᠠᠬᠤᠢ ᠶᠢᠨ ᠬᠥᠭᠵᠢᠯᠲᠡ᠂ ᠰᠢᠨ᠎ᠡ ᠶᠢ ᠡᠭᠦᠳᠬᠦ ᠴᠢᠳᠠᠪᠤᠷᠢ ᠵᠡᠷᠭᠡ ᠤᠯᠠᠨ ᠲᠠᠯ᠎ᠠ ᠪᠠᠷ ᠨᠢᠭᠡᠨᠲᠡ ᠳᠡᠯᠡᠬᠡᠢ ᠶᠢᠨ | ᠬᠦᠴᠦᠷᠬᠡᠭ ᠤᠯᠤᠰ ᠪᠣᠯᠵᠠᠢ᠂ ᠳᠤᠮᠳᠠᠳᠤ ᠤᠯᠤᠰ ᠯᠠᠪᠲᠠᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠶᠠᠨ ᠳᠤ ᠨᠡᠩ ᠶᠡᠭᠡ ᠰᠢᠨ᠎ᠡ ᠠᠮᠵᠢᠯᠲᠠ ᠣᠯᠬᠤ ᠶᠢ | ᠢᠲᠡᠭᠡᠵᠦ ᠪᠠᠶᠢᠨ᠎ᠠ᠃ ᠦᠽᠧᠪᠧᠺᠰᠲ᠋ᠠᠨ ᠳᠤᠷᠠᠲᠠᠶ᠎ᠠ ᠳᠤᠮᠳᠠᠳᠤ ᠤᠯᠤᠰ ᠤᠨ ᠠᠮᠵᠢᠯᠲᠠ ᠲᠠᠢ ᠬᠥᠭᠵᠢᠯᠲᠡ ᠶᠢᠨ | ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠣᠳᠣᠬᠢᠴᠢᠯᠠᠯᠲᠠ ᠶᠢᠨ ᠵᠠᠮ ᠳᠡᠭᠡᠷ᠎ᠡ ᠵᠠᠮ ᠨᠢᠭᠡᠲᠡᠢ ᠬᠠᠨᠢ ᠪᠣᠯᠵᠤ᠂ ᠬᠤᠶᠠᠷ | ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ᠃ ᠦᠽᠧᠪᠧᠺᠰᠲ᠋ᠠᠨ ᠳᠤᠮᠳᠠᠳᠤ ᠶᠢᠨ ᠬᠠᠷᠢᠯᠴᠠᠭ᠎ᠠ ᠳᠡᠭᠡᠳᠦ | ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ᠂ ᠬᠠᠷᠢᠯᠴᠠᠨ ᠬᠦᠨᠳᠦᠳᠬᠡᠬᠦ ᠪᠠ ᠬᠠᠷᠢᠯᠴᠠᠨ ᠬᠠᠪᠰᠤᠷᠤᠨ ᠲᠤᠰᠠᠯᠠᠬᠤ ᠳᠤ | ᠰᠠᠭᠤᠷᠢᠯᠠᠭᠰᠠᠨ ᠶᠤᠮ᠃ ᠪᠢ ᠲᠡᠷᠢᠭᠦᠯᠡᠭᠴᠢ ᠰᠢ ᠶᠢᠨ ᠫᠢᠩ ᠤᠨ ᠬᠤᠶᠠᠷ ᠤᠯᠤᠰ ᠤᠨ ᠬᠠᠷᠢᠯᠴᠠᠭ᠎ᠠ ᠶᠢ ᠤᠯᠠᠮ ᠴᠢᠨᠠᠭᠰᠢᠳᠠ | ᠬᠥᠭᠵᠢᠭᠦᠯᠬᠦ ᠲᠤᠬᠠᠢ ᠰᠠᠨᠠᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ᠂ | ᠦᠽᠧᠪᠧᠺᠰᠲ᠋ᠠᠨ ᠳᠤᠮᠳᠠᠳᠤ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠪᠣᠯᠭᠠᠨ ᠲᠡᠰ ᠳᠡᠪᠰᠢᠭᠦᠯᠬᠦ ᠪᠠᠷ ᠨᠡᠶᠢᠲᠡᠯᠡᠭᠰᠡᠨ ᠳᠡᠭᠡᠨ ᠮᠠᠰᠢ ᠪᠠᠶᠠᠷᠲᠠᠢ ᠪᠠᠶᠢᠨ᠎ᠠ᠂ ᠮᠢᠨᠤ ᠲᠤᠰ | ᠤᠳᠠᠭ᠎ᠠ ᠶᠢᠨ ᠠᠶᠢᠯᠴᠢᠯᠠᠯᠲᠠ ᠪᠠᠷ ᠴᠢᠬᠤᠯᠠ ᠠᠵᠠ ᠲᠣᠭᠢᠶᠠᠯ ᠪᠤᠯᠭᠠᠵᠤ᠂ ᠢᠲᠡᠭᠡᠯᠴᠡᠭᠡ ᠪᠠᠨ ᠤᠯᠠᠮ ᠴᠢᠨᠠᠭᠰᠢᠳᠠ | ᠪᠠᠬᠢᠵᠢᠭᠦᠯᠦᠨ ᠭᠦᠨᠵᠡᠭᠡᠶᠢᠷᠡᠭᠦᠯᠵᠦ᠂ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ | ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ᠂ ᠪᠣᠬᠢᠷᠳᠤᠯ | ᠦᠭᠡᠢ ᠡᠨᠧᠷᠭᠢ᠂ ᠣᠷᠣᠨ ᠨᠤᠲᠤᠭ᠂ ᠵᠢᠭᠤᠯᠴᠢᠯᠠᠯ ᠵᠡᠷᠭᠡ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ | ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠬᠤ ᠶᠢ | ᠬᠦᠰᠡᠵᠦ ᠪᠠᠶᠢᠨ᠎ᠠ᠃ ᠦᠽᠧᠪᠧᠺᠰᠲ᠋ᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ | ᠭᠠᠳᠠᠭᠠᠳᠤ ᠶᠢᠨ ᠬᠦᠴᠦᠨ ᠤ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠵᠦ᠂ | ᠳᠤᠷᠠᠲᠠᠶ᠎ᠠ ᠲᠠᠶᠢᠸᠠᠨ ᠲᠠᠢ ᠬᠤᠯᠪᠣᠭᠳᠠᠬᠤ᠂ ᠰᠢᠨᠵᠢᠶᠠᠩ ᠲᠠᠢ ᠬᠤᠯᠪᠣᠭᠳᠠᠬᠤ᠂ ᠬᠥᠮᠥᠨ ᠤ ᠡᠷᠬᠡ ᠵᠡᠷᠭᠡ ᠳᠤᠮᠳᠠᠳᠤ | ᠤᠯᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠳᠤᠮᠳᠠᠳᠤ ᠤᠯᠤᠰ ᠢ ᠡᠷᠡᠰ ᠳᠡᠮᠵᠢᠵᠦ᠂ | ᠳᠤᠮᠳᠠᠳᠤ ᠶᠢᠨ ᠲᠠᠯ᠎ᠠ ᠲᠠᠢ ᠬᠠᠮᠲᠤ ᠪᠠᠷ ︽ᠭᠤᠷᠪᠠᠨ ᠵᠦᠢᠯ ᠤᠨ ᠬᠦᠴᠦᠨ︾ ᠳᠤ ᠴᠣᠬᠢᠯᠲᠠ ᠥᠭᠴᠦ᠂ ᠲᠤᠰ ᠲᠤᠰ ᠤᠨ | ᠪᠠ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠨ᠎ᠠ᠃ ᠣᠶᠢᠷ᠎ᠠ ᠳᠤ᠂ ᠦᠽᠧᠪᠧᠺᠰᠲ᠋ᠠᠨ ᠳᠤᠮᠳᠠᠳᠤ | ᠬᠤᠶᠠᠷ ᠤᠯᠤᠰ ᠣᠷᠣᠨ ᠨᠤᠲᠤᠭ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ᠵᠠᠭᠤᠨ ᠰᠤᠷᠭᠠᠭᠤᠯᠢ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ᠵᠢᠭᠤᠯᠴᠢᠯᠠᠯ ᠤᠨ ᠳᠡᠯᠭᠡᠷᠡᠭᠦᠯᠦᠯᠲᠡ ᠪᠠ ᠦᠽᠧᠪᠧᠺᠰᠲ᠋ᠠᠨ ᠤ ᠰᠣᠶᠣᠯ ᠤᠨ | ᠡᠳᠦᠷ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠶᠠᠷᠢᠶᠠᠨ ᠤ ᠲᠠᠪᠴᠠᠩ ᠵᠡᠷᠭᠡ ᠡᠯᠪᠡᠭ ᠪᠠᠶᠠᠯᠢᠭ | ᠠᠵᠢᠯᠯᠠᠭ᠎ᠠ ᠥᠷᠨᠢᠭᠦᠯᠵᠦ᠂ ᠡᠭᠦᠨ ᠤ ᠳᠣᠲᠣᠷᠠᠬᠢ ᠣᠯᠠᠩᠬᠢ ᠨᠢ ᠴᠥᠮ ᠦᠽᠧᠪᠧᠺᠰᠲ᠋ᠠᠨ ᠤ ᠲᠡᠦᠬᠡᠨ ᠳᠡᠭᠡᠷ᠎ᠡ ᠠᠩᠬ᠎ᠠ | ᠤᠳᠠᠭ᠎ᠠ ᠶᠠᠪᠤᠭᠳᠠᠵᠤ᠂ ᠬᠤᠶᠠᠷ ᠤᠯᠤᠰ ᠤᠨ ᠠᠷᠠᠳ ᠲᠦᠮᠡᠨ ᠤ ᠨᠥᠭᠦᠷᠰᠡᠭ ᠨᠥᠬᠦᠷᠯᠡᠯ ᠵᠢᠴᠢ ᠦᠽᠧᠪᠧᠺᠰᠲ᠋ᠠᠨ | ᠳᠤᠮᠳᠠᠳᠤ ᠶᠢᠨ ᠬᠠᠷᠢᠯᠴᠠᠭ᠎ᠠ ᠶᠢᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠪᠠ ᠯᠤᠲᠤ ᠶᠡᠭᠡ ᠳᠠᠯᠳᠠ ᠬᠦᠴᠦᠨ ᠢ | ᠭᠦᠢᠴᠡᠳ ᠭᠡᠷᠡᠴᠢᠯᠡᠪᠡ᠃ ᠦᠽᠪᠧᠺᠰᠲ᠋ᠠᠨ ᠤ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ | ᠪᠥᠮᠪᠥᠷᠴᠡᠭ ᠤᠨ ᠬᠠᠮᠲᠤᠷᠠᠯᠴᠠᠭᠠᠨ ᠤ ᠰᠢᠷᠢᠰ ᠰᠠᠨᠠᠭᠠᠴᠢᠯᠠᠭ᠎ᠠ ᠶᠢ ᠡᠷᠡᠰ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ | ᠢᠳᠡᠪᠬᠢᠲᠡᠢ ᠨᠠᠶᠢᠳᠠᠪᠤᠷᠢᠵᠢᠭᠤᠯᠤᠨ ᠠᠬᠢᠭᠤᠯᠤᠨ᠎ᠠ᠃ ᠨᠢᠳᠤᠨᠤᠨ ᠤ 5 ᠰᠠᠷ᠎ᠠ ᠳᠤ ᠰᠢ ᠠᠨ ᠤ ᠳᠤᠮᠳᠠᠳᠤ ᠤᠯᠤᠰ— | ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠨᠢ ᠭᠠᠵᠠᠷ ᠣᠷᠣᠨ ᠤ ᠬᠤᠯᠪᠣᠯᠳᠤᠨ ᠨᠡᠪᠲᠡᠷᠡᠯᠴᠡᠬᠦ ᠪᠠ ᠬᠥᠭᠵᠢᠯ | ᠴᠡᠴᠡᠭᠯᠡᠯ ᠳᠤ ᠲᠡᠦᠬᠡᠲᠦ ᠠᠴᠢ ᠬᠤᠯᠪᠣᠭᠳᠠᠯ ᠲᠠᠢ ᠶᠤᠮ᠂ ᠦᠽᠧᠪᠧᠺᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ | ᠨᠢᠭᠲᠠ ᠬᠠᠮᠵᠢᠯᠴᠠᠵᠤ᠂ ᠳᠤᠮᠳᠠᠳᠤ ᠤᠯᠤᠰ— ᠳᠤᠮᠳᠠ ᠠᠽᠢᠶ᠎ᠠ ᠶᠢᠨ ᠲᠣᠭᠲᠠᠴᠠ ᠶᠢᠨ ᠨᠠᠷᠢᠨ ᠪᠢᠴᠢᠭ ᠤᠨ ᠭᠠᠵᠠᠷ ᠢ | ᠳᠠᠷᠤᠢ ᠲᠦᠷᠭᠡᠨ ᠪᠠᠶᠢᠭᠤᠯᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢᠨ ᠬᠥᠭᠵᠢᠨ | ᠪᠤᠵᠠᠭᠠᠶᠢᠷᠠᠬᠤ ᠶᠢ ᠠᠬᠢᠭᠤᠯᠬᠤ ᠶᠢᠨ ᠬᠠᠮᠲᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ | ᠲᠠᠯ᠎ᠠ ᠶᠢᠨ ᠪᠣᠷᠣ ᠲᠥᠯᠥᠪ ᠤᠨ ᠳᠣᠲᠣᠷᠠᠬᠢ ᠣᠯᠣᠯᠴᠠᠭ᠎ᠠ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠨ᠎ᠠ᠃ ᠪᠢ | ᠦᠽᠧᠪᠧᠺᠰᠲ᠋ᠠᠨ ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠋᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ | ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠦᠽᠧᠪᠧᠺᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ | ᠪᠠᠶᠢᠯᠳᠤᠬᠤ ᠪᠤᠳᠤᠯᠭ᠋᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ | ᠦᠰᠦᠭ ᠵᠢᠷᠤᠵᠤ ᠨᠡᠶᠢᠲᠡᠯᠡᠬᠦ ᠶᠢᠨ ᠬᠠᠮᠲᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ᠂ ᠬᠤᠯᠪᠣᠯᠳᠤᠨ | ᠨᠡᠪᠲᠡᠷᠡᠯᠴᠡᠬᠦ᠂ ᠣᠷᠴᠢᠨ ᠲᠣᠭᠤᠷᠢᠨ ᠤ ᠬᠠᠮᠠᠭᠠᠯᠠᠯᠲᠠ᠂ ᠰᠢᠨ᠎ᠡ ᠡᠨᠧᠷᠭᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠰᠣᠶᠣᠯ ᠢᠷᠭᠡᠨᠰᠢᠯ᠂ ᠲᠠᠷᠢᠶᠠᠯᠠᠩ ᠤᠨ ᠪᠦᠲᠦᠭᠡᠭᠳᠡᠬᠦᠨ ᠤ ᠣᠷᠣᠬᠤ ᠶᠢ ᠵᠥᠪᠰᠢᠶᠡᠷᠡᠬᠦ᠂ ᠣᠷᠣᠨ ᠨᠤᠲᠤᠭ ᠵᠡᠷᠭᠡ | ᠬᠦᠷᠢᠶᠡᠨ ᠤ ᠠᠯᠢ ᠤᠯᠠᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ | ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ | ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠮᠢᠷᠵᠢᠶᠤᠤᠶᠧᠹ ᠪᠣᠯᠣᠨ ᠲᠡᠭᠦᠨ ᠤ ᠬᠠᠳᠤᠨ ᠮᠢᠷᠵᠢᠶᠤᠤᠶ᠋ᠸᠧᠠ ᠶᠢ | ᠤᠭᠲᠤᠬᠤ ᠶᠣᠰᠣᠯᠠᠯ ᠶᠠᠪᠤᠭᠤᠯᠪᠠ᠃ | ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ | ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ | ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠦᠽᠧᠪᠧᠺᠰᠲ᠋ᠠᠨ ᠬᠤᠶᠠᠷ ᠤᠯᠤᠰ ᠤᠨ ᠤᠯᠤᠰ ᠤᠨ ᠰᠦᠯᠳᠡ | ᠳᠠᠭᠤᠤ ᠶᠢ ᠬᠥᠭᠵᠢᠮᠳᠡᠪᠡ᠃ ᠮᠢᠷᠵᠢᠶᠤᠤᠶᠧᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ | ᠰᠢᠷᠭᠠᠯ ᠶᠡᠭᠡ ᠲᠢᠩᠬᠢᠮ ᠳᠤ ᠮᠢᠷᠵᠢᠶᠤᠤᠶᠧᠹ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |