ᠬᠤᠤ ᠵᠢᠶᠠ ᠶᠣᠣ ᠲᠣᠰᠬᠤᠨ᠄ ᠤᠨᠤᠯ ᠰᠤᠷᠤᠯᠴᠠᠵᠤ ᠡᠷᠳᠡᠮ ᠴᠢᠳᠠᠪᠤᠷᠢ ᠪᠠᠨ ᠨᠡᠮᠡᠭᠳᠡᠭᠦᠯᠦᠨ ᠠᠵᠤ ᠦᠢᠯᠡᠰ ᠢᠶᠠᠨ ᠬᠦᠴᠦᠷᠬᠡᠭᠵᠢᠭᠦᠯᠵᠦ ᠬᠥᠭᠵᠢᠯ ᠮᠠᠨᠳᠤᠯ ᠢ ᠠᠬᠢᠭᠤᠯᠪᠠ
ᠨᠡᠶᠢᠲᠡᠯᠡᠭᠰᠡᠨ ᠴᠠᠭ᠄
2024/1/3
     ᠲᠤᠭᠳᠠᠬᠤ ᠰᠢᠶᠠᠨ ᠤ ᠬᠤᠤ ᠵᠢᠶᠠ ᠶᠣᠣ ᠲᠣᠰᠬᠤᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠵᠢᠴᠢ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠯ ᠤᠨ ᠰᠤᠷᠤᠯᠴᠠᠯᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ᠂ ᠠᠵᠢᠯ ᠬᠢᠵᠦ ᠦᠢᠯᠡᠰ ᠪᠣᠰᠬᠠᠬᠤ ᠶᠢ ᠭᠦᠨᠵᠡᠭᠡᠢ ᠠᠬᠢᠭᠤᠯᠬᠤ ᠂ ᠬᠥᠭᠵᠢᠯᠲᠡ ᠶᠢ ᠲᠥᠯᠥᠪᠵᠢᠭᠦᠯᠵᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠭᠤᠷᠪᠠᠨ ᠲᠠᠯ᠎ᠠ ᠶᠢᠨ ᠠᠵᠢᠯ ᠢᠶᠠᠷ ᠳᠠᠮᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠣᠯᠬᠤ ᠶᠢ ᠲᠠᠰᠤᠷᠠᠯᠳᠡ ᠦᠭᠡᠢ ᠠᠬᠢᠭᠤᠯᠵᠠᠢ᠃      ᠲᠤᠭᠳᠠᠬᠤ ᠰᠢᠶᠠᠨ ᠤ ᠬᠤᠤ ᠵᠢᠶᠠ ᠶᠣᠣ ᠲᠣᠰᠬᠤᠨ ᠨᠢ  ᠲᠤᠭᠳᠠᠬᠤ ᠰᠢᠶᠠᠨ ᠤ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠨ ᠬᠠᠮᠠᠭᠠᠯᠠᠬᠤ ᠲᠥᠪ ︵ᠤᠤᠯ ᠤᠨ  ᠾᠧ ᠺᠸᠦ ᠬᠠᠮᠢᠶᠠᠷᠤᠯᠲᠠ ᠶᠢᠨ ᠵᠥᠪᠯᠡᠯ︶ ᠤᠨ ᠡᠮᠦᠨ᠎ᠡ ᠦᠵᠦᠭᠦᠷ᠂ ᠬᠠᠲᠤᠨ ᠭᠤᠣᠯ ᠤᠨ ︽几︾ ᠦᠰᠦᠭᠲᠦ ᠮᠤᠷᠤᠶᠢᠯᠲᠠ ᠶᠢᠨ ᠣᠷᠴᠢᠮ ᠪᠠᠶᠢᠷᠢᠯᠠᠵᠤ᠂ ᠮᠥᠨ ᠴᠦ ᠬᠠᠲᠤᠨ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠵᠠᠭᠠᠭ ᠴᠡᠭ ᠪᠣᠯᠣᠨ᠎ᠠ᠃ ᠶᠡᠷᠦᠩᠬᠡᠢ ᠲᠠᠯᠠᠪᠠᠶ ᠨᠢ 9.87 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠢ ᠡᠷᠦᠬᠡ ᠶᠢᠨ ᠲᠤᠭ᠎ᠠ ᠨᠢ 296 ᠡᠷᠦᠬᠡ᠂ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ ᠨᠢ 1080 ᠬᠥᠮᠥᠨ ᠪᠠᠶᠢᠵᠤ᠂ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ 3.5 ᠲᠦᠮᠡᠨ ᠲᠥᠭᠦᠷᠢᠭ ᠪᠣᠯᠣᠨ᠎ᠠ᠃ ᠭᠤᠣᠯ ᠪᠣᠯᠬᠤ ᠠᠵᠤ ᠦᠢᠯᠡᠰ ᠪᠣᠯ ᠬᠠᠳᠤᠨ ᠭᠤᠣᠯ ᠳᠠᠭᠠᠤ ᠶᠢᠨ ᠰᠣᠶᠣᠯ ᠵᠤᠭᠠᠴᠠᠯ ᠳᠤ ᠲᠦᠰᠢᠭᠯᠡᠨ ᠲᠠᠷᠢᠶᠠᠴᠢᠨ ᠠᠶᠢᠯ ᠤᠨ ᠵᠤᠭᠠᠴᠠᠯ ᠪᠣᠯᠣᠨ ᠦᠵᠦᠮ ᠤᠨ ᠲᠠᠷᠢᠮᠠᠯ ᠤᠨ ᠦᠢᠯᠡᠰ ᠢ  ᠬᠦᠭᠵᠢᠭᠦᠯᠪᠡ᠃ 2023 ᠣᠨ ᠳᠤ᠂ ᠲᠠᠷᠢᠶᠠᠴᠢᠨ ᠠᠶᠢᠯ ᠤᠨ ᠵᠤᠭᠠᠴᠠᠯ ᠤᠨ ᠣᠷᠣᠯᠭ᠎ᠠ 1000 ᠲᠦᠮᠡᠨ ᠲᠥᠭᠦᠷᠢᠭ ᠣᠷᠴᠢᠮ᠂ ᠦᠵᠦᠮ ᠤᠨ ᠪᠣᠷᠤᠯᠠᠭᠤᠯᠭ᠎ᠠ ᠶᠢᠨ ᠣᠷᠣᠯᠭ᠎ᠠ 5000 ᠲᠦᠮᠡᠨ ᠲᠥᠭᠦᠷᠢᠭ ᠲᠤ ᠬᠦᠷᠴᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 20 ᠲᠦᠮᠡᠨ ᠲᠥᠭᠦᠷᠢᠭ ᠲᠤ ᠬᠦᠷᠴᠡᠢ᠃ ᠬᠤᠤ ᠵᠢᠶᠠ ᠶᠣᠣ ᠲᠣᠰᠬᠤᠨ ᠳᠤ ︽ᠬᠤᠶᠠᠷ ᠵᠥᠪᠯᠡᠯ︾ ᠤᠨ ᠺᠠᠳ᠋ᠷ 5 ᠬᠥᠮᠥᠨ᠂ ᠨᠠᠮ ᠤᠨ ᠭᠡᠰᠢᠭᠦᠨ 34 ᠬᠥᠮᠥᠨ ᠪᠤᠢ᠃
      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠤ ᠵᠢᠶᠠ ᠶᠣᠣ ᠲᠣᠰᠬᠤᠨ ᠤ ᠬᠢᠨ ᠤᠨᠤᠯ ᠤᠨ ᠰᠤᠷᠤᠯᠴᠠᠯᠭ᠎ᠠ ᠶᠢ ᠤᠯᠠᠨ ᠤᠳᠠᠭ᠎ᠠ ᠯᠠᠪᠳᠠᠭᠤᠨ ᠪᠠᠲᠤᠲᠠᠢ ᠥᠷᠨᠢᠭᠦᠯᠵᠡᠢ᠃ ︽ᠭᠤᠷᠪᠠᠨ ᠬᠤᠷᠠᠯ ᠨᠢᠭᠡ ᠬᠢᠴᠢᠶᠡᠯ︾ ᠤᠨ ᠭᠤᠣᠯ ᠰᠡᠳᠦᠪᠲᠦ ᠨᠠᠮ ᠤᠨ ᠡᠳᠦᠷᠯᠢᠭ ᠲᠤ ᠲᠦᠰᠢᠭᠯᠡᠨ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠰᠢᠷᠢᠰ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ᠬᠠᠲᠤᠨ ᠭᠤᠣᠯ ᠳᠠᠭᠠᠤ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠠᠷᠢᠶᠠᠴᠢᠨ ᠠᠶᠢᠯ ᠤᠨ ᠵᠢᠭᠤᠯᠴᠢᠯᠠᠯ ᠪᠠ ᠦᠵᠦᠮ ᠤᠨ ᠲᠠᠷᠢᠮᠠᠯ ᠤᠨ ᠦᠢᠯᠡᠰ ᠭᠡᠬᠦ ᠬᠤᠶᠠᠷ ᠶᠡᠭᠡ ᠠᠵᠤ ᠦᠢᠯᠡᠰ ᠤᠨ ᠬᠥᠭᠵᠢᠯᠲᠡ ᠶᠢ ᠪᠣᠳᠣᠯᠬᠢᠯᠠᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠢ ᠤᠷᠢᠵᠤ ᠲᠠᠷᠢᠮᠠᠯ ᠤᠨ ᠮᠡᠷᠭᠡᠵᠢᠯ ᠤᠨ ᠲᠠᠶᠢᠯᠤᠮᠵᠢ ᠬᠢᠯᠭᠡᠬᠦ᠂ ᠨᠠᠮ ᠤᠨ ᠭᠡᠰᠢᠭᠦᠨ ᠤ ᠪᠠᠶᠠᠵᠢᠬᠤ ᠴᠢᠳᠠᠪᠤᠷᠢᠲᠠᠨ ᠢ ᠤᠷᠢᠵᠤ ᠲᠤᠷᠰᠢᠯᠭ᠎ᠠ ᠪᠠᠨ ᠶᠠᠷᠢᠭᠤᠯᠬᠤ᠂ ᠠᠵᠤ ᠦᠢᠯᠡᠰ ᠤᠨ ᠲᠣᠮᠣ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠶᠢ ᠶᠠᠷᠢᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ᠣᠨᠣᠯ ᠤᠨ ᠰᠤᠷᠤᠯᠴᠠᠯᠭ᠎ᠠ ᠶᠢ ᠠᠵᠤ ᠦᠢᠯᠡᠰ ᠤᠨ ᠬᠥᠭᠵᠢᠯᠲᠡ ᠲᠠᠢ ᠨᠢᠭᠲᠠ  ᠤᠶᠠᠯᠳᠣᠭᠤᠯᠪᠠ᠃      ᠠᠵᠢᠯ ᠬᠢᠵᠦ ᠠᠳᠠᠯ ᠦᠢᠯᠡᠰ ᠴᠣᠭᠴᠠᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠭᠦᠨᠵᠡᠭᠡᠢ ᠲᠦᠯᠬᠢᠨ ᠠᠬᠢᠭᠤᠯᠪᠠ᠃ ᠦᠵᠦᠮ ᠪᠣᠷᠣᠯᠠᠭᠤᠯᠬᠤ ᠳᠤ ᠬᠦᠴᠢᠷ ᠠᠰᠠᠭᠤᠳᠠᠯ ᠳᠤ ᠴᠢᠭᠯᠡᠭᠦᠯᠦᠨ᠂ ᠬᠤᠤ ᠵᠢᠶᠠ ᠶᠣᠣ ᠲᠣᠰᠬᠤᠨ ᠤ ᠬᠢᠨ ᠠᠷᠭ᠎ᠠ ᠪᠤᠳᠤᠨ ᠠᠷᠭ᠎ᠠ ᠤᠬᠠᠭᠠᠨ ᠭᠠᠷᠭᠠᠵᠤ᠂ ᠥᠪᠥᠷ ᠮᠣᠩᠭᠤᠯ ᠤᠨ ᠲᠧᠯᠸᠢᠰ ᠬᠤᠷᠢᠶ᠎ᠠ ᠶᠢ ᠵᠣᠬᠢᠴᠠᠭᠤᠯᠤᠨ ᠵᠢᠷᠤᠮ ᠤᠨ ᠬᠤᠳᠠᠯᠳᠤᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠪᠠ︔ ᠲᠤᠭᠳᠠᠬᠤ ᠰᠢᠶᠠᠨ ᠤ ᠷᠦᠢ ᠸᠧ ᠠᠷᠢᠬᠢᠨ ᠫᠦᠰᠡ ᠲᠠᠢ ᠬᠠᠷᠢᠯᠴᠠᠵᠤ ᠦᠵᠦᠮ ᠤᠨ ᠠᠷᠢᠬᠢ ᠶᠢᠨ ᠲᠦᠭᠦᠬᠡᠢ ᠮᠠᠲ᠋ᠧᠷᠢᠶᠠᠯ ᠬᠠᠩᠭᠠᠬᠤ ᠬᠡᠯᠡᠯᠴᠡᠭᠡᠷ ᠲᠣᠭᠲᠠᠵᠤ᠂ ᠲᠣᠰᠬᠤᠨ ᠤ ᠠᠷᠠᠳ ᠢ ᠬᠠᠪᠰᠤᠷᠤᠨ 16 ᠲᠦᠮᠡ ᠭᠠᠷᠤᠢ ᠵᠢᠩ ᠦᠵᠦᠮ ᠪᠣᠷᠣᠯᠠᠭᠤᠯᠪᠠ᠃ ᠲᠠᠷᠢᠶᠠᠴᠢᠨ ᠠᠶᠢᠯ ᠤᠨ ᠵᠤᠭᠠᠴᠠᠯ ᠤᠨ ᠴᠡᠪᠡᠷ ᠡᠨᠧᠷᠭᠢ ᠶᠢ ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠰᠢᠲᠠᠮᠠᠬᠠᠢ ᠬᠡᠢ ᠬᠠᠩᠭᠠᠬᠤ ᠠᠵᠤ ᠠᠬᠤᠶᠢᠯᠠᠯ ᠢ ᠵᠣᠬᠢᠴᠠᠭᠤᠯᠤᠨ ᠲᠣᠰᠬᠤᠨ ᠳᠤ ᠣᠷᠣᠭᠤᠯᠵᠤ᠂ ᠰᠢᠲᠠᠮᠠᠬᠠᠢ ᠬᠡᠢ ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠲᠣᠰᠬᠤᠨ ᠤ ᠳᠣᠲᠣᠷᠠᠬᠢ ᠲᠠᠷᠢᠶᠠᠴᠢᠨ ᠠᠶᠢᠯ ᠤᠨ ᠵᠤᠭᠠᠴᠠᠯ ᠤᠨ ᠡᠷᠦᠬᠡ ᠳᠤᠮᠳᠠᠴᠢ ᠶᠢᠨ ᠵᠢᠯ ᠤᠨ ᠥᠪᠡᠷ ᠤᠨ ᠥᠷᠲᠡᠭ ᠢ 3000 ᠭᠠᠷᠤᠢ ᠲᠥᠭᠦᠷᠢᠭ ᠪᠠᠭᠤᠷᠠᠭᠤᠯᠪᠠ᠃      ᠬᠥᠭᠵᠢᠯᠲᠡ ᠶᠢ ᠲᠥᠯᠥᠪᠵᠢᠭᠦᠯᠵᠦ ᠠᠷᠠᠳ ᠤᠨ ᠠᠮᠢᠳᠤᠷᠠᠯ ᠳᠤ ᠠᠰᠢᠭ  ᠬᠦᠷᠳᠡᠭᠡᠪᠡ᠃ ᠭᠦᠨᠵᠡᠭᠡᠢ ᠰᠤᠷᠤᠯᠴᠠᠬᠤ ᠪᠠᠷ ᠳᠠᠮᠵᠢᠨ᠂ ᠬᠤᠤ ᠵᠢᠶᠠ ᠶᠣᠣ ᠲᠣᠰᠬᠤᠨ ᠠᠵᠤ ᠦᠢᠯᠡᠰ ᠤᠨ ᠬᠥᠭᠵᠢᠯᠲᠡ ᠶᠢᠨ ᠠᠰᠠᠭᠤᠳᠠᠯ ᠤᠨ ᠲᠤᠬᠠᠢ ᠨᠡᠩ ᠰᠡᠷᠭᠡᠭ ᠲᠠᠨᠢᠯᠲᠠ ᠲᠠᠢ ᠪᠣᠯᠪᠠ᠄ ᠤᠯᠠᠮᠵᠢᠯᠠᠯᠲᠤ ᠲᠤᠭᠳᠠᠬᠤ ᠰᠢᠶᠠᠨ ᠤ ᠦᠵᠦᠮ ᠤᠨ ᠬᠠᠯᠢᠰᠤ ᠨᠢᠮᠭᠡᠨ ᠂ ᠬᠠᠳᠠᠭᠠᠯᠠᠬᠤ ᠳᠤ ᠬᠦᠴᠢᠷᠲᠡᠢ᠂ ᠬᠤᠯᠠ ᠵᠥᠭᠡᠭᠡᠪᠦᠷᠢᠯᠡᠬᠦ ᠳᠤ ᠳᠥᠭᠦᠮ ᠦᠭᠡᠢ᠂ ᠲᠤᠰ ᠲᠣᠰᠬᠤᠨ ᠤ ᠪᠠᠭ᠎ᠠ ᠠᠭᠤᠷ ᠠᠮᠢᠰᠬᠤᠯ ᠳᠤ ᠲᠣᠬᠢᠷᠠᠬᠤ ᠰᠢᠨ᠎ᠡ ᠲᠦᠷᠦᠯ ᠵᠦᠢᠯ ᠢ ᠣᠷᠣᠭᠤᠯᠬᠤ ᠴᠢᠬᠤᠯᠠᠲᠠᠢ︔ ᠲᠣᠰᠬᠤᠨ ᠤ ᠳᠣᠲᠣᠷᠠᠬᠢ ᠲᠠᠷᠢᠶᠠᠴᠢᠨ ᠠᠶᠢᠯ ᠤᠨ ᠵᠤᠭᠠᠴᠠᠯ ᠤᠨ ᠲᠡᠰ ᠨᠢ ᠶᠡᠷᠦᠩᠬᠡᠢ ᠳᠡᠭᠡᠨ ᠳᠣᠣᠷ᠎ᠠ ᠪᠠᠶᠢᠵᠤ᠂ ᠣᠳᠣᠬᠠᠨ ᠤ ᠬᠥᠳᠡᠭᠡ ᠲᠣᠰᠬᠤᠨ ᠤ ᠵᠤᠭᠠᠴᠠᠯ ᠤᠨ ᠪᠠᠶᠢᠳᠠᠯ ᠳᠤ ᠵᠣᠬᠢᠴᠠᠬᠤ ᠦᠭᠡᠢ ᠪᠠᠶᠢᠵᠤ᠂ ᠲᠡᠰ ᠢ ᠨᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠪᠠᠴᠢᠮ ᠱᠠᠭᠠᠷᠳᠠᠵᠤ ᠪᠠᠶᠢᠨ᠎ᠠ︔ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠨᠢ ᠪᠥᠬᠦ ᠰᠢᠶᠠᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠯᠦᠭᠡ ᠬᠠᠷᠢᠯᠴᠠᠨ ᠵᠣᠬᠢᠴᠠᠯᠳᠤᠬᠤ ᠦᠭᠡᠢ ᠪᠠᠶᠢᠨ᠎ᠠ᠃      ᠬᠤᠤ ᠵᠢᠶᠠ ᠶᠣᠣ ᠲᠣᠰᠬᠤᠨ ᠤ ᠬᠢᠨ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠭᠤᠣᠯᠳᠠᠭᠤ ᠠᠵᠤ ᠦᠢᠯᠡᠰ ᠤᠨ ᠬᠥᠭᠵᠢᠯᠲᠡ ᠶᠢᠨ ᠪᠣᠭᠤᠮᠢ ᠶᠢ ᠰᠢᠪᠲᠤᠯᠬᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠳᠡᠭᠡᠷ᠎ᠡ ᠢᠯᠡᠷᠡᠭᠦᠯᠵᠦ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠲᠦᠰᠢᠭᠯᠡᠨ᠂ ᠠᠵᠤ ᠦᠢᠯᠡᠰ ᠤᠨ ᠬᠥᠭᠵᠢᠯᠲᠡ ᠶᠢ ᠬᠠᠲᠤᠨ ᠭᠤᠣᠯ ᠤᠨ ︽几︾ ᠦᠰᠦᠭᠳᠦ ᠮᠤᠷᠤᠶᠢᠯᠲᠠ ᠶᠢᠨ ᠰᠣᠶᠣᠯ ᠵᠤᠭᠠᠴᠠᠯ ᠤᠨ ᠠᠵᠤ ᠦᠢᠯᠡᠰ ᠤᠨ ᠲᠥᠯᠦᠪᠵᠢᠭᠦᠯᠭᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠵᠤ᠂ ᠵᠤᠭᠠᠴᠠᠯ ᠤᠨ ᠦᠢᠯᠡᠰ ᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠰᠢᠨ᠎ᠡ ᠬᠥᠳᠡᠯᠭᠡᠬᠦ ᠬᠦᠴᠦᠨ ᠪᠣᠯᠭᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1