︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 1 ᠤ ᠴᠠᠭᠢᠯᠭᠠᠨ ᠮᠡᠳᠡᠭᠡ︶ 1 ᠰᠠᠷ᠎ᠠ ᠶᠢᠨ 1 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠬᠠᠷᠢᠯᠴᠠᠨ | ᠪᠠᠶᠠᠷ ᠤᠨ ᠵᠠᠬᠢᠳᠠᠯ ᠢᠯᠡᠭᠡᠵᠦ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠳᠤ | ᠪᠠᠶᠠᠷ ᠬᠦᠷᠭᠡᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠳᠤᠮᠳᠠᠳᠤ ᠠᠮᠧᠷᠢᠺᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | ᠶᠠᠪᠤᠳᠠᠯ ᠪᠣᠯ ᠬᠤᠶᠠᠷ ᠤᠯᠤᠰ ᠤᠨ ᠬᠠᠷᠢᠯᠴᠠᠭᠠᠨ ᠤ ᠲᠡᠦᠬᠡ ᠪᠣᠯᠣᠨ ᠤᠯᠠᠨ ᠤᠯᠤᠰ ᠤᠨ ᠬᠠᠷᠢᠯᠴᠠᠭᠠᠨ ᠤ ᠲᠡᠦᠬᠡᠨ | ᠳᠡᠭᠡᠷᠡᠬᠢ ᠲᠣᠮᠣ ᠬᠡᠷᠡᠭ ᠶᠠᠪᠤᠳᠠᠯ ᠪᠣᠯᠣᠨ᠎ᠠ᠃ 45 ᠵᠢᠯ ᠤᠨ ᠲᠤᠷᠰᠢ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠰᠠᠯᠬᠢ | ᠪᠣᠷᠣᠭᠠᠨ ᠢ ᠥᠩᠭᠡᠷᠡᠭᠦᠯᠵᠦ᠂ ᠶᠡᠷᠦᠩᠬᠡᠢ ᠳᠡᠭᠡᠨ ᠤᠷᠤᠭᠰᠢ ᠬᠥᠭᠵᠢᠵᠦ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ | ᠵᠢᠷᠭᠠᠯ ᠢ ᠨᠡᠮᠡᠭᠳᠡᠭᠦᠯᠦᠭᠰᠡᠨ ᠪᠥᠭᠡᠳ ᠪᠠᠰᠠ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ ᠪᠣᠯᠣᠨ ᠬᠥᠭᠵᠢᠯ ᠴᠡᠴᠡᠭᠯᠡᠯ ᠢ | ᠠᠬᠢᠭᠤᠯᠤᠭᠰᠠᠨ ᠪᠠᠶᠢᠨ᠎ᠠ᠃ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠭ᠎ᠠ ᠬᠢᠵᠦ | ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠬᠤ ᠪᠣᠯ ᠳᠤᠮᠳᠠᠳᠤ ᠠᠮᠧᠷᠢᠺᠠ ᠬᠤᠶᠠᠷ ᠲᠣᠮᠣ ᠤᠯᠤᠰ ᠤᠨ ᠵᠥᠪ ᠬᠠᠷᠢᠯᠴᠠᠬᠤ | ᠵᠠᠮ ᠮᠥᠨ᠂ ᠰᠢᠨ᠎ᠡ ᠴᠠᠭ ᠦᠶ᠎ᠡ ᠳᠠᠬᠢ ᠳᠤᠮᠳᠠᠳᠤ ᠠᠮᠧᠷᠢᠺᠠ ᠬᠤᠶᠠᠷ ᠲᠠᠯ᠎ᠠ ᠶᠢᠨ ᠬᠠᠮᠲᠤ ᠪᠠᠷ ᠴᠢᠷᠮᠠᠶᠢᠬᠤ ᠴᠢᠭᠯᠡᠯ ᠪᠤᠯᠬᠤ | ᠶᠣᠰᠣᠲᠠᠢ ᠭᠡᠳᠡᠭ ᠢ ᠲᠡᠦᠬᠡ ᠨᠢᠭᠡᠨᠲᠡ ᠭᠦᠢᠴᠡᠳ ᠭᠡᠷᠡᠴᠢᠯᠡᠭᠰᠡᠨ ᠪᠥᠭᠡᠳ ᠦᠷᠭᠦᠯᠵᠢᠯᠡᠨ ᠭᠦᠢᠴᠡᠳ ᠭᠡᠷᠡᠴᠢᠯᠡᠬᠦ ᠪᠣᠯᠣᠨ᠎ᠠ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢ ᠶᠡᠷᠦᠩᠬᠡᠶᠢᠯᠡᠭᠴᠢ ᠪᠠᠶᠢᠳᠧᠨ ᠲᠠᠢ ᠰᠠᠨ ᠹᠷᠠᠨᠰᠢᠰᠺᠤ ᠳᠤ ᠠᠭᠤᠯᠵᠠᠯᠲᠠ ᠬᠢᠵᠦ᠂ ᠢᠷᠡᠭᠡᠳᠦᠢ ᠳᠤ | ᠬᠠᠨᠳᠤᠭᠰᠠᠨ ︽ᠰᠠᠨ ᠹᠷᠠᠨᠰᠢᠰᠺᠤ ᠶᠢᠨ ᠠᠯᠤᠰ ᠤᠨ ᠲᠥᠯᠥᠪ︾ ᠢ ᠨᠡᠭᠡᠭᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ | ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠲᠡᠷᠢᠭᠦᠨ ᠤ | ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠪᠣᠯᠣᠨ ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ᠂ ᠡᠷᠡᠭᠦᠯ᠂ ᠦᠷᠭᠦᠯᠵᠢᠯᠡᠬᠦ | ᠬᠥᠭᠵᠢᠯᠲᠡ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢ ᠳᠤᠷᠠᠲᠠᠶ᠎ᠠ ᠶᠡᠷᠦᠩᠬᠡᠶᠢᠯᠡᠭᠴᠢ ᠪᠠᠶᠢᠳᠧᠨ ᠲᠠᠢ ᠬᠠᠮᠲᠤ ᠪᠠᠷ ᠴᠢᠷᠮᠠᠶᠢᠵᠤ ᠪᠠᠶᠢᠭᠠᠳ | ᠦᠷᠭᠦᠯᠵᠢᠯᠡᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠵᠠᠯᠠᠭᠤᠷ ᠢ ᠡᠵᠡᠮᠳᠡᠨ ᠵᠠᠮᠴᠢᠯᠠᠵᠤ᠂ ᠳᠤᠮᠳᠠᠳᠤ ᠠᠮᠧᠷᠢᠺᠠ ᠬᠤᠶᠠᠷ | ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ | ᠬᠥᠭᠵᠢᠯᠲᠡ ᠶᠢᠨ ᠦᠢᠯᠡᠰ ᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠪᠠᠶᠢᠳᠧᠨ ᠪᠠᠶᠠᠷ ᠤᠨ ᠵᠠᠬᠢᠳᠠᠯ ᠳᠠᠭᠠᠨ᠂ 1979 ᠣᠨ ᠳᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠴᠠ | ᠨᠠᠭᠠᠰᠢ᠂ ᠠᠮᠧᠷᠢᠺᠠ ᠳᠤᠮᠳᠠᠳᠤ ᠶᠢᠨ ᠬᠤᠭᠤᠷᠣᠨᠳᠣᠭᠢ ᠬᠠᠷᠢᠯᠴᠠᠭ᠎ᠠ ᠨᠢ ᠠᠮᠧᠷᠢᠺᠠ᠂ ᠳᠤᠮᠳᠠᠳᠤ ᠤᠯᠤᠰ ᠪᠣᠯᠣᠨ ᠪᠦᠭᠦ | ᠳᠡᠯᠡᠬᠡᠢ ᠶᠢᠨ ᠬᠥᠭᠵᠢᠯ ᠪᠠᠳᠠᠷᠠᠯ ᠪᠠ ᠠᠵᠠ ᠲᠣᠭᠢᠶᠠᠯ ᠢ ᠠᠬᠢᠭᠤᠯᠵᠠᠢ᠃ ᠪᠢ ᠡᠨᠡ ᠬᠦ ᠴᠢᠬᠤᠯᠠ ᠬᠠᠷᠢᠯᠴᠠᠭ᠎ᠠ ᠶᠢ | ᠬᠠᠷᠢᠭᠤᠴᠠᠯᠭ᠎ᠠ ᠲᠠᠢ ᠪᠠᠷ ᠬᠠᠮᠢᠶᠠᠷᠬᠤ ᠪᠠᠷ ᠬᠦᠴᠦᠯᠡᠨ ᠴᠢᠷᠮᠠᠶᠢᠨ᠎ᠠ᠃ ᠪᠢᠳᠡᠨ ᠤ ᠤᠷᠢᠳᠤᠬᠢ ᠬᠥᠮᠥᠰ ᠵᠢᠴᠢ ᠪᠢᠳᠡᠨ ᠤ | ᠤᠯᠠᠨ ᠤᠳᠠᠭ᠎ᠠ ᠶᠢᠨ ᠠᠭᠤᠯᠵᠠᠯᠲᠠ ᠪᠣᠯᠣᠨ ᠶᠠᠷᠢᠯᠴᠠᠭ᠎ᠠ ᠠᠬᠢᠴᠠ ᠲᠠᠢ ᠪᠣᠯᠤᠭᠰᠠᠨ ᠰᠠᠭᠤᠷᠢᠨ ᠳᠡᠭᠡᠷ᠎ᠡ᠂ ᠠᠮᠧᠷᠢᠺᠠ | ᠳᠤᠮᠳᠠᠳᠤ ᠶᠢᠨ ᠬᠠᠷᠢᠯᠴᠠᠭ᠎ᠠ ᠶᠢ ᠦᠷᠭᠦᠯᠵᠢᠯᠡᠨ ᠠᠬᠢᠭᠤᠯᠬᠤ ᠶᠢ ᠪᠢ ᠬᠦᠰᠡᠵᠦ ᠪᠠᠶᠢᠨ᠎ᠠ ᠭᠡᠵᠦ ᠢᠯᠡᠳᠬᠡᠪᠡ᠃ | |