ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/30
      ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠪᠥᠬᠦ ᠰᠢᠶᠠᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠤᠯᠠᠮ ᠨᠢᠭᠡ ᠠᠯᠬᠤᠮ ᠰᠡᠷᠭᠡᠶᠢᠯᠡᠨ ᠠᠷᠢᠯᠭᠠᠬᠤ ᠶᠢᠨ ᠲᠥᠯᠥᠭᠡ᠂ 1 ᠳ᠋ᠤᠭᠡᠷ ᠰᠠᠷ᠎ᠠ ᠶᠢᠨ 28 ᠤ ᠡᠳᠦᠷ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠰᠢᠶᠠᠨ ᠤ ᠵᠠᠬ᠎ᠠ ᠳᠡᠯᠭᠡᠭᠦᠷ ᠲᠠᠬᠢ ᠴᠠᠬᠢᠯᠭᠠᠨ ᠳᠤᠯᠠᠭᠠᠯᠠᠭᠤᠷ᠂ ᠴᠠᠬᠢᠯᠭᠠᠨ ᠡᠭᠦᠰᠬᠡᠭᠴᠢ ᠶᠢᠨ ᠤᠭᠯᠤᠷᠭ᠎ᠠ᠂ ᠵᠤᠤᠬ᠎ᠠ ᠶᠢᠨ ᠨᠡᠭᠡᠯᠡᠭᠡᠢ ᠵᠡᠷᠭᠡ ᠭᠤᠣᠯᠳᠠᠯᠭ᠎ᠠ ᠲᠠᠢ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠥᠬᠦ ᠲᠠᠯ᠎ᠠ ᠪᠠᠷ ᠪᠠᠶᠢᠴᠠᠭᠠᠵᠤ ᠵᠢᠭᠰᠠᠭᠠᠨ ᠪᠠᠶᠢᠴᠠᠭᠠᠪᠠ᠃
     ᠬᠠᠤᠯᠢ ᠬᠡᠷᠡᠭᠵᠢᠭᠦᠯᠬᠦ ᠠᠵᠢᠯᠲᠠᠳ ᠢᠯᠡ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠭᠠᠯ ᠤᠨᠲᠠᠷᠠᠭᠠᠬᠤ ᠦᠢᠯᠡᠳᠬᠦᠨ ᠤ ᠪᠣᠷᠣᠯᠠᠭᠤᠯᠬᠤ ᠬᠤᠳᠠᠯᠳᠤᠭᠠᠴᠢᠨ᠂ ᠲᠣᠮᠣ ᠳᠤᠮᠳᠠ ᠬᠡᠯᠪᠡᠷᠢ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠵᠡᠷᠭᠡ ᠶᠠᠰᠤ ᠴᠢᠨᠠᠷ ᠤᠨ ᠠᠮᠤᠷ ᠲᠦᠪᠰᠢᠨ ᠠᠮᠠᠷᠬᠠᠨ ᠡᠭᠦᠰᠬᠦ ᠪᠠ ᠣᠯᠠᠨ ᠡᠭᠦᠰᠬᠦ ᠭᠤᠣᠯᠳᠠᠯᠭ᠎ᠠ ᠲᠠᠢ ᠬᠤᠳᠠᠯᠳᠤᠭᠠᠴᠢᠨ ᠡᠷᠦᠬᠡ ᠪᠣᠯᠣᠨ ᠣᠷᠣᠨ ᠪᠦᠰᠡ ᠶᠢ ᠴᠢᠩᠭ᠎ᠠ ᠠᠵᠢᠭᠯᠠᠵᠤ᠂ ᠭᠤᠣᠯᠳᠠᠯᠭ᠎ᠠ ᠲᠠᠢ ᠭᠠᠯ ᠤᠨᠲᠠᠷᠠᠭᠠᠬᠤ ᠦᠢᠯᠡᠳᠬᠦᠨ᠂ ᠰᠢᠲᠠᠮᠠᠬᠠᠢ ᠬᠡᠢ ᠶᠢᠨ ᠵᠤᠤᠬ᠎ᠠ᠂ ᠴᠠᠬᠢᠯᠭᠠᠨ ᠢᠶᠠᠷ ᠳᠤᠯᠠᠭᠠᠯᠠᠬᠤ ᠬᠡᠢ᠂ ᠰᠢᠲᠠᠮᠠᠬᠠᠢ ᠬᠡᠢ ᠶᠢᠨ ᠳᠤᠯᠠᠭᠠᠯᠠᠬᠤ ᠵᠤᠤᠬ᠎ᠠ᠂ ᠬᠤᠸᠠᠷ ᠫᠤᠤᠵᠢᠩ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠬᠠᠮᠢᠶ᠎ᠠ ᠪᠦᠬᠦᠢ ᠦᠢᠯᠡᠳᠬᠦᠨ ᠵᠡᠷᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ︽ᠭᠤᠷᠪᠠ ᠦᠭᠡᠢ︾ ᠦᠢᠯᠡᠳᠬᠦᠨ ᠪᠠᠶᠢᠬᠤ ᠡᠰᠡᠬᠦ᠂ ᠭᠤᠷᠪᠠᠨ C ᠭᠡᠷᠡᠴᠢᠯᠡᠯ ᠤᠨ ᠲᠡᠮᠳᠡᠭ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠶᠢ ᠰᠢᠯᠭᠠᠨ ᠠᠪᠬᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠪᠠᠷᠠᠭ᠎ᠠ ᠣᠷᠣᠭᠤᠯᠵᠤ ᠪᠣᠷᠣᠯᠠᠭᠤᠯᠬᠤ ᠡᠬᠡ ᠲᠠᠩᠰᠠ ᠪᠠᠶᠢᠬᠤ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ᠂ ᠡᠯ᠎ᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠱᠠᠭᠠᠷᠳᠠᠵᠤ᠂ ᠪᠥᠬᠦ ᠰᠢᠶᠠᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠥᠬᠦ ᠲᠠᠯ᠎ᠠ ᠪᠠᠷ  ᠬᠠᠮᠠᠭᠠᠯᠠᠪᠠ᠃ ᠲᠣᠰ ᠤᠳᠠᠭᠠᠨ ᠤ ᠲᠤᠰᠬᠠᠢ ᠠᠵᠢᠯᠯᠠᠭ᠎ᠠ ᠳᠤ ᠨᠡᠶᠢᠲᠡ 42 ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠵᠦ᠂ 239 ᠠᠵᠤ ᠠᠬᠤᠶᠢᠯᠠᠯ ᠤᠨ ᠬᠤᠳᠠᠯᠳᠤᠭᠠᠴᠢᠨ ᠡᠷᠦᠬᠡ ᠶᠢ ᠵᠢᠭᠰᠠᠭᠠᠨ ᠪᠠᠶᠢᠴᠠᠭᠠᠵᠤ᠂ 6 ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠵᠦ᠂ ᠴᠥᠮ ᠲᠤᠬᠠᠢ ᠶᠢᠨ ᠲᠠᠯᠠᠪᠤᠷ ᠲᠤ ᠬᠤᠳᠠᠯᠳᠤᠭᠠᠴᠢᠨ ᠡᠷᠦᠬᠡ ᠶᠢ ᠵᠠᠷᠯᠢᠭᠳᠠᠨ ᠴᠡᠭᠴᠡᠯᠡᠨ ᠥᠭᠡᠷᠡᠴᠢᠯᠡᠭᠦᠯᠪᠡ᠃
     ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ︽ᠳᠥᠷᠪᠡ ᠶᠢ ᠬᠡᠷᠡᠭᠵᠢᠭᠦᠯᠬᠦ ᠦᠭᠡᠢ ᠬᠤᠶᠠᠷ ᠰᠢᠯᠤᠭᠤᠨ ᠪᠠᠶᠢᠬᠤ︾᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠪᠠᠶᠢᠴᠠᠭᠠᠯᠲᠠ ᠶᠢᠨ ᠠᠷᠭ᠎ᠠ ᠶᠢ ᠪᠠᠷᠢᠮᠲᠠᠯᠠᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠰᠡᠷᠭᠡᠶᠢᠯᠡᠨ ᠠᠷᠢᠯᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠢᠶᠠᠨ ᠤ ᠠᠷᠠᠳ ᠲᠦᠮᠡᠨ ᠤ ᠠᠮᠤᠷ ᠲᠦᠪᠰᠢᠨ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠨ᠎ᠠ᠃ ᠢᠷᠡᠯᠳᠡ᠄ ᠲᠤᠭᠳᠠᠬᠤ ᠰᠢᠶᠠᠨ ᠤ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1