ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠣᠷᠴᠢᠨ ᠲᠣᠭᠤᠷᠢᠨ ᠢᠳᠡᠭᠡᠨ ᠡᠮ ᠤᠨ ᠵᠦᠢᠯᠡᠰ ᠤᠨ ᠪᠠᠶᠢᠴᠠᠭᠠᠯᠳᠠ ᠶᠢᠨ ᠶᠡᠭᠡ ᠠᠩᠭᠢ ᠡᠮ ᠤᠨ ᠵᠦᠢᠯᠡᠰ ᠤᠨ ᠠᠮᠤᠷ ᠲᠦᠪᠰᠢᠨ ᠤ ᠬᠠᠮᠲᠤᠷᠠᠭᠰᠠᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/1/31
      2024 ᠣᠨ ᠤ 1 ᠳ᠋ᠤᠭᠡᠷ ᠰᠠᠷ᠎ᠠ ᠶᠢᠨ 30 ᠤ ᠡᠳᠦᠷ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠷᠴᠢᠨ ᠲᠤᠭᠤᠷᠢᠨ ᠢᠳᠡᠭᠡᠨ ᠡᠮ ᠤᠨ ᠵᠦᠢᠯ ᠤᠨ ᠪᠠᠶᠢᠴᠠᠭᠠᠯᠳᠠ ᠶᠢᠨ ᠶᠡᠭᠡ ᠠᠩᠭᠢ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠲᠣᠪᠴᠢᠶ᠎ᠠ ᠲᠠᠢ ᠬᠠᠮᠲᠤᠷᠠᠨ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃
     ᠪᠠᠶᠢᠴᠠᠭᠠᠬᠤ ᠶᠠᠪᠤᠴᠠ ᠳᠤ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶ᠎ᠠ ᠣᠷᠣᠨ ᠤ ᠪᠠᠨ ᠬᠡᠰᠡᠭ ᠡᠮ ᠤᠨ ᠳᠡᠯᠭᠡᠭᠦᠷ ᠲᠤ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠯᠲᠠ ᠬᠢᠵᠦ᠂ ᠡᠵᠡᠩᠨᠡᠯᠲᠡ ᠶᠢᠨ ᠦᠨᠡᠮᠯᠡᠯ᠂ ᠡᠮᠴᠢ ᠶᠢᠨ ᠬᠢᠷᠢ ᠬᠡᠮ ᠤᠨ ᠦᠨᠡᠮᠯᠡᠯ᠂ ᠬᠤᠳᠠᠯᠳᠤᠨ ᠠᠪᠬᠤ ᠪᠠ ᠪᠣᠷᠣᠯᠠᠭᠤᠯᠬᠤ ᠡᠬᠡ ᠳᠠᠩᠰᠠ ᠶᠢ ᠪᠠᠶᠢᠴᠠᠭᠠᠨ ᠦᠵᠡᠵᠦ᠂ ᠡᠮ ᠤᠨ ᠵᠦᠢᠯ ᠤᠨ ᠴᠢᠨᠠᠷ ᠢ ᠪᠠᠲᠤᠯᠠᠬᠤ ᠬᠤᠭᠤᠴᠠᠭᠠᠨ ᠳᠤ ᠪᠠᠶᠢᠬᠤ ᠡᠰᠡᠬᠦ᠂ ᠠᠷᠢᠭᠤᠨ ᠴᠡᠪᠡᠷ ᠤᠨ ᠪᠠᠷᠢᠮᠵᠢᠶ᠎ᠠ ᠳᠤ ᠨᠡᠶᠢᠴᠡᠬᠦ ᠡᠰᠡᠬᠦ᠂ ᠴᠠᠭᠠᠵᠠᠲᠠᠢ ᠡᠮ ᠤᠨ ᠵᠦᠢᠯ ᠢ ᠪᠣᠷᠣᠯᠠᠭᠤᠯᠤᠭᠰᠠᠨ ᠡᠰᠡᠬᠦ᠂ ᠪᠠᠷᠠᠭ᠎ᠠ ᠣᠷᠣᠭᠤᠯᠬᠤ ᠠᠷᠭ᠎ᠠ ᠵᠠᠮ ᠨᠢ ᠵᠢᠩᠬᠢᠨᠢ ᠪᠠᠶᠢᠬᠤ ᠡᠰᠡᠬᠦ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ ᠲᠤᠰ ᠤᠳᠠᠭᠠᠨ ᠤ ᠬᠠᠮᠲᠤᠷᠠᠭᠰᠠᠨ ᠠᠵᠢᠯᠯᠠᠭ᠎ᠠ ᠳᠤ ᠠᠮᠢᠰᠬᠤᠯ ᠤᠨ ᠵᠠᠮ ᠤᠨ ᠡᠪᠡᠳᠴᠢᠨ ᠵᠢᠴᠢ ᠬᠦᠨᠳᠦ ᠲᠦᠭᠰᠢᠭᠦᠷᠢᠲᠡᠢ ᠡᠪᠡᠳᠴᠢᠨ ᠢ ᠵᠠᠰᠠᠬᠤ ᠳᠤ ᠬᠡᠷᠡᠭᠯᠡᠬᠦ ᠡᠮ ᠢ ᠭᠤᠣᠯᠳᠠᠯᠭ᠎ᠠ ᠲᠠᠢ ᠠᠩᠬᠠᠷᠴᠤ᠂ ᠸᠢᠷᠦ᠋ᠰ ᠢ ᠡᠰᠡᠷᠭᠦᠴᠡᠬᠦ ᠲᠥᠷᠥᠯ᠂ ᠬᠠᠯᠠᠭᠤᠨ ᠢ ᠪᠠᠭᠤᠷᠠᠭᠤᠯᠬᠤ ᠲᠥᠷᠥᠯ᠂ ᠲᠦᠷᠭᠡᠨ ᠠᠪᠤᠷᠠᠯᠳᠠ ᠶᠢᠨ ᠲᠥᠷᠥᠯ ᠵᠡᠷᠭᠡ ᠬᠠᠮᠢᠶ᠎ᠠ ᠪᠦᠬᠦᠢ ᠲᠥᠷᠥᠯ ᠤᠨ ᠬᠠᠭᠤᠷᠮᠠᠭ ᠮᠠᠭᠤ ᠡᠮ ᠤᠨ ᠵᠦᠢᠯ ᠵᠢᠴᠢ ᠰᠢᠯᠭᠠᠨ ᠪᠠᠶᠢᠴᠠᠭᠠᠬᠤ ᠤᠷᠪᠠᠯᠵᠢ᠂ ᠮᠠᠨᠠᠨᠵᠢᠭᠤᠯᠤᠤᠷ ᠵᠡᠷᠭᠡ ᠡᠮᠴᠢᠯᠡᠭᠡᠨ ᠤ ᠪᠠᠭᠠᠵᠢ ᠬᠡᠷᠡᠭᠰᠡᠯ ᠳᠤ ᠭᠤᠣᠯᠳᠠᠯᠭ᠎ᠠ ᠲᠠᠢ ᠴᠣᠬᠢᠯᠲᠠ ᠦᠭᠭᠦᠪᠡ᠃ ᠣᠨᠴᠠ ᠲᠤᠰᠠᠲᠠᠢ ᠡᠮ ᠵᠢᠴᠢ ᠡᠮᠨᠡᠯᠭᠡ ᠳᠤ ᠬᠡᠷᠡᠭᠯᠡᠬᠦ ᠡᠳ᠋ ᠪᠣᠳᠠᠰ ᠢ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠪᠠᠷᠠᠭᠠᠨ ᠤ ᠦᠨ᠎ᠡ ᠶᠢ ᠳᠦᠷᠭᠢᠯᠳᠦᠨ ᠥᠰᠬᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠬᠡᠷᠡᠭᠵᠢᠭᠦᠯᠬᠦ ᠠᠵᠢᠯᠲᠠᠳ ᠪᠠᠰᠠ ᠡᠷᠡᠭᠦᠯᠵᠢᠯ ᠤᠨ ᠢᠳᠡᠭᠡᠨ ᠤ ᠵᠠᠬ᠎ᠠ ᠳᠡᠯᠭᠡᠭᠦᠷ ᠲᠤ ᠡᠯᠳᠡᠪ ᠵᠦᠢᠯ ᠢ ᠬᠤᠳᠬᠤᠯᠳᠤᠭᠤᠯᠤᠭᠰᠠᠨ᠂ ᠬᠤᠳᠠᠯ ᠬᠠᠭᠤᠷᠮᠠᠭ ᠢᠶᠠᠷ ᠥᠰᠬᠡᠭᠡᠨ ᠳᠥᠰᠬᠡᠭᠡᠨ ᠲᠠᠢ ᠤᠬᠠᠭᠤᠯᠤᠭᠰᠠᠨ᠂ ᠠᠮᠤᠷ ᠲᠦᠪᠰᠢᠨ ᠤ ᠠᠰᠠᠭᠤᠳᠠᠯ ᠤᠨ ᠲᠣᠪᠣᠶᠢᠮ᠎ᠠ ᠪᠠᠶᠢᠳᠠᠯ ᠳᠤ ᠴᠢᠭᠯᠡᠭᠦᠯᠦᠨ ᠪᠠᠶᠢᠴᠠᠭᠠᠯᠲᠠ ᠬᠢᠪᠡ᠃
     ᠪᠠᠶᠢᠴᠠᠭᠠᠬᠤ ᠶᠠᠪᠤᠴᠠ ᠳᠤ᠂ ᠠᠷᠠᠳ ᠤᠨ ᠴᠠᠭᠳᠠᠭ᠎ᠠ ᠡᠮ ᠤᠨ ᠳᠡᠯᠭᠡᠭᠦᠷ ᠤᠨ ᠠᠵᠢᠯᠲᠠᠳ ᠲᠤ ᠡᠮ ᠤᠨ ᠵᠦᠢᠯ ᠤᠨ ᠠᠮᠤᠷ ᠲᠦᠪᠰᠢᠨ ᠤ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠡᠷᠦ ᠶᠢᠨ ᠮᠡᠳᠡᠯᠭᠡ ᠶᠢ ᠤᠬᠠᠭᠤᠯᠵᠤ᠂ ᠬᠠᠭᠤᠷᠮᠠᠭ ᠡᠮ᠂ ᠮᠠᠭᠤ ᠡᠮ ᠪᠣᠷᠣᠯᠠᠭᠤᠯᠬᠤ ᠳᠤ ᠡᠭᠦᠷᠭᠡᠯᠡᠬᠦ ᠶᠣᠰᠣᠲᠠᠢ ᠬᠠᠤᠯᠢ ᠶᠢᠨ ᠬᠠᠷᠢᠭᠤᠴᠠᠯᠭ᠎ᠠ ᠶᠢ ᠲᠠᠶᠢᠯᠪᠤᠷᠢᠯᠠᠨ ᠥᠭᠴᠦ᠂ ᠡᠯ᠎ᠡ ᠡᠮ ᠤᠨ ᠳᠡᠯᠭᠡᠭᠦᠷ ᠤᠨ ᠬᠠᠤᠯᠢ ᠶᠣᠰᠣᠭᠠᠷ ᠡᠵᠡᠩᠨᠡᠬᠦ᠂ ᠠᠮᠤᠷ ᠲᠦᠪᠰᠢᠨ ᠢᠶᠠᠷ ᠡᠵᠡᠩᠨᠡᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠡᠮ ᠤᠨ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠪᠠ᠃
     ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 7 ᠡᠮ ᠤᠨ ᠳᠡᠯᠭᠡᠭᠦᠷ ᠢ ᠪᠠᠶᠢᠴᠠᠭᠠᠵᠤ᠂ ᠬᠠᠷᠢᠶᠠᠲᠤ ᠣᠷᠣᠨ ᠤ ᠡᠮ ᠤᠨ ᠵᠦᠢᠯ ᠤᠨ ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠤᠨ᠂ ᠬᠠᠷᠢᠶᠠᠲᠤ ᠣᠷᠣᠨ ᠤ ᠡᠮ ᠤᠨ ᠵᠦᠢᠯ ᠤᠨ ᠠᠵᠢᠯᠲᠠᠨ ᠤ ᠬᠠᠤᠯᠢ ᠶᠣᠰᠣᠭᠠᠷ ᠡᠵᠡᠩᠨᠡᠬᠦ ᠤᠬᠠᠮᠰᠠᠷ ᠢ ᠴᠢᠩᠭᠠᠷᠠᠭᠤᠯᠵᠤ᠂ ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠲᠠᠷᠠᠭᠠᠴᠢ ᠶᠢᠨ ᠠᠯᠬᠤᠮ ᠳᠤ ᠂ ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠡᠮ ᠤᠨ ᠵᠦᠢᠯ  ᠤᠨ ᠪᠠᠶᠢᠴᠠᠭᠠᠯᠳᠠ ᠶᠢᠨ ᠶᠡᠭᠡ ᠠᠩᠭᠢ ᠶᠢᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠯᠳᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠮ ᠤᠨ ᠵᠦᠢᠯ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠴᠣᠬᠢᠯᠲᠠ ᠥᠭᠬᠦ ᠦᠷ᠎ᠡ ᠪᠦᠲᠦᠮᠵᠢ ᠶᠢ ᠴᠢᠬᠤᠯᠠᠴᠢᠯᠠᠵᠤ᠂ ᠥᠷᠭᠡᠨ ᠣᠯᠠᠨ ᠬᠡᠷᠡᠭᠯᠡᠭᠴᠢᠳ ᠲᠤ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ ᠢᠷᠡᠯᠳᠡ᠄ ᠲᠤᠭᠳᠠᠬᠤ ᠰᠢᠶᠠᠨ ᠤ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1