ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠠᠨ ᠰᠠᠷ᠎ᠠ ᠠᠴᠠ ᠡᠮᠦᠨᠡᠬᠢ ᠲᠥᠪᠯᠡᠷᠡᠭᠦᠯᠦᠨ ᠨᠢᠭᠡᠳᠦᠯᠲᠡᠢ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/31
      1 ᠳ᠋ᠤᠭᠡᠷ ᠰᠠᠷ᠎ᠠ ᠶᠢᠨ 27 ᠤ ᠡᠳᠦᠷ ᠤᠨ 9 ᠴᠠᠭ   ᠠᠴᠠ 1 ᠳ᠋ᠤᠭᠠᠡᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯ᠎ᠠ᠂ ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠰᠢᠶᠠᠨ ᠤ ᠬᠡᠪᠴᠢᠶᠡᠨ ᠳᠤ  ᠨᠢᠭᠡᠳᠦᠯᠲᠡᠢ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠪᠦᠬᠦ ᠲᠠᠯ᠎ᠠ ᠪᠠᠷ ᠪᠦᠬᠦ ᠴᠠᠭᠳᠠᠭ᠎ᠠ ᠪᠠᠷ ᠲᠠᠶᠢᠴᠢᠯᠠᠵᠦ᠂ ᠡᠯ᠎ᠡ ᠲᠦᠷᠦᠯ ᠤᠨ ᠲᠣᠪᠣᠶᠢᠮ᠎ᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠨᠡᠶᠢᠭᠡᠮ ᠤᠨ ᠲᠠᠯ᠎ᠠ ᠶᠢᠨ ᠠᠮᠤᠷ ᠲᠦᠪᠰᠢᠨ ᠤ ᠬᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠬᠦᠴᠦᠲᠡᠢ ᠰᠦᠷᠳᠡᠭᠦᠯᠦᠯ ᠢ ᠪᠤᠢ ᠪᠣᠯᠭᠠᠵᠤ᠂ ᠠᠷᠠᠳ ᠤᠯᠠᠨ ᠤ ᠠᠮᠤᠷ ᠲᠦᠪᠰᠢᠨ ᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠡᠢ᠃
      ᠭᠤᠣᠯᠳᠠᠯᠭ᠎ᠠ ᠲᠠᠢ ᠲᠠᠯᠠᠪᠤᠷ ᠭᠠᠵᠠᠷ ᠢ ᠢᠯᠭᠠᠷᠠᠭᠤᠯᠤᠨ ᠪᠠᠶᠢᠴᠠᠭᠠᠬᠤ ᠶᠢ ᠴᠢᠩᠭᠠᠳᠬᠠᠪᠠ      ᠠᠮᠤᠷ ᠢ ᠬᠠᠮᠠᠭᠠᠯᠠᠬᠤ᠂ ᠬᠤᠣᠷ ᠴᠠᠭᠠᠵᠠᠯᠠᠬᠤ ᠵᠢᠴᠢ ᠡᠯ᠎ᠡ ᠲᠣᠮᠢᠯᠠᠭᠰᠠᠨ ᠰᠠᠯᠪᠤᠷᠢ ᠬᠠᠮᠲᠤᠷᠠᠭᠰᠠᠨ ᠠᠵᠢᠯᠯᠠᠭ᠎ᠠ ᠥᠷᠨᠢᠭᠦᠯᠵᠦ᠂ ᠳᠠᠭᠤᠤ ᠪᠥᠵᠢᠭ ᠤᠨ ᠲᠢᠩᠬᠢᠮ᠂ ᠠᠷᠢᠬᠢᠨ ᠮᠤᠬᠤᠯᠠᠭ᠂ KTV᠂ ᠪᠠᠭᠤᠳᠠᠯ᠂ ᠵᠣᠴᠢᠳ ᠤᠨ ᠪᠠᠭᠤᠳᠠᠯ ᠵᠡᠷᠭᠡ ︽ᠱᠠᠯᠢᠭ ᠵᠠᠪᠬᠠᠢ ᠵᠦᠢᠯ᠂ ᠵᠣᠭᠤᠰ ᠮᠥᠷᠥᠶᠢᠴᠡᠬᠦ᠂ ᠬᠤᠣᠷᠲᠤ ᠡᠳ᠋ ᠫᠠᠨᠽᠠᠯᠠᠬᠤ︾ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠠᠮᠠᠷᠬᠠᠨ ᠡᠭᠦᠰᠳᠡᠭ ᠵᠤᠭ᠎ᠠ ᠴᠡᠩᠭᠡᠯ ᠤᠨ ᠲᠠᠯᠠᠪᠤᠷ ᠲᠤ ᠴᠢᠭᠯᠡᠭᠦᠯᠦᠨ ︽ᠰᠢᠪᠲᠤᠯᠤᠨ ᠳᠠᠭᠠᠷᠢᠬᠤ ᠮᠠᠶ᠋ᠢᠭ︾᠂ ︽ᠲᠣᠣᠷ ᠲᠠᠲᠠᠬᠤ ᠮᠠᠶ᠋ᠢᠭ︾ ᠤᠨ ᠵᠢᠭᠰᠠᠭᠠᠨ ᠪᠠᠶᠢᠴᠠᠭᠠᠯᠲᠠ ᠥᠷᠨᠢᠭᠦᠯᠵᠦ ᠂ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠭᠠᠵᠠᠷ᠂ ᠪᠥᠭᠡᠮ ᠢᠶᠠᠷ ᠬᠤᠳᠠᠯᠳᠤᠬᠤ ᠭᠠᠵᠠᠷ ᠲᠤ ᠴᠢᠭᠯᠡᠭᠦᠯᠦᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠨᠡᠶᠢᠭᠡᠮ ᠤᠨ ᠬᠡᠪ ᠰᠤᠷᠲᠠᠯ ᠢ ᠪᠦᠲᠦᠮᠵᠢᠲᠡᠶ ᠴᠡᠪᠡᠷᠰᠢᠭᠦᠯᠪᠡ᠃ ᠠᠵᠢᠯᠯᠠᠭ᠎ᠠ ᠶᠢᠨ ᠳᠤᠮᠳᠠ᠂ ᠨᠡᠶᠢᠲᠡ 365 ᠲᠠᠯᠠᠪᠤᠷ ᠭᠠᠵᠠᠷ᠂ 19 ᠭᠤᠣᠯᠳᠠᠯᠭ᠎ᠠ ᠲᠠᠢ ᠭᠠᠵᠠᠷ ᠢ ᠲᠣᠭᠤᠷᠢᠨ ᠪᠠᠶᠢᠴᠠᠭᠠᠵᠤ᠂ 25 ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃
     ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ      ᠴᠠᠭᠳᠠᠨ ᠪᠠᠶᠢᠴᠠᠭᠠᠬᠤ ᠣᠨᠴᠠ ᠴᠠᠭᠳᠠᠭ᠎ᠠ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠣᠯᠠᠨ ᠲᠦᠮᠡᠨ ᠤ ᠰᠡᠷᠭᠡᠶᠢᠯᠡᠨ ᠵᠠᠰᠠᠬᠤ ᠬᠦᠴᠦᠨ ᠲᠠᠢ ᠬᠠᠮᠲᠤᠷᠠᠨ ᠡᠪᠦᠯ ᠤᠨ ᠤᠯᠠᠷᠢᠯ ᠤᠨ ᠨᠡᠶᠢᠭᠡᠮ ᠤᠨ ᠠᠮᠤᠷ ᠲᠦᠪᠰᠢᠨ ᠤ ᠵᠢᠮ᠎ᠡ ᠶᠣᠰᠣ ᠪᠠ ᠰᠥᠨᠢ ᠪᠠᠷ ᠬᠠᠤᠯᠢ ᠶᠢ ᠵᠥᠷᠢᠴᠡᠵᠦ ᠶᠠᠯ᠎ᠠ ᠬᠢᠭᠰᠡᠨ ᠣᠨᠴᠠᠯᠢᠭ ᠲᠤ ᠴᠢᠭᠯᠡᠭᠦᠯᠦᠨ᠂ ᠨᠡᠶᠢᠭᠡᠮ ᠤᠨ ᠲᠠᠯ᠎ᠠ ᠶᠢᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠳᠡᠭᠡᠳᠦ ᠳᠡᠰ ᠤᠨ ᠦᠢᠯᠡᠴᠢᠯᠡᠭᠡᠨ ᠤ ᠵᠠᠭᠪᠤᠷ ᠢ ᠴᠢᠩᠭ᠎ᠠ ᠨᠠᠶᠢᠳᠠᠪᠤᠷᠢᠵᠢᠭᠤᠯᠵᠤ᠂ ᠢᠯᠡ ᠴᠢᠨᠠᠷ ᠢᠶᠠᠷ ᠴᠠᠭᠳᠠᠭ᠎ᠠ ᠬᠡᠷᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠠᠭᠳᠠᠭᠠᠨ ᠤ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠵᠡᠭᠡᠯᠢ ᠳᠡᠭᠡᠷ᠎ᠡ ᠲᠠᠯᠪᠢᠵᠤ᠂ ᠵᠣᠬᠢᠶᠠᠨ ᠪᠠᠶᠢᠭᠤᠯᠵᠤ᠂ ᠡᠯ᠎ᠡ ᠲᠣᠮᠣ ᠬᠤᠳᠠᠯᠳᠤᠭᠠᠨ ᠤ ᠲᠠᠯᠠᠪᠤᠷ᠂ ᠰᠥᠨᠢ ᠶᠢᠨ ᠵᠠᠬ᠎ᠠ ᠳᠡᠯᠭᠡᠭᠦᠷ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ ᠢᠶᠠᠷ ᠭᠤᠣᠯᠳᠠᠯᠭ᠎ᠠ ᠪᠣᠯᠭᠠᠨ᠂ ᠶᠠᠪᠠᠭᠠᠨ ᠢᠶᠠᠷ ᠲᠣᠭᠤᠷᠢᠨ ᠪᠠᠶᠢᠴᠠᠭᠠᠬᠤ᠂ ᠲᠡᠷᠭᠡ ᠪᠠᠷ ᠲᠣᠭᠤᠷᠢᠨ ᠪᠠᠶᠢᠴᠠᠭᠠᠬᠤ᠂ ᠲᠣᠭᠲᠠᠭᠰᠠᠨ ᠴᠡᠭ ᠲᠤ ᠵᠢᠵᠢᠭᠦᠷᠯᠡᠨ ᠰᠠᠬᠢᠬᠤ ᠵᠡᠷᠭᠡ ᠠᠷᠭ᠎ᠠ ᠮᠠᠶ᠋ᠢᠭ ᠢ ᠠᠪᠴᠤ᠂ ᠲᠣᠭᠤᠷᠢᠨ ᠴᠠᠭᠳᠠᠬᠤ ᠤᠳᠠᠭ᠎ᠠ ᠪᠠ ᠨᠢᠭᠲᠠᠴᠠ ᠶᠢ ᠪᠥᠬᠦ ᠲᠠᠯ᠎ᠠ ᠪᠠᠷ ᠨᠡᠮᠡᠭᠳᠡᠭᠦᠯᠵᠦ᠂ ᠭᠤᠣᠯᠳᠠᠯᠭ᠎ᠠ ᠲᠠᠢ ᠬᠡᠰᠡᠭ ᠲᠤ ᠴᠠᠭᠳᠠᠭᠠᠨ ᠤ ᠳ᠋ᠧᠩ᠂ ᠴᠠᠭᠳᠠᠭᠠᠨ ᠤ ᠲᠡᠷᠭᠡ᠂ ᠴᠠᠭᠳᠠᠭ᠎ᠠ ᠲᠠᠢ ᠠᠭᠤᠯᠵᠠᠬᠤ ᠶᠢ ᠦᠨᠡᠨ ᠬᠦ ᠪᠠᠲᠤᠯᠠᠵᠤ᠂ ᠲᠣᠭᠤᠷᠢᠨ ᠴᠠᠭᠳᠠᠬᠤ ᠳᠤᠮᠳᠠ ᠣᠯᠵᠤ ᠮᠡᠳᠡᠭᠰᠡᠨ ᠬᠡᠷᠡᠭ ᠥᠳᠥᠭᠡᠵᠦ ᠬᠡᠷᠡᠭ ᠡᠳᠦᠬᠦ᠂ ᠬᠡᠷᠡᠭᠦᠯ ᠵᠣᠳᠣᠭᠠᠨ ᠬᠢᠬᠦ ᠵᠡᠷᠭᠡ ᠭᠡᠨᠡᠳᠲᠡ ᠶᠢᠨ ᠴᠠᠭᠳᠠᠭᠠᠨ ᠤ ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠪᠡ᠃ ᠠᠵᠢᠯᠯᠠᠭ᠎ᠠ ᠨᠢ ᠴᠠᠭᠳᠠᠭᠠᠨ ᠤ ᠬᠦᠴᠦᠨ ᠢ ᠨᠡᠶᠢᠲᠡ 442 ᠬᠥᠮᠥᠨ ᠤᠳᠠᠭ᠎ᠠ ᠬᠥᠳᠡᠯᠭᠡᠵᠦ᠂ ᠴᠠᠭᠳᠠᠭᠠᠨ ᠤ ᠲᠡᠷᠭᠡ ᠶᠢ 152 ᠤᠳᠠᠭ᠎ᠠ᠂ 538 ᠬᠥᠮᠥᠨ ᠢ ᠪᠠᠶᠢᠴᠠᠭᠠᠵᠤ᠂ 224 ᠲᠡᠷᠭᠡ ᠶᠢ ᠪᠠᠶᠢᠴᠠᠭᠠᠵᠤ ᠭᠠᠷᠭᠠᠵᠠᠢ᠃
     ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠳᠤᠮᠳᠠ᠂ ᠠᠷᠠᠳ ᠤᠨ ᠲᠤᠰᠠᠯᠠᠬᠤ ᠴᠠᠭᠳᠠᠭ᠎ᠠ ᠠᠮᠤᠷ ᠲᠦᠪᠰᠢᠨ ᠤ ᠲᠠᠯ᠎ᠠ ᠪᠠᠷ ᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠴᠢᠩᠭ᠎ᠠ ᠠᠩᠬᠠᠷᠴᠤ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ᠂ ︽ᠨᠢᠭᠡ ᠪᠠᠶᠢᠴᠠᠭᠠᠯᠲᠠ ᠶᠢ ᠡᠴᠦᠰ ᠲᠤᠨᠢ ᠲᠤᠯᠲᠠᠯ᠎ᠠ ᠬᠢᠵᠦ᠂ ᠥᠨᠴᠥᠭ ᠪᠤᠯᠤᠩ ᠦᠯᠡᠳᠡᠭᠡᠬᠦ ᠦᠭᠡᠢ︾ ᠪᠠᠶᠢᠬᠤ ᠱᠠᠭᠠᠷᠳᠠᠯᠭ᠎ᠠ ᠶᠣᠰᠣᠭᠠᠷ᠂ ︽ᠰᠢᠪᠲᠤᠯᠤᠨ ᠳᠠᠭᠠᠷᠢᠬᠤ ᠮᠠᠶ᠋ᠢᠭ︾᠂ ︽ᠬᠡᠪᠢᠰ ᠮᠠᠶ᠋ᠢᠭ︾ ᠂ ︽ᠲᠣᠣᠷ ᠲᠠᠲᠠᠬᠤ ᠮᠠᠶ᠋ᠢᠭ︾ ᠤᠨ ᠪᠠᠶᠢᠴᠠᠭᠠᠯᠲᠠ ᠶᠢ ᠥᠷᠨᠢᠭᠦᠯᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠣᠶᠢᠯᠠᠭᠠᠨ ᠠᠷᠢᠯᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠠᠶᠢᠴᠠᠭᠠᠯᠲᠠ ᠳᠤ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠢ ᠵᠠᠷᠯᠢᠭᠳᠠᠵᠤ ᠪᠠᠶᠢᠭᠠᠳ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠵᠤ᠂ ᠬᠡᠮ ᠰᠣᠭᠤᠭ ᠢ ᠲᠤᠶᠢᠯ ᠳᠤᠨᠢ ᠲᠤᠯᠲᠠᠯ᠎ᠠ᠂ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ  ᠪᠠᠳᠤᠯᠠᠪᠠ᠃
     ᠲᠣᠰ ᠤᠳᠠᠭᠠᠨ ᠤ ᠪᠠᠶᠢᠴᠠᠭᠠᠯᠳᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶ᠎ᠠ ᠣᠷᠣᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠨᠡᠶᠢᠭᠡᠮ ᠤᠨ ᠲᠠᠯ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠡᠵᠡᠮᠳᠡᠯ ᠢ ᠪᠥᠬᠦ ᠲᠠᠯ᠎ᠠ ᠪᠠᠷ ᠴᠢᠩᠭᠠᠳᠬᠠᠨ᠂ ᠬᠠᠷᠢᠶ᠎ᠠ ᠣᠷᠣᠨ ᠤ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠬᠦᠴᠦᠲᠡᠢ ᠠᠷᠢᠯᠭᠠᠵᠤ᠂ ᠵᠢᠯ ᠤᠨ ᠡᠬᠢᠨ ᠵᠢᠯ ᠤᠨ ᠡᠴᠦᠰ ᠤᠨ ᠠᠮᠤᠷ ᠲᠦᠪᠰᠢᠨ ᠤ ᠶᠡᠭᠡ ᠲᠠᠯ᠎ᠠ ᠶᠢᠨ ᠰᠠᠶᠢᠨ ᠰᠠᠶᠢᠬᠠᠨ ᠪᠠᠶᠢᠳᠠᠯ ᠢ ᠬᠠᠮᠠᠭᠠᠯᠠᠨ᠂ ᠬᠠᠷᠢᠶ᠎ᠠ ᠣᠷᠣᠨ ᠤ ᠣᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃ ᠢᠷᠡᠯᠳᠡ᠄ ᠲᠤᠭᠳᠠᠬᠤ ᠰᠢᠶᠠᠨ ᠤ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1