ᠲᠠᠪᠢᠨ ᠭᠡᠷ ᠪᠠᠯᠭᠠᠰᠤ᠄ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠷ ᠰᠠᠶᠢᠲᠤᠷ ᠬᠢᠵᠦ ᠭᠤᠣᠯ ᠰᠡᠳᠦᠪᠲᠦ ᠰᠤᠷᠭᠠᠨ ᠬᠥᠮᠦᠵᠢᠯ ᠢ ᠪᠣᠳᠠᠲᠠᠢ ᠪᠠᠷ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/1/8
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠠᠪᠢᠨ ᠭᠡᠷ ᠪᠠᠯᠭᠠᠰᠤ ᠶᠢᠨ ᠬᠢᠨ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠤᠨ ᠲᠣᠭᠤᠷᠢᠨ ᠳᠤ ᠳᠠᠪᠠᠭᠤᠯᠢᠭ ᠢᠶᠠᠨ ᠪᠠᠳᠠᠷᠠᠭᠤᠯᠵᠤ᠂ ᠲᠤᠳᠠᠭᠳᠠᠯ ᠢᠶᠠᠨ ᠨᠥᠬᠦᠪᠦᠷᠢᠯᠡᠵᠦ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠠᠵᠢᠯ ᠬᠢᠵᠦ ᠦᠢᠯᠡᠰ ᠪᠣᠰᠬᠠᠬᠤ ᠰᠢᠨ᠎ᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠷᠠᠳ ᠤᠯᠠᠨ ᠳᠤ ᠦᠨᠡᠨ ᠪᠣᠳᠠᠲᠠᠢ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠪᠡ᠃
     ᠣᠨᠣᠯ ᠤᠨ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠪᠡᠶᠡᠯᠡᠭᠦᠯᠪᠡ       ᠪᠠᠯᠭᠠᠰᠤᠨ ᠤ ᠨᠠᠮ ᠤᠨ ᠬᠤᠷᠢᠶ᠎ᠠ ᠲᠦᠷᠦᠭᠦᠯᠡᠨ ᠰᠤᠷᠤᠯᠴᠠᠬᠤ ᠠᠴᠠ ᠡᠮᠦᠨ᠎ᠡ ᠦᠯᠢᠭᠡᠷ ᠳᠠᠭᠤᠷᠢᠶᠠᠯ ᠪᠤᠯᠭᠠᠪᠠ᠃ ᠲᠥᠪᠯᠡᠷᠡᠭᠦᠯᠦᠨ ᠰᠤᠷᠤᠯᠴᠠᠬᠤ᠂ ᠱᠦᠵᠢ ᠳᠠᠭᠠᠭᠤᠯᠤᠨ ᠰᠤᠷᠤᠯᠴᠠᠬᠤ ᠶᠢ ᠬᠠᠪᠰᠤᠷᠤᠨ ᠵᠢᠯᠤᠭᠤᠳᠬᠤ ᠪᠠ ᠰᠠᠨᠠᠯ ᠰᠣᠯᠢᠯᠴᠠᠨ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠭᠤᠣᠯ ᠰᠡᠳᠦᠪᠲᠦ ᠬᠥᠮᠦᠵᠢᠯ ᠤᠨ ᠲᠤᠬᠠᠢ ᠲᠠᠨᠢᠯᠲᠠ ᠶᠢ ᠦᠨᠡᠨᠬᠦ ᠭᠦᠨᠵᠡᠭᠡᠶᠢᠷᠡᠭᠦᠯᠵᠦ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠪᠣᠳᠠᠲᠠᠢ ᠠᠵᠢᠯ ᠤᠨ ᠬᠠᠷᠠᠯᠲᠠ ᠶᠢ ᠲᠣᠳᠣᠷᠬᠠᠶᠢᠯᠠᠵᠤ᠂ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠬᠦᠭᠵᠢᠭᠡᠪᠡ᠃ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ︽ᠭᠤᠷᠪᠠᠨ ᠬᠤᠷᠠᠯ ᠨᠢᠭᠡ ᠬᠢᠴᠢᠶᠡᠯ︾ ᠳᠤ ᠲᠦᠰᠢᠭᠯᠡᠨ᠂ ᠭᠤᠣᠯ ᠰᠡᠳᠦᠪᠲᠦ ᠨᠠᠮ ᠤᠨ ᠡᠳᠦᠷᠯᠢᠭ ᠲᠤ ᠲᠥᠪᠯᠡᠷᠡᠩᠭᠦᠢ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠲᠣᠰᠬᠤᠨ ᠳᠤ ᠪᠠᠶᠢᠭ᠎ᠠ ᠨᠠᠮ ᠤᠨ ᠭᠡᠰᠢᠭᠦᠨ᠂ ᠨᠠᠰᠤ ᠠᠬᠢᠭᠰᠠᠨ ᠨᠠᠮ ᠤᠨ ᠭᠡᠰᠢᠭᠦᠨ ᠢ ᠪᠦᠬᠦᠨ ᠢ ᠬᠠᠮᠤᠷᠬᠤ ᠶᠢ ᠪᠠᠳᠤᠯᠠᠪᠠ᠃ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠤᠬᠠᠭᠤᠯᠭ᠎ᠠ ᠶᠢᠨ ᠪᠤᠯᠤᠩ ᠵᠢᠴᠢ ᠤᠬᠠᠭᠤᠯᠭ᠎ᠠ ᠶᠢᠨ ᠤᠷᠢᠶ᠎ᠠ ᠯᠣᠽᠦ᠋ᠩ ᠢ 40 ᠭᠠᠷᠤᠢ ᠵᠣᠬᠢᠶᠠᠵᠤ᠂ 28 ᠬᠤᠪᠢ ᠵᠠᠷᠯᠠᠯ ᠲᠠᠷᠬᠠᠭᠠᠵᠤ᠂ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠤᠷᠢᠵᠤ ᠨᠢᠭᠡ ᠤᠳᠠᠭ᠎ᠠ ᠨᠠᠮ ᠤᠨ ᠬᠢᠴᠢᠶᠡᠯ ᠵᠢᠭᠠᠯᠭᠠᠪᠠ᠃ ᠪᠠᠯᠭᠠᠰᠤ ᠶᠢ ᠳᠠᠭᠠᠭᠠᠴᠢᠯᠠᠭᠰᠠᠨ ᠲᠣᠰᠬᠤᠨ ᠤ ᠰᠠᠯᠠᠭ᠎ᠠ ᠶᠢᠨ ᠲᠡᠰ ᠤᠨ ᠺᠠᠳ᠋ᠷ ᠪᠦᠬᠦᠨ ᠢᠶᠠᠷ ᠢᠶᠠᠨ ᠠᠶᠢᠯ ᠲᠣᠰᠬᠤᠨ ᠳᠤ ᠬᠦᠷᠴᠦ ᠤᠬᠠᠭᠤᠯᠤᠨ ᠲᠠᠶᠢᠯᠪᠤᠷᠢᠯᠠᠵᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠴᠦ ᠰᠤᠷᠤᠯᠴᠠᠯᠭ᠎ᠠ ᠶᠢᠨ ᠠᠭᠤᠯᠭ᠎ᠠ ᠶᠢᠨ ᠲᠣᠭᠤᠷᠢᠨ ᠳᠤ ᠲᠤᠰ ᠲᠤᠰ ᠨᠠᠮ ᠤᠨ ᠬᠢᠴᠢᠶᠡᠯ ᠵᠢᠭᠠᠵᠤ᠂ ᠨᠠᠮ ᠤᠨ ᠬᠠᠮᠤᠭ ᠤᠨ ᠰᠢᠨ᠎ᠡ ᠤᠨᠤᠯ ᠲᠦᠷᠦ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ ᠣᠲᠣ ᠪᠣᠯᠲᠠᠯ᠎ᠠ᠂ ᠡᠯ᠎ᠡ ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠣᠨᠣᠯ ᠤᠨ ᠰᠤᠷᠤᠯᠴᠠᠯᠭ᠎ᠠ ᠶᠢ ᠨᠡᠶᠢᠲᠡ 270 ᠤᠳᠠᠭ᠎ᠠ ᠥᠷᠨᠢᠭᠦᠯᠵᠦ᠂ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ 92 ᠤᠳᠠᠭ᠎ᠠ ᠥᠷᠨᠢᠭᠦᠯᠵᠦ᠂ ᠨᠠᠮ ᠤᠨ ᠡᠭᠦᠷ ᠤᠨ ᠱᠦᠵᠢ 39 ᠤᠳᠠᠭ᠎ᠠ ᠨᠠᠮ ᠤᠨ ᠬᠢᠴᠢᠶᠡᠯ ᠣᠷᠣᠵᠤ᠂ 78 ᠤᠳᠠᠭ᠎ᠠ  ᠵᠣᠬᠢᠶᠠᠨ ᠪᠠᠶᠢᠭᠤᠯᠪᠠ᠃
     ᠳᠠᠪᠠᠭᠤᠯᠢᠭ ᠢᠶᠠᠨ ᠪᠠᠳᠠᠷᠠᠭᠤᠯᠵᠤ᠂ ᠲᠤᠳᠠᠭᠳᠠᠯ ᠢᠶᠠᠨ ᠨᠥᠬᠦᠪᠦᠷᠢᠯᠡᠵᠦ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠠᠵᠢᠯ ᠬᠢᠵᠦ ᠦᠢᠯᠡᠰ ᠪᠣᠰᠬᠠᠬᠤ ᠰᠢᠨ᠎ᠡ ᠦᠷ᠎ᠡ ᠪᠦᠲᠦᠮᠵᠢ ᠪᠣᠯᠭᠠᠨ ᠬᠤᠪᠢᠷᠠᠭᠤᠯᠪᠠ      ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠡᠮᠦᠨ᠎ᠡ ᠨᠢ ᠭᠠᠪᠰᠢᠭᠠᠶᠢᠯᠠᠵᠤ᠂ S103 ᠱᠤᠭᠤᠮ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠬᠦᠴᠦᠨ ᠪᠣᠯᠣᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠪᠠ᠃ ᠡᠭᠦᠨ ᠤ ᠬᠠᠮᠲᠤ ᠨᠢᠭᠡᠨᠲᠡ ᠪᠠᠶᠢᠭᠤᠯᠤᠭᠰᠠᠨ ᠨᠠᠮ ᠤᠨ ᠪᠠᠶᠢᠭᠤᠯᠤᠯᠲᠠ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ 3 ᠵᠢᠱᠢᠶ᠎ᠡ ᠦᠵᠡᠭᠦᠯᠬᠦ ᠴᠡᠭ ᠢ ᠭᠦᠢᠴᠡᠳ ᠠᠰᠢᠭᠯᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ ᠬᠠᠷᠠᠯᠲᠠ ᠪᠣᠯᠭᠠᠵᠤ᠂ ᠨᠠᠮ ᠤᠨ ᠭᠡᠰᠢᠭᠦᠨ ᠲᠦᠷᠦᠭᠦᠯᠡᠬᠦ᠂ ᠲᠣᠰᠬᠤᠨ ᠤ ᠠᠷᠠᠳ ᠬᠠᠮᠲᠤᠪᠠᠷ ᠵᠥᠪᠳᠡᠯᠴᠡᠬᠦ ᠪᠠᠷ ᠳᠠᠮᠵᠢᠭᠤᠯᠵᠤ᠂ ᠠᠰᠢᠭ ᠲᠤᠰᠠ ᠶᠢᠨ ᠬᠤᠯᠪᠣᠭ᠎ᠠ ᠶᠢᠨ ᠰᠢᠨ᠎ᠡ ᠲᠣᠭᠲᠠᠴᠠ ᠶᠢ ᠪᠠᠶᠢᠭᠤᠯᠵᠤ᠂ ᠶᠡᠭᠡ ᠲᠣᠰᠬᠤᠨ ᠪᠠᠭ᠎ᠠ ᠲᠣᠰᠬᠤᠨ ᠢ ᠬᠥᠲᠥᠯᠥᠨ ᠵᠢᠯᠤᠭᠤᠳᠴᠤ ᠪᠠᠶᠢᠭᠠᠳ ᠬᠠᠮᠲᠤ ᠪᠠᠷ  ᠪᠠᠶᠠᠵᠢᠭᠤᠯᠬᠤ ᠶᠢ ᠪᠡᠶᠡᠯᠡᠭᠦᠯᠪᠡ᠃
     ᠰᠤᠷᠤᠯᠴᠠᠬᠤ ᠶᠢᠨ ᠳᠠᠭᠠᠤ ᠪᠠᠶᠢᠴᠠᠭᠠᠨ ᠦᠵᠡᠵᠦ᠂ ᠴᠡᠭᠴᠡᠯᠡᠨ ᠥᠭᠡᠷᠡᠴᠢᠯᠡᠵᠦ᠂ ᠠᠷᠠᠳ ᠣᠯᠠᠨ ᠳᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠪᠡ      ᠲᠠᠪᠢᠨ ᠭᠡᠷ ᠪᠠᠯᠭᠠᠰᠤᠨ ᠤ ᠡᠯ᠎ᠡ ᠨᠠᠮ ᠤᠨ ᠡᠭᠦᠷ ᠤᠨ ᠬᠢᠨ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠬᠡᠷᠡᠭᠵᠢᠭᠦᠯᠬᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠴᠢᠩᠳᠠᠯᠠᠬᠤ ᠵᠡᠷᠭᠡ 5 ᠲᠠᠯ᠎ᠠ ᠪᠠᠷ ᠭᠤᠣᠯᠳᠠᠭᠤᠯᠵᠤ᠂ ᠠᠰᠠᠭᠤᠳᠠᠯ ᠢ ᠪᠠᠶᠢᠴᠠᠭᠠᠨ ᠡᠮᠬᠢᠯᠡᠪᠡ᠃ ᠪᠦᠬᠦ ᠨᠠᠮ ᠤᠨ ᠭᠡᠰᠢᠭᠦᠨ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠠᠢ ᠬᠠᠷᠢᠴᠠᠭᠤᠯᠵᠤ᠂ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠲᠠᠢ ᠬᠠᠷᠢᠴᠠᠭᠤᠯᠵᠤ᠂ ᠤᠯᠠᠨ ᠲᠦᠮᠡᠨ ᠤ ᠳᠤᠷᠠᠳᠤᠭᠰᠠᠨ ᠰᠠᠨᠠᠯ ᠰᠠᠨᠠᠭᠤᠯᠭ᠎ᠠ ᠲᠠᠢ ᠬᠠᠷᠢᠴᠠᠭᠤᠯᠵᠤ᠂ ᠤᠯᠤᠰ ᠲᠦᠷᠦ ᠶᠢᠨ ᠤᠬᠠᠮᠰᠠᠷ᠂ ᠨᠠᠮ ᠤᠨ ᠭᠡᠰᠢᠭᠦᠨ ᠤ ᠤᠬᠠᠮᠰᠠᠷ᠂ ᠠᠷᠠᠳ ᠲᠦᠮᠡᠨ ᠳᠤ ᠦᠢᠯᠡᠴᠢᠯᠡᠬᠦ ᠵᠡᠷᠭᠡ 6 ᠲᠠᠯ᠎ᠠ ᠠᠴᠠ ᠨᠠᠮᠴᠢ ᠴᠢᠨᠠᠷ ᠤᠨ ᠵᠠᠳᠠᠯᠤᠯᠲᠠ ᠬᠢᠵᠡᠢ᠃ ᠡᠯ᠎ᠡ ᠨᠠᠮ ᠤᠨ ᠡᠭᠦᠷ ᠤᠨ ᠱᠦᠵᠢ ᠪᠠᠷ ᠬᠠᠷᠢᠭᠤᠴᠠᠭᠤᠯᠬᠤ ᠪᠠᠷ ᠲᠣᠬᠢᠷᠠᠭᠤᠯᠵᠤ᠂ ᠨᠠᠮ ᠤᠨ ᠡᠭᠦᠷ ᠤᠨ ᠪᠠᠶᠢᠴᠠᠭᠠᠨ ᠳᠡᠯᠭᠡᠭᠰᠡᠨ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠵᠤ᠂ ᠠᠰᠠᠭᠤᠳᠠᠯ ᠤᠨ ᠨᠠᠷᠢᠨ ᠲᠠᠩᠰᠠ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ ᠪᠦᠷᠢᠯᠳᠦᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠂ ᠬᠠᠷᠠᠯᠲᠠ ᠶᠢ ᠵᠦᠢᠯ ᠳᠠᠷᠠᠭᠠᠯᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠤᠳᠤᠷᠬᠠᠶᠢᠯᠠᠪᠠ᠃      ︽ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠢᠳᠡ ᠰᠤᠷᠪᠤᠯᠵᠢᠯᠠᠬᠤ᠂ ᠵᠢᠭᠰᠠᠭᠠᠨ ᠪᠠᠶᠢᠴᠠᠭᠠᠬᠤ᠂ ᠣᠯᠠᠨ ᠲᠦᠮᠡᠨ ᠲᠤᠰᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰᠬᠤᠨ ᠤ ᠵᠠᠮ ᠤᠨ ᠳ᠋ᠧᠩ ᠤᠨ ᠣᠯᠠᠩᠬᠢ ᠨᠢ ᠨᠢᠭᠡᠨᠲᠡ ᠡᠪᠳᠡᠷᠡᠵᠦ᠂ ᠲᠣᠰᠬᠤᠨ ᠤ ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ ᠬᠦᠷᠦᠯᠴᠡᠬᠦ ᠦᠭᠡᠢ ᠪᠠᠶᠢᠬᠤ ᠠᠴᠠ ᠳᠤᠯᠠᠭᠠᠯᠠᠭ᠎ᠠ ᠶᠢ ᠨᠥᠯᠥᠭᠡᠯᠡᠬᠦ ᠵᠡᠷᠭᠡ ᠠᠰᠠᠭᠤᠳᠠᠯ ᠢ ᠢᠯᠡᠷᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠴᠢᠷᠮᠠᠶᠢᠨ ᠵᠣᠬᠢᠴᠠᠭᠤᠯᠤᠭᠰᠠᠨ ᠤ ᠳᠠᠷᠠᠭ᠎ᠠ᠂ ᠵᠠᠮ ᠤᠨ ᠭᠡᠷᠡᠯᠲᠦᠭᠦᠯᠭᠡ ᠶᠢᠨ ᠠᠰᠠᠭᠤᠳᠠᠯ᠂ ᠳᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠪᠡ︾ ᠭᠡᠵᠦ ᠬᠠᠳᠠᠲᠤ ᠭᠤᠤ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠵᠥᠪᠯᠡᠯ ᠤᠨ ᠡᠷᠬᠢᠯᠡᠭᠴᠢ ᠸᠠᠩ ᠾᠧ ᠫᠢᠩ ᠬᠡᠯᠡᠪᠡ᠃      ︽ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠠᠪᠢᠨ ᠭᠡᠷ ᠪᠠᠯᠭᠠᠰᠤ ︿ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ﹀ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠱᠠᠲᠤ ᠦᠶ᠎ᠡ ᠶᠢ ᠢᠯᠭᠠᠬᠤ ᠦᠭᠡᠢ᠂ ᠭᠤᠭᠴᠤᠭ᠎ᠠ ᠶᠢ ᠢᠯᠭᠠᠬᠤ ᠦᠭᠡᠢ ᠪᠠᠶᠢᠬᠤ ᠶᠢ ᠪᠠᠷᠢᠮᠲᠠᠯᠠᠵᠤ᠂ ᠤᠨᠤᠯ ᠰᠤᠷᠤᠯᠴᠠᠬᠤ᠂ ᠠᠵᠢᠯ ᠬᠢᠵᠦ ᠦᠢᠯᠡᠰ ᠪᠣᠰᠬᠠᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠲᠤᠤᠱᠯᠠᠭᠤᠯᠵᠤ᠂ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠵᠢᠱᠢᠭᠰᠡᠨ ᠦᠷ᠎ᠡ ᠪᠦᠲᠦᠮᠵᠢ ᠣᠯᠬᠤ ᠶᠢ ᠪᠠᠲᠤᠯᠠᠵᠠᠢ᠃ ᠣᠲᠣ ᠪᠣᠯᠲᠠᠯ᠎ᠠ᠂ 18 ᠨᠠᠮ ᠤᠨ ᠡᠭᠦᠷ ᠤᠨ ᠤᠳᠤᠷᠢᠳᠬᠤ ᠪᠠᠭ 66 ᠠᠰᠠᠭᠤᠳᠠᠯ ᠢ ᠪᠠᠶᠢᠴᠠᠭᠠᠨ ᠦᠵᠡᠵᠦ᠂ ᠪᠦᠬᠦᠨ ᠢ ᠬᠦᠴᠦᠨ ᠦᠭᠡᠢ ᠪᠣᠯᠭᠠᠪᠠ︔ ᠨᠠᠮ ᠤᠨ ᠭᠡᠰᠢᠭᠦᠨ ᠬᠤᠪᠢ ᠬᠥᠮᠥᠨ ᠤ ᠪᠠᠶᠢᠴᠠᠭᠠᠨ ᠦᠵᠡᠭᠰᠡᠨ ᠠᠰᠠᠭᠤᠳᠠᠯ 226 ᠵᠦᠢᠯ ᠪᠠᠶᠢᠵᠤ᠂ ᠨᠢᠭᠡᠨᠲᠡ ᠪᠦᠬᠦᠨ ᠢ ᠬᠦᠴᠦᠨ ᠦᠭᠡᠢ ᠪᠣᠯᠭᠠᠵᠤ᠂ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠪᠠᠶᠢᠬᠤ 103 ᠠᠰᠠᠭᠤᠳᠠᠯ ᠢ ᠰᠢᠢᠳᠪᠦᠷᠢᠯᠡᠪᠡ᠃ ᠳᠠᠷᠠᠭᠠᠴᠢ ᠶᠢᠨ ᠠᠯᠬᠤᠮ ᠳᠤ᠂ ᠲᠠᠪᠢᠨ ᠭᠡᠷ ᠪᠠᠯᠭᠠᠰᠤ ᠶᠢᠨ ᠬᠢᠨ ᠰᠢᠶᠠᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠠᠯᠲᠠ ᠡᠭᠦᠷᠭᠡ ᠪᠠᠨ ᠴᠢᠩᠭ᠎ᠠ ᠲᠣᠭᠲᠠᠭᠠᠵᠤ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠠᠳ ᠤᠨ ᠲᠥᠯᠥᠭᠡ ᠯᠠᠪᠳᠠᠭᠤᠨ ᠪᠠᠲᠤᠲᠠᠢ ᠪᠣᠳᠠᠲᠠᠢ ᠶᠠᠪᠤᠳᠠᠯ ᠬᠢᠵᠦ᠂ ᠠᠷᠠᠳ ᠤᠨ ᠵᠣᠪᠠᠭᠤᠷᠢ ᠶᠢ ᠰᠢᠢᠳᠪᠦᠷᠢᠯᠡᠵᠦ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠨ᠎ᠠ︾ ᠭᠡᠵᠦ ᠲᠠᠪᠢᠨ ᠭᠡᠷ ᠪᠠᠯᠭᠠᠰᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠰᠦᠨ ᠯᠧᠢ ᠲᠢᠩ ᠬᠡᠯᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1