ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/8
      ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ 3 ᠤ ᠡᠳᠦᠷ ᠬᠤᠷᠠᠯᠳᠤᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠡᠷᠡ ᠴᠢᠬᠤᠯᠠᠴᠢᠯᠠᠭᠰᠠᠨ  ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠤᠭᠳᠠᠭᠠᠭᠰᠠᠨ︾ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡᠬᠦ ᠬᠠᠮᠤᠭ ᠤᠨ ᠶᠡᠭᠡ ᠤᠯᠤᠰ ᠲᠥᠷᠥ ᠶᠢᠨ ᠲᠣᠭᠤᠷᠢᠨ ᠳᠤ ᠰᠢᠨ᠎ᠡ ᠴᠠᠭ ᠦᠶ᠎ᠡ ᠰᠢᠨ᠎ᠡ ᠰᠣᠶᠣᠯ ᠤᠨ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠪᠦᠬᠦ ᠨᠠᠮ ᠢ ᠵᠡᠪᠰᠡᠭᠯᠡᠬᠦ ᠂ ᠠᠷᠠᠳ ᠲᠦᠮᠡᠨ ᠢ ᠬᠥᠮᠥᠵᠢᠭᠦᠯᠬᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠭᠤᠣᠯ ᠤᠷᠤᠰᠬᠠᠯ ᠤᠨ ᠦᠷᠳᠡᠭ᠂ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡ᠂ ᠭᠤᠣᠯ ᠤᠷᠤᠰᠬᠠᠯ ᠤᠨ ᠰᠣᠶᠣᠯ ᠢ ᠬᠥᠭᠵᠢᠭᠦᠯᠦᠨ ᠪᠤᠵᠠᠭᠠᠶᠢᠷᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ᠂ ᠠᠰᠢᠭᠲᠠᠢ ᠰᠣᠶᠣᠯ ᠤᠨ ᠨᠥᠬᠦᠴᠡᠯ ᠢ ᠬᠠᠩᠭᠠᠬᠤ ᠬᠡᠷᠡᠭᠲᠡᠢ  ᠭᠡᠵᠡᠢ᠃      ᠼᠠᠢ ᠴᠢ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠲᠤᠬᠠᠢ ᠠᠯᠢ ᠤᠯᠠᠨ ᠰᠢᠨ᠎ᠡ ᠴᠢᠬᠤᠯᠠ ᠥᠭᠦᠯᠡᠯᠲᠡ ᠬᠢᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠠᠯᠢ ᠤᠯᠠᠨ ᠴᠢᠭᠯᠡᠯᠲᠦ ᠴᠢᠨᠠᠷ᠂ ᠦᠨᠳᠦᠰᠦᠨ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠴᠢᠬᠤᠯᠠ ᠶᠡᠭᠡ ᠠᠰᠠᠭᠤᠳᠠᠯ ᠳᠤ ᠴᠢᠨᠠᠭᠰᠢᠳᠠ ᠬᠠᠷᠢᠭᠤᠯᠲᠠ ᠥᠭᠴᠦ᠂ ᠪᠢᠳᠡᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠨᠠᠮ ᠤᠨ ᠲᠥᠪ ᠬᠤᠷᠢᠶ᠎ᠠ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯᠳᠤᠭᠠᠨ ᠢ ᠬᠤᠷᠠᠯᠳᠤᠭᠤᠯᠵᠤ᠂ ᠬᠤᠷᠠᠯᠳᠤᠭᠠᠨ ᠠᠴᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠵᠢᠩᠬᠢᠨᠢ ᠪᠠᠷ ᠳᠤᠷᠠᠳᠤᠨ ᠭᠠᠷᠭᠠᠵᠤ᠂ ᠰᠢᠨ᠎ᠡ ᠠᠶᠠᠨ ᠵᠠᠮ ᠳᠤ ᠮᠠᠨ ᠤ ᠨᠠᠮ ᠤᠨ ᠰᠣᠶᠣᠯ ᠤᠨ ᠲᠤᠭ ᠢ ᠥᠨᠳᠥᠷ ᠮᠠᠨᠳᠤᠭᠤᠯᠪᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠪᠠᠶᠢᠳᠠᠯ ᠪᠣᠯᠣᠨ ᠡᠭᠦᠷᠭᠡ ᠶᠢ ᠣᠨᠣᠪᠴᠢᠲᠠᠢ ᠡᠵᠡᠮᠳᠡᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃      ᠼᠠᠢ ᠴᠢ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠡᠨᠬᠦ ᠰᠤᠷᠤᠯᠴᠠᠵᠤ ᠦᠨᠡᠨᠬᠦ ᠣᠶᠢᠯᠠᠭᠠᠵᠤ ᠦᠨᠡᠨᠬᠦ ᠢᠲᠡᠭᠡᠵᠦ ᠦᠨᠡᠨᠬᠦ ᠬᠡᠷᠡᠭᠯᠡᠬᠦ᠂ ᠳᠣᠲᠣᠭᠰᠢᠯᠠᠭᠤᠯᠤᠨ ᠬᠤᠪᠢᠷᠠᠭᠤᠯᠬᠤ ᠶᠢ ᠭᠦᠨᠵᠡᠭᠡᠶᠢᠷᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠢᠲᠡᠭᠡᠯ ᠵᠣᠷᠢᠭ ᠢᠶᠠᠨ ᠨᠡᠮᠡᠭᠳᠡᠭᠦᠯᠬᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠲᠠᠢ ᠤᠶᠠᠯᠳᠤᠭᠤᠯᠤᠨ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠰᠢᠨ᠎ᠡ ᠪᠠᠶᠢᠳᠠᠯ ᠢ ᠪᠤᠢ ᠪᠣᠯᠭᠠᠵᠤ᠂ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠭᠡᠭᠡᠨ ᠰᠠᠷᠠᠭᠤᠯ ᠤᠨᠤᠯ ᠢ ᠴᠤᠤᠷᠢᠶᠠᠲᠤᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠶᠣᠰᠣ ᠮᠣᠷᠠᠯ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠨᠡᠩ ᠰᠠᠶᠢᠲᠤᠷ ᠪᠤᠢ ᠪᠣᠯᠭᠠᠬᠤ ᠬᠡᠷᠡᠭᠲᠡᠢ᠃ ᠰᠣᠶᠣᠯ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠪᠣᠯᠪᠠᠰᠤᠨ ᠤ ᠰᠣᠯᠢᠯᠴᠠᠭ᠎ᠠ ᠲᠣᠯᠢᠯᠠᠯ ᠢ ᠭᠦᠨᠵᠡᠭᠡᠶᠢᠷᠡᠭᠦᠯᠵᠦ᠂ ᠤᠯᠠᠨ ᠤᠯᠤᠰ ᠤᠨ ᠳᠠᠮᠵᠢᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠰᠣᠶᠣᠯ ᠤᠨ ᠤᠳᠤᠷᠢᠳᠬᠤ ᠡᠷᠬᠡ ᠶᠢ ᠪᠠᠷᠢᠮᠲᠠᠯᠠᠵᠤ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠦ ᠯᠧᠢ ᠬᠤᠷᠠᠯ ᠡᠷᠭᠢᠯᠡᠭᠰᠡᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠤᠨᠤᠯ ᠢᠶᠠᠷ ᠵᠡᠪᠰᠡᠭᠯᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠴᠢᠳᠠᠪᠤᠷᠢ ᠶᠢ ᠳᠡᠭᠡᠭᠰᠢᠯᠡᠭᠦᠯᠦᠨ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠣᠶᠣᠯ ᠤᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠷᠭᠡᠪᠴᠢᠯᠡᠨ ᠪᠠᠶᠢᠭᠤᠯᠵᠤ᠂ ᠤᠯᠠᠨ ᠤᠯᠤᠰ ᠤᠨ ᠤᠯᠠᠮᠵᠢᠯᠠᠨ ᠲᠠᠷᠬᠠᠭᠠᠬᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠥᠨᠳᠥᠷ ᠬᠢᠷᠢ ᠲᠦᠪᠰᠢᠨ ᠪᠦᠬᠦᠢ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ︽ᠬᠤᠶᠠᠷ ᠢ ᠲᠤᠭᠳᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ  ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠤᠶᠤᠨ ᠰᠠᠨᠠᠭᠠᠨ ᠤ ᠳᠦᠷᠰᠦ ᠪᠠᠶᠢᠳᠠᠯ᠂ ᠡᠷᠡᠰ ᠬᠠᠲᠠᠭᠤ ᠲᠡᠮᠡᠴᠡᠯ ᠤᠨ ᠵᠣᠷᠢᠭ ᠰᠠᠨᠠᠭ᠎ᠠ᠂ ᠰᠢᠨᠵᠢᠯᠡᠬᠦ ᠤᠬᠠᠭᠠᠨᠴᠢ ᠰᠡᠳᠬᠢᠴᠡ ᠠᠷᠭ᠎ᠠ ᠪᠠᠷ ᠠᠵᠢᠯ ᠢᠶᠠᠨ ᠰᠠᠶᠢᠲᠤᠷ ᠬᠢᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠲᠢᠶ᠋ᠧ ᠨᠢᠩ᠂ ᠲᠥᠷᠥ ᠶᠢᠨ ᠶᠠᠪᠤᠳᠠᠯ ᠤᠨ ᠭᠡᠰᠢᠭᠦᠨ ᠴᠧᠨ ᠢ ᠴᠢᠨ ᠬᠤᠷᠠᠯ ᠳᠤ ᠤᠷᠤᠯᠴᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1