2024 ᠣᠨ ᠠᠴᠠ ᠨᠠᠰᠢ᠂ ᠲᠣᠭᠲᠠᠬᠤ ᠰᠢᠶᠠᠨ ᠤ ᠬᠢᠨ ᠨᠠᠮ ᠵᠠᠰᠠᠭ ᠤᠨ ᠪᠠᠶᠢᠭᠤᠯᠭ᠎ᠠ ᠶᠢᠨ ︽ᠡᠮᠦᠨ᠎ᠡ | ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ | ᠭᠤᠣᠯᠳᠠᠭᠤ ᠣᠶᠢᠯᠠᠭᠠᠭᠳᠠᠬᠤᠨ ᠢ ᠠᠭᠤᠰᠤᠯᠴᠠᠭᠤᠯᠬᠤ᠂ ᠠᠴᠢᠶᠠᠯᠠᠪᠤᠷᠢ ᠶᠢ ᠠᠭᠤᠰᠤᠯᠴᠠᠭᠤᠯᠬᠤ᠂ ᠦᠢᠯᠡᠳᠦᠯ ᠢ | ᠠᠭᠤᠰᠤᠯᠴᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠯ᠎ᠡ ᠱᠠᠲᠤᠨ ᠤ ᠪᠠᠶᠢᠭᠤᠯᠭ᠎ᠠ ᠶᠢᠨ ᠦᠢᠯᠡᠴᠢᠯᠡᠭᠡᠨ ᠤ | ᠲᠥᠪ ᠢ ᠵᠣᠷᠢᠭᠵᠢᠭᠤᠯᠵᠤ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠠᠨ ᠪᠣᠯᠭᠠᠭᠰᠠᠨ ᠪᠠᠶᠢᠨ᠎ᠠ | ᠃ | ᠣᠶᠢᠯᠠᠭᠠᠭᠳᠠᠬᠤᠨ ᠤ ᠠᠭᠤᠰᠤᠯᠴᠠᠯ ᠢ ᠴᠢᠩᠭᠠᠳᠬᠠᠵᠤ᠂ ᠦᠢᠯᠡᠴᠢᠯᠡᠭᠡᠨ ᠤ ᠬᠥᠭᠵᠢᠯᠲᠡ ᠶᠢᠨ ᠴᠢᠭᠯᠡᠯ ᠢ | ᠪᠠᠳᠤᠳᠬᠠᠪᠠ᠃ ᠭᠤᠣᠯᠳᠠᠯᠭ᠎ᠠ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠠᠳᠬᠤᠬᠤ᠂ ᠨᠠᠮ ᠤᠨ | ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠢᠶᠠᠨ ᠠᠬᠢᠭᠤᠯᠬᠤ ᠶᠢ ᠰᠠᠶᠢᠲᠤᠷ ᠠᠳᠬᠤᠬᠤ ᠶᠢ ᠪᠠᠷᠢᠮᠲᠠᠯᠠᠵᠤ᠂ ︽ | ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ︾ ᠳᠤ ᠡᠯ᠎ᠡ | ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠡᠨᠡ ᠬᠤᠶᠠᠷ ᠤᠨ | ᠤᠶᠠᠯᠳᠤᠯ ᠤᠨ ᠴᠡᠭ ᠢ ᠣᠨᠣᠪᠴᠢᠲᠠᠢ ᠡᠷᠢᠵᠦ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠲᠤᠬᠠᠶᠢᠯᠠᠭᠰᠠᠨ | ᠠᠵᠢᠯ ᠢ ᠬᠠᠮᠲᠤ ᠳᠤᠨᠢ ᠲᠥᠯᠥᠪᠵᠢᠭᠦᠯᠵᠦ ᠪᠠᠶᠢᠷᠢᠯᠠᠭᠤᠯᠬᠤ᠂ ᠬᠠᠮᠲᠤ ᠳᠤᠨᠢ ᠨᠠᠶᠢᠳᠠᠪᠤᠷᠢᠵᠢᠭᠤᠯᠬᠤ᠂ ᠦᠵᠡᠯ | ᠰᠠᠨᠠᠭ᠎ᠠ ᠪᠠᠨ ᠴᠢᠯᠦᠭᠡᠯᠡᠬᠦ ᠲᠠᠯ᠎ᠠ ᠪᠠᠷ ᠬᠢ ︽ᠬᠤᠶᠠᠷ ᠲᠠᠯ᠎ᠠ ᠶᠢᠨ ᠠᠰᠠᠭᠤᠳᠠᠯ︾ ᠢ ᠪᠡᠶᠡᠯᠡᠭᠦᠯᠵᠦ᠂ ᠰᠢᠶᠠᠨ ᠤ | ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠠ ᠶᠢᠨ ᠲᠣᠬᠢᠷᠠᠭᠤᠯᠬᠤ ᠬᠤᠷᠠᠯ ᠢ 8 ᠤᠳᠠᠭ᠎ᠠ | ᠬᠤᠷᠠᠯᠳᠤᠭᠤᠯᠵᠤ᠂ 25 ᠵᠦᠢᠯ ᠢ ᠵᠥᠪᠯᠡᠬᠦ ᠶᠢ ᠲᠣᠳᠣᠷᠬᠠᠢ ᠱᠠᠭᠠᠷᠳᠠᠵᠠᠢ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠮ ᠤᠨ | ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠤᠨᠤᠯ ᠤᠨ ᠭᠤᠣᠯ ᠤᠳᠤᠷᠢᠳᠬᠤ ᠳᠤᠭᠤᠶᠢᠯᠠᠩ ᠤᠨ | ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠵᠡᠷᠭᠡ | ᠨᠠᠮ ᠤᠨ ᠳᠣᠲᠣᠭᠠᠳᠤ ᠶᠢᠨ ᠠᠵᠢᠯᠯᠠᠭ᠎ᠠ ᠶᠢᠨ ︽ᠨᠢᠭᠡᠳᠦᠭᠡᠷ ᠵᠥᠪᠯᠡᠬᠦ ᠰᠡᠳᠦᠪ︾ ᠪᠣᠯᠭᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ᠂ ᠪᠠᠶᠢᠭᠤᠯᠭ᠎ᠠ ᠪᠠᠷ ᠰᠥᠰᠲ᠋ᠧᠮ ᠢ | ᠳᠠᠭᠠᠭᠤᠯᠬᠤ᠂ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠭᠤᠣᠯ ᠠᠵᠢᠯ ᠢᠶᠠᠨ ᠠᠬᠢᠭᠤᠯᠵᠤ᠂ | ᠲᠤᠬᠠᠶᠢᠯᠠᠭᠰᠠᠨ ᠠᠵᠢᠯ ᠢᠶᠠᠨ ᠨᠠᠶᠢᠳᠠᠪᠤᠷᠢᠵᠢᠭᠤᠯᠬᠤ ᠶᠢ ᠬᠥᠲᠥᠯᠥᠨ ᠵᠢᠯᠤᠭᠤᠳᠪᠠ᠃ ᠠᠵᠢᠯ ᠤᠨ ᠳᠤᠮᠳᠠ | ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ᠂ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠥᠭᠦᠯᠡᠯᠲᠡ ᠶᠢ ᠲᠤᠤᠱᠯᠠᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ ᠵᠡᠷᠭᠡ ᠪᠤᠯᠪᠠᠰᠤᠷᠠᠯ ᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠣᠷᠣᠯᠴᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠨᠠᠮ ᠤᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠳᠡᠭᠡᠷ᠎ᠡ | ᠢᠯᠡᠷᠡᠭᠦᠯᠪᠡ᠃ | ᠠᠴᠢᠶᠠᠯᠠᠪᠤᠷᠢ ᠶᠢᠨ ᠠᠭᠤᠰᠤᠯᠴᠠᠯ ᠢ ᠴᠢᠩᠭᠠᠳᠬᠠᠵᠤ᠂ ᠦᠢᠯᠡᠴᠢᠯᠡᠭᠡᠨ ᠤ ᠬᠥᠭᠵᠢᠯᠲᠡ ᠶᠢᠨ ᠰᠠᠭᠤᠷᠢ ᠶᠢ | ᠪᠠᠬᠢᠵᠢᠭᠦᠯᠪᠡ᠃ ᠡᠯ᠎ᠡ ᠲᠦᠷᠦᠯ ᠤᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠶᠢᠨ | ᠠᠴᠢᠶᠠᠯᠠᠪᠤᠷᠢ ᠶᠢ ᠰᠠᠶᠢᠲᠤᠷ ᠠᠰᠢᠭᠯᠠᠵᠤ᠂ ᠨᠠᠮ ᠤᠨ ᠪᠠᠶᠢᠭᠤᠯᠤᠯᠲᠠ ᠪᠠᠷ ᠭᠤᠣᠯ ᠠᠵᠢᠯ ᠢ ᠠᠬᠢᠭᠤᠯᠬᠤ᠂ | ᠺᠠᠳ᠋ᠷᠴᠤᠳ ᠤᠨ ᠶᠡᠭᠡ ᠲᠠᠯ᠎ᠠ ᠳᠤ ᠦᠢᠯᠡᠴᠢᠯᠡᠬᠦ ᠳᠤᠮᠳᠠᠬᠢ ᠢᠯᠡᠷᠡᠯ ᠤᠨ ᠰᠠᠶᠢᠨ ᠮᠠᠭᠤ ᠶᠢ ᠵᠢᠱᠢᠶ᠎ᠡ ᠦᠵᠡᠭᠦᠯᠬᠦ | ᠴᠡᠭ ᠤᠨ ᠴᠢᠬᠤᠯᠠ ᠪᠣᠳᠣᠯᠬᠢᠯᠠᠬᠤ ᠪᠠᠷᠢᠮᠵᠢᠶ᠎ᠠ ᠪᠣᠯᠭᠠᠵᠤ᠂ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ᠂ | ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ᠂ ︽ᠬᠤᠶᠠᠷ ᠰᠢᠯᠢᠳᠡᠭ | ᠨᠢᠭᠡ ᠲᠡᠷᠢᠭᠦᠨ︾ ᠤ ᠰᠢᠯᠭᠠᠷᠠᠭᠤᠯᠤᠯᠲᠠ ᠳᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠨᠢᠭᠡ ᠪᠦᠯᠦᠭ | ᠠᠵᠢᠯ ᠲᠦᠷᠦᠯ ᠤᠨ ᠣᠨᠴᠠᠯᠢᠭ ᠢᠶᠠᠷ ᠲᠣᠪᠣᠶᠢᠮ᠎ᠠ ᠨᠠᠮ ᠤᠨ ᠵᠣᠬᠢᠶᠠᠨ ᠪᠠᠶᠢᠭᠤᠯᠤᠯᠲᠠ ᠶᠢ ᠰᠣᠩᠭᠤᠨ ᠪᠤᠢ ᠪᠤᠯᠭᠠᠪᠠ | ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠤᠨ ᠳᠦᠷᠢᠮ ᠢ ᠪᠠᠶᠢᠭᠤᠯᠵᠤ᠂ | 10 ᠬᠠᠷᠢᠯᠴᠠᠬᠤ ᠳᠤᠭᠤᠶᠢᠯᠠᠩ ᠨᠢ ᠡᠯ᠎ᠡ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠳᠦᠷᠢᠮ ᠢ ᠬᠡᠷᠡᠭᠵᠢᠭᠦᠯᠬᠦ | ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠵᠢᠱᠢᠶ᠎ᠡ | ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ | ᠪᠠᠶᠢᠭᠤᠯᠬᠤ ᠵᠡᠷᠭᠡ ᠭᠤᠣᠯ ᠠᠵᠢᠯ ᠢ ᠭᠤᠣᠯᠳᠠᠯᠭ᠎ᠠ ᠲᠠᠢ ᠪᠠᠷ ᠡᠵᠡᠮᠰᠢᠨ ᠵᠢᠯᠤᠭᠤᠳᠴᠤ᠂ ᠠᠰᠠᠭᠤᠳᠠᠯ ᠢ ᠬᠠᠪᠰᠤᠷᠤᠨ | ᠰᠢᠢᠳᠪᠦᠷᠢᠯᠡᠵᠦ᠂ ᠪᠠᠭᠤᠷᠠᠢ ᠭᠤᠭᠴᠤᠭ᠎ᠠ ᠶᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ | ᠠᠵᠢᠯ ᠤᠨ ᠨᠡᠪᠲᠡᠷᠡᠯᠴᠡᠨ ᠠᠭᠤᠰᠤᠯᠴᠠᠬᠤ ᠶᠢ ᠠᠬᠢᠭᠤᠯᠪᠠ᠃ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ | ᠤᠷᠮᠠᠰᠢᠭᠤᠯᠤᠨ ᠵᠣᠷᠢᠭᠵᠢᠭᠤᠯᠵᠤ᠂ ︽ᠡᠭᠦᠷᠭᠡ ᠬᠠᠷᠢᠭᠤᠴᠠᠯᠭ᠎ᠠ ᠪᠠᠨ ᠢᠯᠡ ᠪᠣᠯᠭᠠᠬᠤ᠂ ᠠᠵᠢᠯ ᠤᠨ ᠦᠷ᠎ᠡ | ᠪᠦᠲᠦᠮᠵᠢ ᠪᠠᠨ ᠢᠯᠡ ᠪᠣᠯᠭᠠᠬᠤ᠂ ᠬᠠᠷᠢᠭᠤᠴᠠᠯᠭ᠎ᠠ ᠪᠠᠨ ᠠᠳᠠᠯᠢᠳᠬᠠᠬᠤ︾ ᠪᠠᠷ ᠭᠤᠣᠯ ᠠᠭᠤᠯᠭ᠎ᠠ ᠪᠣᠯᠭᠠᠭᠰᠠᠨ ︽ | ᠢᠯᠡ ᠪᠣᠯᠭᠠᠬᠤ ᠪᠠ ᠢᠯᠡ ᠪᠣᠯᠭᠠᠬᠤ ᠶᠢ ᠠᠳᠠᠯᠢᠳᠬᠠᠬᠤ︾ ᠠᠵᠢᠯᠯᠠᠭ᠎ᠠ ᠶᠢ ᠥᠷᠨᠢᠭᠦᠯᠵᠦ᠂ ᠴᠣᠩᠬᠤᠪᠴᠢ | ᠨᠢᠭᠡᠴᠡ ᠳᠤ ᠨᠠᠮ ᠤᠨ ᠭᠡᠰᠢᠭᠦᠨ ᠤ ︽ᠬᠤᠰᠢᠭᠤᠴᠢ ᠠᠵᠢᠯ ᠤᠨ ᠪᠠᠶᠢᠷᠢ︾᠂ ︽ᠵᠢᠱᠢᠶ᠎ᠡ ᠦᠵᠡᠭᠦᠯᠬᠦ ᠲᠣᠭᠤᠷᠢᠭ︾ | ᠢ ᠲᠣᠬᠢᠷᠠᠭᠤᠯᠵᠤ᠂ ᠨᠠᠮ ᠤᠨ ᠭᠡᠰᠢᠭᠦᠨ ᠤ ᠪᠣᠭᠤᠮᠲᠠ ᠰᠢᠪᠲᠤᠯᠬᠤ ᠬᠦᠴᠦᠨ ᠠᠴᠠ ᠴᠢᠳᠠᠪᠤᠷᠢ ᠣᠯᠭᠤᠬᠤ | ᠲᠤᠬᠠᠶᠢᠯᠠᠭᠰᠠᠨ ᠠᠵᠢᠯ ᠢ ᠴᠢᠩᠭᠠᠳᠬᠠᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠨᠠᠮᠴᠢ ᠴᠢᠨᠠᠷ ᠤᠨ ᠬᠥᠮᠦᠵᠢᠯ ᠪᠣᠯᠣᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ︽ᠬᠤᠣᠰ ᠬᠥᠮᠦᠵᠢᠯ︾ ᠤᠨ | ᠲᠠᠪᠴᠠᠩ ᠪᠣᠯᠭᠠᠵᠤ᠂ ᠵᠠᠯᠠᠭᠤ ᠺᠠᠳ᠋ᠷᠴᠤᠳ ᠤᠨ ︽ᠤᠷᠤᠯᠳᠤᠭᠠᠨ ᠤ ᠲᠠᠯᠠᠪᠤᠷ︾ ᠲᠤ ᠭᠠᠷᠬᠤ ᠶᠢ ᠵᠣᠷᠢᠭᠵᠢᠭᠤᠯᠵᠤ᠂ | ᠠᠵᠢᠯ ᠬᠢᠵᠦ ᠦᠢᠯᠡᠰ ᠪᠣᠰᠬᠠᠬᠤ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠪᠠ᠃ | ᠦᠢᠯᠡᠳᠦᠯ ᠤᠨ ᠠᠭᠤᠰᠤᠯᠴᠠᠯ ᠢ ᠴᠢᠩᠭᠠᠳᠬᠠᠵᠤ᠂ ᠦᠢᠯᠡᠴᠢᠯᠡᠭᠡᠨ ᠤ ᠬᠥᠭᠵᠢᠯᠲᠡ ᠶᠢᠨ ᠭᠦᠨᠴᠡ ᠶᠢ | ᠦᠷᠭᠡᠳᠭᠡᠪᠡ᠃ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠵᠦ᠂ ᠨᠠᠮ ᠤᠨ ᠭᠡᠰᠢᠭᠦᠨ ᠤ ︽ᠬᠤᠣᠰ | ᠨᠡᠷ᠎ᠡ ᠮᠡᠳᠡᠭᠦᠯᠬᠦ︾ ᠳᠦᠷᠢᠮ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠤᠯᠭ᠎ᠠ ᠶᠢᠨ ᠨᠠᠮ ᠤᠨ ᠵᠣᠬᠢᠶᠠᠨ | ᠪᠠᠶᠢᠭᠤᠯᠤᠯᠲᠠ ᠨᠡᠶᠢᠭᠡᠮ ᠲᠣᠭᠤᠷᠢᠭ ᠤᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠢᠯ ᠳᠤ | ᠪᠠᠶᠢᠭ᠎ᠠ ᠨᠠᠮ ᠤᠨ ᠭᠡᠰᠢᠭᠦᠨ ᠢ ᠲᠣᠣᠷ ᠲᠤ ᠣᠷᠣᠭᠤᠯᠬᠤ᠂ ᠬᠤᠯᠪᠣᠭ᠎ᠠ ᠠᠪᠬᠤ ᠪᠦᠯᠬᠦᠮ ᠳᠤ ᠣᠷᠣᠭᠤᠯᠬᠤ᠂ ᠨᠠᠮ | ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠣᠷᠣᠭᠤᠯᠬᠤ ᠪᠠ ᠰᠠᠨᠠᠭᠠᠴᠢᠯᠠᠭ᠎ᠠ ᠠᠴᠠ ᠪᠠᠨ ᠲᠠᠨᠢᠵᠤ ᠠᠪᠬᠤ | ᠠᠰᠠᠷ ᠤᠨ ᠳᠠᠷᠤᠭ᠎ᠠ᠂ ᠨᠢᠭᠡᠴᠢ ᠶᠢᠨ ᠳᠠᠷᠤᠭ᠎ᠠ ᠶᠢᠨ ︽ᠭᠤᠷᠪᠠ ᠳᠤ ᠣᠷᠣᠭᠤᠯᠵᠤ ᠬᠤᠶᠠᠷ ᠢ ᠲᠠᠨᠢᠬᠤ︾ | ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠤ ᠣᠷᠣᠯᠠᠨ ᠭᠦᠢᠴᠡᠳᠬᠡᠬᠦ ᠠᠩᠭᠢ ᠶᠢ 17 ᠵᠣᠬᠢᠶᠠᠨ | ᠪᠠᠶᠢᠭᠤᠯᠵᠤ᠂ ᠰᠠᠭᠤᠭᠠᠯᠢ ᠠᠷᠠᠳ ᠲᠤ 134 ᠬᠤᠪᠢ ᠪᠣᠳᠠᠲᠤ ᠶᠠᠪᠤᠳᠠᠯ ᠬᠢᠵᠦ᠂ ᠤᠨᠤᠯ ᠤᠨ ᠤᠬᠠᠭᠤᠯᠭ᠎ᠠ᠂ | ᠤᠷᠠᠨ ᠰᠠᠶᠢᠬᠠᠨ ᠤ ᠲᠣᠭᠯᠠᠯᠲᠠ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠰᠠᠶᠢᠨ ᠳᠤᠷ᠎ᠠ ᠶᠢᠨ | ᠦᠢᠯᠡᠴᠢᠯᠡᠭᠡ ᠶᠢ 30 ᠭᠠᠷᠤᠢ ᠤᠳᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠢ | ᠲᠤᠶᠢᠯ ᠤᠨ ᠶᠡᠭᠡ ᠪᠠᠷ ᠴᠢᠩᠭᠠᠳᠬᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ︽ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠪᠠᠶᠢᠭᠤᠯᠭ᠎ᠠ ᠳᠤ | ᠣᠷᠣᠭᠤᠯᠬᠤ ᠠᠵᠢᠯ ᠤᠨ ᠲᠥᠰᠥᠯ︾ ᠢ ᠲᠣᠭᠲᠠᠭᠠᠵᠤ᠂ ᠡᠯ᠎ᠡ ᠪᠠᠶᠢᠭᠤᠯᠭ᠎ᠠ ᠶᠢᠨ ᠬᠢᠨ ᠵᠢᠯ ᠤᠨ ᠳᠣᠲᠣᠷ᠎ᠠ | ᠦᠨᠳᠦᠰᠦᠲᠡᠨ ᠤ ᠪᠦᠯᠬᠦᠮᠳᠡᠯ ᠤᠨ ᠰᠣᠯᠢᠯᠴᠠᠭ᠎ᠠ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ᠂ ᠪᠣᠳᠠᠲᠠᠢ ᠬᠦᠴᠢᠷᠳᠡᠯ ᠢ ᠬᠠᠪᠰᠤᠷᠤᠨ ᠰᠢᠢᠳᠪᠦᠷᠢᠯᠡᠬᠦ ᠵᠡᠷᠭᠡ ᠠᠵᠢᠯᠯᠠᠭ᠎ᠠ ᠶᠢ 50 ᠭᠠᠷᠤᠢ | ᠲᠠᠯᠠᠪᠤᠷ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ | ᠪᠠᠶᠢᠭᠠᠳ ︽ᠭᠤᠷᠪᠠᠨ ᠰᠠᠯᠵᠤ ᠴᠢᠳᠠᠬᠤ ᠦᠭᠡᠢ︾ ︽ᠲᠠᠪᠤ ᠶᠢ ᠮᠡᠳᠡᠷᠡᠬᠦ︾ ᠪᠠ ︽ᠳᠥᠷᠪᠡ ᠶᠢ ᠬᠠᠮᠲᠤᠳᠬᠠᠬᠤ︾ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠬᠦ ᠥᠯᠢᠭᠡᠷ ᠳᠠᠭᠤᠷᠢᠶᠠᠯ ᠪᠤᠯᠭᠠᠪᠠ᠃ ᠡᠵᠡᠩᠨᠡᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ | ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ | ᠪᠦᠲᠦᠭᠡᠬᠦ︾ ᠪᠠᠷ ᠭᠤᠣᠯᠳᠠᠭᠤᠯᠵᠤ᠂ 29 ᠪᠠᠶᠢᠭᠤᠯᠭ᠎ᠠ ᠶᠢᠨ ᠰᠢᠰᠲ᠋ᠧᠮ ᠤᠨ ᠴᠢᠨᠠᠷᠲᠠᠢ ᠲᠥᠯᠦᠪᠵᠢᠭᠦᠯᠭᠡ ᠪᠣᠯᠣᠨ | ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠨᠵᠧᠨᠧᠷᠢᠩ ᠤᠨ ᠲᠦᠷᠦᠯ ᠵᠦᠢᠯ᠂ | ᠢᠳᠡᠭᠡᠨ ᠤ ᠵᠦᠢᠯ ᠡᠮ ᠤᠨ ᠵᠦᠢᠯ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠤ ᠰᠢᠨ᠎ᠡ ᠶᠢ ᠡᠭᠦᠳᠴᠦ ︽ᠤᠰᠤ | ᠴᠠᠬᠢᠯᠭᠠᠨ ᠬᠡᠢ ᠳᠤᠯᠠᠭᠠᠯᠠᠭ᠎ᠠ ᠢᠲᠡᠭᠡᠮᠵᠢ ᠲᠧᠯᠸᠢᠰ ᠢ ᠬᠠᠮᠲᠤᠷᠠᠨ ᠮᠡᠳᠡᠭᠦᠯᠦᠨ ᠤᠭᠰᠠᠷᠠᠭᠤᠯᠬᠤ︾᠂ ︽ᠵᠠᠮ ᠢ | ᠠᠭᠤᠳᠠᠯᠬᠤ︾ ᠵᠡᠷᠭᠡ 30 ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠶᠢ ᠬᠡᠷᠡᠭᠵᠢᠭᠦᠯᠵᠦ᠂ | ᠠᠵᠢᠯ ᠤᠨ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ ᠠᠵᠤ ᠠᠬᠤᠶᠢᠯᠠᠯ ᠪᠣᠯᠣᠨ ᠤᠯᠠᠨ ᠲᠦᠮᠡᠨ ᠤ | ᠮᠠᠭᠲᠠᠭᠠᠯ ᠰᠠᠶᠢᠰᠢᠶᠠᠯ ᠢ ᠣᠯᠵᠠᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |