ᠲᠣᠭᠲᠠᠬᠤ ᠰᠢᠶᠠᠨ᠄ ᠠᠷᠠᠳ ᠤᠨ ᠰᠡᠳᠬᠢᠯ ᠢ ᠳᠤᠯᠠᠭᠠᠯᠠᠵᠤ ᠬᠠᠬᠢᠷ ᠡᠪᠦᠯ ᠢ ᠤᠭᠲᠤᠬᠤ ᠶᠢᠨ ᠲᠥᠯᠥᠭᠡ ᠤᠷᠢᠳᠴᠢᠯᠠᠨ ᠢᠯᠴᠢ ᠬᠠᠩᠭᠠᠪᠠ
ᠨᠡᠶᠢᠲᠡᠯᠡᠭᠰᠡᠨ ᠴᠠᠭ᠄
2024/10/12
      ᠬᠦᠢᠲᠡᠨ ᠠᠭᠤᠷ ᠠᠮᠢᠰᠬᠤᠯ ᠤᠨ ᠤᠯᠠᠮ ᠢᠶᠠᠷ ᠥᠳᠬᠡᠷᠡᠬᠦ ᠶᠢ ᠳᠠᠭᠠᠯᠳᠤᠨ᠂ ᠲᠣᠭᠲᠠᠬᠤ ᠰᠢᠶᠠᠨ ᠡᠷᠲᠡ ᠠᠴᠠ ᠠᠷᠭ᠎ᠠ ᠰᠦᠪᠡᠭᠴᠢᠯᠡᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠣᠳᠠᠲᠠᠢ ᠠᠳᠬᠤᠵᠤ᠂ ᠡᠯ᠎ᠡ ᠵᠦᠢᠯ ᠤᠨ ᠢᠯᠴᠢ ᠬᠠᠩᠭᠠᠬᠤ ᠪᠡᠯᠡᠳᠬᠡᠯ ᠠᠵᠢᠯ ᠢ ᠪᠠᠴᠢᠮ ᠶᠠᠭᠠᠷᠠᠯᠲᠠᠢ ᠥᠷᠨᠢᠭᠦᠯᠦᠭᠰᠡᠨ ᠤ ᠬᠠᠮᠲᠤ ᠢᠯᠴᠢ ᠬᠠᠩᠭᠠᠬᠤ ᠰᠢᠰᠲ᠋ᠧᠮ ᠢ ᠤᠷᠢᠳᠴᠢᠯᠠᠨ ᠡᠬᠢᠯᠡᠭᠦᠯᠵᠦ᠂ ᠬᠠᠯᠠᠭᠤᠨ ᠳᠤᠯᠠᠭᠠᠨ ᠢ ᠤᠯᠠᠨ ᠲᠦᠮᠡᠨ ᠤ ᠭᠡᠷ ᠲᠤ ᠤᠷᠢᠳᠴᠢᠯᠠᠨ ᠬᠦᠷᠭᠡᠪᠡ᠃      10 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠰᠤᠷᠪᠤᠯᠵᠢᠯᠠᠭᠴᠢ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢ ᠶᠢᠨ ᠲᠠᠰᠤᠭ ᠲᠤ᠂ ᠮᠡᠷᠭᠡᠵᠢᠯ ᠤᠨ ᠠᠵᠢᠯᠲᠠᠳ ᠶᠠᠭ ᠢᠯᠴᠢ ᠬᠠᠩᠭᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠢᠯᠴᠢ ᠬᠠᠩᠭᠠᠬᠤ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠪᠠᠲᠤᠯᠠᠵᠤ ᠪᠠᠶᠢᠬᠤ ᠶᠢ ᠣᠯᠵᠤ ᠬᠠᠷᠠᠪᠠ᠃  ︽ᠳ᠋ᠠ ᠲᠠᠩ ᠤᠨ ᠣᠯᠠᠨ ᠤᠯᠤᠰ ᠤᠨ ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ ᠤ ᠺᠣᠮᠫᠠᠨᠢ ᠶᠢᠨ 300MW ᠮᠠᠰᠢᠨ ᠴᠣᠭᠴᠠᠯᠠᠪᠤᠷᠢ ᠨᠢ ᠲᠤᠭᠳᠠᠬᠤ ᠰᠢᠶᠠᠨ ᠤ ᠰᠠᠭᠤᠭᠠᠯᠢ ᠠᠷᠠᠳ ᠤᠨ ᠠᠮᠢᠳᠤᠷᠠᠯ ᠤᠨ ᠢᠯᠴᠢ ᠬᠠᠩᠭᠠᠬᠤ ᠴᠢᠬᠤᠯᠠ ᠶᠡᠭᠡ ᠢᠨᠵᠧᠨᠧᠷᠢᠩ ᠢ ᠡᠭᠦᠷᠭᠡᠯᠡᠵᠦ᠂ ᠲᠣᠭᠲᠠᠭᠰᠠᠨ ᠢᠯᠴᠢ ᠬᠠᠩᠭᠠᠬᠤ ᠴᠢᠳᠠᠯ ᠨᠢ 246 ᠰᠠᠶ᠎ᠠ ᠸᠠᠲ ᠪᠠᠶᠢᠵᠤ᠂ ᠲᠤᠭᠳᠠᠬᠤ ᠰᠢᠶᠠᠨ ᠤ ᠰᠠᠭᠤᠭᠠᠯᠢ ᠠᠷᠠᠳ ᠤᠨ ᠢᠯᠴᠢ ᠬᠠᠩᠭᠠᠬᠤ ᠲᠠᠯᠠᠪᠠᠶ ᠨᠢ 430 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ 10 ᠳ᠋ᠤᠭᠠᠷ ᠰᠠᠷ᠎ᠠ   ᠶᠢᠨ 5 ᠤ ᠡᠳᠦᠷ᠂ ᠪᠦᠬᠦ᠋ᠢᠯᠡ ᠢᠯᠴᠢ ᠬᠠᠩᠭᠠᠬᠤ ᠲᠣᠣᠷ ᠤᠨ ᠰᠢᠰᠲ᠋ᠧᠮ ᠢ ᠲᠤᠭᠳᠠᠬᠤ ᠰᠢᠶᠠᠨ ᠳᠤ ᠪᠦᠬᠦᠨ ᠢᠶᠠᠷ ᠨᠢ ᠤᠰᠤ ᠣᠷᠣᠭᠤᠯᠵᠤ ᠳᠠᠭᠤᠰᠬᠠᠭᠠᠳ ᠠᠵᠢᠯᠯᠠᠭᠤᠯᠵᠠᠢ᠃ 10 ᠳ᠋ᠤᠭᠠᠷ ᠰᠠᠷ᠎ᠠ ᠶᠢᠨ 8 ᠤ ᠡᠳᠦᠷ᠂ ᠢᠯᠴᠢ ᠬᠠᠩᠭᠠᠬᠤ ᠲᠣᠣᠷ ᠤᠨ ᠡᠷᠭᠢᠯᠳ᠋᠊   ᠶᠢᠨ ᠬᠥᠭᠡᠷᠭᠡ ᠠᠰᠢᠭᠯᠠᠯᠲᠠ ᠳᠤ ᠣᠷᠣᠵᠤ᠂ ᠬᠠᠯᠠᠭᠠᠭᠤᠷ ᠡᠬᠢᠯᠡᠨ ᠠᠵᠢᠯᠯᠠᠵᠤ᠂ ᠣᠳᠣᠬᠠᠨ ᠳᠤ ᠤᠰᠤ ᠬᠠᠩᠭᠠᠬᠤ ᠳᠤᠯᠠᠭᠠᠨ ᠤ ᠬᠡᠮᠵᠢᠶ᠎ᠡ 59  ᠭᠷᠠᠳᠦ᠋ᠰ ᠲᠤ ᠬᠦᠷᠴᠡᠢ︾ ᠭᠡᠵᠦ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠠᠨ ᠭᠦᠸᠧ ᠬᠤᠩ ᠲᠠᠨᠢᠯᠴᠠᠭᠤᠯᠪᠠ᠃       ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠲᠣᠭᠲᠠᠬᠤ ᠴᠠᠬᠢᠯᠭᠠᠨ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠣᠨᠤᠭ ᠲᠥᠬᠦᠭᠡᠷᠦᠮᠵᠢ ᠶᠢᠨ ᠬᠡᠯᠲᠡᠰ ᠤᠨ ᠡᠷᠬᠢᠯᠡᠭᠴᠢ ᠶᠢᠨ ᠲᠤᠰᠠᠯᠠᠭᠴᠢ ᠯᠢ ᠱᠧᠩ ᠤᠨ ᠲᠠᠨᠢᠯᠴᠠᠭᠤᠯᠤᠭᠰᠠᠨ ᠢᠶᠠᠷ᠂ ᠲᠣᠰ ᠺᠣᠮᠫᠠᠨᠢ ᠳᠤ ᠣᠲᠣ ᠲᠣᠭᠲᠠᠬᠤ ᠰᠢᠶᠠᠨ ᠤ ᠳᠤᠯᠠᠭᠠᠯᠠᠭ᠎ᠠ ᠬᠠᠩᠭᠠᠬᠤ ᠬᠤᠶᠠᠷ ᠢᠯᠴᠢ ᠶᠢᠨ ᠲᠤᠤᠷ ᠪᠣᠶ᠂ ᠡᠨᠡ ᠬᠤᠶᠠᠷ ᠢᠯᠴᠢ ᠶᠢᠨ ᠰᠦᠯᠵᠢᠶ᠎ᠡ ᠨᠢ ᠬᠠᠷᠢᠯᠴᠠᠨ ᠪᠡᠯᠡᠳᠬᠡᠯ ᠲᠠᠢ ᠪᠠᠶᠢᠵᠤ᠂ ᠲᠡᠭᠦᠨ ᠤ ᠳᠣᠲᠣᠷᠠᠬᠢ ᠨᠢᠭᠡ ᠢᠯᠴᠢ ᠶᠢᠨ ᠲᠤᠤᠷ ᠨᠢ ᠰᠠᠭᠠᠳ ᠭᠠᠷᠪᠠᠯ᠂ ᠨᠥᠭᠦᠭᠡ ᠨᠢᠭᠡ ᠥᠷᠲᠡᠭᠡ ᠨᠢ ᠴᠠᠭ ᠲᠤᠬᠠᠢ ᠳᠤᠨᠢ ᠳᠤᠯᠠᠭᠠᠯᠠᠭ᠎ᠠ ᠨᠥᠬᠦᠪᠦᠷᠢᠯᠡᠵᠦ ᠪᠣᠯᠣᠨ᠎ᠠ᠂ ᠡᠭᠦᠨ ᠤ ᠤᠯᠠᠮ ᠠᠴᠠ ᠳᠤᠯᠠᠭᠠᠯᠠᠭ᠎ᠠ ᠶᠢᠨ ᠠᠮᠤᠷ ᠲᠦᠪᠰᠢᠨ ᠪᠥᠭᠡᠳ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ ᠴᠢᠳᠠᠨ᠎ᠠ ᠭᠡᠵᠡᠢ᠃       ᠣᠶᠢᠯᠠᠭᠠᠭᠰᠠᠨ ᠢᠶᠠᠷ᠂ ᠲᠣᠭᠲᠠᠬᠤ ᠰᠢᠶᠠᠨ ᠤ 2024 ᠣᠨ ᠤ ︽ ᠲᠤᠯᠠᠭᠠᠯᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠤᠨ ᠨᠢᠭᠡᠳᠦᠭᠡᠷ ᠲᠣᠣᠷ ᠲᠤ 2×14.07 ᠺᠢᠯᠣᠮᠧᠲᠷ ᠠᠵᠢᠯ ᠡᠬᠢᠯᠡᠭᠦᠯᠵᠦ᠂ ᠬᠤᠶᠠᠳᠤᠭᠠᠷ ᠲᠣᠣᠷ ᠲᠤ ᠠᠵᠢᠯ ᠡᠬᠢᠯᠡᠭᠦᠯᠦᠭᠰᠡᠨ 47 ᠰᠠᠭᠤᠭᠠᠯᠢ ᠠᠷᠠᠳ ᠤᠨ ᠲᠣᠭᠤᠷᠢᠭ ᠵᠢᠴᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ 57 ᠢᠯᠴᠢ ᠰᠣᠯᠢᠯᠴᠠᠬᠤ ᠥᠷᠲᠡᠭᠡ ᠶᠢ ᠨᠢᠭᠡᠨᠲᠡ ᠪᠦᠬᠦᠨ ᠢ ᠪᠠᠶᠢᠭᠤᠯᠵᠤ ᠳᠠᠭᠤᠰᠬᠠᠪᠠ᠃ ᠣᠶᠤᠨᠯᠢᠭ ᠢᠯᠴᠢ ᠬᠠᠩᠭᠠᠬᠤ ᠢᠨᠵᠧᠨᠧᠷᠢᠩ ᠤᠨ ᠣᠶᠤᠨᠯᠢᠭ ᠶᠡᠭᠡ ᠲᠢᠩᠬᠢᠮ ᠤᠨ ᠪᠦᠲᠦᠭᠡᠨ ᠪᠠᠶᠢᠭᠤᠯᠤᠯᠲᠠ ᠪᠠ ᠢᠯᠴᠢ ᠬᠠᠩᠭᠠᠬᠤ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠬᠦ ᠠᠵᠢᠯ ᠨᠢᠭᠡᠨᠲᠡ ᠳᠠᠭᠤᠰᠴᠤ᠂ ᠣᠲᠣ ᠶᠠᠭ ᠭᠡᠷ ᠤᠨ ᠳᠤᠯᠠᠭᠠᠨ ᠤ ᠬᠡᠮᠵᠢᠭᠦᠷ ᠤᠭᠰᠠᠷᠠᠵᠤ᠂ ᠢᠯᠴᠢ ᠰᠣᠯᠢᠯᠴᠠᠬᠤ ᠥᠷᠲᠡᠭᠡᠨ ᠤ ᠲᠤᠭ᠎ᠠ ᠪᠠᠷᠢᠮᠲᠠ ᠶᠢ ᠵᠠᠯᠭᠠᠵᠤ ᠣᠷᠣᠭᠤᠯᠬᠤ ᠶᠢ ᠬᠦᠯᠢᠶᠡᠵᠦ ᠪᠠᠶᠢᠨ᠎ᠠ᠃ ︽ ᠲᠤᠯᠠᠭᠠᠯᠭ᠎ᠠ ᠶᠢᠨ ᠢᠨᠵᠧᠨᠧᠷᠢᠩ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠢᠳᠡ 10 ᠳ᠋ᠤᠭᠠᠷ ᠰᠠᠷ᠎ᠠ ᠶᠢᠨ 6 ᠤ ᠡᠳᠦᠷ ᠠᠴᠠ ᠡᠬᠢᠯᠡᠨ ᠡᠯ᠎ᠡ ᠲᠠᠯ᠎ᠠ  ᠶᠢᠨ ᠬᠢᠨ ᠢ ᠵᠣᠬᠢᠴᠠᠭᠤᠯᠵᠤ᠂ ᠣᠳᠣᠬᠠᠨ ᠳᠤ ᠴᠥᠮ ᠬᠡᠪ ᠤᠨ ᠶᠣᠰᠣᠭᠠᠷ ᠠᠵᠢᠯᠯᠠᠵᠤ ᠡᠬᠢᠯᠡᠵᠡᠢ᠂ ᠥᠨᠥᠳᠥᠷ ᠠᠴᠠ ᠡᠬᠢᠯᠡᠨ᠂ ᠨᠢᠭᠡᠳᠦᠭᠡᠷ ᠬᠤᠭᠤᠯᠠᠢ ᠲᠤᠤᠷ ᠤᠨ ᠤᠰᠤ ᠬᠠᠩᠭᠠᠬᠤ ᠳᠤᠯᠠᠭᠠᠨ ᠤ ᠬᠡᠮᠵᠢᠶ᠎ᠡ ᠨᠢᠭᠡᠨᠲᠡ 50℃ ᠲᠤ ᠬᠦᠷᠴᠦ᠂ ᠪᠤᠴᠠᠬᠤ ᠤᠰᠤᠨ ᠤ ᠳᠤᠯᠠᠭᠠᠨ ᠤ ᠬᠡᠮᠵᠢᠶ᠎ᠡ ᠨᠢᠭᠡᠨᠲᠡ 45℃ ᠲᠤ ᠬᠦᠷᠴᠦ᠂ ᠵᠣᠬᠢᠴᠠᠩᠭᠤᠢ ᠢᠯᠴᠢ ᠶᠢᠨ ᠬᠡᠮᠵᠢᠶ᠎ᠡ ᠶᠢ ᠨᠢᠭᠡᠨᠲᠡ ᠬᠡᠷᠡᠭᠯᠡᠭᠴᠢᠳ ᠲᠤ ᠪᠦᠬᠦ ᠲᠠᠯ᠎ᠠ ᠪᠠᠷ ᠲᠠᠯᠪᠢᠭᠰᠠᠨ ᠪᠠᠶᠢᠨ᠎ᠠ︾ ᠭᠡᠵᠦ ᠲᠣᠭᠲᠠᠬᠤ ᠰᠢᠶᠠᠨ ᠤ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠰᠢᠨ ᠵᠧᠩ ᠬᠤᠤ ᠬᠡᠯᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1