ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ︽ᠡᠬᠡ ᠨᠢᠯᠬᠠᠰ ᠤᠨ ᠠᠰᠠᠷᠠᠨ ᠰᠤᠪᠢᠯᠠᠬᠤ︾ ︽ᠨᠢᠯᠬ᠎ᠠ ᠬᠡᠦᠬᠡᠳ ᠤᠨ ᠠᠰᠠᠷᠠᠭᠴᠢ︾ ᠶᠢᠨ ᠤᠷ᠎ᠠ ᠴᠢᠳᠠᠪᠤᠷᠢ ᠶᠢᠨ ᠪᠤᠯᠪᠠᠰᠤᠷᠠᠯ ᠤᠨ ᠠᠩᠭᠢ ᠶᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/10/12
      ᠠᠵᠢᠯ ᠤᠨ ᠪᠠᠶᠢᠷᠢ ᠬᠦᠯᠢᠶᠡᠵᠦ ᠪᠠᠶᠢᠭ᠎ᠠ ᠠᠵᠢᠯᠲᠠᠨ ᠠᠵᠢᠯᠴᠢᠨ᠂ ᠬᠥᠯᠥᠰᠦᠨ ᠠᠵᠢᠯᠴᠢᠨ᠂ ᠰᠢᠨ᠎ᠡ ᠠᠵᠢᠯ ᠣᠯᠬᠤ ᠬᠡᠯᠪᠡᠷᠢ ᠶᠢᠨ ᠬᠥᠳᠡᠯᠮᠦᠷᠢᠴᠢᠨ᠂ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠪᠦᠷᠢᠯᠳᠦᠭᠦᠨ᠂ ᠣᠷᠣᠯᠭ᠎ᠠ ᠪᠠᠭᠠᠲᠠᠢ ᠠᠵᠢᠯᠲᠠᠨ ᠠᠵᠢᠯᠴᠢᠨ ᠵᠡᠷᠭᠡ ᠬᠥᠳᠡᠯᠮᠦᠷᠢᠯᠡᠬᠦ ᠴᠢᠳᠠᠪᠤᠷᠢ ᠲᠠᠢ ᠠᠵᠢᠯ ᠣᠯᠬᠤ ᠳᠤ ᠬᠦᠴᠢᠷᠲᠡᠢ ᠬᠠᠮᠲᠤᠯᠢᠭ ᠢ ᠬᠠᠪᠰᠤᠷᠤᠨ ᠠᠵᠢᠯ ᠣᠯᠬᠤ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠵᠢᠯ ᠣᠯᠬᠤ ᠠᠷᠭ᠎ᠠ ᠵᠠᠮ ᠢ ᠨᠢ ᠥᠷᠭᠡᠳᠬᠡᠨ᠂ ᠭᠡᠷ ᠪᠦᠯᠢ ᠶᠢᠨ ᠣᠷᠣᠯᠭ᠎ᠠ ᠶᠢ ᠨᠢ ᠨᠡᠮᠡᠭᠳᠡᠭᠦᠯᠵᠦ᠂ ᠠᠵᠢᠯᠲᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠶᠢᠨ ᠲᠥᠯᠥᠭᠡ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠣᠶᠢᠷ᠎ᠠ ᠳᠤ ︽ᠡᠬᠡ ᠨᠢᠯᠬᠠᠰ ᠤᠨ ᠠᠰᠠᠷᠠᠨ ᠰᠤᠪᠢᠯᠠᠬᠤ︾ ︽ᠨᠢᠯᠬ᠎ᠠ ᠬᠡᠦᠬᠡᠳ ᠤᠨ ᠠᠰᠠᠷᠠᠭᠴᠢ︾ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠡᠷᠭᠢᠯᠡᠬᠦ ᠪᠠᠷ ᠪᠣᠶ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂  ᠪᠤᠯᠪᠠᠰᠤᠷᠠᠯ ᠤᠨ ᠲᠤᠰᠬᠠᠢ ᠮᠡᠷᠭᠡᠵᠢᠯ ︵ᠬᠢᠴᠢᠶᠡᠯ︶      ᠡᠬᠡ ᠨᠢᠯᠬᠠᠰ ᠤᠨ ᠠᠰᠠᠷᠠᠭᠴᠢ᠂ ᠨᠢᠯᠬ᠎ᠠ ᠬᠡᠦᠬᠡᠳ ᠠᠰᠠᠷᠠᠭᠴᠢ᠃      ᠬᠤᠶᠠᠷ᠂ ᠪᠣᠯᠪᠠᠰᠤᠷᠠᠭᠤᠯᠬᠤ ᠡᠲᠡᠭᠡᠳ      ᠲᠣᠭᠲᠠᠬᠤ ᠰᠢᠶᠠᠨ ᠤ ᠬᠠᠷᠢᠶ᠎ᠠ ᠤᠷᠤᠨ ᠤ 18 ︱ 50 ᠪᠦᠬᠦᠯᠢ ᠨᠠᠰᠤᠨ ᠤ ᠠᠵᠢᠯ ᠤᠨ ᠪᠠᠶᠢᠷᠢ ᠰᠢᠯᠵᠢᠵᠦ ᠠᠵᠢᠯ ᠬᠦᠯᠢᠶᠡᠵᠦ ᠪᠠᠶᠢᠭ᠎ᠠ ᠠᠵᠢᠯᠲᠠᠨ ᠠᠵᠢᠯᠴᠢᠨ᠂ ᠬᠥᠯᠥᠰᠦᠨ ᠠᠵᠢᠯᠴᠢᠨ᠂ ᠰᠢᠨ᠎ᠡ ᠠᠵᠢᠯ ᠣᠯᠬᠤ ᠬᠡᠯᠪᠡᠷᠢ ᠶᠢᠨ ᠬᠥᠳᠡᠯᠮᠦᠷᠢᠴᠢᠨ᠂ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠪᠦᠷᠢᠯᠳᠦᠭᠦᠨ᠂ ᠣᠷᠣᠯᠭ᠎ᠠ ᠪᠠᠭᠠᠲᠠᠢ ᠠᠵᠢᠯᠲᠠᠨ ᠠᠵᠢᠯᠴᠢᠨ ᠵᠡᠷᠭᠡ ᠬᠥᠳᠡᠯᠮᠦᠷᠢᠯᠡᠬᠦ ᠴᠢᠳᠠᠪᠤᠷᠢ ᠲᠠᠢ ᠠᠵᠢᠯ ᠣᠯᠬᠤ ᠳᠤ ᠬᠦᠴᠢᠷᠲᠡᠢ ᠬᠠᠮᠲᠤᠯᠢᠭ᠃      ᠭᠤᠷᠪᠠ᠂ ᠪᠣᠯᠪᠠᠰᠤᠷᠠᠭᠤᠯᠬᠤ ᠬᠥᠮᠥᠨ ᠤ ᠲᠤᠭ᠎ᠠ ᠪᠠ ᠴᠠᠭ ᠬᠤᠭᠤᠴᠠᠭ᠎ᠠ      ᠲᠣᠰ ᠬᠤᠭᠤᠴᠠᠭᠠᠨ ᠤ ᠪᠣᠯᠪᠠᠰᠤᠷᠠᠯ ᠤᠨ ᠠᠩᠭᠢ ᠳᠤ 128 ᠰᠣᠷᠣᠭᠴᠢ ᠡᠯᠰᠡᠵᠦ᠂ ᠡᠭᠦᠨ ᠤ ᠳᠣᠲᠣᠷ᠎ᠠ ᠡᠬᠡ ᠨᠢᠯᠬᠠᠰ ᠤᠨ ᠠᠰᠠᠷᠠᠭᠴᠢ 72᠂ ᠬᠡᠦᠬᠡᠳ ᠠᠰᠠᠷᠠᠭᠴᠢ 56 ᠰᠣᠷᠣᠭᠴᠢ ᠡᠯᠰᠡᠨ᠎ᠡ᠃ ᠡᠯ᠎ᠡ ᠪᠣᠯᠪᠠᠰᠤᠷᠠᠯ ᠤᠨ ᠬᠢᠴᠢᠶᠡᠯ ᠤᠨ ᠬᠥᠮᠥᠨ ᠤ ᠲᠤᠭ᠎ᠠ ᠶᠢ ᠳᠦᠭᠦᠷᠲᠡᠯ᠎ᠡ ᠮᠡᠳᠡᠭᠦᠯᠪᠡᠯ ᠳᠠᠷᠤᠢ ᠠᠩᠭᠢ ᠡᠬᠢᠯᠡᠭᠦᠯᠵᠦ ᠪᠣᠯᠣᠨ᠎ᠠ᠂ ᠡᠬᠡ ᠨᠢᠯᠬᠠᠰ ᠤᠨ ᠰᠤᠪᠢᠯᠠᠭᠴᠢ ᠶᠢ 15 ᠡᠳᠦᠷ ᠪᠣᠯᠪᠠᠰᠤᠷᠠᠭᠤᠯᠤᠨ᠎ᠠ᠂ ᠨᠡᠶᠢᠲᠡ 120 ᠬᠢᠴᠢᠶᠡᠯ ᠤᠨ ᠴᠠᠭ ᠲᠠᠢ︔ ᠨᠢᠯᠬ᠎ᠠ ᠬᠡᠦᠬᠡᠳ ᠠᠰᠠᠷᠠᠭᠴᠢ ᠶᠢ 25 ᠡᠳᠦᠷ ᠪᠣᠯᠪᠠᠰᠤᠷᠠᠨ᠎ᠠ᠂ ᠨᠡᠶᠢᠲᠡ 200 ᠬᠢᠴᠢᠶᠡᠯ ᠤᠨ ᠴᠠᠭ ᠲᠠᠢ᠂ ᠦᠳᠡ ᠶᠢᠨ ᠡᠮᠦᠨ᠎ᠡ 8᠄ 30 ︱ 11᠄ 30︔ ᠦᠳᠡ ᠶᠢᠨ ᠬᠤᠢᠨ᠎ᠠ ᠶᠢᠨ 2: 30-5: 30᠃      ᠳᠥᠷᠪᠡ᠂ ᠪᠣᠯᠪᠠᠰᠤᠷᠠᠭᠤᠯᠬᠤ ᠭᠠᠵᠠᠷ      ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠴᠢᠨ ᠤ ᠰᠣᠶᠣᠯ ᠤᠨ ᠣᠷᠳᠣᠨ᠃       ᠲᠠᠪᠤ᠂ ᠪᠤᠰᠤᠳ ᠬᠠᠮᠢᠶ᠎ᠠ ᠪᠦᠬᠦᠢ ᠵᠦᠢᠯᠡᠰ      ᠲᠣᠰ ᠤᠳᠠᠭᠠᠨ ᠤ ᠪᠤᠯᠪᠠᠰᠤᠷᠠᠯ ᠳᠤ ᠨᠡᠷ᠎ᠡ ᠮᠡᠳᠡᠭᠦᠯᠦᠭᠰᠡᠨ ᠪᠣᠶ ᠪᠦᠬᠦᠢ ᠰᠣᠷᠣᠭᠴᠢ ᠴᠥᠮ ᠰᠦᠢᠳᠬᠡᠯ ᠬᠤᠷᠢᠶᠠᠬᠤ ᠦᠭᠡᠢ᠂ ᠶᠠᠮᠠᠷ ᠴᠤ ᠰᠦᠢᠳᠬᠡᠯ ᠬᠤᠷᠢᠶᠠᠬᠤ ᠦᠭᠡᠢ᠃ ᠬᠢᠴᠢᠶᠡᠯ ᠣᠷᠣᠬᠤ᠂ ᠲᠠᠯᠠᠪᠤᠷ ᠭᠠᠵᠠᠷ᠂ ᠮᠠᠲ᠋ᠧᠷᠢᠶᠠᠯ ᠵᠡᠷᠭᠡ ᠶᠢᠨ ᠵᠠᠷᠤᠳᠠᠯ ᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠡᠭᠦᠷᠭᠡᠯᠡᠵᠦ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠬᠤᠯᠪᠣᠭᠳᠠᠯ ᠪᠦᠬᠦᠢ ᠬᠢᠷᠢ ᠴᠢᠳᠠᠯ ᠤᠨ ᠪᠠᠶᠢᠭᠤᠯᠤᠮᠵᠢ ᠶᠢ ᠤᠷᠢᠵᠤ ᠬᠢᠴᠢᠶᠡᠯ ᠣᠷᠣᠭᠤᠯᠤᠨ᠎ᠠ᠂ ᠪᠣᠯᠪᠠᠰᠤᠷᠠᠯ ᠳᠤ ᠬᠢᠷᠢ ᠲᠡᠩᠴᠡᠭᠰᠡᠨ ᠤ ᠳᠠᠷᠠᠭ᠎ᠠ ᠬᠢᠷᠢ ᠲᠡᠩᠴᠡᠭᠰᠡᠨ ᠦᠨᠡᠮᠯᠡᠯ ᠣᠯᠭᠤᠨ᠎ᠠ᠃      ᠵᠢᠷᠭᠤᠭ᠎ᠠ᠂ ᠨᠡᠷ᠎ᠡ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ      1. ᠡᠷᠦᠬᠡ ᠠᠮᠠ ᠶᠢᠨ ᠲᠦᠷᠦᠭᠦᠸ ᠨᠢᠭᠤᠷ ᠵᠢᠴᠢ ᠲᠣᠰ ᠬᠥᠮᠥᠨ ᠤ ᠨᠢᠭᠤᠷ ᠤᠨ ᠬᠠᠭᠤᠯᠪᠤᠷᠢ ᠲᠣᠰ ᠪᠦᠷᠢ 1 ᠬᠤᠪᠢ︔       2. ᠲᠤᠰ ᠬᠥᠮᠥᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠨᠢᠭᠡ ᠬᠤᠪᠢ︔      3. ᠨᠡᠷ᠎ᠡ ᠮᠡᠳᠡᠭᠦᠯᠬᠦ ᠪᠦᠷᠢᠳᠬᠡᠯ ᠤᠨ ᠬᠦᠰᠦᠨᠦᠭ᠃      ᠳᠣᠯᠤᠭ᠎ᠠ᠂ ᠨᠡᠷ᠎ᠡ ᠮᠡᠳᠡᠭᠦᠯᠬᠦ ᠬᠠᠶ᠋ᠢᠭ      ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ      ᠬᠠᠷᠢᠯᠴᠠᠬᠤ ᠤᠲᠠᠰᠤ᠄ 0471-8517958      ᠨᠠᠢᠮᠠ᠂ ᠳᠠᠭᠠᠯᠳᠤᠭᠤᠯᠤᠯ      1᠂ 2024 ᠣᠨ ᠤ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ︽ᠡᠬᠡ ᠨᠢᠯᠬᠠᠰ ᠤᠨ ᠰᠤᠪᠢᠯᠠᠭᠴᠢ︾ ᠶᠢᠨ ᠪᠣᠯᠪᠠᠰᠤᠷᠠᠯ ᠤᠨ ᠰᠤᠷᠤᠭᠴᠢᠳ ᠤᠨ ᠮᠡᠳᠡᠭᠡ ᠵᠠᠩᠭᠢ ᠶᠢᠨ ᠪᠦᠷᠢᠳᠬᠡᠯ ᠤᠨ ᠬᠦᠰᠦᠨᠦᠭᠲᠦ      2᠂ 2024 ᠣᠨ ᠤ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ︽ᠨᠢᠯᠬ᠎ᠠ ᠬᠡᠦᠬᠡᠳ ᠤᠨ ᠠᠰᠠᠷᠠᠭᠴᠢ︾ ᠶᠢᠨ ᠪᠣᠯᠪᠠᠰᠤᠷᠠᠯ ᠤᠨ ᠰᠤᠷᠤᠭᠴᠢᠳ ᠤᠨ ᠮᠡᠳᠡᠭᠡ ᠵᠠᠩᠭᠢ ᠶᠢᠨ ᠪᠦᠷᠢᠳᠬᠡᠯ ᠤᠨ ᠬᠦᠰᠦᠨᠦᠭᠲᠦ          ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ               2024 ᠣᠨ ᠤ 10 ᠳ᠋ᠤᠭᠠᠷ ᠰᠠᠷ᠎ᠠ ᠶᠢᠨ 10 ᠤ ᠡᠳᠦᠷᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1