ᠥᠪᠥᠷ ᠮᠣᠩᠭᠤᠯ ᠤᠮᠠᠷᠠᠲᠤ ᠬᠢᠯᠢ ᠳᠤ ᠪᠠᠶᠢᠷᠢᠯᠠᠵᠤ᠂ ᠡᠪᠦᠯ ᠤᠨ ᠤᠯᠠᠷᠢᠯ ᠳᠤ ᠬᠠᠬᠢᠷ ᠬᠦᠢᠲᠡᠨ ᠪᠠᠶᠢᠵᠤ᠂ | ᠳᠤᠯᠠᠭᠠᠯᠠᠭ᠎ᠠ ᠶᠢᠨ ᠬᠤᠭᠤᠴᠠᠭ᠎ᠠ ᠨᠢ ᠣᠯᠠᠩᠬᠢ ᠳᠠᠭᠠᠨ 6 ᠰᠠᠷ᠎ᠠ ᠪᠠᠶᠢᠵᠤ᠂ ᠲᠤᠶᠢᠯ ᠤᠨ ᠬᠦᠢᠲᠡᠨ ᠭᠠᠵᠠᠷ | ᠣᠷᠣᠨ ᠳᠤ 9 ᠰᠠᠷ᠎ᠠ ᠬᠦᠷᠴᠦ᠂ ᠪᠥᠬᠦ ᠣᠷᠣᠨ ᠤ ᠳᠤᠯᠠᠭᠠᠯᠭ᠎ᠠ ᠶᠢᠨ ᠲᠠᠯᠠᠪᠠᠶ ᠨᠢ 10 ᠳ᠋ᠦᠩᠰᠢᠭᠤᠷ ᠲᠡᠭᠰᠢ | ᠳᠥᠷᠪᠡᠯᠵᠢᠨ ᠮᠧᠲᠷ ᠲᠤ ᠬᠦᠷᠦᠨ᠎ᠡ᠃ | ︽ᠮᠠᠨ ᠤ ᠥᠪᠥᠷ ᠮᠣᠩᠭᠤᠯ ᠳᠤ ᠨᠡᠭᠦᠷᠡᠰᠦ ᠳᠤᠲᠠᠬᠤ ᠦᠭᠡᠢ᠂ ᠴᠠᠬᠢᠯᠭᠠᠨ ᠳᠤᠲᠠᠬᠤ ᠦᠭᠡᠢ᠂ ᠰᠢᠳᠠᠮᠠᠬᠠᠢ | ᠬᠡᠢ ᠴᠦ ᠳᠤᠲᠠᠬᠤ ᠦᠭᠡᠢ᠂ ᠢᠯᠴᠢ ᠬᠠᠩᠭᠠᠯᠭ᠎ᠠ ᠲᠤᠳᠠᠭᠳᠠᠬᠤ ᠰᠢᠯᠳᠠᠭᠠᠨ ᠦᠭᠡᠢ︾ ︽ᠳᠤᠯᠠᠭᠠᠯᠭ᠎ᠠ ᠶᠢᠨ ᠤᠯᠠᠷᠢᠯ | ᠳᠠᠭᠤᠰᠬᠤ ᠡᠳᠦᠷ ᠪᠣᠯ ︿ᠳᠤᠯᠠᠭᠠᠯᠭ᠎ᠠ ᠶᠢᠨ ᠢᠨᠵᠧᠨᠧᠷᠢᠩ﹀ ᠤᠨ ᠠᠵᠢᠯ ᠡᠬᠢᠯᠡᠬᠦ ᠴᠠᠭ ᠪᠣᠯᠣᠨ᠎ᠠ︾᠃ ᠲᠤᠯᠠᠭᠠᠯᠭ᠎ᠠ | ᠪᠣᠯ ᠤᠮᠠᠷᠠᠲᠤ ᠣᠷᠣᠨ ᠤ ᠡᠪᠦᠯ ᠤᠨ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ | 2023 ᠣᠨ ᠤ 12 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠠᠴᠠ ᠥᠪᠥᠷ ᠮᠣᠩᠭᠤᠯ ᠤᠨ ᠪᠦᠬᠦ ᠣᠷᠣᠨ ᠪᠦᠰᠡ ᠳᠤ ︽ᠳᠤᠯᠠᠭᠠᠯᠭ᠎ᠠ ᠶᠢᠨ | ᠢᠨᠵᠧᠨᠧᠷᠢᠩ︾ ᠬᠡᠷᠡᠭᠵᠢᠭᠦᠯᠬᠦ ᠪᠠᠷ ᠲᠣᠭᠲᠠᠪᠠ᠃ | ᠰᠢᠨ᠎ᠡ ᠳᠤᠯᠠᠭᠠᠯᠠᠭ᠎ᠠ ᠶᠢᠨ ᠤᠯᠠᠷᠢᠯ ᠬᠦᠷᠴᠦ ᠢᠷᠡᠯ᠎ᠡ᠂ ︽ᠳᠤᠯᠠᠭᠠᠯᠠᠭ᠎ᠠ ᠶᠢᠨ ᠢᠨᠵᠧᠨᠧᠷᠢᠩ︾ | ᠬᠡᠷᠡᠭᠵᠢᠭᠦᠯᠦᠭᠰᠡᠨ ᠦᠷ᠎ᠡ ᠪᠦᠲᠦᠮᠵᠢ ᠨᠢ ᠬᠢᠷᠢ ᠵᠡᠷᠭᠡ ᠪᠤᠯ︖ | 2024 ᠣᠨ ᠤ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ | ᠤᠳᠤᠷᠢᠳᠤᠯᠭ᠎ᠠ ᠢᠯᠡᠷᠬᠡᠶᠢᠯᠡᠭᠰᠡᠨ ᠨᠢ᠂ ᠥᠪᠥᠷ ᠮᠣᠩᠭᠤᠯ ᠢᠯᠴᠢ ᠶᠢᠨ ᠡᠬᠢ ᠰᠤᠷᠪᠤᠯᠵᠢ ᠶᠢ ᠪᠠᠲᠤᠯᠠᠬᠤ᠂ | ᠢᠯᠴᠢ ᠶᠢᠨ ᠲᠣᠣᠷ ᠢ ᠰᠢᠨᠡᠳᠬᠡᠬᠦ᠂ ᠢᠯᠴᠢ ᠶᠢᠨ ᠬᠦᠴᠦᠨ ᠤ ᠦᠷᠳᠡᠭᠡ ᠶᠢ ᠪᠠᠷᠢᠮᠵᠢᠶᠠᠵᠢᠭᠤᠯᠤᠨ ᠪᠦᠲᠦᠭᠡᠨ | ᠪᠠᠶᠢᠭᠤᠯᠵᠤ ᠥᠭᠡᠷᠡᠴᠢᠯᠡᠬᠦ ᠵᠡᠷᠭᠡ ᠲᠠᠯ᠎ᠠ ᠪᠠᠷ ᠲᠤᠳᠠᠭᠳᠠᠯ ᠢᠶᠠᠨ ᠨᠥᠬᠦᠪᠦᠷᠢᠯᠡᠵᠦ᠂ ᠠᠵᠤ ᠠᠬᠤᠶᠢᠯᠠᠯ ᠤᠨ | ᠥᠪᠡᠷ ᠤᠨ ᠦᠷᠳᠡᠭ ᠢ ᠪᠠᠭᠤᠷᠠᠭᠤᠯᠵᠦ ᠦᠷ᠎ᠡ ᠠᠰᠢᠭ ᠢ ᠨᠡᠮᠡᠭᠳᠡᠭᠦᠯᠬᠦ᠂ ᠬᠡᠷᠡᠭᠯᠡᠭᠴᠢ ᠶᠢᠨ ᠵᠠᠷᠤᠳᠠᠯ ᠢ ᠠᠷᠪᠢᠯᠠᠬᠤ᠂ | ᠨᠡᠶᠢᠭᠡᠮ ᠨᠡᠶᠢᠳᠡ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠢᠯᠴᠢ ᠬᠠᠩᠭᠠᠯᠭ᠎ᠠ ᠠᠮᠤᠷ ᠲᠦᠪᠰᠢᠨ | ᠪᠠᠲᠤᠯᠠᠭ᠎ᠠ ᠲᠠᠢ᠂ ᠬᠡᠷᠡᠭᠴᠡᠭᠡ ᠶᠣᠰᠣᠭᠠᠷ ᠢᠯᠴᠢ ᠬᠠᠩᠭᠠᠬᠤ᠂ ᠨᠠᠷᠢᠯᠢᠭ ᠣᠨᠣᠴᠠᠲᠠᠢ ᠪᠠᠷ ᠢᠯᠴᠢ ᠬᠠᠩᠭᠠᠬᠤ ᠰᠢᠨ᠎ᠡ | ᠵᠠᠭᠪᠤᠷ ᠢ ᠰᠦᠪᠡᠭᠴᠢᠯᠡᠵᠦ᠂ ᠠᠮᠤᠷ ᠲᠦᠪᠰᠢᠨ ᠲᠣᠭᠲᠠᠭᠤᠨ ᠴᠢᠨᠠᠷ ᠰᠠᠶᠢᠲᠠᠢ ᠢᠯᠴᠢ ᠬᠠᠩᠭᠠᠵᠦ᠂ ᠢᠯᠴᠢ | ᠬᠠᠩᠭᠠᠬᠤ ᠢᠯᠴᠢ ᠶᠢᠨ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠳᠤᠯᠠᠭᠠᠨ ᠤ ᠬᠡᠮᠵᠢᠶ᠎ᠡ ᠶᠢ | ᠳᠡᠭᠡᠭᠰᠢᠯᠡᠭᠦᠯᠬᠦ ᠶᠢ ᠠᠬᠢᠭᠤᠯᠤᠨ᠎ᠠ ᠭᠡᠵᠡᠢ᠃ | ᠲᠠᠨᠢᠯᠴᠠᠭᠤᠯᠤᠭᠰᠠᠨ ᠢᠶᠠᠷ᠂ ︽ᠳᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠤ ᠳᠠᠷᠠᠭ᠎ᠠ᠂ | ᠥᠪᠥᠷ ᠮᠣᠩᠭᠤᠯ ᠥᠩᠭᠡᠷᠡᠭᠡᠭᠰᠡᠨ ᠬᠤᠶᠠᠷ ᠳᠤᠯᠠᠭᠠᠯᠠᠭ᠎ᠠ ᠶᠢᠨ ᠤᠯᠠᠷᠢᠯ ᠳᠤ 12345 ᠵᠠᠭᠠᠯᠳᠤᠯᠭ᠎ᠠ ᠶᠢ 60 | ᠭᠠᠷᠤᠢ ᠲᠦᠮᠡᠨ ᠬᠤᠪᠢ ︵2022 — 2023 ᠤᠨ ᠤ ᠳᠤᠯᠠᠭᠠᠯᠠᠭ᠎ᠠ ᠶᠢᠨ ᠤᠯᠠᠷᠢᠯ ᠳᠤ 20 ᠲᠦᠮᠡᠨ | ᠬᠤᠪᠢ᠂ 2023 — 2024 ᠤᠨ ᠤ ᠳᠤᠯᠠᠭᠠᠯᠠᠭ᠎ᠠ ᠶᠢᠨ ᠤᠯᠠᠷᠢᠯ ᠳᠤ 40 ᠲᠦᠮᠡᠨ ᠬᠤᠪᠢ︶ ᠶᠢᠨ ᠲᠤᠭ᠎ᠠ | ᠪᠠᠷᠢᠮᠲᠠ ᠶᠢ ᠰᠤᠳᠤᠯᠤᠨ ᠡᠮᠬᠢᠯᠡᠵᠦ᠂ ᠳᠤᠯᠠᠭᠠᠯᠭ᠎ᠠ ᠶᠢᠨ ᠲᠤᠬᠠᠢ ᠵᠠᠭᠠᠯᠳᠤᠯᠭ᠎ᠠ ᠨᠡᠯᠢᠶᠡᠳ ᠲᠥᠪᠯᠡᠷᠡᠩᠭᠦᠢ᠂ | ᠰᠠᠭᠤᠭᠠᠯᠢ ᠠᠷᠠᠳ ᠤᠨ ᠲᠤᠰᠬᠠᠯ ᠴᠢᠩᠭ᠎ᠠ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠤᠨ ᠨᠠᠷᠢᠨ ᠲᠠᠩᠰᠠ ᠶᠢ | ᠡᠯ᠎ᠡ ᠭᠠᠵᠠᠷ ᠲᠤ ᠳᠠᠮᠵᠢᠭᠤᠯᠤᠨ ᠲᠠᠷᠬᠠᠭᠠᠬᠤ ᠶᠢᠨ ᠬᠠᠮᠲᠤ ᠡᠷᠦᠬᠡ ᠳᠠᠷᠠᠭᠠᠯᠠᠨ ᠪᠠᠶᠢᠴᠠᠭᠠᠵᠤ᠂ ᠳᠤᠯᠠᠭᠠᠯᠭ᠎ᠠ ᠮᠠᠭᠤ | ᠰᠢᠯᠲᠠᠭᠠᠨ ᠢ ᠪᠥᠬᠦ ᠲᠠᠯ᠎ᠠ ᠪᠠᠷ ᠣᠶᠢᠯᠠᠭᠠᠵᠤ᠂ ︽ᠨᠢᠭᠡ ᠰᠠᠭᠤᠭᠠᠯᠢ ᠠᠷᠠᠳ ᠤᠨ ᠲᠣᠭᠤᠷᠢᠭ ᠲᠤ ᠨᠢᠭᠡ ᠲᠥᠰᠥᠯ︾ | ᠤᠨ ᠥᠭᠡᠷᠡᠴᠢᠯᠡᠬᠦ ᠲᠥᠰᠥᠯ ᠲᠣᠭᠲᠠᠭᠠᠵᠤ᠂ ᠢᠯᠴᠢ ᠶᠢᠨ ᠡᠬᠢ ᠰᠤᠷᠪᠤᠯᠵᠢ᠂ ᠢᠯᠴᠢ ᠶᠢᠨ ᠲᠣᠣᠷ᠂ ᠢᠯᠴᠢ ᠶᠢᠨ | ᠥᠷᠲᠡᠭᠡ᠂ ᠰᠠᠭᠤᠭᠠᠯᠢ ᠡᠷᠦᠬᠡ ᠵᠡᠷᠭᠡ ᠳᠤ ᠣᠯᠠᠨ ᠡᠭᠡᠯᠵᠢ ᠪᠥᠬᠦ ᠬᠡᠯᠬᠢᠶᠡᠰᠦ ᠶᠢᠨ ᠪᠠᠶᠢᠴᠠᠭᠠᠯᠲᠠ ᠬᠢᠵᠦ᠂ | ᠳᠤᠯᠠᠭᠠᠯᠭ᠎ᠠ ᠮᠠᠭᠤ ︽ᠡᠪᠡᠳᠴᠢᠨ ᠤ ᠦᠨᠳᠦᠰᠦ︾ ᠶᠢ ᠣᠨᠣᠪᠴᠢᠲᠠᠶ ᠡᠷᠢᠵᠦ᠂ ᠲᠥᠷᠥᠯ ᠵᠦᠢᠯ ᠤᠨ ᠨᠠᠷᠢᠨ | ᠲᠠᠩᠰᠠ ᠶᠢ ᠪᠠᠶᠢᠭᠤᠯᠤᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠢᠯᠴᠢ ᠶᠢᠨ ᠬᠦᠴᠦᠨ ᠤ ᠥᠷᠲᠡᠭᠡ ᠨᠢ ᠢᠯᠴᠢ ᠡᠭᠦᠰᠬᠡᠭᠴᠢ ᠪᠠ ᠬᠡᠷᠡᠭᠯᠡᠭᠴᠢ ᠶᠢ | ᠬᠤᠯᠪᠣᠬᠤ ᠴᠢᠬᠤᠯᠠ ᠬᠦᠢᠰᠦ ᠪᠣᠯᠤᠭᠰᠠᠨ ᠤ ᠬᠤᠪᠢ ᠳᠤ᠂ ᠲᠡᠭᠦᠨ ᠤ ᠠᠵᠢᠯᠯᠠᠭᠠᠨ ᠤ ᠴᠢᠳᠠᠮᠵᠢ ᠨᠢ ᠢᠯᠴᠢ | ᠬᠠᠩᠭᠠᠬᠤ ᠪᠦᠬᠦᠯᠢ ᠴᠣᠭᠴᠠ ᠶᠢᠨ ᠬᠢᠷᠢ ᠲᠦᠪᠰᠢᠨ ᠢ ᠰᠢᠭᠤᠳ ᠨᠥᠯᠥᠭᠡᠯᠡᠳᠡᠭ᠃ ᠲᠠᠨᠢᠯᠴᠠᠭᠤᠯᠤᠭᠰᠠᠨ ᠢᠶᠠᠷ᠂ | ᠥᠪᠥᠷ ᠮᠣᠩᠭᠤᠯ ᠤᠨ ᠬᠡᠰᠡᠭ ᠭᠠᠵᠠᠷ ᠣᠷᠣᠨ ᠤ ᠢᠯᠴᠢ ᠶᠢᠨ ᠬᠦᠴᠦᠨ ᠤ ᠥᠷᠲᠡᠭᠡ ᠶᠢᠨ ᠠᠰᠢᠭᠯᠠᠮᠵᠢ ᠳᠣᠣᠷ᠎ᠠ᠂ | ᠤᠰᠤᠨ ᠬᠥᠭᠡᠷᠭᠡ ᠵᠢᠴᠢ ᠮᠠᠰᠢᠨ ᠲᠦᠭᠦᠭᠡᠷᠦᠮᠵᠢ ᠶᠢᠨ ᠴᠢᠳᠠᠮᠵᠢ ᠠᠨᠠᠢ᠂ ᠬᠡᠮᠵᠢᠭᠦᠷᠯᠢᠭ ᠤᠨ ᠤᠭᠰᠠᠷᠠᠯᠲᠠ ᠵᠢᠷᠤᠮᠵᠢᠯ | ᠦᠭᠡᠢ᠂ ᠣᠶᠤᠨᠴᠢᠯᠠᠭᠰᠠᠨ ᠬᠢᠷᠢ ᠲᠦᠪᠰᠢᠨ ᠳᠣᠣᠷ᠎ᠠ᠂ ᠬᠠᠮᠢᠶᠠᠷᠤᠯᠲᠠ ᠪᠦᠳᠦᠭᠦᠯᠢᠭ ᠵᠡᠷᠭᠡ ᠠᠰᠠᠭᠤᠳᠠᠯ ᠨᠡᠶᠢᠳᠡᠮ | ᠣᠷᠣᠰᠢᠵᠤ ᠪᠠᠶᠢᠨ᠎ᠠ᠃ | ᠥᠪᠥᠷ ᠮᠣᠩᠭᠤᠯ ᠤᠨ ᠢᠯᠴᠢ ᠶᠢᠨ ᠬᠦᠴᠦᠨ ᠤ ᠥᠷᠲᠡᠭᠡ ᠶᠢᠨ ᠣᠶᠤᠨᠴᠢᠯᠠᠬᠤ᠂ ᠪᠠᠷᠢᠮᠵᠢᠶᠠᠵᠢᠭᠤᠯᠬᠤ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽ᠢᠯᠴᠢ ᠶᠢᠨ ᠬᠦᠴᠦᠨ ᠤ | ᠥᠷᠲᠡᠭᠡ ᠶᠢᠨ ᠪᠠᠷᠢᠮᠵᠢᠶᠠᠵᠢᠭᠤᠯᠤᠨ ᠥᠭᠡᠷᠡᠴᠢᠯᠡᠬᠦ ᠮᠡᠷᠭᠡᠵᠢᠯ ᠤᠨ ᠵᠢᠯᠣᠭᠤᠳᠤᠮᠵᠢ︾ ᠶᠢ ᠳᠠᠷᠤᠮᠠᠯᠯᠠᠨ ᠲᠠᠷᠬᠠᠭᠠᠵᠤ᠂ | ᠬᠡᠷᠡᠭᠴᠡᠭᠡ ᠶᠣᠰᠣᠭᠠᠷ ᠢᠯᠴᠢ ᠬᠠᠩᠭᠠᠬᠤ᠂ ᠨᠠᠷᠢᠯᠢᠭ ᠣᠨᠣᠴᠠᠲᠠᠢ ᠪᠠᠷ ᠢᠯᠴᠢ ᠬᠠᠩᠭᠠᠬᠤ ᠰᠢᠨ᠎ᠡ ᠬᠡᠯᠪᠡᠷᠢ ᠶᠢᠨ | ᠣᠶᠤᠨᠴᠢ ᠢᠯᠴᠢ ᠬᠠᠩᠭᠠᠬᠤ ᠵᠠᠭᠪᠤᠷ ᠢ ᠪᠡᠶᠡᠯᠡᠭᠦᠯᠬᠦ ᠶᠢ ᠠᠬᠢᠭᠤᠯᠪᠠ᠃ | ᠳᠤᠷᠠᠳᠤᠭᠤᠰᠢᠲᠠᠢ ᠵᠦᠢᠯ ᠭᠡᠪᠡᠯ᠂ ᠥᠪᠥᠷ ᠮᠣᠩᠭᠤᠯ ᠣᠶᠤᠨᠴᠢ ᠢᠯᠴᠢ ᠬᠠᠩᠭᠠᠬᠤ ᠶᠢ ᠥᠭᠡᠷᠡᠴᠢᠯᠡᠨ ᠲᠠᠰ | ᠳᠡᠪᠰᠢᠭᠦᠯᠬᠦ ᠶᠢ ᠬᠡᠷᠡᠭᠵᠢᠭᠦᠯᠵᠦ᠂ ᠢᠯᠴᠢ ᠬᠠᠩᠭᠠᠬᠤ ᠨᠢᠭᠡᠳᠦᠭᠡᠷ ᠳᠡᠰ ᠤᠨ ᠬᠤᠭᠤᠯᠠᠢ ᠲᠣᠣᠷ᠂ ᠢᠯᠴᠢ ᠶᠢᠨ | ᠬᠦᠴᠦᠨ ᠤ ᠥᠷᠲᠡᠭᠡ᠂ ᠬᠤᠶᠠᠳᠤᠭᠠᠷ ᠳᠡᠰ ᠤᠨ ᠬᠤᠭᠤᠯᠠᠢ ᠲᠣᠣᠷ ᠲᠤ ᠠᠵᠢᠯᠯᠠᠭᠠᠨ ᠤ ᠪᠣᠯᠵᠣᠯᠲᠤ ᠲᠤᠭ᠎ᠠ ᠶᠢᠨ | ᠴᠤᠭᠯᠠᠭᠤᠯᠤᠭᠴᠢ ᠶᠢ ᠨᠡᠮᠡᠨ ᠤᠭᠰᠠᠷᠠᠵᠤ᠂ ᠢᠯᠴᠢ ᠬᠠᠩᠭᠠᠬᠤ ᠲᠤᠬᠠᠢ ᠶᠢᠨ ᠴᠠᠭ ᠤᠨ ᠠᠵᠢᠯᠯᠠᠭᠠᠨ ᠤ ᠪᠣᠯᠵᠣᠯᠲᠤ | ᠲᠤᠭ᠎ᠠ ᠶᠢ ᠡᠵᠡᠮᠰᠢᠪᠡ︔ ᠢᠯᠴᠢ ᠬᠠᠩᠭᠠᠬᠤ ᠬᠤᠭᠤᠯᠠᠢ ᠲᠣᠣᠷ ᠤᠨ ᠲᠡᠩᠴᠡᠭᠦᠷᠢ ᠶᠢᠨ ᠲᠣᠨᠣᠭᠯᠠᠯ ᠢ ᠨᠡᠮᠡᠨ | ᠤᠭᠰᠠᠷᠠᠵᠤ᠂ ᠬᠡᠷᠡᠭᠯᠡᠭᠴᠢ᠂ ᠢᠯᠴᠢ ᠬᠠᠩᠭᠠᠬᠤ ᠶᠢ ᠲᠡᠩᠴᠡᠭᠦᠷᠢᠲᠡᠢ ᠪᠠᠶᠢᠯᠭᠠᠬᠤ ᠶᠢ ᠪᠠᠲᠤᠯᠠᠬᠤ ᠶᠢᠨ ᠬᠠᠮᠲᠤ ᠢᠯᠴᠢ | ᠬᠠᠩᠭᠠᠬᠤ ᠰᠢᠰᠲ᠋ᠧᠮ ᠢ ᠲᠣᠬᠢᠷᠠᠭᠤᠯᠤᠨ ᠡᠵᠡᠮᠳᠡᠭᠰᠡᠨ ᠤ ᠲᠠᠷᠠᠭ᠎ᠠ ᠢᠯᠴᠢ ᠬᠠᠩᠭᠠᠬᠤ ᠰᠢᠰᠲ᠋ᠧᠮ ᠰᠠᠮᠠᠭᠤᠷᠠᠬᠤ | ᠠᠰᠠᠭᠤᠳᠠᠯ ᠭᠠᠷᠬᠤ ᠠᠴᠠ ᠵᠠᠶᠢᠯᠠᠰᠬᠢᠪᠡ︔ ᠪᠥᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠲᠣᠮᠣ ᠳ᠋ᠠᠶᠢᠲ᠋ᠠ ᠶᠢᠨ | ᠲᠠᠪᠴᠠᠩ ᠢ ᠠᠰᠢᠭᠯᠠᠨ᠂ ︽ᠥᠪᠡᠷᠲᠡᠭᠡᠨ ᠵᠠᠰᠠᠬᠤ ᠣᠷᠣᠨ — ᠠᠶᠢᠮᠠᠭ ᠬᠤᠲᠠ— ᠬᠤᠰᠢᠭᠤ ᠰᠢᠶᠠᠨ︾ ᠤ | ᠰᠠᠭᠤᠭᠠᠯᠢ ᠠᠷᠠᠳ ᠤᠨ ᠭᠡᠷ ᠤᠨ ᠳᠤᠯᠠᠭᠠᠨ ᠤ ᠬᠢᠨᠠᠨ ᠬᠡᠮᠵᠢᠯᠲᠡ ᠶᠢᠨ ᠬᠠᠮᠲᠤᠷᠠᠨ ᠬᠥᠳᠡᠯᠦᠯᠴᠡᠬᠦ ᠰᠢᠰᠲ᠋ᠧᠮᠵᠢ ᠶᠢ | ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠢᠶᠠᠷ ᠨᠢᠭᠡᠴᠢ ᠪᠣᠯᠭᠠᠨ᠂ 3% — 5% ᠶᠢᠨ | ᠬᠠᠷᠢᠴᠠᠯ ᠢᠶᠠᠷ ᠭᠡᠷ ᠤᠨ ᠳᠤᠯᠠᠭᠠᠨ ᠤ ᠬᠡᠮᠵᠢᠭᠦᠷ ᠤᠭᠰᠠᠷᠠᠵᠤ᠂ ᠭᠡᠷ ᠤᠨ ᠳᠤᠯᠠᠭᠠᠨ ᠢ ᠰᠦᠯᠵᠢᠶᠡᠨ ᠳᠡᠭᠡᠷ᠎ᠡ ᠬᠢᠨᠠᠨ | ᠬᠡᠮᠵᠢᠬᠦ ᠳᠦᠷᠢᠮ ᠢ ᠪᠠᠶᠢᠭᠤᠯᠤᠨ᠂ ᠣᠯᠠᠨ ᠲᠦᠮᠡᠨ ᠤ ᠵᠠᠭᠠᠯᠳᠤᠯᠭ᠎ᠠ ᠶᠢ ᠰᠠᠨᠠᠭᠠᠴᠢᠯᠠᠭ᠎ᠠ ᠪᠤᠰᠤ ᠰᠢᠢᠳᠪᠦᠷᠢᠯᠡᠬᠦ ᠠᠴᠠ | ᠤᠷᠢᠳᠴᠢᠯᠠᠨ ᠰᠡᠷᠡᠮᠵᠢᠯᠡᠵᠦ ᠰᠠᠨᠠᠭᠠᠴᠢᠯᠠᠭ᠎ᠠ ᠠᠴᠠ ᠪᠠᠨ ᠢᠯᠡᠷᠡᠭᠦᠯᠦᠭᠰᠡᠨ ᠠᠰᠠᠭᠤᠳᠠᠯ ᠢ ᠰᠢᠢᠳᠪᠦᠷᠢᠯᠡᠬᠦ ᠳᠠᠰᠢ | ᠬᠤᠪᠢᠷᠠᠭᠤᠯᠪᠠ᠃ | ᠦᠬᠠᠢ ᠬᠤᠲᠠ ᠳᠤ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠪᠠᠷᠢᠯᠭ᠎ᠠ ᠳᠤ ᠡᠷᠦᠬᠡ | ᠬᠤᠪᠢᠶᠠᠨ ᠢᠯᠴᠢ ᠶᠢᠨ ᠬᠡᠮᠵᠢᠭᠦᠷ᠂ ᠳᠤᠯᠠᠭᠠᠨ ᠤ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠪᠠ ᠢᠯᠴᠢ ᠬᠠᠩᠭᠠᠬᠤ | ᠰᠢᠰᠲ᠋ᠧᠮ ᠢ ᠲᠣᠬᠢᠷᠠᠭᠤᠯᠤᠨ ᠡᠵᠡᠮᠳᠡᠬᠦ ᠲᠥᠬᠦᠭᠡᠷᠦᠮᠵᠢ ᠤᠭᠰᠠᠷᠠᠵᠤ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠲᠤ ᠣᠶᠤᠨᠴᠢ ᠢᠯᠴᠢ ᠬᠠᠩᠭᠠᠬᠤ ᠲᠥᠬᠦᠭᠡᠷᠦᠮᠵᠢ ᠶᠢ ᠲᠤᠷᠰᠢᠨ ᠤᠭᠰᠠᠷᠠᠪᠠ᠃ ᠦᠬᠠᠢ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ | ᠤᠳᠤᠷᠢᠳᠤᠯᠭ᠎ᠠ ᠢᠯᠡᠷᠬᠡᠶᠢᠯᠡᠬᠦ ᠳᠡᠭᠡᠨ᠄ ︽ᠢᠯᠴᠢ ᠶᠢᠨ ᠬᠡᠮᠵᠢᠭᠦᠷ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠡᠷᠡᠭᠯᠡᠭᠴᠢ | ᠴᠠᠭ ᠠᠭᠤᠷ ᠤᠨ ᠪᠠᠶᠢᠳᠠᠯ ᠪᠠ ᠥᠪᠡᠷ ᠤᠨ ᠬᠡᠷᠡᠭᠴᠡᠭᠡ ᠪᠠᠨ ᠦᠨᠳᠦᠰᠦᠯᠡᠨ᠂ ᠭᠠᠷ ᠤᠲᠠᠰᠤ ᠪᠠᠷ ᠭᠡᠷ ᠤᠨ | ᠳᠤᠯᠠᠭᠠᠨ ᠢ ᠠᠯᠤᠰ ᠠᠴᠠ ᠲᠣᠬᠢᠷᠠᠭᠤᠯᠵᠤ᠂ ᠥᠩᠭᠡᠷᠡᠭᠰᠡᠨ ᠤ ᠭᠠᠷ ᠢᠶᠠᠷ ᠲᠣᠬᠢᠷᠠᠭᠤᠯᠵᠤ ᠪᠠᠶᠢᠭᠰᠠᠨ ᠶᠠᠷᠰᠢᠭ | ᠲᠦᠪᠡᠭᠲᠡᠢ ᠠᠵᠢᠯᠯᠠᠭ᠎ᠠ ᠶᠢ ᠬᠤᠪᠢᠷᠠᠭᠤᠯᠵᠤ᠂ ᠬᠡᠷᠡᠭᠯᠡᠭᠴᠢ ᠶᠢᠨ ᠠᠳᠠᠯᠢ ᠪᠤᠰᠤ ᠢᠯᠴᠢ ᠶᠢᠨ ᠬᠡᠷᠡᠭᠴᠡᠭᠡ ᠶᠢ | ᠬᠠᠩᠭᠠᠭᠰᠠᠨ ᠢᠶᠠᠷ ᠪᠠᠷᠠᠬᠤ ᠦᠭᠡᠢ ᠪᠠᠰᠠ 30% ᠶᠢᠨ ᠳᠤᠯᠠᠭᠠᠯᠠᠭ᠎ᠠ ᠶᠢᠨ ᠵᠠᠷᠤᠳᠠᠯ ᠢ ᠠᠷᠪᠢᠯᠠᠵᠤ ᠪᠣᠯᠣᠨ᠎ᠠ᠂ ᠪᠥᠬᠦ | ᠬᠤᠲᠠ ᠶᠢᠨ ᠢᠯᠴᠢ ᠬᠠᠩᠭᠠᠬᠤ ᠢᠯᠴᠢ ᠶᠢᠨ ᠬᠤᠷᠣᠭᠳᠠᠯ ᠭᠤᠷᠪᠠᠨ ᠵᠢᠯ ᠳᠠᠷᠠᠭᠠᠯᠠᠨ ᠠᠳᠠᠯᠢ ᠬᠤᠭᠤᠴᠠᠭᠠᠨ ᠤ | ᠬᠢ ᠠᠴᠠ 5% ᠪᠠᠷ ᠪᠠᠭᠤᠷᠠᠪᠠ︾ ᠭᠡᠵᠡᠢ᠃ | ᠣᠲᠣ ᠪᠣᠯᠲᠠᠯ᠎ᠠ᠂ ᠥᠪᠥᠷ ᠮᠣᠩᠭᠤᠯ 68 ᠰᠠᠭᠤᠷᠢ ᠢᠯᠴᠢ ᠶᠢᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ | ᠪᠠ ᠥᠭᠡᠷᠡᠴᠢᠯᠡᠯᠲᠡ ᠶᠢ ᠪᠡᠶᠡᠯᠡᠭᠦᠯᠪᠡ︔ ᠢᠯᠴᠢ ᠬᠠᠩᠭᠠᠬᠤ ᠨᠢᠭᠡᠳᠦᠭᠡᠷ ᠳᠡᠰ ᠤᠨ ᠬᠤᠭᠤᠯᠠᠢ ᠲᠣᠣᠷ ᠢ 815 | ᠺᠢᠯᠣᠮᠧᠲᠷ᠂ ᠢᠯᠴᠢ ᠡᠭᠦᠰᠬᠡᠭᠴᠢ ᠶᠢᠨ ᠬᠤᠯᠪᠣᠯᠳᠤᠨ ᠨᠡᠪᠲᠡᠷᠡᠯᠴᠡᠬᠦ ᠬᠤᠭᠤᠯᠠᠢ ᠲᠣᠣᠷ ᠢ 136 ᠺᠢᠯᠣᠮᠧᠲᠷ | ᠦᠭᠡᠷᠡᠴᠢᠯᠡᠨ ᠪᠠᠶᠢᠭᠤᠯᠬᠤ ᠶᠢ ᠪᠡᠶᠡᠯᠡᠭᠦᠯᠪᠡ︔ ᠢᠯᠴᠢ ᠶᠢᠨ ᠬᠦᠴᠦᠨ ᠤ ᠥᠷᠲᠡᠭᠡ ᠶᠢ 3064 ᠡᠷᠦᠬᠡ᠂ ᠢᠯᠴᠢ | ᠬᠠᠩᠭᠠᠬᠤ ᠬᠤᠶᠠᠳᠤᠭᠠᠷ ᠳᠡᠰ ᠤᠨ ᠬᠤᠭᠤᠯᠠᠢ ᠲᠣᠣᠷ ᠢ 5970 ᠺᠢᠯᠣᠮᠧᠲᠷ᠂ ᠠᠰᠠᠷ ᠲᠠᠭᠲᠤ ᠶᠢᠨ ᠪᠣᠰᠤᠭ᠎ᠠ | ᠬᠤᠭᠤᠯᠠᠢ ᠶᠢ 2870 ᠺᠢᠯᠣᠮᠧᠲᠷ᠂ ᠭᠡᠷ ᠳᠣᠲᠣᠷᠠᠬᠢ ᠰᠢᠰᠲ᠋ᠧᠮ ᠢ 4.6 ᠲᠦᠮᠡᠨ ᠡᠷᠦᠬᠡ ᠳᠤ ᠥᠭᠡᠷᠡᠴᠢᠯᠡᠨ | ᠪᠠᠶᠢᠭᠤᠯᠪᠠ︔ ᠣᠶᠤᠨᠲᠤ ᠢᠯᠴᠢ ᠬᠠᠩᠭᠠᠬᠤ ᠲᠥᠷᠥᠯ ᠵᠦᠢᠯ 108 ᠶᠢ ᠪᠡᠶᠡᠯᠡᠭᠦᠯᠪᠡ᠃ | 10 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠢᠯᠴᠢ ᠬᠠᠩᠭᠠᠬᠤ 28 ᠬᠤᠰᠢᠭᠤ ᠰᠢᠶᠠᠨ ᠲᠣᠭᠤᠷᠢᠭ | ᠨᠢ ᠴᠥᠮ ᠴᠠᠭ ᠬᠤᠭᠤᠴᠠᠭ᠎ᠠ ᠶᠤᠰᠤᠭᠠᠷ ᠢᠯᠴᠢ ᠬᠠᠩᠭᠠᠵᠤ᠂ 10 ᠳ᠋ᠤᠭᠠᠷ ᠰᠠᠷ᠎ᠠ ᠶᠢᠨ 15 ᠤ ᠡᠳᠦᠷ ᠢᠯᠴᠢ | ᠬᠠᠩᠭᠠᠬᠤ 75 ᠬᠤᠰᠢᠭᠤ ᠰᠢᠶᠠᠨ ᠲᠣᠭᠤᠷᠢᠭ ᠤᠨ ᠳᠣᠲᠣᠷᠠᠬᠢ 46 ᠬᠤᠰᠢᠭᠤ ᠰᠢᠶᠠᠨ ᠲᠣᠭᠤᠷᠢᠭ ᠨᠢ | ᠤᠷᠢᠳᠴᠢᠯᠠᠨ ᠢᠯᠴᠢ ᠬᠠᠩᠭᠠᠵᠤ᠂ ᠪᠤᠰᠤᠳ ᠭᠠᠵᠠᠷ ᠣᠷᠣᠨ ᠨᠢ ᠴᠥᠮ ᠢᠯᠴᠢ ᠬᠠᠩᠭᠠᠬᠤ ᠨᠥᠬᠦᠴᠡᠯ ᠢ | ᠪᠦᠷᠢᠳᠦᠭᠦᠯᠵᠦ᠂ ᠲᠤᠬᠠᠢ ᠶᠢᠨ ᠭᠠᠵᠠᠷ ᠤᠨ ᠠᠭᠠᠷ ᠤᠨ ᠳᠤᠯᠠᠭᠠᠨ ᠤ ᠬᠤᠪᠢᠷᠠᠯᠲᠠ ᠶᠢ ᠦᠨᠳᠦᠰᠦᠯᠡᠨ᠂ ᠴᠠᠭ | ᠲᠤᠬᠠᠢ ᠳᠤᠨᠢ ᠢᠯᠴᠢ ᠬᠠᠩᠭᠠᠨ᠎ᠠ᠃ | ᠢᠷᠡᠯᠲᠡ᠄ ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠰᠤᠪᠠᠭ |