ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ ᠲᠤᠬᠢᠷᠠᠭᠤᠯᠤᠯᠳᠠ ᠬᠢᠨ᠎ᠡ  ᠵᠠᠭᠤᠨ ᠲᠦᠮᠡᠨ ᠲᠦᠭᠦᠷᠢᠭ ᠤᠨ ᠤᠷᠤᠨ ᠰᠠᠭᠤᠴᠠ ᠶᠢᠨ ᠵᠢᠭᠡᠯᠡᠯᠭᠡ ᠠᠪᠤᠭᠴᠢ ᠰᠠᠷ᠎ᠠ ᠪᠦᠷᠢ ᠪᠠᠷᠤᠭ 170 ᠲᠥᠭᠦᠷᠢᠭ ᠠᠷᠠᠳ ᠤᠨ ᠵᠣᠭᠤᠰ ᠠᠷᠪᠢᠯᠠᠨ᠎ᠠ
ᠨᠡᠶᠢᠲᠡᠯᠡᠭᠰᠡᠨ ᠴᠠᠭ᠄
2024/10/16
      ︽ᠪᠠᠩᠬᠢ ᠶᠢᠨ ᠨᠡᠶᠢᠲᠡᠯᠡᠭᠰᠡᠨ ᠬᠦᠦ ᠮᠥᠩᠭᠦ ᠶᠢᠨ ᠨᠣᠷᠮ᠎ᠠ ᠶᠢ ᠳᠣᠷᠣᠭᠰᠢᠯᠠᠭᠤᠯᠤᠭᠰᠠᠨ ᠮᠡᠳᠡᠭᠡ ᠶᠢ ᠦᠵᠡᠭᠡᠳ ᠪᠢ ᠶᠡᠭᠡ ᠪᠠᠶᠠᠷᠯᠠᠵᠤ ᠪᠠᠶᠢᠨ᠎ᠠ᠃ ᠮᠢᠨᠦ ᠬᠤᠶᠠᠳᠤᠭᠠᠷ ᠢᠵᠢ ᠭᠡᠷ ᠪᠠᠶᠢᠰᠢᠩ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ 5.2% ᠪᠠᠶᠢᠭᠰᠠᠨ ᠠᠴᠠ ᠪᠠᠨ 3.65% ᠪᠣᠯᠵᠤ ᠪᠠᠭᠤᠷᠠᠬᠤ ᠪᠣᠯᠣᠨ᠎ᠠ᠂ ᠢᠩᠭᠢᠪᠡᠯ ᠪᠢ ᠰᠠᠷ᠎ᠠ ᠳᠤ 1300 ᠭᠠᠷᠤᠢ ᠲᠥᠭᠦᠷᠢᠭ ᠳᠤᠲᠠᠭᠤ ᠲᠦᠯᠦᠨ᠎ᠡ᠂ ᠪᠠᠭ᠎ᠠ ᠪᠤᠰᠤ ᠳᠠᠷᠤᠭᠠᠰᠤ ᠶᠢ ᠬᠦᠩᠭᠡᠯᠡᠵᠡᠢ︾ ᠭᠡᠵᠦ ᠦᠬᠠᠨ ᠤ ᠵᠸᠦ ᠠᠪᠤᠭᠠᠢ ᠬᠡᠯᠡᠪᠡ᠃ ᠲᠦᠷᠦᠭᠦᠬᠡᠨ᠂ 20 ᠭᠠᠷᠤᠢ ᠪᠠᠩᠬᠢ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ ᠨᠠᠷᠢᠨ ᠳᠦᠷᠢᠮ ᠢ ᠵᠠᠯᠭᠠᠭ᠎ᠠ ᠪᠠᠷ ᠨᠡᠶᠢᠲᠡᠯᠡᠵᠦ᠂ 10 ᠳ᠋ᠤᠭᠠᠷ ᠰᠠᠷ᠎ᠠ ᠶᠢᠨ 25 ᠤ ᠡᠳᠦᠷ ᠬᠤᠪᠢ ᠬᠥᠮᠥᠨ ᠤ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ ᠪᠥᠭᠡᠮ ᠢᠶᠠᠷ ᠲᠣᠬᠢᠷᠠᠭᠤᠯᠤᠯᠲᠠ ᠬᠢᠬᠦ ᠪᠠᠷ ᠲᠣᠭᠲᠠᠪᠠ᠃ ᠡᠭᠦᠨ ᠤ ᠵᠡᠷᠭᠡ ᠳᠤ᠂ ᠮᠠᠰᠢ ᠣᠯᠠᠨ ᠪᠠᠩᠬᠢ ᠶᠢᠨ App ᠳᠤ ᠣᠷᠣᠨ ᠰᠠᠭᠤᠴᠠ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠲᠤᠰᠬᠠᠢ ᠪᠤᠯᠤᠩ ᠭᠠᠷᠭᠠᠵᠤ᠂ ᠣᠳᠣᠬᠠᠨ ᠤ ᠬᠦᠦ ᠮᠥᠩᠭᠦ ᠶᠢᠨ ᠨᠣᠷᠮ᠎ᠠ ᠶᠢ ᠳᠣᠷᠣᠭᠰᠢᠯᠠᠭᠤᠯᠤᠭᠰᠠᠨ ᠪᠣᠳᠠᠲᠠᠢ ᠪᠠᠶᠢᠳᠠᠯ ᠢ ᠪᠠᠶᠢᠴᠠᠭᠠᠨ ᠯᠠᠪᠯᠠᠵᠤ ᠪᠣᠯᠣᠨ᠎ᠠ᠃      ᠲᠣᠰ ᠤᠳᠠᠭ᠎ᠠ ᠪᠥᠭᠡᠮ ᠢᠶᠠᠷ ᠲᠣᠬᠢᠷᠠᠭᠤᠯᠤᠭᠰᠠᠨ ᠤ ᠳᠠᠷᠠᠭ᠎ᠠ᠂ ᠵᠢᠭᠡᠯᠡᠯᠭᠡ ᠠᠪᠤᠭᠴᠢ ᠴᠣᠬᠤᠮ ᠬᠡᠳᠦᠢ ᠵᠣᠭᠤᠰ ᠠᠷᠪᠢᠯᠠᠵᠤ ᠪᠣᠯᠬᠤ ᠪᠣᠶ︖ 100 ᠲᠦᠮᠡᠨ ᠲᠥᠭᠦᠷᠢᠭ᠂ 30 ᠵᠢᠯ ᠤᠨ ᠬᠤᠭᠤᠴᠠᠭ᠎ᠠ ᠲᠠᠢ ᠵᠢᠭᠡᠯᠡᠯᠭᠡ ᠪᠠᠷ ᠵᠢᠱᠢᠶᠡᠯᠡᠪᠡᠯ᠂ ᠡᠬᠡ ᠬᠦᠦ ᠮᠦᠩᠭᠦ ᠶᠢ ᠬᠠᠮᠳᠦ ᠲᠤᠨᠢ ᠪᠤᠴᠠᠭᠠᠬᠤ ᠠᠷᠭ᠎ᠠ ᠮᠠᠶ᠋ᠢᠭ ᠢ ᠰᠣᠩᠭᠤᠪᠠᠯ᠂ ᠣᠳᠣᠬᠠᠨ ᠳᠤ LPR ︵ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠬᠦᠦ ᠮᠦᠩᠭᠦ ᠶᠢᠨ ᠨᠣᠷᠮ᠎ᠠ︶ 3.85%᠂ ᠲᠣᠬᠢᠷᠠᠭᠤᠯᠤᠯᠲᠠ ᠬᠢᠭᠰᠡᠨ ᠤ ᠳᠠᠷᠠᠭ᠎ᠠ ᠰᠠᠷ᠎ᠠ ᠪᠦᠷᠢ ᠪᠠᠷᠤᠭ ᠲᠤᠳᠠᠭᠤ 170 ᠲᠥᠭᠦᠷᠢᠭ ᠠᠷᠠᠳ ᠤᠨ ᠵᠣᠭᠤᠰ ᠲᠦᠯᠦᠬᠦ ᠪᠣᠯᠣᠨ᠎ᠠ᠃      ᠡᠯ᠎ᠡ ᠪᠠᠩᠬᠢ ᠶᠢᠨ ᠨᠡᠶᠢᠲᠡᠯᠡᠭᠰᠡᠨ ᠠᠯᠪᠠᠨ ᠵᠠᠷ ᠢ ᠦᠨᠳᠦᠰᠦᠯᠡᠪᠡᠯ᠂ ᠲᠣᠰ ᠤᠳᠠᠭᠠᠨ ᠤ ᠲᠣᠬᠢᠷᠠᠭᠤᠯᠤᠯᠲᠠ ᠳᠤ ᠣᠷᠣᠭᠤᠯᠤᠭᠰᠠᠨ ᠵᠢᠭᠡᠯᠡᠯᠭᠡ ᠳᠤ ᠬᠤᠶᠠᠷ ᠵᠦᠢᠯ ᠪᠠᠭᠲᠠᠨ᠎ᠠ᠂ ᠨᠢᠭᠡᠳᠦᠭᠡᠷ ᠵᠦᠢᠯ ᠨᠢ ᠬᠥᠳᠡᠯᠦᠩᠭᠦᠢ ᠬᠦᠦ ᠮᠥᠩᠭᠦ ᠶᠢᠨ ᠨᠣᠷᠮ᠎ᠠ ᠶᠢ ᠬᠡᠷᠡᠭᠯᠡᠬᠦ ᠮᠥᠷᠲᠡᠭᠡᠨ ᠪᠣᠯᠵᠣᠨ ᠲᠣᠭᠲᠠᠭᠰᠠᠨ ᠬᠦᠦ ᠮᠥᠩᠭᠦ ᠶᠢᠨ ᠨᠣᠷᠮ᠎ᠠ ᠨᠢ LPR-30BP ︵ᠰᠠᠭᠤᠷᠢ ᠴᠡᠭ︶ ᠠᠴᠠ ᠥᠨᠳᠥᠷ ᠪᠠᠶᠢᠬᠤ ᠵᠢᠭᠡᠯᠡᠯᠭᠡ ᠪᠣᠯᠣᠨ᠎ᠠ᠂ ᠬᠡᠷᠪᠡ ᠬᠠᠮᠤᠭ ᠤᠨ ᠰᠢᠨ᠎ᠡ LPR ᠢᠶᠠᠷ ᠪᠠᠶᠢᠴᠠᠭᠠᠨ ᠰᠢᠨᠵᠢᠯᠡᠪᠡᠯ᠂ ᠪᠣᠯᠵᠣᠨ ᠲᠣᠭᠲᠠᠭᠰᠠᠨ ᠬᠦᠦ ᠮᠥᠩᠭᠦ ᠶᠢᠨ ᠨᠣᠷᠮ᠎ᠠ  ᠨᠢ 3.55% ᠠᠴᠠ ᠥᠨᠳᠥᠷ ᠪᠠᠶᠢᠬᠤ ᠵᠢᠭᠡᠯᠡᠯᠭᠡ ᠪᠣᠯᠣᠨ᠎ᠠ︔ ᠬᠤᠶᠠᠳᠤᠭᠠᠷ ᠵᠦᠢᠯ ᠨᠢ ᠬᠦᠦ ᠮᠥᠩᠭᠦ ᠶᠢᠨ ᠪᠠᠷᠢᠮᠵᠢᠶ᠎ᠠ ᠨᠤᠷᠮ᠎ᠠ ᠪᠤᠶᠤ ᠲᠣᠭᠲᠠᠮᠠᠯ ᠬᠦᠦ ᠮᠥᠩᠭᠦ ᠶᠢᠨ ᠨᠤᠷᠮ᠎ᠠ ᠶᠢ ᠬᠡᠷᠡᠭᠯᠡᠭᠰᠡᠨ ᠵᠢᠭᠡᠯᠡᠯᠭᠡ ᠮᠥᠷᠲᠡᠭᠡᠨ ᠪᠣᠳᠠᠲᠠᠢ ᠬᠡᠷᠡᠭᠵᠢᠭᠦᠯᠦᠭᠰᠡᠨ ᠬᠦᠦ ᠮᠥᠩᠭᠦ ᠶᠢᠨ ᠨᠤᠷᠮ᠎ᠠ ᠨᠢ ᠣᠶᠢᠷ᠎ᠠ ᠶᠢᠨ ᠨᠢᠭᠡ ᠰᠠᠷ᠎ᠠ ᠶᠢᠨ LPR-30BP ᠠᠴᠠ ᠥᠨᠳᠥᠷ᠂ ᠲᠤᠬᠠᠶᠢᠯᠠᠪᠠᠯ 3.55% ᠠᠴᠠ ᠥᠨᠳᠥᠷ ᠵᠢᠭᠡᠯᠡᠯᠭᠡ ᠪᠣᠯᠣᠨ᠎ᠠ᠃      ᠨᠢᠭᠡᠨ ᠪᠠᠩᠬᠢ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠬᠥᠳᠡᠯᠦᠩᠭᠦᠢ ᠬᠦᠦ ᠮᠥᠩᠭᠦ ᠶᠢᠨ ᠨᠣᠷᠮ᠎ᠠ ᠶᠢ ᠬᠡᠷᠡᠭᠯᠡᠭᠰᠡᠨ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠲᠣᠬᠢᠷᠠᠭᠤᠯᠤᠯᠲᠠ ᠶᠢ ᠪᠠᠩᠬᠢ ᠠᠴᠠ ᠨᠢᠭᠡᠳᠦᠯᠲᠡᠢ ᠪᠥᠭᠡᠮ ᠢᠶᠠᠷ ᠲᠣᠬᠢᠷᠠᠭᠤᠯᠤᠨ᠎ᠠ᠂ ᠭᠡᠷ ᠪᠠᠶᠢᠰᠢᠩ ᠬᠤᠳᠠᠯᠳᠤᠨ ᠠᠪᠤᠭᠴᠢ ᠭᠤᠶᠤᠴᠢᠯᠠᠯ ᠭᠠᠷᠭᠠᠬᠤ ᠴᠢᠬᠤᠯᠠ ᠦᠭᠡᠢ᠃ ᠬᠡᠷᠪᠡ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠨᠢᠭᠡᠨᠲᠡ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠬᠦᠦ ᠮᠥᠩᠭᠦ ᠶᠢᠨ ᠨᠣᠷᠮ᠎ᠠ LPR-30BP ᠠᠴᠠ ᠳᠣᠣᠷ᠎ᠠ ᠪᠠᠶᠢᠪᠠᠯ ᠲᠣᠬᠢᠷᠠᠭᠤᠯᠤᠯᠲᠠ ᠬᠢᠬᠦ ᠦᠭᠡᠢ᠃ ᠲᠣᠭᠲᠠᠮᠠᠯ ᠬᠦᠦ ᠶᠢᠨ ᠨᠣᠷᠮ᠎ᠠ ᠶᠢ ᠬᠡᠷᠡᠭᠯᠡᠭᠰᠡᠨ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢ ᠤᠷᠢᠳ ᠢᠶᠠᠷ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠬᠦᠦ  ᠶᠢᠨ ᠨᠣᠷᠮ᠎ᠠ ᠶᠢᠨ LPR ᠨᠡᠮᠡᠬᠦ ᠬᠠᠰᠤᠬᠤ ᠴᠡᠭ ᠤᠨ ᠬᠦᠳᠡᠯᠦᠩᠭᠦᠢ ᠬᠦᠦ ᠶᠢᠨ ᠨᠣᠷᠮ᠎ᠠ ᠪᠣᠯᠭᠠᠨ ᠬᠤᠪᠢᠷᠠᠭᠤᠯᠤᠭᠰᠠᠨ ᠤ ᠳᠠᠷᠠᠭ᠎ᠠ ᠪᠠᠩᠬᠢ ᠠᠴᠠ ᠰᠢᠭᠤᠳ ᠲᠣᠬᠢᠷᠠᠭᠤᠯᠤᠯᠲᠠ ᠬᠢᠬᠦ ᠪᠣᠯᠣᠨ᠎ᠠ᠃      ᠲᠣᠭᠲᠠᠮᠠᠯ ᠬᠦᠦ ᠮᠥᠩᠭᠦ ᠶᠢᠨ ᠨᠣᠷᠮ᠎ᠠ ᠪᠠ ᠰᠠᠭᠤᠷᠢ ᠬᠦᠦ ᠮᠥᠩᠭᠦ ᠶᠢᠨ ᠨᠣᠷᠮ᠎ᠠ ᠶᠢᠨ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠳᠤ ᠴᠢᠭᠯᠡᠭᠦᠯᠦᠨ᠂ ᠭᠡᠷ ᠪᠠᠶᠢᠰᠢᠩ ᠬᠤᠳᠠᠯᠳᠤᠨ ᠠᠪᠤᠭᠴᠢ ᠨᠢ ᠬᠦᠦ ᠮᠥᠩᠭᠦ ᠶᠢᠨ ᠨᠣᠷᠮ᠎ᠠ ᠶᠢᠨ ᠦᠨ᠎ᠡ ᠲᠣᠭᠲᠠᠭᠠᠬᠤ ᠬᠡᠯᠪᠡᠷᠢ ᠳᠤ ᠲᠣᠬᠢᠷᠠᠭᠤᠯᠤᠯᠲᠠ ᠬᠢᠬᠦ ᠪᠠᠷ ᠪᠠᠩᠬᠢ ᠳᠤ ᠭᠤᠶᠤᠴᠢᠯᠠᠬᠤ ᠬᠡᠷᠡᠭᠲᠡᠢ᠃ ︽ᠲᠣᠭᠲᠠᠮᠠᠯ ᠪᠠᠶᠢᠭᠰᠠᠨ ᠢ ᠬᠦᠳᠡᠯᠦᠩᠭᠦᠢ ᠪᠣᠯᠭᠠᠬᠤ︾ ᠭᠤᠶᠤᠴᠢᠯᠠᠯ ᠭᠠᠷᠭᠠᠬᠤ ᠴᠢᠬᠤᠯᠠᠲᠠᠢ ᠭᠡᠷ ᠪᠠᠶᠢᠰᠢᠩ ᠬᠤᠳᠠᠯᠳᠤᠨ ᠠᠪᠤᠭᠴᠢ 2024 ᠣᠨ ᠤ 10 ᠳ᠋ᠤᠭᠠᠷ ᠰᠠᠷ᠎ᠠ ᠶᠢᠨ 12 ᠤᠨ ᠡᠳᠦᠷ ︵ᠪᠠᠭᠲᠠᠨ᠎ᠠ︶ ᠠᠴᠠ ᠡᠬᠢᠯᠡᠨ᠂ ᠡᠯ᠎ᠡ ᠪᠠᠩᠬᠢ ᠶᠢᠨ ᠭᠠᠷ ᠤᠲᠠᠰᠤᠨ ᠤ ᠪᠠᠩᠬᠢ᠂ ᠬᠤᠪᠢ ᠬᠥᠮᠥᠨ ᠤ ᠵᠢᠭᠡᠯᠡᠯᠭᠡ ᠶᠢᠨ ᠲᠠᠪᠴᠠᠩ ᠵᠡᠷᠭᠡ ᠠᠯᠪᠠᠨ ᠤ ᠰᠦᠯᠵᠢᠶ᠎ᠡ ᠶᠢᠨ ᠠᠷᠭ᠎ᠠ ᠵᠠᠮ ᠢᠶᠠᠷ ᠳᠠᠮᠵᠢᠭᠤᠯᠤᠨ᠂ ᠰᠢᠰᠲ᠋ᠧᠮ ᠤᠨ ᠰᠠᠨᠠᠭᠤᠯᠤᠮᠵᠢ ᠶᠣᠰᠣᠭᠠᠷ ᠥᠪᠡᠰᠦᠪᠡᠨ ᠭᠦᠢᠴᠡᠳᠬᠡᠵᠦ ᠪᠣᠯᠣᠨ᠎ᠠ᠂ ᠪᠠᠰᠠ ᠵᠢᠭᠡᠯᠡᠯᠭᠡ ᠶᠢ ᠭᠠᠷᠲᠠᠨ ᠭᠦᠢᠴᠡᠳᠬᠡᠬᠦ ᠪᠠᠶᠢᠭᠤᠯᠤᠮᠵᠢ ᠲᠠᠢ ᠬᠠᠷᠢᠯᠴᠠᠵᠤ ᠭᠤᠶᠤᠴᠢᠯᠠᠨ ᠭᠦᠢᠴᠡᠳᠬᠡᠵᠦ ᠪᠣᠯᠣᠨ᠎ᠠ᠃      ᠵᠢᠱᠢᠶᠡᠯᠡᠪᠡᠯ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ᠂ ᠲᠣᠰ ᠤᠳᠠᠭᠠᠨ ᠤ ᠪᠥᠭᠡᠮ ᠢᠶᠠᠷ ᠲᠣᠬᠢᠷᠠᠭᠤᠯᠤᠯᠲᠠ ᠬᠢᠬᠦ ᠳᠤ ᠣᠷᠣᠭᠤᠯᠵᠤ ᠪᠣᠯᠬᠤ ᠬᠦᠦ ᠮᠥᠩᠭᠦ ᠶᠢᠨ ᠰᠠᠭᠤᠷᠢ ᠨᠣᠷᠮ᠎ᠠ ᠪᠠᠷ ᠦᠨ᠎ᠡ ᠲᠣᠭᠲᠠᠭᠠᠬᠤ ᠵᠢᠭᠡᠯᠡᠯᠭᠡ᠂ ᠲᠣᠭᠲᠠᠮᠠᠯ ᠬᠦᠦ ᠮᠥᠩᠭᠦ ᠶᠢᠨ ᠨᠣᠷᠮ᠎ᠠ ᠲᠠᠢ ᠵᠢᠭᠡᠯᠡᠯᠭᠡ ᠳᠤ᠂ ᠭᠡᠷ ᠪᠠᠶᠢᠰᠢᠩ ᠬᠤᠳᠠᠯᠳᠤᠨ ᠠᠪᠤᠭᠴᠢ ᠡᠷᠬᠡᠪᠰᠢ 2024 ᠣᠨ ᠤ 10 ᠳ᠋ᠤᠭᠠᠷ ᠰᠠᠷ᠎ᠠ ᠶᠢᠨ 23 ᠤ ᠡᠳᠦᠷ ︵ᠪᠠᠭᠲᠠᠨ᠎ᠠ︶ ᠠᠴᠠ ᠡᠮᠦᠨ᠎ᠡ᠂ ᠰᠠᠨᠠᠭᠠᠴᠢᠯᠠᠭ᠎ᠠ ᠠᠴᠠ ᠪᠠᠨ ᠲᠣᠰ ᠪᠠᠩᠬᠢ ᠳᠤ ︽ᠲᠣᠭᠲᠠᠮᠠᠯ ᠪᠠᠶᠢᠭᠰᠠᠨ ᠠᠴᠠ ᠬᠦᠳᠡᠯᠦᠩᠭᠦᠢ ᠪᠣᠯᠭᠠᠬᠤ︾ ᠲᠤᠬᠠᠶᠢᠯᠠᠭᠰᠠᠨ ᠠᠵᠢᠯ ᠢ ᠭᠤᠶᠤᠴᠢᠯᠠᠨ ᠭᠦᠢᠴᠡᠳᠬᠡᠵᠦ᠂ ᠬᠥᠳᠡᠯᠦᠩᠭᠦᠢ ᠬᠦᠦ ᠮᠥᠩᠭᠦ ᠶᠢᠨ ᠨᠣᠷᠮ᠎ᠠ ᠲᠠᠢ ᠵᠢᠭᠡᠯᠡᠯᠭᠡ ᠪᠣᠯᠭᠠᠨ ᠬᠤᠪᠢᠷᠠᠭᠤᠯᠤᠭᠰᠠᠨ ᠤ ᠳᠠᠷᠠᠭ᠎ᠠ ᠪᠥᠭᠡᠮ ᠢᠶᠠᠷ ᠲᠣᠬᠢᠷᠠᠭᠤᠯᠤᠯᠲᠠ ᠬᠢᠨ᠎ᠡ ᠭᠡᠵᠡᠢ᠃      ᠱᠠᠩᠬᠠᠢ ᠶᠢᠨ ᠮᠥᠩᠭᠦᠨ ᠭᠦᠢᠯᠭᠡᠭᠡ ᠬᠢᠭᠡᠳ ᠬᠥᠭᠵᠢᠭᠦᠯᠦᠯᠲᠡ ᠶᠢᠨ ᠲᠤᠷᠰᠢᠯᠲᠠ ᠶᠢᠨ ᠲᠠᠰᠤᠭ ᠤᠨ ᠡᠷᠬᠢᠯᠡᠭᠴᠢ ᠽᠧᠩ ᠭᠠᠩ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠳᠣᠷᠣᠭᠰᠢᠯᠠᠭᠤᠯᠬᠤ ᠨᠢ ᠵᠢᠭᠡᠯᠡᠯᠭᠡ ᠠᠪᠤᠭᠴᠢ ᠶᠢᠨ ᠬᠦᠦ ᠮᠥᠩᠭᠦ ᠶᠢᠨ ᠵᠠᠷᠤᠯᠭ᠎ᠠ ᠶᠢ ᠪᠠᠭᠠᠰᠬᠠᠬᠤ ᠪᠣᠯᠣᠨ᠎ᠠ᠂ ᠡᠨᠡ  ᠨᠢ ᠵᠢᠭᠡᠯᠡᠯᠭᠡ ᠠᠪᠤᠭᠴᠢ ᠳᠤ ᠠᠪᠴᠤ ᠬᠡᠯᠡᠪᠡᠯ ᠰᠢᠭᠤᠳ ᠠᠰᠢᠭᠲᠠᠢ ᠶᠤᠮ᠃ ᠡᠵᠡᠮᠳᠡᠵᠦ ᠪᠣᠯᠬᠤ ᠣᠷᠣᠯᠭ᠎ᠠ ᠨᠡᠮᠡᠭᠳᠡᠪᠡᠯ ᠬᠡᠷᠡᠭᠴᠡᠭᠡ ᠱᠠᠭᠠᠷᠳᠠᠯᠭ᠎ᠠ ᠶᠢ ᠬᠥᠭᠵᠢᠭᠡᠵᠦ᠂ ᠰᠠᠭᠤᠭᠠᠯᠢ ᠠᠷᠠᠳ ᠤᠨ ᠡᠳᠦᠷ ᠲᠤᠲᠤᠮ ᠤᠨ ᠬᠡᠷᠡᠭᠯᠡᠭᠡ ᠳᠤ ᠰᠡᠳᠡᠯᠲᠡ ᠥᠭᠬᠦ ᠵᠢᠴᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠳᠤ ᠠᠰᠢᠭᠲᠠᠢ ᠶᠤᠮ ᠭᠡᠪᠡ᠃      ᠵᠤᠤ ᠯᠢᠶᠠᠨ ᠬᠡᠷᠡᠭᠯᠡᠭᠡᠨ ᠮᠥᠩᠭᠦᠨ ᠭᠦᠢᠯᠭᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠡᠷᠢᠭᠦᠨ ᠰᠤᠳᠤᠯᠤᠭᠴᠢ ᠳ᠋ᠦᠩ ᠰᠢ ᠮᠢᠶᠣᠣ ᠶᠢᠨ ᠵᠢᠱᠢᠯᠲᠡ ᠪᠠᠷ᠂ ᠲᠠᠷᠠᠭᠠᠴᠢ ᠶᠢᠨ ᠠᠯᠬᠤᠮ ᠳᠤ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠲᠠᠬᠢᠨ ᠪᠠᠭᠤᠷᠠᠬᠤ ᠣᠷᠣᠨ ᠵᠠᠢ ᠲᠠᠢ ᠪᠠᠶᠢᠨ᠎ᠠ᠃ ︽7 ᠳ᠋ᠤᠭᠠᠷ ᠰᠠᠷ᠎ᠠ ᠳᠤ LPR ᠨᠢ ᠨᠢᠭᠡᠨᠲᠡ 10 ᠰᠠᠭᠤᠷᠢ ᠴᠡᠭ ᠳᠣᠷᠣᠭᠰᠢᠯᠠᠵᠠᠢ᠂ ᠬᠡᠷᠪᠡ 10 ᠳ᠋ᠤᠭᠠᠷ ᠰᠠᠷ᠎ᠠ  ᠶᠢᠨ 21 ᠤ ᠡᠳᠦᠷ LPR ᠨᠢ ᠳᠠᠬᠢᠭᠠᠳ 20 ᠰᠠᠭᠤᠷᠢ ᠴᠡᠭ ᠳᠣᠷᠣᠭᠰᠢᠯᠠᠪᠠᠯ᠂ ᠡᠳᠡᠭᠡᠷ LPR ᠨᠢ ᠵᠢᠭᠡᠯᠡᠯᠭᠡ  ᠶᠢᠨ ᠬᠦᠦ ᠮᠦᠩᠭᠦ ᠶᠢ ᠳᠠᠬᠢᠨ ᠲᠣᠭᠲᠠᠭᠠᠭᠰᠠᠨ ᠤ ᠳᠠᠷᠠᠭ᠎ᠠ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ  ᠶᠢᠨ ᠨᠣᠷᠮ᠎ᠠ ᠶᠢ ᠤᠯᠠᠮ ᠨᠢᠭᠡ ᠠᠯᠬᠤᠮ ᠳᠣᠷᠣᠭᠰᠢᠯᠠᠭᠤᠯᠬᠤ ᠪᠣᠯᠣᠨ᠎ᠠ᠂ ᠭᠡᠪᠡᠴᠦ ᠠᠳᠠᠯᠢ ᠪᠤᠰᠤ ᠵᠣᠭᠤᠰ ᠵᠢᠭᠡᠯᠡᠭᠴᠢ ᠳᠤ ᠠᠪᠴᠤ ᠬᠡᠯᠡᠪᠡᠯ᠂ ᠦᠨ᠎ᠡ ᠲᠣᠭᠲᠠᠭᠠᠬᠤ ᠡᠳᠦᠷ ᠨᠢ ᠠᠳᠠᠯᠢ ᠦᠭᠡᠢ ᠪᠣᠯᠬᠤᠷ ᠣᠷᠣᠨ ᠰᠠᠭᠤᠴᠠ  ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠳᠣᠷᠣᠭᠰᠢᠯᠠᠭᠤᠯᠬᠤ ᠴᠠᠭ ᠨᠢ ᠪᠠᠭ᠎ᠠ ᠰᠠᠭ᠎ᠠ ᠵᠥᠷᠢᠶ᠎ᠡ ᠲᠠᠢ ᠪᠠᠶᠢᠳᠠᠭ︾ ᠭᠡᠵᠡᠢ᠃      ᠳ᠋ᠦᠩ ᠰᠢ ᠮᠢᠶᠣᠣ ᠶᠢᠨ ᠦᠵᠡᠬᠦ ᠪᠠᠷ᠂ ᠣᠶᠢᠷ᠎ᠠ ᠶᠢᠨ ᠬᠤᠭᠤᠴᠠᠭᠠᠨ ᠳᠤ ᠣᠷᠣᠨ ᠰᠠᠭᠤᠴᠠ ᠶᠢᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠳᠤ ᠶᠡᠭᠡ ᠬᠡᠮᠵᠢᠶ᠎ᠡ ᠪᠠᠷ ᠨᠢᠭᠲᠠ ᠲᠣᠬᠢᠷᠠᠭᠤᠯᠤᠯᠲᠠ ᠬᠢᠬᠦ ᠳᠣᠬᠢᠶ᠎ᠠ ᠨᠢ ᠲᠣᠳᠣᠷᠬᠠᠢ ᠪᠥᠭᠡᠳ ᠴᠢᠩᠭ᠎ᠠ ᠪᠠᠶᠢᠨ᠎ᠠ᠃ ᠲᠡᠷᠡ ᠢᠯᠡᠷᠬᠡᠶᠢᠯᠡᠬᠦ ᠳᠡᠭᠡᠨ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ ᠠᠴᠠ ᠭᠠᠳᠠᠨ᠎ᠠ᠂ ᠲᠥᠪ ᠪᠠᠩᠬᠢ ᠪᠠᠰᠠ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠦᠨ᠎ᠡ ᠲᠣᠭᠲᠠᠭᠠᠬᠤ ᠨᠠᠩ ᠠᠮᠢᠳᠤᠯᠢᠭ ᠲᠣᠭᠲᠠᠴᠠ ᠶᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠂ ᠲᠠᠷᠠᠭᠠᠴᠢ ᠪᠠᠷ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠪᠣᠯᠣᠨ ᠰᠢᠨ᠎ᠡ ᠪᠠᠷ ᠨᠡᠮᠡᠭᠳᠡᠭᠰᠡᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠬᠤᠭᠤᠷᠣᠨᠳᠣᠬᠢ ᠬᠦᠦ ᠮᠥᠩᠭᠦ ᠶᠢᠨ ᠵᠥᠷᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠳᠤ ᠭᠦᠷᠪᠡᠯ᠂ ᠵᠣᠭᠤᠰ ᠵᠢᠭᠡᠯᠡᠭᠴᠢ ᠨᠢ ᠬᠤᠳᠠᠯᠳᠤᠭᠠᠨ ᠤ ᠪᠠᠩᠬᠢ ᠲᠠᠢ ᠵᠥᠪᠳᠡᠯᠴᠡᠵᠦ ᠪᠠᠶᠢᠭᠠᠳ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠨᠡᠮᠡᠭᠳᠡᠯ ᠤᠨ ᠵᠦᠷᠢᠶ᠎ᠡ ᠶᠢ ᠪᠠᠭᠠᠰᠬᠠᠵᠤ ᠪᠣᠯᠣᠨ᠎ᠠ᠂ ᠡᠨᠡ ᠨᠢ ᠭᠡᠷ ᠪᠠᠶᠢᠰᠢᠩ ᠬᠤᠳᠠᠯᠳᠤᠨ ᠠᠪᠤᠭᠴᠢ ᠶᠢᠨ ᠵᠢᠱᠢᠯᠲᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠳᠤ ᠠᠰᠢᠭᠳᠠᠢ᠃ ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠥᠯᠥᠬᠦ ᠮᠥᠩᠭᠦᠨ ᠤ ᠬᠠᠷᠢᠴᠠᠯ ᠢ ᠳᠣᠷᠣᠭᠰᠢᠯᠠᠭᠤᠯᠤᠭᠰᠠᠨ ᠵᠢᠴᠢ ᠡᠯ᠎ᠡ ᠭᠠᠵᠠᠷ ᠤᠨ ᠬᠢᠨ ᠬᠤᠳᠠᠯᠳᠤᠨ ᠠᠪᠬᠤ ᠶᠢ ᠬᠢᠵᠠᠭᠠᠷᠯᠠᠬᠤ᠂ ᠬᠤᠳᠠᠯᠳᠤᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ ᠭᠡᠵᠡᠢ᠃ ᠢᠷᠡᠯᠲᠡ᠄ ᠠᠵᠤ ᠠᠬᠤᠢ ᠶᠢᠨ ᠯᠠᠪᠯᠠᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1