ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠶᠡᠭᠡ ᠪᠠᠷ ᠪᠣᠶᠢᠵᠢᠭᠤᠯᠤᠨ | ᠦᠢᠯᠡᠳᠦᠯᠭᠡᠵᠢᠭᠦᠯᠵᠦ᠂ ᠶᠣᠰᠣ ᠰᠤᠷᠲᠠᠬᠤᠨ ᠤ ᠵᠢᠱᠢᠶᠡᠴᠢ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠱᠢᠶᠡᠴᠢ ᠠᠴᠠ ᠰᠤᠷᠤᠯᠴᠠᠬᠤ᠂ | ᠵᠢᠱᠢᠶᠡᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ 10 | ᠳ᠋ᠤᠭᠠᠷ ᠰᠠᠷ᠎ᠠ ᠶᠢᠨ 15 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠵᠣᠬᠢᠶᠠᠨ ᠪᠠᠶᠢᠭᠤᠯᠵᠤ ᠥᠷᠨᠢᠭᠦᠯᠦᠭᠰᠡᠨ | ︽ᠶᠣᠰᠣ ᠰᠤᠷᠲᠠᠬᠤᠨ ᠲᠠᠢ ᠬᠦᠬᠡᠬᠤᠳᠠ · ᠦᠯᠢᠬᠡᠷ ᠳᠠᠭᠤᠷᠢᠶᠠᠯ ᠤᠨ ᠬᠦᠴᠦᠨ︾︱ 2024 ᠣᠨ ᠳᠤ | ᠲᠣᠭᠲᠠᠬᠤ ᠰᠢᠶᠠᠨ ᠤ ᠶᠣᠰᠣ ᠰᠤᠷᠲᠠᠬᠤᠨ ᠤ ᠵᠢᠱᠢᠶᠡᠴᠢ ᠵᠢᠴᠢ ︽ᠰᠠᠶᠢᠨ ᠭᠡᠷ ᠤᠨ ᠰᠤᠷᠲᠠᠯ ᠢ ᠲᠦᠮᠡᠨ ᠡᠷᠦᠬᠡ ᠳᠤ | ᠬᠦᠷᠭᠡᠶ᠎ᠡ︾ ᠭᠡᠬᠦ ᠲᠠᠶᠢᠯᠤᠮᠵᠢ ᠴᠢᠮᠡᠭᠡ ᠬᠤᠯᠪᠣᠭᠠᠨ ᠤ ᠺᠤᠮᠫᠠᠨᠢ᠂ ᠴᠧᠩ ᠭᠤᠸᠠᠨ ᠨᠡᠶᠢᠭᠡᠮ ᠲᠣᠭᠤᠷᠢᠭ᠂ ᠰᠢᠶᠠᠩ | ᠡᡁᠸ ᠨᠡᠶᠢᠭᠡᠮ ᠲᠣᠭᠤᠷᠢᠭ ᠲᠤ ᠶᠠᠪᠤᠭᠳᠠᠪᠠ᠃ | | | | | ᠲᠤᠰ ᠤᠳᠠᠭ᠎ᠠ ᠶᠢᠨ ᠠᠵᠢᠯᠯᠠᠭ᠎ᠠ ᠳᠤ ᠡᠭᠡᠯ ᠵᠢᠷ ᠤᠨ ᠠᠵᠢᠯ ᠤᠨ ᠪᠠᠶᠢᠷᠢ ᠳᠠᠭᠠᠨ ᠯᠠᠪᠳᠠᠭᠤᠨ ᠪᠠᠲᠤᠲᠠᠢ | ᠰᠠᠭᠤᠷᠢᠯᠠᠵᠤ᠂ ᠴᠢᠮᠡᠭᠡ ᠬᠤᠯᠪᠣᠭᠠᠨ ᠤ ᠦᠢᠯᠡᠰ ᠲᠤ ᠭᠤᠶᠠᠴᠢ ᠦᠭᠡᠢ ᠠᠮᠢ ᠪᠡᠶ᠎ᠡ ᠪᠠᠨ ᠵᠣᠷᠢᠭᠤᠯᠤᠭᠰᠠᠨ ᠲᠣᠭᠲᠠᠬᠤ | ᠰᠢᠶᠠᠨ ᠤ ᠭᠤᠷᠪᠠᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠵᠠᠩ ᠰᠢᠨ ᠮᠢᠩ ᠢ ᠤᠷᠢᠵᠤ᠂ | ᠬᠥᠮᠥᠨ ᠤ ᠶᠢᠷᠲᠢᠨᠴᠦ ᠶᠢᠨ ᠶᠡᠭᠡ ᠬᠠᠶᠢᠷ᠎ᠠ ᠶᠢ ᠰᠠᠬᠢᠨ ᠬᠠᠮᠠᠭᠠᠯᠠᠬᠤ ᠪᠠᠷ ᠲᠠᠶᠢᠯᠪᠤᠷᠢᠯᠠᠭᠰᠠᠨ ᠠᠷᠪᠠᠨ ᠨᠢᠭᠡᠳᠦᠭᠡᠷ | ᠬᠤᠭᠤᠴᠠᠭᠠᠨ ᠤ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠠᠩ ᠴᠢ ᠹᠦ᠋᠂ ᠡᠶ᠎ᠡ ᠵᠣᠬᠢᠴᠠᠩᠭᠤᠢ ᠬᠥᠷᠰᠢ | ᠵᠡᠷᠭᠡᠯᠡᠳᠡᠭᠡ ᠶᠢᠨ ᠬᠠᠷᠢᠯᠴᠠᠭ᠎ᠠ ᠶᠢ ᠪᠠᠶᠢᠭᠤᠯᠤᠭᠰᠠᠨ᠂ ᠪᠣᠯᠪᠠᠰᠤᠨ ᠨᠡᠶᠢᠭᠡᠮ ᠤᠨ ᠰᠢᠨ᠎ᠡ ᠰᠤᠷᠲᠠᠯ ᠢ ᠪᠤᠢ ᠪᠣᠯᠭᠠᠭᠰᠠᠨ | ︽ᠬᠦᠬᠡᠬᠤᠳᠠ ᠶᠢᠨ ᠰᠠᠶᠢᠨ ᠬᠥᠮᠥᠨ︾ ᠵᠠᠩ ᠸᠧᠨ ᠫᠢᠩ ᠢ ᠤᠷᠢᠵᠠᠢ᠃ ᠲᠡᠳᠡ ᠠᠮᠢᠳᠤᠯᠢᠭ ᠪᠣᠷᠣᠭᠵᠢᠭᠤᠨ ᠦᠭᠡ | ᠶᠠᠷᠢᠶ᠎ᠠ ᠪᠠᠷ ᠤᠯᠠᠨ ᠳᠤ ᠥᠪᠡᠷ ᠤᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ | ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂ ᠡᠶ᠎ᠡ ᠵᠣᠬᠢᠴᠠᠩᠭᠤᠢ ᠬᠥᠷᠰᠢ ᠵᠡᠷᠭᠡᠯᠡᠳᠡᠭᠡ ᠶᠢᠨ | ᠦᠯᠢᠭᠡᠷ ᠢ ᠶᠠᠷᠢᠵᠤ᠂ ᠲᠤᠬᠠᠢ ᠶᠢᠨ ᠲᠠᠯᠠᠪᠤᠷ ᠲᠤ ᠪᠠᠶᠢᠭᠰᠠᠨ ᠺᠠᠳ᠋ᠷ ᠤᠯᠠᠨ ᠲᠦᠮᠡᠨ ᠤ ᠰᠡᠳᠬᠢᠯ ᠢ ᠶᠡᠬᠡᠳᠡ | ᠳᠣᠭᠳᠣᠯᠤᠭᠤᠯᠵᠠᠢ᠃ | ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ᠂ ᠲᠤᠰ ᠤᠳᠠᠭ᠎ᠠ ᠶᠢᠨ | ᠤᠬᠠᠭᠤᠯᠤᠨ ᠲᠠᠶᠢᠯᠪᠤᠷᠢᠯᠠᠯᠲᠠ ᠨᠢ ᠲᠡᠳᠡᠨ ᠳᠤ ᠠᠪᠴᠤ ᠬᠡᠯᠡᠪᠡᠯ ᠨᠢᠭᠡ ᠤᠳᠠᠭ᠎ᠠ ᠶᠢᠨ ᠤᠶᠤᠨ ᠰᠠᠨᠠᠭᠠᠨ ᠤ ᠤᠬᠢᠶᠠᠯ | ᠪᠣᠯᠬᠤ ᠮᠥᠷᠲᠡᠭᠡᠨ ᠪᠠᠰᠠ ᠨᠢᠭᠡ ᠤᠳᠠᠭ᠎ᠠ ᠶᠢᠨ ᠦᠵᠡᠯ ᠰᠠᠨᠠᠭᠠᠨ ᠤ ᠳᠡᠭᠡᠭᠰᠢᠯᠡᠯᠲᠡ ᠪᠣᠯᠣᠨ᠎ᠠ᠂ ᠨᠡᠩ ᠴᠤ ᠨᠢᠭᠡ | ᠤᠳᠠᠭ᠎ᠠ ᠶᠢᠨ ᠠᠵᠢᠯᠯᠠᠭ᠎ᠠ ᠶᠢᠨ ᠲᠥᠪᠯᠡᠷᠡᠯ ᠪᠣᠯᠣᠨ᠎ᠠ᠂ ᠬᠤᠶᠢᠰᠢᠳᠠ ᠶᠢᠨ ᠰᠤᠷᠤᠯᠴᠠᠯᠭ᠎ᠠ ᠠᠮᠢᠳᠤᠷᠠᠯ ᠳᠤᠮᠳᠠ᠂ | ᠲᠡᠳᠡ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠪᠣᠯᠭᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ | ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠰᠠᠶᠢᠨ ᠬᠥᠮᠥᠨ ᠪᠣᠯᠬᠤ ᠪᠠᠷ ᠴᠢᠷᠮᠠᠶᠢᠵᠤ᠂ | ᠵᠢᠱᠢᠶᠡᠴᠢ ᠪᠣᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃ | ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |