ᠪᠠᠷᠢᠯᠭ᠎ᠠ ᠪᠣᠯ ᠠᠮᠢᠵᠢᠷᠠᠯ ᠤᠨ ᠬᠦᠴᠦᠨ ᠢᠶᠠᠷ ᠪᠠᠶᠠᠯᠢᠭ᠂ ᠴᠠᠷᠴᠠᠮᠠᠯ ᠰᠢᠯᠦᠭ᠂ ᠪᠤᠰᠤᠭ᠎ᠠ ᠪᠡᠶᠡᠲᠦ ᠵᠢᠷᠤᠭ᠂ | ᠭᠠᠵᠠᠷ ᠲᠤ ᠰᠦᠨᠳᠡᠷᠯᠡᠭᠰᠡᠨ ᠨᠣᠲ᠃ ᠶᠡᠷᠦᠩᠬᠡᠢ ᠱᠦᠵᠢ ᠰᠢ ᠶᠢᠨ ᠫᠢᠩ᠄ ︽ᠡᠷᠲᠡᠨ ᠠᠴᠠ ᠠᠪᠤᠭᠠᠳ ᠳᠤᠮᠳᠠᠳᠤ | ᠤᠯᠤᠰ ᠤᠨ ᠪᠠᠷᠢᠯᠭ᠎ᠠ ᠳᠡᠯᠡᠬᠡᠢ ᠳᠡᠭᠡᠷ᠎ᠡ ᠴᠢᠬᠤᠯᠠ ᠶᠡᠭᠡ ᠨᠥᠯᠥᠭᠡ ᠲᠠᠢ᠂ ᠡᠸᠦ᠋ᠷᠦᠫᠡ ᠪᠠᠷᠢᠯᠭ᠎ᠠ᠂ | ᠢᠰᠯᠠᠮ ᠪᠠᠷᠢᠯᠭ᠎ᠠ ᠲᠠᠢ ᠬᠠᠮᠲᠤ ᠳᠤᠨᠢ ᠳᠡᠯᠡᠬᠡᠢ ᠶᠢᠨ ᠭᠤᠷᠪᠠᠨ ᠶᠡᠭᠡ ᠪᠠᠷᠢᠯᠭ᠎ᠠ ᠶᠢᠨ ᠰᠢᠰᠲ᠋ᠧᠮ ᠭᠡᠳᠡᠭ᠃ ᠪᠤᠰᠤᠳ | ᠬᠤᠶᠠᠷ ᠶᠡᠭᠡ ᠰᠢᠰᠲ᠋ᠧᠮ ᠲᠠᠢ ᠬᠠᠷᠢᠴᠠᠭᠤᠯᠪᠠᠯ᠂ ᠳᠤᠮᠳᠠᠳᠤ ᠤᠯᠤᠰ ᠤᠨ ᠪᠠᠷᠢᠯᠭ᠎ᠠ ᠶᠢᠨ ᠲᠡᠦᠬᠡ ᠨᠢ ᠨᠡᠩ ᠥᠨᠢ | ᠤᠳᠠᠭᠠᠨ᠂ ᠰᠢᠰᠲ᠋ᠧᠮ ᠨᠢ ᠨᠡᠩ ᠪᠦᠷᠢᠨ ᠪᠦᠲᠦᠨ᠂ ᠪᠠᠶᠢᠭᠠᠯᠢ ᠪᠠ ᠠᠮᠢᠳᠤᠷᠠᠯ ᠢ ᠨᠡᠩ ᠢᠯᠡᠭᠦᠦ ᠴᠢᠬᠤᠯᠠᠴᠢᠯᠠᠵᠠᠢ︾ | ᠭᠡᠵᠤ ᠵᠢᠭᠠᠨ ᠭᠠᠷᠭᠠᠪᠠ᠃ ᠲᠦᠷᠦᠭᠦᠬᠡᠨ᠂ ᠡᠨᠡᠳᠬᠡᠭ ᠤᠨ ᠰᠢᠨ᠎ᠡ ᠳ᠋ᠧᠯᠢ ᠳᠤ ᠪᠣᠯᠤᠭᠰᠠᠨ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ | ᠪᠠᠶᠢᠭᠤᠯᠤᠯᠲᠠ ᠶᠢᠨ ᠳᠥᠴᠢᠨ ᠵᠢᠷᠭᠤᠳᠤᠭᠠᠷ ᠬᠤᠭᠤᠴᠠᠭᠠᠨ ᠤ ᠳᠡᠯᠡᠬᠡᠢ ᠶᠢᠨ ᠥᠪ ᠤᠨ ᠶᠡᠭᠡ ᠬᠤᠷᠠᠯ ᠠᠴᠠ᠂ ︽ | ᠪᠡᠭᠡᠵᠢᠩ ᠤᠨ ᠭᠤᠣᠯ ᠲᠡᠩᠬᠡᠯᠢᠭᠳᠦ ᠱᠤᠭᠤᠮ — ᠳᠤᠮᠳᠠᠳᠤ ᠤᠯᠤᠰ ᠤᠨ ᠬᠦᠰᠡᠯᠡᠩᠳᠦ ᠲᠦᠪ ᠬᠤᠲᠠ ᠶᠢᠨ | ᠡᠮᠬᠢ ᠳᠢᠭᠯᠢᠮ ᠤᠨ ᠭᠠᠷᠮᠠᠭᠠᠢ ᠪᠦᠲᠦᠭᠡᠯ︾ ᠢ ︽ᠳᠡᠯᠡᠬᠡᠢ ᠶᠢᠨ ᠥᠪ ᠤᠨ ᠨᠡᠷᠡᠰ ᠤᠨ ᠵᠢᠭᠰᠠᠭᠠᠯᠲᠠ︾ ᠳᠤ | ᠤᠷᠤᠭᠤᠯᠬᠤ ᠰᠢᠢᠳᠪᠦᠷᠢ ᠶᠢ ᠪᠠᠳᠤᠯᠠᠭᠰᠠᠨ ᠨᠢ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠶᠢᠨ ᠴᠢᠬᠤᠯᠠ | ᠰᠣᠶᠣᠯ ᠤᠨ ᠦᠨ᠎ᠡ ᠥᠷᠲᠡᠭ ᠢ ᠢᠯᠡᠷᠡᠭᠦᠯᠦᠭᠰᠡᠨ ᠪᠠᠶᠢᠨ᠎ᠠ᠃ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠪᠣᠯ | ᠮᠠᠨ ᠤ ᠤᠯᠤᠰ ᠤᠨ ᠡᠷᠲᠡᠨ ᠤ ᠬᠥᠮᠥᠰ ᠤᠨ ᠬᠥᠳᠡᠯᠮᠦᠷᠢ ᠪᠠ ᠡᠭᠦᠳᠦᠨ ᠪᠦᠲᠦᠭᠡᠯᠲᠡ ᠶᠢᠨ ᠤᠬᠢ ᠪᠦᠲᠦᠭᠡᠯ ᠮᠥᠨ᠂ | ᠮᠡᠳᠡᠷᠡᠮᠵᠢ᠂ ᠬᠦᠷᠦᠯᠴᠡᠬᠦ᠂ ᠦᠵᠡᠵᠦ ᠰᠣᠨᠢᠷᠬᠠᠬᠤ ᠪᠣᠳᠠᠰ ᠤᠨ ᠪᠣᠯᠪᠠᠰᠤᠨ ᠤ ᠴᠢᠬᠤᠯᠠ ᠬᠡᠯᠪᠡᠷᠢ ᠮᠥᠨ᠂ ᠪᠠᠰᠠ | ᠴᠤ ᠤᠶᠤᠨ ᠤ ᠪᠣᠯᠪᠠᠰᠤᠨ ᠢ ᠬᠤᠷᠠᠮᠳᠤᠭᠤᠯᠬᠤ᠂ ᠤᠯᠠᠮᠵᠢᠯᠠᠬᠤ᠂ ᠪᠦᠷᠢᠳᠦᠭᠦᠯᠬᠦ ᠶᠢᠨ ᠴᠢᠬᠤᠯᠠ ᠦᠷ᠎ᠡ ᠪᠦᠲᠦᠭᠡᠯ | ᠮᠥᠨ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠦᠷᠳᠡᠭ ᠤᠨ ᠠᠭᠤᠰᠤᠯᠴᠠᠯ ᠢ ᠪᠡᠶᠡᠯᠡᠭᠦᠯᠦᠭᠰᠡᠨ | ᠦᠷᠳᠡᠭ ᠤᠨ ᠨᠡᠪᠳᠡᠷᠡᠯᠴᠡᠭᠡ ᠮᠦᠨ᠂ ᠮᠠᠨ ᠤ ᠡᠷᠬᠢᠮ ᠨᠠᠨᠳᠢᠨ ᠡᠳ᠋ ᠪᠠᠶᠠᠯᠢᠭ ᠮᠥᠨ᠃ ᠰᠢ ᠶᠢᠨ ᠫᠢᠩ ᠤᠨ | ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠡᠦᠬᠡ ᠰᠣᠶᠣᠯ ᠤᠨ ᠥᠪ ᠢ ᠨᠡᠩ | ᠰᠠᠶᠢᠲᠤᠷ ᠬᠠᠮᠠᠭᠠᠯᠠᠬᠤ ᠶᠢᠨ ᠴᠢᠬᠤᠯᠠ ᠨᠢᠭᠡ ᠲᠠᠯ᠎ᠠ ᠪᠣᠯ ᠳᠠᠷᠤᠢ ᠳᠤᠮᠳᠠᠳᠤ ᠤᠯᠤᠰ ᠤᠨ ᠪᠠᠷᠢᠯᠭ᠎ᠠ ᠶᠢᠨ ᠲᠡᠦᠬᠡ ᠶᠢᠨ | ᠰᠤᠳᠤᠯᠭᠠᠨ ᠢ ᠭᠦᠨᠵᠡᠭᠡᠶᠢᠷᠡᠭᠦᠯᠬᠦ ᠶᠠᠪᠤᠳᠠᠯ ᠪᠣᠯᠣᠨ᠎ᠠ᠃ ᠳᠤᠮᠳᠠᠳᠤ ᠤᠯᠤᠰ ᠤᠨ ᠪᠠᠷᠢᠯᠭ᠎ᠠ ᠶᠢᠨ ᠲᠡᠦᠬᠡ ᠶᠢᠨ | ᠰᠤᠳᠤᠯᠭᠠᠨ ᠳᠤ᠂ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠶᠢᠨ ᠬᠡᠲᠦᠶᠢᠳᠦᠭᠰᠡᠨ ᠪᠠᠷᠢᠯᠭ᠎ᠠ ᠶᠢᠨ ᠤᠷ᠎ᠠ | ᠮᠡᠷᠭᠡᠵᠢᠯ᠂ ᠥᠪᠡᠷᠮᠢᠴᠡ ᠣᠷᠣᠨ ᠵᠠᠢ ᠶᠢᠨ ᠬᠡᠯᠪᠡᠷᠢ ᠪᠠᠶᠢᠳᠠᠯ᠂ ᠰᠦᠷᠯᠢᠭ ᠪᠠᠭᠲᠠᠭᠠᠮᠵᠢᠲᠠᠢ ᠪᠠᠶᠢᠳᠠᠯ ᠢ | ᠰᠤᠳᠤᠯᠬᠤ ᠪᠠᠷ ᠪᠠᠷᠠᠬᠤ ᠦᠭᠡᠢ᠂ ᠨᠠᠩ ᠴᠤ ᠲᠡᠭᠦᠨ ᠤ ᠳᠣᠲᠣᠷ᠎ᠠ ᠠᠭᠤᠯᠤᠭᠳᠠᠵᠤ ᠪᠠᠶᠢᠭ᠎ᠠ ᠣᠶᠤᠨ ᠰᠠᠨᠠᠭᠠᠨ ᠤ | ᠬᠥᠭᠡᠭᠡᠴᠡᠯᠳᠦᠯ ᠢ ᠢᠳᠡᠪᠬᠢᠲᠡᠢ ᠪᠠᠷ ᠢᠯᠡᠷᠡᠭᠦᠯᠬᠦ ᠶᠠᠪᠤᠳᠠᠯ ᠪᠤᠯᠤᠨ᠎ᠠ᠃ | ᠪᠠᠶᠢᠭᠠᠯᠢ ᠶᠢ ᠲᠡᠭᠡᠳᠦᠯᠡᠬᠦ ᠶᠢ ᠴᠢᠬᠤᠯᠠᠴᠢᠯᠠᠵᠠᠢ᠃ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠨᠢ | ᠪᠠᠶᠢᠭᠠᠯᠢ ᠶᠢᠨ ᠣᠷᠴᠢᠨ ᠲᠣᠭᠤᠷᠢᠨ ᠲᠠᠢ ᠠᠭᠤᠰᠤᠯᠴᠠᠬᠤ ᠶᠢ ᠮᠠᠰᠢ ᠴᠢᠬᠤᠯᠠᠴᠢᠯᠠᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠬᠤ ᠶᠢ ᠡᠷᠬᠢᠮᠯᠡᠨ᠂ ᠭᠠᠵᠠᠷ ᠤᠨ ᠪᠠᠶᠢᠴᠠ ᠶᠢᠨ ᠡᠯᠧᠮᠧᠨ᠋ᠲ ᠢ ᠭᠦᠢᠴᠡᠳ ᠪᠣᠳᠣᠯᠬᠢᠯᠠᠬᠤ | ᠶᠢᠨ ᠬᠠᠮᠲᠤ᠂ ᠮᠠᠲ᠋ᠧᠷᠢᠶᠠᠯ ᠤᠨ ᠣᠨᠴᠠᠯᠢᠭ ᠢ ᠭᠦᠢᠴᠡᠳ ᠠᠰᠢᠭᠯᠠᠵᠤ᠂ ᠵᠠᠷᠢᠮ ᠳᠠᠭᠠᠨ ᠲᠡᠭᠷᠢ ᠭᠠᠵᠠᠷ ᠲᠦᠮᠡᠨ | ᠪᠣᠳᠠᠰ ᠤᠨ ᠳᠦᠷᠢ ᠶᠢ ᠦᠨᠳᠦᠰᠦᠯᠡᠨ ᠪᠠᠷᠢᠯᠭ᠎ᠠ ᠶᠢ ᠡᠭᠦᠳᠦᠨ ᠪᠦᠲᠦᠭᠡᠵᠦ᠂ ᠪᠠᠶᠢᠭᠠᠯᠢ ᠯᠤᠭ᠎ᠠ ᠡᠶ᠎ᠡ | ᠵᠣᠬᠢᠴᠠᠯ ᠲᠠᠢ ᠬᠠᠮᠲᠤ ᠣᠷᠣᠰᠢᠬᠤ ᠶᠢ ᠬᠥᠭᠡᠭᠡᠴᠡᠯᠳᠦᠳᠡᠭ᠃ ᠵᠢᠱᠢᠶᠡᠯᠡᠪᠡᠯ᠂ ᠡᠷᠲᠡᠨ ᠤ ᠰᠣᠩᠭᠤᠳᠠᠭ | ᠴᠡᠴᠡᠷᠯᠢᠭ ᠢᠶᠠᠷ ᠠᠪᠴᠤ ᠬᠡᠯᠡᠪᠡᠯ᠂ ︽ᠬᠥᠮᠥᠨ ᠤ ᠦᠢᠯᠡᠳᠦᠭᠰᠡᠨ ᠨᠢ ᠤᠤᠭᠠᠯ ᠪᠠᠶᠢᠭᠠᠯᠢ ᠶᠢᠨ ᠰᠢᠭ︾ ᠭᠡᠳᠡᠭ ᠨᠢ | ᠬᠠᠮᠤᠭ ᠤᠨ ᠳᠡᠭᠡᠳᠦ ᠰᠠᠶᠢᠰᠢᠶᠠᠯ ᠬᠥᠬᠢᠭᠦᠯᠦᠯ ᠪᠣᠯᠬᠤ ᠶᠤᠮ᠃ ᠪᠣᠳᠠᠲᠠᠢ ᠪᠠᠷ ᠬᠡᠯᠡᠪᠡᠯ᠂ ᠳᠤᠮᠳᠠᠳᠤ ᠤᠯᠤᠰ ᠤᠨ | ᠤᠯᠠᠮᠵᠢᠯᠠᠯᠲᠤ ᠪᠠᠷᠢᠯᠭ᠎ᠠ ᠨᠢ ᠭᠠᠵᠠᠷ ᠰᠣᠩᠭᠤᠨ ᠪᠠᠶᠢᠷᠢᠰᠢᠭᠤᠯᠬᠤ᠂ ᠮᠠᠲ᠋ᠧᠷᠢᠶᠠᠯ ᠰᠣᠩᠭᠤᠨ ᠮᠠᠲ᠋ᠧᠷᠢᠶᠠᠯ ᠬᠡᠷᠡᠭᠯᠡᠬᠦ᠂ | ᠥᠩᠭᠡ ᠪᠤᠳᠤᠭ ᠤᠨ ᠵᠢᠷᠤᠭ ᠲᠥᠯᠥᠪᠯᠡᠭᠡ ᠬᠢᠬᠦ ᠵᠡᠷᠭᠡ ᠲᠠᠯ᠎ᠠ ᠪᠠᠷ ᠪᠠᠶᠢᠭᠠᠯᠢ ᠶᠢᠨ ᠵᠢᠮ᠎ᠡ ᠶᠢ ᠭᠦᠢᠴᠡᠳ | ᠢᠯᠡᠷᠡᠭᠦᠯᠦᠭᠰᠡᠨ ᠪᠠᠶᠢᠨ᠎ᠠ᠃ ᠭᠠᠵᠠᠷ ᠰᠣᠩᠭᠤᠬᠤ ᠲᠠᠯ᠎ᠠ ᠪᠠᠷ᠂ ᠠᠭᠤᠯᠠᠨ ᠶᠢᠨ ᠬᠡᠯᠪᠡᠷᠢ ᠤᠰᠤᠨ ᠤ ᠪᠠᠶᠢᠳᠠᠯ ᠤᠨ | ᠠᠮᠢ ᠠᠬᠤᠢ ᠶᠢᠨ ᠪᠠᠶᠢᠷᠢᠯᠠᠭᠤᠯᠤᠯᠲᠠ ᠶᠢ ᠴᠢᠬᠤᠯᠠᠴᠢᠯᠠᠵᠠᠢ᠃ ᠪᠠᠶᠢᠭᠤᠯᠵᠤ ᠪᠦᠲᠦᠭᠡᠬᠦ ᠠᠴᠠ ᠪᠠᠨ ᠡᠮᠦᠨ᠎ᠡ᠂ | ᠭᠠᠵᠠᠷ ᠤᠨ ᠪᠠᠶᠢᠴᠠ᠂ ᠤᠰᠤᠨ ᠰᠢᠰᠲ᠋ᠧᠮ ᠵᠡᠷᠭᠡ ᠠᠮᠢ ᠠᠬᠤᠢ ᠶᠢᠨ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ | ᠪᠠᠷᠢᠯᠭ᠎ᠠ ᠪᠠ ᠪᠠᠶᠢᠭᠠᠯᠢ ᠶᠢᠨ ᠣᠷᠴᠢᠨ ᠲᠣᠭᠤᠷᠢᠨ ᠤ ᠬᠠᠷᠢᠯᠴᠠᠨ ᠵᠣᠬᠢᠴᠠᠯᠳᠤᠬᠤ ᠶᠢ ᠪᠠᠲᠤᠯᠠᠵᠤ᠂ ᠦᠢᠯᠡᠳᠪᠦᠷᠢᠯᠡᠯ᠂ | ᠠᠮᠢᠳᠤᠷᠠᠯ᠂ ᠵᠠᠮ ᠬᠠᠷᠢᠯᠴᠠᠭ᠎ᠠ ᠪᠠ ᠦᠵᠡᠮᠵᠢ ᠪᠦᠲᠦᠭᠡᠬᠦ ᠳᠤ ᠠᠰᠢᠭᠯᠠᠳᠠᠭ᠃ ᠮᠠᠲ᠋ᠧᠷᠢᠶᠠᠯ ᠰᠣᠩᠭᠤᠬᠤ ᠲᠠᠯ᠎ᠠ ᠪᠠᠷ | ᠂ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠬᠤ ᠠᠮᠢ ᠠᠬᠤᠢ ᠶᠢᠨ ᠤᠶᠤᠨ ᠤᠬᠠᠭᠠᠨ ᠢ ᠡᠷᠬᠢᠮᠯᠡᠳᠡᠭ᠃ | ᠡᠭᠦᠳᠦᠨ ᠪᠦᠲᠦᠭᠡᠬᠦ ᠶᠠᠪᠤᠴᠠ ᠳᠤ ᠣᠷᠣᠨ ᠨᠤᠲᠤᠭ ᠤᠨ ᠮᠠᠲ᠋ᠧᠷᠢᠶᠠᠯ ᠪᠠ ᠮᠡᠷᠭᠡᠵᠢᠯ ᠢ ᠴᠢᠳᠠᠮᠠᠭᠠᠢ ᠪᠠᠷ ᠠᠰᠢᠭᠯᠠᠵᠤ᠂ | ᠬᠠᠮᠤᠭ ᠤᠨ ᠪᠠᠭ᠎ᠠ ᠨᠥᠯᠥᠭᠡᠯᠡᠯ ᠢᠶᠠᠷ ᠵᠢᠷᠤᠭ ᠲᠥᠯᠥᠪᠯᠡᠭᠡ ᠪᠠ ᠣᠷᠴᠢᠨ ᠲᠣᠭᠤᠷᠢᠨ ᠤ ᠡᠶ᠎ᠡ ᠵᠣᠬᠢᠴᠠᠯ ᠢ ᠪᠠᠳᠤᠯᠠᠨ᠎ᠠ | ᠃ ᠥᠩᠭᠡ ᠪᠤᠳᠤᠭ ᠤᠨ ᠲᠠᠯ᠎ᠠ ᠪᠠᠷ᠂ ᠲᠠᠪᠤᠨ ᠥᠩᠭᠡ ᠶᠢᠨ ᠢᠷᠠᠯᠵᠢ ᠲᠠᠢ ᠠᠮᠢ ᠠᠬᠤᠢ ᠶᠢᠨ ᠵᠢᠷᠤᠭ | ᠲᠥᠯᠥᠪᠯᠡᠭᠡ ᠶᠢ ᠴᠢᠬᠤᠯᠠᠴᠢᠯᠠᠨ᠎ᠠ᠃ ᠡᠷᠲᠡᠨ ᠤ ᠬᠥᠮᠥᠰ ᠤᠨ ᠦᠵᠡᠬᠦ ᠪᠠᠷ ᠲᠡᠮᠦᠷ᠂ ᠮᠣᠳᠣ᠂ ᠤᠰᠤ᠂ ᠭᠠᠯ᠂ | ᠰᠢᠷᠣᠢ ᠶᠢᠨ ᠬᠤᠭᠤᠷᠣᠨᠳᠤ ᠬᠠᠷᠢᠯᠴᠠᠨ ᠬᠦᠯᠢᠴᠡᠨ ᠤᠯᠠᠷᠢᠵᠤ ᠪᠠᠶᠢᠭᠠᠯᠢ ᠶᠢᠨ ᠲᠦᠮᠡᠨ ᠪᠣᠳᠠᠰ ᠢ | ᠪᠦᠷᠢᠯᠳᠦᠭᠦᠯᠦᠭᠰᠡᠨ ᠪᠠᠶᠢᠨ᠎ᠠ᠃ ᠴᠠᠭᠠᠨ ᠬᠡᠷᠡᠰᠬᠡ᠂ ᠬᠥᠬᠡ ᠨᠣᠭᠤᠭᠠᠨ ᠨᠢᠷᠤᠭᠤ᠂ ᠭᠠᠯ ᠤᠯᠠᠭᠠᠨ ᠲᠤᠯᠭᠠᠭᠤᠷᠢ᠂ | ᠰᠢᠷ᠎ᠠ ᠨᠣᠭᠤᠭᠠᠨ ᠸᠠᠭᠠᠷ ᠪᠣᠯ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠶᠢᠨ ᠨᠡᠶᠢᠲᠡᠯᠢᠭ ᠥᠩᠭᠡ | ᠪᠤᠳᠤᠭ ᠤᠨ ᠣᠨᠴᠠᠯᠢᠭ ᠮᠥᠨ᠂ ᠲᠠᠪᠤᠨ ᠥᠩᠭᠡ ᠨᠢ ᠶᠠᠭ ᠰᠠᠶᠢᠬᠠᠨ ᠲᠠᠪᠤᠨ ᠮᠥᠷ ᠲᠠᠢ ᠨᠡᠶᠢᠯᠡᠯᠳᠦᠵᠦ᠂ ᠪᠠᠷᠢᠯᠭ᠎ᠠ | ᠪᠠ ᠪᠠᠶᠢᠭᠠᠯᠢ ᠶᠢᠨ ᠨᠢᠭᠲᠠ ᠬᠠᠷᠢᠴᠠᠭ᠎ᠠ ᠶᠢ ᠬᠠᠷᠠᠭᠤᠯᠵᠤ ᠪᠠᠶᠢᠳᠠᠭ ᠶᠤᠮ᠃ ᠥᠨᠥᠳᠥᠷ ᠪᠢᠳᠡ ᠣᠷᠳᠣᠨ ᠤ | ᠪᠠᠷᠢᠯᠭ᠎ᠠ ᠶᠢᠨ ᠴᠠᠭᠠᠨ ᠴᠢᠯᠠᠭᠤᠨ ᠲᠠᠪᠴᠠᠩ ᠤᠨ ᠰᠠᠭᠤᠷᠢ᠂ ᠤᠯᠠᠭᠠᠨ ᠬᠡᠷᠡᠮ ᠰᠢᠷ᠎ᠠ ᠸᠠᠭᠠᠷ ᠪᠣᠯᠣᠨ ᠬᠥᠬᠡ ᠲᠡᠭᠷᠢ | ᠨᠣᠭᠤᠭᠠᠨ ᠮᠣᠳᠣ ᠤᠰᠤ ᠰᠦ ᠠᠭᠤᠰᠤᠯᠴᠠᠵᠤ᠂ ᠵᠢᠶᠠᠩᠨᠠᠨ ᠤ ᠠᠷᠠᠳ ᠤᠨ ᠣᠷᠣᠨ ᠰᠠᠭᠤᠴᠠ ᠶᠢᠨ ᠶᠠᠭᠠᠨ ᠴᠠᠭᠠᠨ | ᠬᠡᠷᠡᠮ᠂ ᠬᠥᠬᠡ ᠲᠣᠭᠤᠰᠬ᠎ᠠ ᠸᠠᠭᠠᠷ ᠪᠣᠯᠣᠨ ᠵᠢᠵᠢᠭ ᠬᠥᠭᠦᠷᠭᠡ ᠶᠢᠨ ᠤᠷᠤᠰᠬᠠᠯ ᠤᠰᠤ ᠥᠩᠭᠡ ᠢᠯᠭᠠᠷᠠᠨ᠂ | ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠶᠢᠨ ᠥᠪᠡᠷᠮᠢᠴᠡ ᠥᠩᠭᠡ ᠪᠤᠳᠤᠭ ᠤᠨ ᠷᠢᠳᠢ ᠰᠢᠳᠢ ᠶᠢ | ᠢᠯᠡᠷᠡᠭᠦᠯᠵᠦ ᠪᠠᠶᠢᠭ᠎ᠠ ᠨᠢ ᠴᠥᠮ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠶᠢᠨ ᠥᠪᠡᠷᠮᠢᠴᠡ ᠥᠩᠭᠡ | ᠪᠤᠳᠤᠭ ᠤᠨ ᠷᠢᠳᠢ ᠰᠢᠳᠢ ᠶᠢ ᠬᠠᠷᠠᠭᠤᠯᠵᠤ ᠪᠠᠶᠢᠭ᠎ᠠ ᠶᠤᠮ᠃ | ᠬᠥᠮᠥᠨ ᠤ ᠡᠰᠢ ᠶᠣᠰᠣᠨ ᠢ ᠴᠢᠬᠤᠯᠠᠴᠢᠯᠠᠳᠠᠭ᠃ ᠪᠠᠷᠢᠯᠭ᠎ᠠ ᠨᠢ ᠬᠥᠮᠥᠨ ᠤ ᠬᠡᠷᠡᠭᠴᠡᠭᠡ ᠶᠢ ᠬᠠᠩᠭᠠᠬᠤ ᠪᠠᠷ | ᠪᠤᠶ ᠪᠣᠯᠤᠭᠰᠠᠨ ᠶᠤᠮ᠂ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠨᠢ ᠪᠠᠶᠢᠭᠠᠯᠢ ᠶᠢᠨ ᠶᠣᠰᠣ ᠰᠤᠷᠲᠠᠬᠤᠨ ᠢ | ᠡᠷᠬᠢᠮᠯᠡᠬᠦ ᠶᠢᠨ ᠬᠠᠮᠲᠤ ᠬᠥᠮᠥᠨ ᠤ ᠡᠰᠢ ᠶᠣᠰᠣᠨ ᠢ ᠴᠤ ᠡᠷᠬᠢᠮᠯᠡᠬᠦ ᠶᠢ ᠴᠢᠬᠤᠯᠠᠴᠢᠯᠠᠳᠠᠭ᠃ ᠴᠢᠰᠤᠨ ᠲᠥᠷᠥᠯ ᠤᠨ | ᠬᠠᠷᠢᠴᠠᠭ᠎ᠠ ᠪᠠᠷ ᠰᠠᠭᠤᠷᠢ ᠪᠣᠯᠭᠠᠵᠤ᠂ ᠲᠥᠷᠥᠯ ᠤᠭᠰᠠᠭ᠎ᠠ ᠪᠠᠷ ᠰᠠᠭᠤᠷᠢ ᠪᠣᠯᠭᠠᠭᠰᠠᠨ ᠤᠯᠠᠮᠵᠢᠯᠠᠯᠲᠤ ᠨᠡᠶᠢᠭᠡᠮ ᠳᠤ᠂ | ᠬᠥᠮᠥᠰ ᠤᠨ ᠡᠬᠡᠯ ᠵᠢᠷ ᠤᠨ ᠠᠮᠢᠳᠤᠷᠠᠯ ᠪᠠ ᠬᠥᠮᠥᠨ ᠤ ᠬᠤᠭᠤᠷᠣᠨᠳᠣᠬᠢ ᠬᠠᠷᠢᠴᠠᠭ᠎ᠠ ᠶᠢᠨ ᠡᠶ᠎ᠡ ᠵᠣᠬᠢᠴᠠᠯ ᠨᠢ | ᠵᠢᠷᠤᠭ ᠲᠥᠯᠥᠪᠯᠡᠭᠡ ᠶᠢᠨ ᠪᠣᠳᠣᠯᠬᠢᠯᠠᠬᠤ ᠴᠢᠬᠤᠯᠠ ᠠᠭᠤᠯᠭ᠎ᠠ ᠪᠣᠯᠤᠭᠰᠠᠨ ᠪᠠᠶᠢᠨ᠎ᠠ᠃ ᠳᠤᠮᠳᠠᠳᠤ ᠤᠯᠤᠰ ᠤᠨ | ᠤᠯᠠᠮᠵᠢᠯᠠᠯᠲᠤ ᠪᠠᠷᠢᠯᠭ᠎ᠠ ᠨᠢ ᠭᠡᠷ ᠪᠦᠯᠢ ᠶᠢᠨ ᠨᠠᠶᠢᠷᠠᠮᠳᠤᠯ᠂ ᠲᠥᠷᠥᠯ ᠤᠭᠰᠠᠭ᠎ᠠ ᠶᠢᠨ ᠨᠠᠶᠢᠷᠠᠮᠳᠤᠯ᠂ ᠬᠥᠷᠰᠢ | ᠵᠡᠷᠭᠡᠯᠡᠳᠡᠭᠡ ᠶᠢᠨ ᠨᠠᠶᠢᠷᠠᠮᠳᠤᠯ᠂ ᠨᠡᠶᠢᠭᠡᠮ ᠤᠨ ᠨᠠᠶᠢᠷᠠᠮᠳᠤᠯ ᠵᠡᠷᠭᠡ ᠡᠶ᠎ᠡ ᠵᠣᠬᠢᠴᠠᠯᠳᠤ ᠣᠶᠢᠯᠠᠭᠠᠭᠳᠠᠬᠤᠨ ᠢ | ᠤᠷᠠᠨ ᠢᠶᠠᠷ ᠠᠭᠤᠰᠬᠠᠭᠰᠠᠨ ᠪᠥᠭᠡᠳ ᠤᠷᠤᠨ ᠪᠦᠰᠡ᠂ ᠬᠠᠮᠳᠤᠯᠢᠭ᠂ ᠪᠦᠭᠡᠮᠨᠡᠷᠡᠯ ᠵᠡᠷᠭᠡ ᠪᠣᠳᠠᠲᠤ ᠴᠣᠭᠴᠠ ᠶᠢᠨ | ᠣᠷᠣᠨ ᠵᠠᠢ ᠶᠢᠨ ᠬᠡᠯᠪᠡᠷᠢ ᠪᠠᠷ ᠢᠯᠡᠷᠡᠭᠦᠯᠦᠨ᠂ ᠣᠷᠣᠨ ᠵᠠᠢ ᠶᠢᠨ ᠪᠣᠳᠠᠲᠤ ᠴᠣᠭᠴᠠ ᠶᠢᠨ ᠨᠠᠶᠢᠷᠠᠮᠳᠤᠯ ᠪᠠ ᠡᠰᠢ | ᠶᠣᠰᠣᠨ ᠤ ᠵᠣᠷᠢᠭ ᠰᠠᠨᠠᠭᠠᠨ ᠤ ᠨᠠᠶᠢᠷᠠᠮᠳᠤᠯ ᠪᠠ ᠠᠭᠤᠰᠤᠯᠴᠠᠯ ᠢ ᠪᠡᠶᠡᠯᠡᠭᠦᠯᠦᠭᠰᠡᠨ ᠶᠤᠮ᠃ ᠪᠣᠳᠠᠲᠠᠢ ᠪᠠᠷ ᠬᠡᠯᠡᠪᠡᠯ᠂ | ᠭᠡᠷ ᠪᠦᠯᠢ ᠶᠢᠨ ᠡᠶ᠎ᠡ ᠨᠠᠶᠢᠷᠠᠮᠳᠠᠭᠤ ᠪᠠᠶᠢᠬᠤ ᠲᠠᠯ᠎ᠠ ᠪᠠᠷ᠂ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠨᠢ | ᠣᠷᠣᠨ ᠰᠠᠭᠤᠴᠠ ᠶᠢᠨ ᠳᠣᠲᠣᠷᠠᠬᠢ ᠲᠠᠩᠬᠢᠮ ᠭᠡᠷ᠂ ᠭᠤᠣᠯ ᠭᠡᠷ᠂ ᠵᠢᠭᠦᠷ ᠤᠨ ᠭᠡᠷ᠂ ᠡᠰᠡᠷᠭᠦ ᠲᠠᠯ᠎ᠠ ᠶᠢᠨ ᠪᠠᠶᠢᠰᠢᠩ | ᠵᠡᠷᠭᠡ ᠭᠡᠷ ᠪᠠᠶᠢᠰᠢᠩ ᠤᠨ ᠲᠣᠬᠢᠷᠠᠭᠤᠯᠤᠯᠲᠠ ᠪᠠᠷ ᠳᠡᠮᠵᠢᠨ᠂ ᠡᠷ᠎ᠡ ᠡᠮ᠎ᠡ ᠬᠤᠶᠠᠭᠤᠯᠠ ᠶᠢᠨ ᠡᠶ᠎ᠡ ᠨᠠᠶᠢᠷᠠᠮᠳᠠᠭᠤ᠂ | ᠡᠴᠢᠭᠡ ᠬᠥᠪᠡᠭᠦᠨ ᠤ ᠡᠶ᠎ᠡ ᠨᠠᠶᠢᠷᠠᠮᠳᠠᠭᠤ᠂ ᠠᠬ᠎ᠠ ᠳᠡᠭᠦᠦ ᠶᠢᠨ ᠡᠶ᠎ᠡ ᠨᠠᠶᠢᠷᠲᠠᠢ ᠭᠡᠷ ᠪᠦᠯᠢ ᠶᠢᠨ ᠶᠣᠰᠣ | ᠰᠤᠷᠲᠠᠬᠤᠨ ᠤ ᠳᠤᠷ᠎ᠠ ᠰᠣᠨᠢᠷᠬᠠᠯ ᠢ ᠢᠯᠡᠷᠡᠭᠦᠯᠦᠭᠰᠡᠨ ᠪᠠᠶᠢᠨ᠎ᠠ᠃ ᠭᠡᠷ ᠪᠦᠯᠢ ᠶᠢᠨ ᠡᠶ᠎ᠡ ᠨᠠᠶᠢᠷ ᠤᠨ ᠲᠠᠯ᠎ᠠ ᠪᠠᠷ᠂ | ᠭᠡᠷ ᠪᠦᠯᠢ ᠶᠢᠨ ᠣᠷᠣᠨ ᠰᠠᠭᠤᠴᠠ ᠶᠢᠨ ᠣᠯᠠᠩᠬᠢ ᠨᠢ ᠳᠡᠭᠡᠳᠦᠰ ᠤᠨ ᠰᠦᠮ᠎ᠡ ᠪᠠᠷ ᠲᠥᠪ ᠪᠣᠯᠭᠠᠨ ᠡᠪᠰᠡᠯ ᠤᠨ | ᠬᠡᠯᠪᠡᠷᠢ ᠪᠠᠷ ᠪᠠᠶᠢᠷᠢᠰᠢᠭᠤᠯᠵᠤ᠂ ᠤᠯᠠᠮᠵᠢᠯᠠᠯᠲᠤ ᠠᠶᠢᠯ ᠲᠣᠰᠬᠤᠨ ᠤ ᠦᠨᠳᠦᠰᠦᠨ ᠣᠨᠴᠠᠯᠢᠭ ᠢ ᠢᠯᠡᠷᠡᠭᠦᠯᠦᠭᠰᠡᠨ | ᠪᠠᠶᠢᠨ᠎ᠠ᠃ ᠬᠥᠷᠰᠢ ᠵᠡᠷᠭᠡᠯᠡᠳᠡᠭᠡ ᠶᠢᠨ ᠡᠶ᠎ᠡ ᠨᠠᠶᠢᠷ ᠤᠨ ᠲᠠᠯ᠎ᠠ ᠪᠠᠷ᠂ ᠳᠤᠮᠳᠠᠳᠤ ᠤᠯᠤᠰ ᠤᠨ ᠤᠯᠠᠮᠵᠢᠯᠠᠯᠲᠤ | ᠪᠠᠷᠢᠯᠭ᠎ᠠ ᠨᠢ ᠪᠣᠷᠣᠭᠵᠢᠭᠤᠨ ᠵᠡᠭᠡᠯᠢ ᠭᠤᠳᠤᠮᠵᠢ᠂ ᠨᠠᠮ ᠰᠡᠯᠡᠭᠦᠨ ᠵᠢᠵᠢᠭ ᠭᠤᠳᠤᠮᠵᠢ ᠪᠠᠷ ᠠᠶᠢᠯ ᠡᠷᠦᠬᠡ ᠶᠢᠨ | ᠬᠠᠷᠢᠯᠴᠠᠭᠠᠨ ᠤ ᠬᠤᠯᠪᠣᠭᠠᠰᠤ ᠶᠢ ᠪᠠᠶᠢᠭᠤᠯᠤᠭᠰᠠᠨ ᠶᠤᠮ᠃ ᠬᠦᠷᠢᠶ᠎ᠡ ᠬᠠᠰᠢᠶ᠎ᠠ᠂ ᠭᠤᠳᠤᠮᠵᠢ᠂ ᠰᠡᠷᠢᠭᠦᠨ ᠲᠢᠩᠰᠡ | ᠵᠡᠷᠭᠡ ᠬᠠᠷᠢᠯᠴᠠᠭᠠᠨ ᠤ ᠣᠷᠣᠨ ᠵᠠᠢ ᠪᠠᠷ ᠬᠥᠷᠰᠢ ᠵᠡᠷᠭᠡᠯᠡᠳᠡᠭᠡ ᠶᠢᠨ ᠠᠬ᠎ᠠ ᠳᠡᠭᠦᠦ ᠨᠠᠷ ᠤᠨ ᠬᠠᠶᠢᠷ᠎ᠠ ᠰᠡᠳᠬᠢᠯᠭᠡ ᠶᠢ | ᠵᠤᠵᠠᠭᠠᠳᠬᠠᠵᠤ᠂ ᠥᠷᠭᠡᠨ ᠠᠭᠤᠳᠠᠮ ᠵᠡᠭᠡᠯᠢ ᠭᠤᠳᠤᠮᠵᠢ᠂ ᠡᠮᠬᠢ ᠵᠠᠮᠪᠠᠷᠠᠭ᠎ᠠ ᠲᠠᠢ ᠭᠡᠷ ᠪᠠᠶᠢᠰᠢᠩ᠂ ᠲᠠᠰᠤᠯᠳᠠᠩᠭᠤᠢ | ᠬᠦᠷᠢᠶ᠎ᠡ ᠭᠤᠳᠤᠮᠵᠢ᠂ ᠬᠥᠷᠰᠢ ᠵᠡᠷᠭᠡᠯᠡᠳᠡᠭᠡ ᠪᠠᠷᠢᠯᠭ᠎ᠠ ᠨᠤᠭᠤᠳ ᠤᠨ ᠬᠤᠭᠤᠷᠣᠨᠳᠤ ᠬᠠᠷᠢᠯᠴᠠᠨ ᠬᠦᠨᠳᠦᠳᠬᠡᠵᠦ | ᠬᠠᠷᠢᠯᠴᠠᠨ ᠨᠠᠶᠢᠷ ᠲᠠᠯᠪᠢᠵᠤ᠂ ᠬᠠᠷᠢᠯᠴᠠᠨ ᠨᠡᠪᠲᠡᠷᠡᠯᠴᠡᠵᠦ ᠬᠠᠷᠢᠯᠴᠠᠨ ᠵᠣᠬᠢᠴᠠᠯᠳᠤᠵᠤ᠂ ᠬᠥᠷᠰᠢ ᠵᠡᠷᠭᠡᠯᠡᠳᠡᠭᠡ ᠶᠢᠨ | ᠡᠶ᠎ᠡ ᠨᠠᠶᠢᠷᠲᠠᠢ ᠬᠠᠷᠢᠯᠴᠠᠭᠠᠨ ᠤ ᠣᠷᠣᠨ ᠵᠠᠢ ᠶᠢ ᠪᠤᠢ ᠪᠣᠯᠭᠠᠭᠰᠠᠨ ᠪᠠᠶᠢᠨ᠎ᠠ᠃ ᠨᠡᠶᠢᠭᠡᠮ ᠤᠨ ᠡᠶ᠎ᠡ ᠵᠣᠬᠢᠴᠠᠯ ᠤᠨ | ᠲᠠᠯ᠎ᠠ ᠪᠠᠷ᠂ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠳᠤ ᠬᠠᠨ᠎ᠠ ᠶᠢᠨ ᠵᠢᠷᠤᠭ᠂ ᠰᠡᠶᠢᠯᠦᠮᠡᠯ᠂ ᠵᠢᠷᠤᠭ᠂ | ᠤᠷᠠᠨ ᠪᠢᠴᠢᠯᠭᠡ᠂ ᠢᠯᠡᠷᠬᠡᠶᠢᠯᠡᠯ᠂ ᠬᠤᠣᠰ ᠤᠶᠠᠩᠭ᠎ᠠ ᠵᠡᠷᠭᠡ ᠣᠯᠠᠨ ᠵᠦᠢᠯ ᠤᠨ ᠤᠷᠠᠯᠢᠭ ᠤᠨ ᠬᠡᠯᠪᠡᠷᠢ ᠶᠢ | ᠬᠡᠷᠡᠭᠯᠡᠳᠡᠭ᠃ ᠡᠶ᠎ᠡ ᠵᠣᠬᠢᠴᠠᠯ ᠤᠨ ᠣᠶᠢᠯᠠᠭᠠᠭᠳᠠᠬᠤᠨ ᠤ ᠡᠰᠢ ᠶᠣᠰᠣᠨ ᠤ ᠰᠠᠨᠠᠭ᠎ᠠ ᠲᠥᠷᠬᠦ ᠪᠠ ᠡᠰᠢ ᠶᠣᠰᠣᠨ ᠤ | ᠬᠦᠦᠷᠨᠢᠯ ᠢ ᠪᠠᠷᠢᠯᠭ᠎ᠠ ᠶᠢᠨ ᠴᠢᠮᠡᠭᠯᠡᠯ ᠤᠨ ᠪᠣᠳᠠᠲᠤ ᠳᠦᠷᠢ ᠳᠤ ᠰᠢᠭᠢᠳᠬᠡᠨ ᠣᠷᠣᠭᠤᠯᠵᠤ᠂ ᠪᠡᠯᠭᠡᠳᠡᠬᠦ᠂ | ᠤᠳᠬ᠎ᠠ ᠢᠯᠡᠳᠬᠡᠬᠦ᠂ ᠳᠠᠯᠳᠠ ᠵᠦᠢᠷᠯᠡᠬᠦ᠂ ᠠᠳᠠᠯᠢᠳᠬᠠᠬᠤ ᠵᠡᠷᠭᠡ ᠠᠷᠭ᠎ᠠ ᠪᠠᠷᠢᠯ ᠢᠶᠠᠷ ᠣᠶᠢᠯᠠᠭᠠᠭᠳᠠᠬᠤᠨ ᠢ | ᠢᠯᠡᠳᠬᠡᠬᠦ᠂ ᠦᠨ᠎ᠡ ᠥᠷᠲᠡᠭ ᠢ ᠤᠯᠠᠮᠵᠢᠯᠠᠬᠤ ᠪᠠ ᠰᠡᠳᠬᠢᠯᠭᠡ ᠶᠢ ᠬᠥᠮᠥᠵᠢᠭᠦᠯᠬᠦ ᠳᠤ ᠠᠰᠢᠭᠲᠠᠢ ᠰᠡᠬᠡᠭᠡᠷᠡᠭᠦᠯᠬᠦ | ᠣᠷᠴᠢᠨ ᠲᠣᠭᠤᠷᠢᠨ ᠪᠠ ᠢᠯᠡᠳᠬᠡᠬᠦ ᠣᠷᠣᠨ ᠵᠠᠢ ᠶᠢ ᠪᠤᠶ ᠪᠣᠯᠭᠠᠵᠤ᠂ ᠡᠶ᠎ᠡ ᠡᠪ ᠢ ᠡᠷᠬᠢᠮᠨᠡᠨ ᠳᠡᠭᠡᠳᠦᠯᠡᠬᠦ ᠡᠰᠢ | ᠶᠣᠰᠣᠨ ᠤ ᠬᠥᠭ ᠠᠶᠠᠰ ᠢ ᠲᠡᠯᠭᠡᠷᠡᠭᠦᠯᠵᠡᠢ᠃ | ᠭᠤᠸ᠎ᠠ ᠰᠠᠶᠢᠬᠠᠨ ᠢ ᠬᠦᠭᠡᠭᠡᠴᠡᠯᠳᠦᠳᠡᠭ᠃ ᠰᠢᠯᠢᠳᠡᠭ ᠪᠠᠷᠢᠯᠭ᠎ᠠ ᠨᠢ ᠬᠡᠷᠡᠭᠯᠡᠭᠡᠨ ᠳᠤ ᠬᠡᠷᠡᠭᠯᠡᠬᠦ ᠪᠠᠷ ᠪᠠᠷᠠᠬᠤ | ᠦᠭᠡᠢ᠂ ᠭᠤᠸ᠎ᠠ ᠰᠠᠶᠢᠬᠠᠨ ᠤ ᠮᠡᠳᠡᠷᠡᠮᠵᠢ ᠲᠠᠢ ᠪᠠᠶᠢᠵᠤ᠂ ᠮᠡᠷᠭᠡᠵᠢᠯ ᠤᠨ ᠢᠯᠡᠷᠡᠭᠦᠯᠦᠯ ᠪᠠ ᠤᠷᠠᠯᠢᠭ ᠤᠨ | ᠢᠯᠡᠷᠡᠭᠦᠯᠦᠯ ᠴᠦ ᠪᠠᠶᠢᠳᠠᠭ᠃ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠨᠢ ᠦᠵᠡᠮᠵᠢᠲᠡᠢ ᠶᠡᠬᠡᠮᠰᠦᠭ | ᠤᠷᠠᠯᠢᠭ ᠤᠨ ᠳᠦᠷᠢ᠂ ᠵᠢᠭᠳᠡ ᠣᠷᠣᠨ ᠵᠠᠢ ᠶᠢᠨ ᠡᠮᠬᠢ ᠵᠢᠷᠤᠮ᠂ ᠠᠮᠢᠳᠤᠯᠢᠭ ᠴᠣᠪᠣᠭᠤᠯᠢᠭ ᠪᠣᠳᠠᠲᠤ ᠴᠣᠭᠴᠠ ᠶᠢᠨ | ᠬᠡᠯᠪᠡᠷᠢ ᠶᠢ ᠬᠥᠭᠡᠭᠡᠴᠡᠯᠳᠦᠳᠡᠭ᠃ ᠣᠷᠣᠨ ᠵᠠᠢ ᠶᠢᠨ ᠪᠠᠶᠢᠷᠢᠰᠢᠯ ᠤᠨ ᠲᠠᠯ᠎ᠠ ᠪᠠᠷ᠂ ᠬᠦᠷᠢᠶ᠎ᠡ ᠬᠠᠰᠢᠶ᠎ᠠ ᠶᠢᠨ ᠨᠡᠶᠢᠯᠡᠯ ᠢ | ᠴᠢᠬᠤᠯᠠᠴᠢᠯᠠᠵᠤ᠂ ᠳᠤᠮᠳᠠ ᠲᠡᠩᠭᠡᠯᠢᠭ ᠤᠨ ᠲᠡᠭᠰᠢ ᠬᠡᠮ ᠲᠠᠢ ᠪᠠᠶᠢᠯᠭᠠᠨ᠎ᠠ᠃ ᠳᠤᠮᠳᠠᠳᠤ ᠤᠯᠤᠰ ᠤᠨ ᠤᠯᠠᠮᠵᠢᠯᠠᠯᠲᠤ | ᠪᠠᠷᠢᠯᠭ᠎ᠠ ᠶᠢᠨ ᠴᠡᠴᠡᠷᠯᠢᠭ ᠪᠠ ᠦᠵᠡᠮᠵᠢ ᠶᠢᠨ ᠪᠠᠷᠢᠯᠭ᠎ᠠ ᠨᠢ ᠴᠢᠯᠦᠭᠡᠲᠦ ᠬᠡᠯᠪᠡᠷᠢ ᠶᠢᠨ ᠪᠠᠶᠢᠷᠢᠰᠢᠯ ᠠᠴᠠ ᠭᠠᠳᠠᠨ᠎ᠠ᠂ | ᠪᠤᠰᠤᠳ ᠲᠥᠷᠥᠯ ᠬᠡᠯᠪᠡᠷᠢ ᠶᠢᠨ ᠣᠯᠠᠩᠬᠢ ᠨᠢ ᠲᠡᠭᠰᠢ ᠬᠡᠮ ᠤᠨ ᠬᠡᠯᠪᠡᠷᠢ ᠶᠢᠨ ᠪᠠᠶᠢᠷᠢᠰᠢᠯ ᠲᠠᠢ ᠪᠠᠶᠢᠳᠠᠭ᠂ | ᠵᠢᠱᠢᠶᠡᠯᠡᠪᠡᠯ ᠳᠥᠷᠪᠡᠨ ᠲᠠᠯ᠎ᠠ ᠪᠠᠷ ᠢᠶᠠᠨ ᠬᠦᠷᠢᠶᠡᠯᠡᠭᠰᠡᠨ᠂ ᠳᠥᠷᠪᠡᠨ ᠲᠠᠯ᠎ᠠ ᠪᠠᠷ ᠢᠶᠠᠨ ᠤᠰᠤ ᠲᠠᠢ ᠬᠤᠳᠳᠤᠭ ᠲᠠᠢ | ᠥᠪᠡᠷᠮᠢᠴᠡ ᠣᠷᠣᠨ ᠵᠠᠢ ᠶᠢᠨ ᠪᠠᠶᠢᠷᠢᠰᠢᠯ ᠪᠠ ᠤᠷᠠᠯᠢᠭ ᠤᠨ ᠬᠡᠯᠪᠡᠷᠢ ᠶᠢ ᠢᠯᠡᠷᠡᠭᠦᠯᠳᠡᠭ᠃ ᠪᠦᠲᠦᠴᠡ ᠶᠢᠨ | ᠳᠦᠷᠰᠦ ᠪᠦᠲᠦᠭᠡᠯᠲᠡ ᠶᠢᠨ ᠬᠤᠪᠢ ᠳᠤ᠂ ᠰᠠᠷᠠᠪᠴᠢ ᠶᠢᠨ ᠡᠷᠲᠡᠭᠡᠷ᠂ ᠭᠤᠯᠳᠤᠩ ᠤᠨ ᠰᠣᠯᠪᠢᠴᠠᠯ ᠢ ᠡᠷᠬᠢᠮᠨᠡᠳᠡᠭ᠃ | ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠶᠢᠨ ᠡᠭᠴᠡ ᠲᠤᠯᠭᠠᠭᠤᠷᠢ᠂ ᠬᠡᠪᠲᠡᠭᠡ ᠨᠢᠷᠤᠭᠤ᠂ ᠬᠠᠵᠠᠶᠢᠭᠰᠠᠨ | ᠤᠨᠢ ᠨᠢ ᠭᠤᠯᠳᠤᠩ ᠤᠨ ᠬᠥᠨᠳᠡᠯᠡᠨ ᠭᠤᠯᠳᠤ ᠰᠣᠯᠪᠢᠴᠠᠯ ᠢᠶᠠᠷ ᠴᠢᠩᠭ᠎ᠠ ᠬᠦᠴᠦᠲᠡᠢ ᠪᠦᠲᠦᠴᠡ ᠶᠢᠨ ᠪᠣᠷᠣ | ᠲᠥᠯᠥᠪ ᠢ ᠪᠦᠷᠢᠯᠳᠦᠭᠦᠯᠵᠦ᠂ ᠮᠣᠳᠣᠨ ᠪᠦᠲᠦᠴᠡ ᠶᠢᠨ ᠤᠶᠠᠨ ᠵᠥᠭᠡᠯᠡᠨ ᠬᠤᠯᠪᠣᠯᠳᠤᠯ ᠤᠨ ᠣᠨᠴᠠᠯᠢᠭ ᠢ | ᠢᠯᠡᠷᠡᠭᠦᠯᠳᠡᠭ᠃ ᠵᠠᠰᠠᠯ ᠴᠢᠮᠡᠭᠯᠡᠯ ᠤᠨ ᠤᠷᠠᠯᠢᠭ ᠤᠨ ᠲᠠᠯ᠎ᠠ ᠪᠠᠷ᠂ ᠨᠠᠷᠢᠯᠢᠭ ᠰᠡᠶᠢᠯᠬᠦ᠂ ᠨᠢᠷᠤᠭᠤ ᠲᠤᠯᠭᠠᠭᠤᠷᠢ ᠶᠢ | ᠤᠷᠠᠯᠠᠵᠦ ᠵᠢᠷᠤᠬᠤ ᠶᠢ ᠡᠷᠬᠢᠮᠨᠡᠳᠡᠭ᠃ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠶᠢᠨ ᠮᠣᠳᠣᠨ ᠰᠡᠶᠢᠯᠦᠮᠡᠯ᠂ | ᠴᠢᠯᠠᠭᠤᠨ ᠰᠡᠶᠢᠯᠦᠮᠡᠯ᠂ ᠲᠣᠭᠤᠰᠬᠠᠨ ᠰᠡᠶᠢᠯᠦᠮᠡᠯ ᠤᠨ ᠱᠤᠭᠤᠮᠠᠯ ᠤᠨ ᠤᠷᠠᠯᠢᠭ ᠪᠠ ᠪᠣᠷᠣ ᠱᠤᠭᠤᠮᠠᠯ᠂ ᠪᠤᠳᠤᠭᠲᠤ | ᠵᠢᠷᠤᠭ ᠤᠨ ᠤᠷᠠᠯᠢᠭ ᠪᠠᠶᠠᠯᠢᠭ ᠰᠠᠶᠢᠬᠠᠨ ᠪᠥᠭᠡᠳ ᠤᠷᠠᠨ ᠵᠢᠷᠤᠭ᠂ ᠤᠳᠬ᠎ᠠ ᠵᠣᠬᠢᠶᠠᠯ᠂ ᠤᠷᠠᠨ ᠪᠢᠴᠢᠯᠭᠡ ᠵᠡᠷᠭᠡ | ᠡᠯᠧᠮᠧᠨ᠋ᠲ ᠢ ᠠᠭᠤᠰᠬᠠᠨ ᠰᠢᠩᠭᠡᠭᠡᠵᠦ᠂ ᠤᠷᠠᠨ ᠨᠠᠷᠢᠯᠢᠭ ᠤᠷᠠᠯᠢᠭ ᠤᠨ ᠤᠷ᠎ᠠ ᠮᠡᠷᠭᠡᠵᠢᠯ ᠪᠠ ᠭᠦᠨ ᠵᠤᠵᠠᠭᠠᠨ | ᠰᠣᠶᠣᠯ ᠤᠨ ᠠᠭᠤᠯᠬᠤᠨ ᠢ ᠳᠡᠯᠭᠡᠨ ᠦᠵᠡᠭᠦᠯᠦᠭᠰᠡᠨ ᠶᠤᠮ᠃ ᠵᠢᠱᠢᠶᠡᠯᠡᠪᠡᠯ᠂ ᠴᠠᠭᠠᠨ ᠬᠡᠷᠡᠮ ᠬᠥᠬᠡ ᠸᠠᠭᠠᠷ ᠲᠠᠢ | ᠵᠢᠶᠠᠩᠨᠠᠨ ᠤ ᠠᠷᠠᠳ ᠤᠨ ᠣᠷᠣᠨ ᠰᠠᠭᠤᠴᠠ ᠳᠤ᠂ ᠨᠢᠷᠤᠭᠤ ᠲᠤᠯᠭᠠᠭᠤᠷᠢ᠂ ᠬᠡᠷᠡᠮ ᠬᠠᠨ᠎ᠠ᠂ ᠪᠢᠯᠵᠤᠤᠬᠠᠢ ᠶᠢᠨ | ᠣᠷᠣᠯᠠᠯᠲᠠ ᠵᠡᠷᠭᠡ ᠶᠢ ᠨᠠᠷᠢᠯᠢᠭ ᠰᠡᠶᠢᠯᠵᠦ᠂ ᠡᠯ᠎ᠡ ᠵᠦᠢᠯ ᠤᠨ ᠠᠮᠢᠲᠠᠨ ᠤᠷᠭᠤᠮᠠᠯ ᠤᠨ ᠬᠡ ᠤᠭᠠᠯᠵᠠ ᠶᠢ ᠤᠷᠠᠨ | ᠨᠠᠷᠢᠯᠢᠭ᠂ ᠠᠮᠢᠳᠤ ᠳᠦᠷᠰᠦᠯᠢᠭ ᠵᠢᠷᠤᠭᠰᠠᠨ ᠨᠢ ᠲᠡᠭᠦᠰ ᠣᠶᠤᠨ ᠰᠠᠨᠠᠭᠠᠨ ᠤ ᠬᠥᠭᠡᠭᠡᠴᠡᠯᠳᠦᠯ ᠢ ᠬᠠᠷᠠᠭᠤᠯᠵᠤ | ᠪᠠᠶᠢᠳᠠᠭ᠃ ᠣᠨᠴᠠᠭᠠᠶᠢᠯᠠᠨ ᠲᠣᠳᠣᠷᠬᠠᠶᠢᠯᠠᠬᠤ ᠴᠢᠬᠤᠯᠠᠲᠠᠢ ᠵᠦᠢᠯ ᠭᠡᠪᠡᠯ᠂ ᠳᠤᠮᠳᠠᠳᠤ ᠤᠯᠤᠰ ᠤᠨ ᠤᠯᠠᠮᠵᠢᠯᠠᠯᠲᠤ | ᠪᠠᠷᠢᠯᠭ᠎ᠠ ᠶᠢᠨ ᠤᠷ᠎ᠠ ᠮᠡᠷᠭᠡᠵᠢᠯ ᠨᠢ ᠭᠠᠷ ᠤᠷᠠᠯᠠᠯ ᠤᠷ᠎ᠠ ᠮᠡᠷᠭᠡᠵᠢᠯ ᠠᠭᠤᠰᠤᠯᠴᠠᠭᠰᠠᠨ ᠤ ᠦᠷ᠎ᠡ ᠳ᠋ᠦᠩ ᠶᠤᠮ᠃ | ᠤᠯᠠᠮᠵᠢᠯᠠᠯᠲᠤ ᠪᠠᠷᠢᠯᠭ᠎ᠠ ᠶᠢ ᠴᠣᠭᠴᠠᠯᠠᠨ ᠪᠠᠶᠢᠭᠤᠯᠬᠤ ᠳᠤ ᠡᠷᠳᠡᠮᠲᠡᠨ ᠮᠡᠷᠭᠡᠳ ᠪᠠᠶᠢᠬᠤ ᠪᠠᠷ ᠪᠠᠷᠠᠬᠤ ᠦᠭᠡᠢ ᠤᠷᠠᠨ | ᠳᠠᠷᠬᠠᠳ ᠴᠤ ᠪᠣᠶ᠂ ᠤᠷᠠᠨ ᠳᠠᠷᠬᠠᠳ ᠡᠭᠦᠳᠦᠨ ᠪᠦᠲᠦᠭᠡᠬᠦ ᠳᠤᠮᠳᠠ ᠪᠠᠨ ᠰᠡᠳᠬᠢᠮᠵᠢ᠂ ᠪᠠᠶᠢᠷᠢᠰᠢᠯ᠂ ᠬᠡᠪ | ᠨᠠᠮᠪᠠ ᠶᠢ ᠠᠳᠬᠤᠵᠤ᠂ ᠪᠠᠷᠢᠯᠭ᠎ᠠ ᠶᠢᠨ ᠠᠵᠢᠯ ᠤᠨ ᠦᠢᠯᠡᠳᠦᠯᠭᠡ ᠬᠢᠵᠦ᠂ ᠬᠠᠮᠲᠤᠷᠠᠨ ᠠᠵᠢᠯᠯᠠᠵᠤ᠂ ᠤᠷᠠᠯᠢᠭ ᠤᠨ | ᠮᠡᠷᠭᠡᠵᠢᠯ ᠢ ᠠᠭᠤᠰᠤᠯᠴᠠᠭᠤᠯᠤᠨ᠂ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠶᠢ ᠥᠪᠡᠷᠮᠢᠴᠡ ᠴᠤᠭ | ᠵᠢᠪᠬᠤᠭ᠎ᠠ ᠲᠠᠢ ᠪᠣᠯᠭᠠᠭᠰᠠᠨ ᠪᠠᠶᠢᠨ᠎ᠠ᠃ | ᠣᠯᠠᠨ ᠡᠰᠢᠲᠦ ᠡᠯᠧᠮᠧᠨ᠋ᠲ ᠬᠠᠷᠢᠯᠴᠠᠨ ᠠᠭᠤᠰᠤᠯᠴᠠᠵᠠᠢ᠃ ᠳᠤᠮᠳᠠᠳᠤ ᠤᠯᠤᠰ ᠤᠨ ᠤᠯᠠᠮᠵᠢᠯᠠᠯᠲᠤ | ᠪᠠᠷᠢᠯᠭ᠎ᠠ ᠳᠤ ᠨᠢᠭᠡᠳᠦᠮᠡᠯ ᠴᠢᠨᠠᠷ ᠲᠠᠢ ᠪᠥᠭᠡᠳ ᠣᠯᠠᠨ ᠶᠠᠩᠵᠤᠲᠤ ᠴᠢᠨᠠᠷ ᠲᠠᠢ᠂ ᠨᠠᠶᠢᠷᠠᠮᠳᠠᠭᠤ ᠪᠠᠶᠢᠳᠠᠭ᠂ ᠣᠯᠠᠨ | ᠡᠰᠢᠲᠦ ᠠᠭᠤᠰᠤᠯᠴᠠᠯ ᠤᠨ ᠬᠡᠯᠪᠡᠷᠢ ᠪᠠᠶᠢᠳᠠᠯ ᠲᠠᠢ ᠪᠠᠶᠢᠳᠠᠭ᠃ ᠳᠤᠮᠳᠠᠳᠤ ᠤᠯᠤᠰ ᠪᠣᠯ ᠥᠷᠭᠡᠨ ᠠᠭᠤᠳᠠᠮ ᠨᠤᠲᠤᠭ | ᠳᠡᠪᠢᠰᠬᠡᠷ ᠲᠠᠢ ᠣᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠮᠥᠨ᠂ ᠪᠠᠶᠢᠭᠠᠯᠢ ᠶᠢᠨ ᠣᠷᠴᠢᠨ ᠲᠣᠭᠤᠷᠢᠨ ᠳᠤ | ᠣᠯᠠᠨ ᠬᠤᠪᠢᠷᠠᠯᠲᠠ ᠲᠠᠢ᠂ ᠣᠷᠣᠨ ᠨᠤᠲᠤᠭ ᠤᠨ ᠵᠠᠩ ᠠᠭᠠᠯᠢ ᠤᠯᠠᠨ ᠶᠠᠩᠵᠦ ᠶᠢᠨ ᠪᠠᠶᠢᠵᠦ᠂ ᠡᠯ᠎ᠡ ᠭᠠᠵᠠᠷ | ᠣᠷᠣᠨ ᠡᠯ᠎ᠡ ᠦᠨᠳᠦᠰᠦᠲᠡᠨ ᠤ ᠪᠠᠷᠢᠯᠭ᠎ᠠ ᠶᠢᠨ ᠬᠡᠪ ᠨᠠᠮᠪᠠ ᠨᠢ ᠥᠩᠭᠡ ᠢᠯᠭᠠᠷᠠᠮ᠎ᠠ ᠪᠠᠶᠢᠳᠠᠭ᠃ ᠵᠢᠱᠢᠶᠡᠯᠡᠪᠡᠯ᠂ | ᠭᠠᠵᠠᠷ ᠣᠷᠣᠨ ᠤ ᠣᠨᠴᠠᠯᠢᠭ ᠤᠨ ᠲᠠᠯ᠎ᠠ ᠪᠠᠷ᠂ ᠡᠪᠯᠢᠭ ᠰᠠᠶᠢᠬᠠᠨ ᠪᠠᠭᠲᠠᠭᠠᠮᠵᠢᠲᠠᠢ ᠵᠢᠶᠠᠩᠨᠠᠨ ᠤ ᠤᠰᠤᠨ ᠣᠷᠣᠨ᠂ | ᠰᠦᠷ ᠵᠢᠪᠬᠤᠭ᠎ᠠ ᠲᠠᠢ ᠾᠦᠢᠵᠸᠤ ᠶᠢᠨ ᠠᠷᠠᠳ ᠤᠨ ᠣᠷᠣᠨ ᠰᠠᠭᠤᠴᠠ᠂ ᠬᠥᠳᠡᠭᠡ ᠶᠢᠨ ᠬᠡᠪ ᠨᠠᠮᠪᠠ ᠲᠠᠢ ᠱᠠᠨ | ᠰᠢ ᠶᠢᠨ ᠶᠡᠭᠡ ᠬᠦᠷᠢᠶ᠎ᠡ᠂ ᠥᠪᠡᠷᠮᠢᠴᠡ ᠣᠨᠴᠠᠯᠢᠭ ᠲᠠᠢ ᠹᠦᠵᠢᠶᠠᠨ ᠤ ᠰᠢᠷᠣᠢ ᠶᠢᠨ ᠠᠰᠠᠷ ᠪᠠᠶᠢᠳᠠᠭ︔ ᠪᠠᠰᠠ | ᠵᠢᠱᠢᠶᠡᠯᠡᠪᠡᠯ ᠦᠨᠳᠦᠰᠦᠲᠡᠨ ᠤ ᠣᠨᠴᠠᠯᠢᠭ ᠤᠨ ᠲᠠᠯ᠎ᠠ ᠪᠠᠷ᠂ ᠳ᠋ᠠᠯᠢ ᠶᠢᠨ ᠪᠠᠢ ᠦᠨᠳᠦᠰᠦᠲᠡᠨ ᠤ ᠰᠧ ᠾᠧ ᠦ᠋ | ᠲᠢᠶᠠᠨ ᠵᠢᠩ᠂ ᠭᠤᠸᠠᠩᠰᠢ ᠶᠢᠨ ᠵᠤᠸᠠᠩ ᠦᠨᠳᠦᠰᠦᠲᠡᠨ ᠤ ᠬᠠᠭᠤᠷᠠᠢ ᠬᠡᠷᠡᠰᠬᠡ ᠮᠠᠶ᠋ᠢᠭ ᠤᠨ ᠠᠷᠠᠳ ᠤᠨ ᠰᠠᠭᠤᠴᠠ | ᠵᠡᠷᠭᠡ ᠪᠣᠢ᠃ ᠡᠲᠡᠭᠡᠷ ᠥᠩᠭᠡ ᠢᠯᠭᠠᠷᠠᠭᠰᠠᠨ ᠪᠠᠷᠢᠯᠭ᠎ᠠ ᠶᠢᠨ ᠬᠡᠪ ᠨᠠᠮᠪᠠ ᠶᠢᠨ ᠳᠣᠲᠣᠷ᠎ᠠ ᠴᠤ ᠬᠠᠷᠢᠯᠴᠠᠨ | ᠠᠭᠤᠰᠤᠯᠴᠠᠵᠤ ᠬᠠᠷᠢᠯᠴᠠᠨ ᠲᠣᠯᠢᠯᠠᠬᠤ ᠶᠢᠨ ᠤᠯᠠᠮ ᠠᠴᠠ ᠨᠢᠭᠡ ᠴᠣᠭᠴᠠ ᠪᠣᠯᠬᠤ ᠬᠠᠨᠳᠤᠰᠢ ᠶᠢ ᠢᠯᠡᠷᠡᠭᠦᠯᠦᠭᠰᠡᠨ | ᠶᠤᠮ᠃ ᠤᠷᠳᠤ ᠬᠤᠭᠤᠴᠠᠭᠠᠨ ᠤ ᠲᠤᠷᠰᠢ᠂ ᠡᠯ᠎ᠡ ᠭᠠᠵᠠᠷ ᠣᠷᠣᠨ ᠤ ᠬᠤᠭᠤᠷᠣᠨᠳᠣᠬᠢ ᠰᠣᠯᠢᠯᠴᠠᠭ᠎ᠠ ᠪᠣᠯᠣᠨ | ᠦᠨᠳᠦᠰᠦᠲᠡᠨ ᠤ ᠬᠤᠭᠤᠷᠣᠨᠳᠣᠬᠢ ᠠᠭᠤᠰᠤᠯᠴᠠᠯ ᠨᠢ ᠤᠤᠯ ᠠᠴᠠ ᠪᠠᠨ ᠬᠠᠷᠢᠴᠠᠩᠭᠤᠢ ᠪᠠᠷ ᠪᠡᠶ᠎ᠡ ᠪᠠᠨ ᠳᠠᠭᠠᠭᠠᠵᠤ | ᠬᠥᠭᠵᠢᠵᠦ ᠪᠠᠶᠢᠭᠰᠠᠨ ᠵᠠᠷᠢᠮ ᠪᠠᠷᠢᠯᠭ᠎ᠠ ᠶᠢᠨ ᠰᠢᠰᠲ᠋ᠧᠮ ᠢ ᠠᠭᠠᠵᠢᠮ ᠢᠶᠠᠷ ᠢᠵᠢᠯᠰᠢᠭᠦᠯᠵᠦ᠂ ᠭᠤᠣᠯ ᠴᠣᠭᠴᠠ ᠶᠢᠨ | ᠪᠦᠲᠦᠴᠡ ᠪᠣᠯᠣᠨ ᠪᠠᠷᠢᠯᠭ᠎ᠠ ᠶᠢᠨ ᠳᠦᠷᠰᠦ ᠪᠦᠲᠦᠭᠡᠯᠲᠡ ᠨᠢ ᠤᠯᠠᠨ ᠡᠰᠢᠲᠦ ᠨᠢᠭᠡ ᠴᠣᠭᠴᠠ᠂ ᠤᠯᠠᠨ ᠬᠡᠮᠵᠢᠯᠲᠦ | ᠬᠠᠷᠢᠯᠴᠠᠨ ᠰᠢᠭᠢᠳᠬᠡᠭᠰᠡᠨ ᠪᠠᠶᠢᠨ᠎ᠠ᠃ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠨᠢ | ᠦᠨᠳᠦᠰᠦᠲᠡᠨ ᠨᠦᠭᠦᠳ ᠤᠨ ᠪᠠᠷᠢᠯᠭ᠎ᠠ ᠶᠢᠨ ᠰᠣᠶᠣᠯ ᠤᠨ ᠶᠡᠭᠡ ᠪᠦᠲᠦᠭᠡᠯ ᠢ ᠬᠤᠷᠠᠮᠳᠤᠭᠤᠯᠵᠤ᠂ ᠳᠤᠮᠳᠠᠳᠤ ᠶᠢᠨ | ᠰᠣᠶᠣᠯ ᠤᠨ ᠣᠯᠠᠨ ᠡᠰᠢᠲᠦ ᠠᠭᠤᠰᠤᠯᠴᠠᠯ ᠤᠨ ᠪᠠᠶᠢᠳᠠᠯ ᠢ ᠬᠠᠷᠠᠭᠤᠯᠵᠤ᠂ ᠦᠨᠳᠦᠰᠦᠲᠡᠨ ᠨᠦᠭᠦᠳ ᠤᠨ | ᠰᠣᠶᠣᠯ ᠤᠨ ᠬᠠᠷᠢᠯᠴᠠᠨ ᠲᠣᠯᠢᠯᠠᠵᠤ ᠬᠠᠷᠢᠯᠴᠠᠨ ᠨᠡᠪᠲᠡᠷᠡᠯᠴᠡᠬᠦ ᠶᠢ ᠬᠠᠷᠠᠭᠤᠯᠤᠭᠰᠠᠨ ᠠᠤᠭ᠎ᠠ ᠶᠡᠭᠡ ᠬᠠᠭᠤᠳᠠᠰᠤ | ᠪᠣᠯᠣᠨ᠎ᠠ᠃ ᠲᠡᠦᠬᠡ ᠶᠢᠨ ᠤᠷᠲᠤ ᠠᠶᠠᠨ ᠳᠤ᠂ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠮᠢᠩᠭᠠᠨ ᠵᠢᠯ | ᠦᠷᠭᠦᠯᠵᠢᠯᠡᠵᠦ᠂ ᠤᠳᠤᠮ ᠤᠯᠠᠮᠵᠢᠯᠠᠯ ᠨᠢᠭᠡᠲᠡᠢ ᠪᠠᠶᠢᠵᠤ᠂ ᠣᠶᠤᠨ ᠰᠠᠨᠠᠭᠠᠨ ᠤ ᠠᠭᠤᠯᠬᠤᠨ ᠤ ᠨᠢᠭᠡ ᠴᠣᠭᠴᠠᠲᠤ | ᠴᠢᠨᠠᠷ ᠢ ᠳᠣᠪᠤᠶᠢᠯᠭᠠᠭᠰᠠᠨ ᠪᠠᠶᠢᠨ᠎ᠠ᠃ ᠭᠡᠪᠡᠴᠦ ᠠᠳᠠᠯᠢ ᠪᠤᠰᠤ ᠲᠡᠦᠬᠡᠨ ᠴᠠᠭ ᠦᠶ᠎ᠡ ᠳᠤ ᠪᠠᠷᠢᠯᠭ᠎ᠠ ᠶᠢᠨ ᠬᠡᠪ ᠨᠠᠮᠪᠠ | ᠪᠠ ᠬᠡᠯᠪᠡᠷᠢ ᠨᠢ ᠪᠠᠰᠠ ᠠᠳᠠᠯᠢ ᠪᠤᠰᠤ ᠪᠠᠶᠢᠵᠤ᠂ ᠪᠣᠳᠠᠰ ᠤᠨ ᠬᠡᠯᠪᠡᠷᠢ ᠶᠢᠨ ᠣᠯᠠᠨ ᠡᠰᠢᠲᠦ ᠴᠢᠨᠠᠷ ᠢ ᠢᠯᠡᠷᠡᠭᠦᠯᠵᠡᠢ | ᠃ | ᠢᠷᠡᠯᠲᠡ᠄ ᠠᠷᠠᠳ ᠤᠨ ᠡᠳᠦᠷ ᠤᠨ ᠰᠣᠨᠢᠨ |