ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 10 ᠳ᠋ᠤᠭᠠᠷ ᠰᠠᠷ᠎ᠠ ᠶᠢᠨ | 17 ᠤ ᠡᠳᠦᠷ ᠤᠨ ᠦᠳᠡ ᠶᠢᠨ ᠡᠮᠦᠨ᠎ᠡ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠭᠡᠷ ᠪᠠᠶᠢᠰᠢᠩ | ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠦᠭᠵᠢᠬᠦ ᠶᠢ ᠠᠬᠢᠭᠤᠯᠬᠤ | ᠲᠤᠬᠠᠢ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠠᠢ᠃ | ᠠᠭᠤᠯᠭ᠎ᠠ ᠶᠢᠨ ᠭᠤᠤᠯᠳᠠᠯᠭ᠎ᠠ᠄ | ᠳᠥᠷᠪᠡ ᠶᠢ ᠬᠦᠴᠦᠨ ᠦᠭᠡᠢ ᠪᠣᠯᠭᠠᠨ᠎ᠠ᠄ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ ᠂ | ᠣᠷᠣᠨ ᠰᠠᠭᠤᠴᠠ ᠪᠤᠷᠤᠯᠠᠭᠤᠯᠬᠤ ᠶᠢ ᠬᠢᠵᠠᠭᠠᠷᠯᠠᠬᠤ᠂ ᠣᠷᠣᠨ ᠰᠠᠭᠤᠴᠠ ᠶᠢᠨ ᠦᠨ᠎ᠡ ᠶᠢ ᠬᠢᠵᠠᠭᠠᠷᠯᠠᠬᠤ ᠂ ᠡᠩ ᠤᠨ | ᠣᠷᠣᠨ ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠨ᠎ᠠ᠃ | ᠳᠥᠷᠪᠡ ᠶᠢ ᠪᠠᠭᠤᠷᠠᠭᠤᠯᠤᠨ᠎ᠠ᠄ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ᠂ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ | ᠬᠠᠷᠢᠴᠠᠯ ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ᠂ ︽ᠬᠠᠭᠤᠴᠢᠨ | ᠣᠷᠣᠨ ᠰᠠᠭᠤᠴᠠ ᠢᠶᠠᠨ ᠬᠤᠳᠠᠯᠳᠤᠵᠤ ᠰᠢᠨ᠎ᠡ ᠣᠷᠣᠨ ᠰᠠᠭᠤᠴᠠ ᠬᠤᠳᠠᠯᠳᠤᠨ ᠠᠪᠬᠤ︾ ᠣᠷᠣᠨ ᠰᠠᠭᠤᠴᠠ | ᠰᠣᠯᠢᠵᠤ ᠬᠤᠳᠠᠯᠳᠤᠨ ᠠᠪᠬᠤ ᠶᠢᠨ ᠭᠠᠶᠢᠯᠢ ᠰᠦᠢᠳᠬᠡᠯ ᠤᠨ ᠳᠠᠷᠤᠭᠠᠰᠤ ᠶᠢ ᠪᠠᠭᠤᠷᠠᠭᠤᠯᠤᠨ᠎ᠠ᠃ | ᠬᠤᠶᠠᠷ ᠢ ᠨᠡᠮᠡᠭᠳᠡᠭᠦᠯᠦᠨ᠎ᠡ᠄ 100 ᠲᠦᠮᠡᠨ ᠢᠵᠢ ᠬᠤᠳᠠ ᠶᠢᠨ ᠲᠤᠮᠳᠠᠬᠢ ᠲᠣᠰᠬᠤᠨ ᠢ ᠦᠭᠡᠷᠡᠴᠢᠯᠡᠬᠦ ᠪᠠ | ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠦᠭᠡᠷᠡᠴᠢᠯᠡᠬᠦ᠂ ᠵᠢᠯ ᠤᠨ ᠡᠴᠦᠰ ᠠᠴᠠ ᠡᠮᠦᠨ᠎ᠡ ︽ᠴᠠᠭᠠᠨ ᠨᠡᠷᠡᠰ︾ | ᠤᠨ ᠲᠥᠷᠥᠯ ᠵᠦᠢᠯ ᠤᠨ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ 4 ᠲᠦᠮᠡᠨ ᠳ᠋ᠦᠩᠰᠢᠭᠤᠷ ᠲᠥᠭᠦᠷᠢᠭ | ᠪᠣᠯᠲᠠᠯ᠎ᠠ ᠨᠡᠮᠡᠭᠳᠡᠭᠦᠯᠦᠨ᠎ᠡ᠃ | ᠬᠤᠶᠢᠰᠢᠳᠠ ︽ᠴᠠᠭᠠᠨ ᠨᠡᠷᠡᠰ︾ ᠤᠨ ᠪᠠᠷᠢᠮᠵᠢᠶ᠎ᠠ ᠶᠢᠨ ᠨᠥᠬᠦᠴᠡᠯ ᠳᠤ ᠨᠡᠶᠢᠴᠡᠬᠦ ᠭᠡᠷ ᠪᠠᠶᠢᠰᠢᠩ ᠭᠠᠵᠠᠷ | ᠬᠥᠷᠥᠩᠭᠡ ᠶᠢᠨ ᠲᠥᠷᠥᠯ ᠵᠦᠢᠯ ᠢ ᠴᠥᠮ ︽ᠴᠠᠭᠠᠨ ᠨᠡᠷᠡᠰ︾ ᠤᠨ ᠶᠣᠰᠣᠭᠠᠷ ᠬᠠᠮᠢᠶᠠᠷᠴᠤ᠂ ︽ᠣᠷᠣᠭᠤᠯᠬᠤ | ᠶᠣᠰᠣᠲᠠᠢ ᠶᠢ ᠨᠢ ᠴᠥᠮ ᠣᠷᠣᠭᠤᠯᠬᠤ︾ ᠶᠢ ᠪᠡᠶᠡᠯᠡᠭᠦᠯᠬᠦ ᠬᠡᠷᠡᠭᠲᠡᠢ᠃ | ᠲᠤᠰᠬᠠᠢ ᠵᠦᠢᠯ ᠤᠨ ᠥᠷᠢ ᠥᠭᠴᠡᠭᠡ ᠶᠢ ᠬᠤᠳᠠᠯᠳᠤᠨ ᠠᠪᠬᠤ ᠳᠤ ᠦᠯᠡᠳᠡᠭᠡᠯ ᠲᠠᠸᠠᠷ ᠤᠨ ᠭᠡᠷ | ᠪᠠᠶᠢᠰᠢᠩ ᠢ ᠣᠷᠣᠨ ᠨᠤᠲᠤᠭ ᠡᠵᠡᠨ ᠮᠡᠳᠡᠵᠦ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠠᠶᠢᠨ ᠲᠤᠷ᠎ᠠ ᠠᠴᠠ ᠪᠠᠨ | ᠬᠡᠷᠡᠭᠵᠢᠭᠦᠯᠦᠨ᠎ᠡ᠃ | ᠵᠢᠱᠢᠯᠲᠡ ᠪᠠᠷ᠂ ᠵᠤᠬᠢᠯᠠᠬᠤ ᠤᠯᠠᠨ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠳᠤ 10 ᠳ᠋ᠤᠭᠠᠷ | ᠰᠠᠷ᠎ᠠ ᠶᠢᠨ 25 ᠤ ᠡᠳᠦᠷ ᠪᠥᠭᠡᠮ ᠲᠣᠬᠢᠷᠠᠭᠤᠯᠤᠯᠲᠠ ᠬᠢᠬᠦ ᠪᠠᠷ ᠪᠣᠶ᠃ ᠶᠡᠷᠦᠩᠬᠡᠢ ᠳᠤᠨᠢ 10 ᠳ᠋ᠤᠭᠠᠷ ᠰᠠᠷ᠎ᠠ ᠶᠢᠨ | 31 ᠤ ᠡᠳᠦᠷ ᠠᠴᠠ ᠡᠮᠦᠨ᠎ᠡ ᠪᠦᠬᠦᠨ ᠢ ᠪᠡᠶᠡᠯᠡᠭᠦᠯᠦᠨ᠎ᠡ᠃ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢᠨ ︽ᠬᠠᠮ | ᠠᠷᠭ᠎ᠠ︾ — ᠳᠥᠷᠪᠡ ᠶᠢ ᠬᠦᠴᠦᠨ ᠦᠭᠡᠢ ᠪᠣᠯᠭᠠᠵᠤ᠂ ᠳᠥᠷᠪᠡ ᠶᠢ ᠪᠠᠭᠤᠷᠠᠭᠤᠯᠵᠤ᠂ ᠬᠤᠶᠠᠷ ᠢ | ᠨᠡᠮᠡᠭᠳᠡᠭᠦᠯᠦᠨ᠎ᠡ | ᠳᠥᠷᠪᠡ ᠶᠢ ᠬᠦᠴᠦᠨ ᠦᠭᠡᠢ ᠪᠣᠯᠭᠠᠬᠤ ᠭᠡᠳᠡᠭ ᠨᠢ ᠳᠠᠷᠤᠢ ᠬᠤᠲᠠ ᠶᠢᠨ ᠵᠠᠰᠠᠭ ᠤᠨ ᠣᠷᠳᠣᠨ ᠳᠤ ᠡᠵᠡᠨ | ᠮᠡᠳᠡᠵᠦ ᠲᠣᠬᠢᠷᠠᠭᠤᠯᠤᠨ ᠡᠵᠡᠮᠳᠡᠬᠦ ᠡᠷᠬᠡ ᠶᠢ ᠭᠦᠢᠴᠡᠳ ᠣᠯᠭᠤᠵᠤ᠂ ᠬᠤᠲᠠ ᠶᠢᠨ ᠵᠠᠰᠠᠭ ᠤᠨ ᠣᠷᠳᠣᠨ ᠬᠤᠲᠠ | ᠶᠢᠨ ᠪᠠᠶᠢᠳᠠᠯ ᠢ ᠦᠨᠳᠦᠰᠦᠯᠡᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠭᠡᠷ ᠪᠠᠶᠢᠰᠢᠩ ᠬᠤᠳᠠᠯᠳᠤᠨ ᠠᠪᠬᠤ | ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠲᠣᠬᠢᠷᠠᠭᠤᠯᠬᠤ ᠪᠤᠶᠤ ᠬᠦᠴᠦᠨ ᠦᠭᠡᠢ ᠪᠣᠯᠭᠠᠬᠤ | ᠶᠠᠪᠤᠳᠠᠯ ᠪᠣᠯᠣᠨ᠎ᠠ᠃ ᠡᠭᠦᠨ ᠳᠤ ᠭᠤᠣᠯᠳᠠᠭᠤ ᠤᠷᠤᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ ᠂ ᠤᠷᠤᠨ | ᠰᠠᠭᠤᠴᠠ ᠪᠤᠷᠤᠯᠠᠭᠤᠯᠬᠤ ᠶᠢ ᠬᠢᠵᠠᠭᠠᠷᠯᠠᠬᠤ᠂ ᠤᠷᠤᠨ ᠰᠠᠭᠤᠴᠠ ᠶᠢᠨ ᠦᠨ᠎ᠡ ᠶᠢ ᠬᠢᠵᠠᠭᠠᠷᠯᠠᠬᠤ᠂ ᠡᠩ ᠤᠨ ᠣᠷᠣᠨ | ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠬᠤ ᠵᠡᠷᠭᠡ ᠪᠠᠭᠲᠠᠨ᠎ᠠ | ᠃ | ᠳᠥᠷᠪᠡ ᠶᠢ ᠪᠠᠭᠤᠷᠠᠭᠤᠯᠬᠤ ᠭᠡᠳᠡᠭ ᠨᠢ ᠳᠠᠷᠤᠢ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ᠎ᠠ᠂ ᠣᠯᠠᠨ ᠤ | ᠮᠡᠳᠡᠭᠡᠵᠢ ᠪᠠᠷ᠂ 0.25 ᠢᠶᠠᠷ ᠪᠠᠭᠤᠷᠠᠪᠠ︔ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ | ᠬᠠᠷᠢᠴᠠᠯ ᠢ ᠪᠠᠭᠤᠷᠠᠭᠤᠯᠤᠨ᠎ᠠ᠂ ᠠᠩᠬᠠᠳᠤᠭᠠᠷ ᠢᠵᠢ᠂ ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ | ᠠᠩᠬ᠎ᠠ ᠲᠤᠰᠢᠶᠠᠬᠤ ᠬᠠᠷᠢᠴᠠᠯ ᠢ 15% ᠪᠤᠯᠭᠠᠵᠠᠢ︔ ᠦᠯᠡᠳᠡᠭᠡᠯ ᠤᠷᠤᠨ ᠰᠠᠭᠤᠴᠠ ᠶᠢᠨ ᠵᠢᠭᠡᠯᠡᠯᠭᠡ ᠶᠢᠨ ᠬᠦᠦ | ᠮᠦᠩᠬᠦ ᠶᠢᠨ ᠨᠤᠷᠮ᠎ᠠ ᠶᠢ ︽ᠬᠠᠭᠤᠴᠢᠨ ᠤᠷᠤᠨ ᠰᠠᠭᠤᠴᠠ ᠪᠠᠨ ᠬᠤᠳᠠᠯᠳᠤᠵᠤ ᠰᠢᠨ᠎ᠡ ᠤᠷᠤᠨ ᠰᠠᠭᠤᠴᠠ | ᠬᠤᠳᠠᠯᠳᠤᠨ ᠠᠪᠬᠤ︾ ᠣᠷᠣᠨ ᠰᠠᠭᠤᠴᠠ ᠰᠣᠯᠢᠵᠤ ᠬᠤᠳᠠᠯᠳᠤᠨ ᠠᠪᠬᠤ ᠳᠤ ᠭᠠᠶᠢᠯᠢ ᠰᠦᠢᠳᠬᠡᠯ ᠤᠨ | ᠳᠠᠷᠤᠭᠠᠰᠤ ᠶᠢ ᠪᠠᠭᠤᠷᠠᠭᠤᠯᠤᠨ᠎ᠠ᠃ ᠡᠲᠡᠭᠡᠷ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠣᠷᠣᠨ ᠰᠠᠭᠤᠴᠠ ᠬᠤᠳᠠᠯᠳᠤᠨ ᠠᠪᠬᠤ | ᠥᠪᠡᠷ ᠤᠨ ᠥᠷᠲᠡᠭ ᠢ ᠪᠠᠭᠤᠷᠠᠭᠤᠯᠵᠤ᠂ ᠵᠢᠭᠡᠯᠡᠯᠭᠡ ᠪᠤᠴᠠᠭᠠᠬᠤ ᠳᠠᠷᠤᠯᠲᠠ ᠶᠢ ᠬᠥᠩᠭᠡᠷᠡᠭᠦᠯᠦᠨ᠂ ᠰᠠᠭᠤᠭᠠᠯᠢ | ᠠᠷᠠᠳ ᠤᠨ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠨ᠎ᠡ᠃ | | ᠬᠤᠶᠠᠷ ᠢ ᠨᠡᠮᠡᠭᠳᠡᠭᠦᠯᠦᠨ᠎ᠡ᠂ ᠨᠢᠭᠡ ᠳᠤ᠂ ᠵᠤᠭᠤᠰᠵᠢᠭᠤᠯᠤᠨ ᠲᠥᠪᠬᠢᠨᠡᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠢᠨ᠎ᠡ ᠪᠠᠷ 100 ᠲᠦᠮᠡᠨ ᠢᠵᠢ ᠬᠤᠳᠠ ᠶᠢᠨ ᠲᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ | ᠪᠠ ᠨᠤᠷᠠᠬᠤ ᠠᠶᠤᠯᠲᠠᠢ ᠬᠠᠭᠤᠴᠢᠨ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠶᠢ ᠨᠡᠮᠡᠭᠳᠡᠭᠦᠯᠦᠨ᠎ᠡ᠃ ᠡᠨᠡ | ᠤᠳᠠᠭ᠎ᠠ ᠭᠤᠣᠯᠳᠠᠭᠤ ᠵᠤᠭᠤᠰᠵᠢᠭᠤᠯᠤᠨ ᠲᠥᠪᠬᠢᠨᠡᠭᠦᠯᠬᠦ ᠠᠷᠭ᠎ᠠ ᠶᠢ ᠬᠡᠷᠡᠭᠯᠡᠬᠦ ᠨᠢ ᠤᠯᠠᠨ ᠲᠦᠮᠡᠨ ᠤ ᠥᠪᠡᠷ ᠤᠨ | ᠬᠦᠰᠡᠯ ᠪᠠ ᠬᠡᠷᠡᠭᠴᠡᠭᠡ ᠪᠠᠨ ᠦᠨᠳᠦᠰᠦᠯᠡᠨ ᠲᠣᠬᠢᠷᠠᠮᠵᠢᠲᠠᠢ ᠭᠡᠷ ᠪᠠᠶᠢᠰᠢᠩ ᠰᠣᠩᠭᠤᠬᠤ ᠳᠤ ᠨᠡᠩ ᠠᠰᠢᠭᠲᠠᠢ ᠶᠤᠮ᠃ | ᠬᠤᠶᠠᠷ ᠲᠤ᠂ ᠵᠢᠯ ᠤᠨ ᠡᠴᠦᠰ ᠠᠴᠠ ᠡᠮᠦᠨ᠎ᠡ᠂ ︽ᠴᠠᠭᠠᠨ ᠨᠡᠷᠡᠰ︾ ᠤᠨ ᠲᠦᠷᠦᠯ ᠵᠦᠢᠯ ᠤᠨ ᠢᠳᠡᠭᠡᠮᠵᠢᠳᠦ | ᠵᠢᠭᠡᠯᠡᠯᠭᠡ ᠶᠢᠨ ᠬᠡᠪᠴᠢᠶ᠎ᠡ ᠶᠢ 4 ᠲᠦᠮᠡᠨ ᠳ᠋ᠦᠩᠰᠢᠭᠤᠷ ᠲᠥᠭᠦᠷᠢᠭ ᠪᠣᠯᠲᠠᠯ᠎ᠠ ᠨᠡᠮᠡᠭᠳᠡᠭᠦᠯᠦᠨ᠎ᠡ᠃ ᠬᠤᠲᠠ ᠶᠢᠨ ᠭᠡᠷ | ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠨᠢ ᠪᠣᠶ ᠪᠦᠬᠦᠢ ᠭᠡᠷ | ᠪᠠᠶᠢᠰᠢᠩ ᠭᠠᠵᠠᠷ ᠬᠥᠷᠥᠩᠭᠡ ᠶᠢᠨ ᠬᠢᠷᠢ ᠲᠡᠩᠴᠡᠭᠰᠡᠨ ᠲᠥᠷᠥᠯ ᠵᠦᠢᠯ ᠢ ᠴᠥᠮ ︽ᠴᠠᠭᠠᠨ ᠨᠡᠷᠡᠰ︾ ᠲᠤ | ᠣᠷᠣᠭᠤᠯᠬᠤ ᠪᠠᠷ ᠴᠢᠷᠮᠠᠶᠢᠵᠤ᠂ ᠣᠷᠣᠭᠤᠯᠬᠤ ᠶᠣᠰᠣᠲᠠᠢ ᠶᠢ ᠨᠢ ᠴᠥᠮ ᠣᠷᠣᠭᠤᠯᠵᠤ᠂ ᠵᠢᠭᠡᠯᠡᠭᠦᠯᠬᠦ ᠶᠣᠰᠣᠲᠠᠢ ᠳᠤ | ᠴᠥᠮ ᠵᠢᠭᠡᠯᠡᠭᠦᠯᠵᠦ᠂ ᠲᠥᠷᠥᠯ ᠵᠦᠢᠯ ᠤᠨ ᠵᠦᠢ ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ | ᠭᠡᠷ ᠪᠠᠶᠢᠰᠢᠩ ᠭᠠᠵᠠᠷ ᠬᠥᠷᠥᠩᠭᠡ ᠶᠢᠨ ︽ᠴᠠᠭᠠᠨ ᠨᠡᠷᠡᠰ︾ ᠤᠨ ᠲᠥᠷᠥᠯ ᠵᠦᠢᠯ ᠤᠨ ᠲᠤᠬᠠᠢ | ︽ᠣᠷᠣᠭᠤᠯᠬᠤ ᠶᠣᠰᠣᠲᠠᠢ ᠶᠢ ᠨᠢ ᠴᠥᠮ ᠤᠷᠤᠭᠤᠯᠤᠨ᠎ᠠ︾ — ᠲᠤᠭᠳᠠᠭᠠᠯ ᠳᠤ ᠨᠡᠶᠢᠴᠡᠬᠦ ᠭᠡᠷ | ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ ᠢ ︽ᠴᠠᠭᠠᠨ ᠨᠡᠷᠡᠰ︾ ᠲᠤ ᠤᠷᠤᠭᠤᠯᠤᠨ᠎ᠠ | ᠡᠨᠡ ᠵᠢᠯ ᠤᠨ ᠡᠬᠢᠨ ᠠᠴᠠ ᠨᠠᠰᠢ᠂ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ | ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠨᠢ ᠲᠣᠭᠲᠠᠭᠠᠯ ᠳᠤ ᠨᠡᠶᠢᠴᠡᠭᠰᠡᠨ ᠭᠡᠷ ᠪᠠᠶᠢᠰᠢᠩ ᠭᠠᠵᠠᠷ | ᠬᠥᠷᠥᠩᠭᠡ ᠶᠢᠨ ᠲᠦᠷᠦᠯ ᠵᠦᠢᠯ ᠢ ᠴᠥᠮ ︽ᠴᠠᠭᠠᠨ ᠨᠡᠷᠡᠰ︾ ᠲᠤ ᠤᠷᠤᠭᠤᠯᠵᠠᠢ᠃ ᠬᠤᠶᠢᠰᠢᠳᠠ ︽ᠴᠠᠭᠠᠨ | ᠨᠡᠷᠡᠰ︾ ᠤᠨ ᠪᠠᠷᠢᠮᠵᠢᠶ᠎ᠠ ᠶᠢᠨ ᠨᠥᠬᠦᠴᠡᠯ ᠳᠤ ᠨᠡᠶᠢᠴᠡᠬᠦ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ | ᠴᠥᠮ ︽ᠴᠠᠭᠠᠨ ᠨᠡᠷᠡᠰ︾ ᠤᠨ ᠶᠣᠰᠣᠭᠠᠷ ᠬᠠᠮᠢᠶᠠᠷᠴᠤ᠂ ︽ᠣᠷᠣᠭᠤᠯᠬᠤ ᠶᠣᠰᠣᠲᠠᠢ ᠶᠢ ᠨᠢ ᠴᠥᠮ ᠣᠷᠣᠭᠤᠯᠬᠤ | ︾ ᠬᠡᠷᠡᠭᠲᠡᠢ᠃ | ︽ᠵᠢᠭᠡᠯᠡᠭᠦᠯᠬᠦ ᠶᠣᠰᠣᠲᠠᠢ ᠳᠤ ᠪᠦᠬᠦᠨ ᠢ ᠵᠢᠭᠡᠯᠡᠭᠦᠯᠦᠨ᠎ᠡ︾ — ᠪᠠᠩᠬᠢ ᠠᠴᠠ ︽ᠴᠠᠭᠠᠨ ᠨᠡᠷᠡᠰ︾ ᠲᠤ | ᠣᠷᠣᠭᠰᠠᠨ ᠲᠦᠷᠦᠯ ᠵᠦᠢᠯ ᠳᠤ ︽ᠵᠢᠭᠡᠯᠡᠭᠦᠯᠬᠦ ᠶᠣᠰᠣᠲᠠᠢ ᠳᠤ ᠪᠦᠬᠦᠨ ᠢ ᠵᠢᠭᠡᠯᠡᠭᠦᠯᠬᠦ︾ ᠶᠢ ᠪᠡᠶᠡᠯᠡᠭᠦᠯᠪᠡᠯ | ᠵᠣᠬᠢᠨ᠎ᠠ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠨᠢᠭᠡᠨᠲᠡ ᠡᠯ᠎ᠡ ᠪᠠᠩᠬᠢ ᠶᠢ | ᠵᠢᠯᠣᠭᠤᠳᠤᠨ ᠤᠳᠤ ᠶᠢᠨ ᠪᠠᠶᠢᠭ᠎ᠠ ᠠᠵᠢᠯ ᠤᠨ ᠲᠤᠰᠬᠠᠢ ᠡᠭᠡᠯᠵᠢ ᠶᠢᠨ ᠲᠣᠭᠲᠠᠴᠠ ᠶᠢᠨ ᠰᠠᠭᠤᠷᠢᠨ ᠳᠡᠭᠡᠷ᠎ᠡ᠂ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠢᠭᠡᠯᠡᠯᠭᠡ ᠲᠠᠯᠪᠢᠬᠤ ᠠᠬᠢᠴᠠ ᠶᠢ ᠲᠦᠷᠦᠯ ᠵᠦᠢᠯ | ᠳᠠᠷᠠᠭᠠᠯᠠᠨ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠵᠣᠬᠢᠰᠲᠠᠢ ᠪᠠᠷ | ᠳᠣᠷᠣᠭᠰᠢ ᠪᠠᠭᠤᠯᠭᠠᠵᠤ᠂ ᠬᠢᠨᠠᠨ ᠵᠥᠪᠰᠢᠶᠡᠷᠡᠬᠦ ᠪᠠ ᠵᠢᠭᠡᠯᠡᠯᠭᠡ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠶᠣᠰᠣᠭᠠᠷ ᠴᠠᠭ ᠲᠤᠬᠠᠢ ᠳᠤᠨᠢ ᠵᠢᠭᠡᠯᠡᠯᠭᠡ | ᠲᠠᠯᠪᠢᠨ᠎ᠠ᠃ ᠵᠠᠷᠴᠢᠮ ᠳᠡᠭᠡᠷ᠎ᠡ ᠪᠠᠨ ᠬᠤᠯᠪᠣᠭᠳᠠᠯ ᠪᠦᠬᠦᠢ ᠨᠥᠬᠦᠴᠡᠯ ᠪᠣᠯᠣᠨ ᠱᠠᠭᠠᠷᠳᠠᠯᠭ᠎ᠠ ᠳᠤ ᠬᠤᠪᠢᠷᠠᠯᠲᠠ | ᠭᠠᠷᠤᠭᠰᠠᠨ ᠦᠭᠡᠢ ᠪᠣᠯ᠂ ᠪᠠᠩᠬᠢ ᠠᠴᠠ ︽ᠴᠠᠭᠠᠨ ᠨᠡᠷᠡᠰ︾ ᠲᠤ ᠣᠷᠣᠭᠰᠠᠨ ᠲᠦᠷᠦᠯ ᠵᠦᠢᠯ ᠳᠤ ︽ᠵᠢᠭᠡᠯᠡᠭᠦᠯᠬᠦ | ᠶᠣᠰᠣᠲᠠᠢ ᠳᠤ ᠪᠦᠬᠦᠨ ᠢ ᠵᠢᠭᠡᠯᠡᠭᠦᠯᠬᠦ︾ ᠶᠢ ᠪᠡᠶᠡᠯᠡᠭᠦᠯᠪᠡᠯ ᠵᠣᠬᠢᠨ᠎ᠠ᠃ | ︽ᠬᠡᠳᠦ ᠡᠷᠳᠡ ᠬᠢᠪᠡᠯ ᠬᠡᠳᠦ ᠰᠠᠶᠢᠨ︾ — ᠵᠢᠭᠡᠯᠡᠯᠭᠡ ᠶᠢᠨ ᠪᠡᠯᠡ ᠮᠥᠩᠭᠦ ᠶᠢ ᠰᠢᠯᠵᠢᠭᠦᠯᠦᠨ ᠥᠭᠬᠦ | ᠠᠷᠭ᠎ᠠ ᠮᠠᠶ᠋ᠢᠭ ᠢ ᠰᠢᠯᠢᠳᠡᠭᠵᠢᠭᠦᠯᠦᠨ᠎ᠡ | ᠬᠤᠳᠠᠯᠳᠤᠭᠠᠨ ᠤ ᠪᠠᠩᠬᠢ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠺᠣᠮᠫᠠᠨᠢ ᠲᠠᠢ ᠵᠣᠬᠢᠴᠠᠯᠳᠤᠨ | ᠨᠢᠭᠡᠳᠦᠭᠰᠡᠨ ᠤᠷᠢᠲᠠᠯ ᠳᠣᠣᠷ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠺᠣᠮᠫᠠᠨᠢ ᠶᠢᠨ | ᠬᠠᠩᠭᠠᠭᠰᠠᠨ ᠵᠣᠭᠤᠰ ᠬᠡᠷᠡᠭᠯᠡᠬᠦ ᠲᠥᠯᠥᠪᠯᠡᠭᠡ ᠶᠢ ᠦᠨᠳᠦᠰᠦᠯᠡᠨ᠂ ᠪᠥᠬᠦ ᠵᠢᠭᠡᠯᠡᠯᠭᠡ ᠶᠢ ᠭᠡᠷ ᠪᠠᠶᠢᠰᠢᠩ ᠭᠠᠵᠠᠷ | ᠬᠥᠷᠥᠩᠭᠡ ᠶᠢᠨ ᠲᠦᠷᠦᠯ ᠵᠦᠢᠯ ᠤᠨ ᠺᠣᠮᠫᠠᠨᠢ ᠶᠢᠨ ᠪᠠᠶᠢᠭᠤᠯᠤᠭᠰᠠᠨ ᠲᠦᠷᠦᠯ ᠵᠦᠢᠯ ᠤᠨ ᠪᠡᠯᠡ ᠮᠥᠩᠭᠦ ᠶᠢᠨ | ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠳᠤ ᠤᠷᠢᠳᠴᠢᠯᠠᠨ ᠰᠢᠯᠵᠢᠭᠦᠯᠦᠨ ᠦᠭᠭᠦᠨ᠎ᠡ᠃ | ᠵᠢᠱᠢᠯᠲᠡ ᠪᠠᠷ ᠵᠢᠯ ᠤᠨ ᠡᠴᠦᠰ ᠪᠤᠯᠳᠠᠯ᠎ᠠ᠂ ︽ᠴᠠᠭᠠᠨ ᠨᠡᠷᠡᠰ︾ ᠤᠨ ᠲᠦᠷᠦᠯ ᠵᠦᠢᠯ ᠤᠨ ᠵᠢᠭᠡᠯᠡᠯᠭᠡ ᠶᠢ | ᠬᠢᠨᠠᠨ ᠵᠦᠪᠰᠢᠶᠡᠷᠡᠵᠦ ᠪᠠᠲᠤᠯᠠᠭᠰᠠᠨ ᠵᠣᠭᠤᠰ ᠤᠨ ᠲᠤᠭ᠎ᠠ 4 ᠲᠦᠮᠡᠨ ᠳ᠋ᠦᠩᠰᠢᠭᠤᠷ ᠲᠥᠭᠦᠷᠢᠭ ᠢ ᠳᠠᠪᠠᠭ᠋ᠤ | ᠪᠣᠯᠣᠨ᠎ᠠ | ᠪᠦᠷᠢᠳᠬᠡᠯ ᠢ ᠦᠨᠳᠦᠰᠦᠯᠡᠪᠡᠯ᠂ 10 ᠳ᠋ᠤᠭᠠᠷ ᠰᠠᠷ᠎ᠠ ᠶᠢᠨ 16 ᠤ ᠡᠳᠦᠷ ᠪᠣᠯᠲᠠᠯ᠎ᠠ᠂ ︽ᠴᠠᠭᠠᠨ ᠨᠡᠷᠡᠰ︾ | ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠵᠦ ᠪᠠᠳᠤᠯᠠᠭᠳᠠᠬᠤ ᠵᠢᠭᠡᠯᠡᠯᠭᠡ | 2.23 ᠲᠦᠮᠡᠨ ᠳ᠋ᠦᠩᠰᠢᠭᠤᠷ ᠲᠥᠭᠦᠷᠢᠭ ᠲᠤ ᠬᠦᠷᠦᠨ᠎ᠡ᠃ ᠵᠢᠱᠢᠯᠲᠡ ᠪᠠᠷ 2024 ᠣᠨ ᠤ ᠡᠴᠦᠰ ᠪᠤᠯᠳᠠᠯ᠎ᠠ᠂ | ︽ᠴᠠᠭᠠᠨ ᠨᠡᠷᠡᠰ︾ ᠤᠨ ᠲᠦᠷᠦᠯ ᠵᠦᠢᠯ ᠤᠨ ᠵᠢᠭᠡᠯᠡᠯᠭᠡ ᠶᠢ ᠬᠢᠨᠠᠨ ᠵᠦᠪᠰᠢᠶᠡᠷᠡᠵᠦ ᠪᠠᠳᠤᠯᠠᠭᠳᠠᠬᠤ ᠵᠣᠭᠤᠰ ᠤᠨ | ᠲᠤᠭ᠎ᠠ ᠳᠠᠬᠢᠨ ᠢᠶᠠᠷ ᠨᠡᠮᠡᠭᠳᠡᠵᠦ᠂ 4 ᠲᠦᠮᠡᠨ ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠨ᠎ᠠ᠃ | ᠬᠤᠳᠠ ᠶᠢᠨ ᠳᠤᠮᠳᠠᠬᠢ ᠲᠣᠰᠬᠤᠨ ᠪᠠ ᠬᠤᠳᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ | ᠥᠭᠡᠷᠡᠴᠢᠯᠡᠨ ᠵᠠᠰᠠᠬᠤ ᠲᠤᠬᠠᠢ | 100 ᠲᠦᠮᠡᠨ ᠢᠵᠢ ᠬᠤᠳᠠ ᠶᠢᠨ ᠳᠤᠮᠳᠠᠬᠢ ᠲᠣᠰᠬᠤᠨ ᠪᠠ ᠬᠤᠳᠠ ᠶᠢᠨ ᠨᠤᠷᠠᠬᠤ ᠠᠶᠤᠯᠲᠠᠢ ᠬᠠᠭᠤᠴᠢᠨ | ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠰᠢᠨ᠎ᠡ ᠪᠠᠷ ᠨᠡᠮᠡᠭᠳᠡᠭᠦᠯᠦᠨ ᠬᠡᠷᠡᠭᠵᠢᠭᠦᠯᠦᠨ᠎ᠡ | ᠡᠮᠦᠨᠡᠬᠢ ᠬᠤᠭᠤᠴᠠᠭᠠᠨ ᠤ ᠬᠤᠲᠠᠨ ᠲᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ | ᠪᠠᠶᠢᠰᠢᠩ ᠢ ᠥᠭᠡᠷᠡᠴᠢᠯᠡᠨ ᠵᠠᠰᠠᠭᠰᠠᠨ ᠰᠠᠭᠤᠷᠢᠨ ᠳᠡᠭᠡᠷ᠎ᠡ᠂ ᠳᠠᠬᠢᠭᠠᠳ 100 ᠲᠦᠮᠡᠨ ᠢᠵᠢ ᠰᠢᠨ᠎ᠡ ᠪᠠᠷ | ᠨᠡᠮᠡᠭᠳᠡᠭᠦᠯᠬᠦ ᠶᠢᠨ ᠬᠠᠮᠲᠤ ᠵᠤᠭᠤᠰᠵᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ | ᠨᠢᠭᠡ ᠳᠤ᠂ ᠲᠤᠰᠬᠠᠢ ᠣᠷᠣᠨ ᠤ ᠲᠡᠰ ᠠᠴᠠ ᠳᠡᠭᠡᠭᠰᠢᠬᠢ ᠬᠤᠳᠠ ᠶᠢ ᠭᠤᠣᠯᠳᠠᠯᠭ᠎ᠠ ᠲᠠᠢ ᠲᠡᠮᠵᠢᠨ᠎ᠡ᠃ | ᠬᠤᠶᠠᠷ ᠲᠤ᠂ ᠨᠡᠭᠡᠭᠡᠨ ᠬᠥᠭᠵᠢᠭᠦᠯᠬᠦ ᠴᠢᠨᠠᠷᠲᠠᠢ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ | ᠭᠦᠢᠯᠭᠡᠭᠡᠨ ᠤ ᠪᠠᠶᠢᠭᠤᠯᠤᠮᠵᠢ ᠠᠴᠠ ᠲᠤᠰᠬᠠᠢ ᠵᠦᠢᠯ ᠤᠨ ᠵᠢᠭᠡᠯᠡᠯᠭᠡ ᠥᠭᠴᠦ ᠪᠣᠯᠣᠨ᠎ᠠ᠃ | ᠭᠤᠷᠪᠠ ᠳᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ | ᠲᠠᠷᠬᠠᠭᠠᠬᠤ ᠶᠢ ᠵᠥᠪᠰᠢᠶᠡᠷᠡᠨ᠎ᠡ᠃ | ᠳᠥᠷᠪᠡ ᠳᠤ᠂ ᠭᠠᠶᠢᠯᠢ ᠰᠦᠢᠳᠬᠡᠯ ᠤᠨ ᠬᠠᠷᠠᠭᠠᠯᠵᠠᠯ ᠦᠵᠡᠭᠦᠯᠦᠨ᠎ᠡ᠃ | ᠲᠠᠪᠤ ᠳᠤ᠂ ᠬᠤᠳᠠᠯᠳᠤᠭᠠᠨ ᠤ ᠪᠠᠩᠬᠢ ᠠᠴᠠ ᠲᠦᠷᠦᠯ ᠵᠦᠢᠯ ᠤᠨ ᠦᠨᠡᠯᠡᠯᠳᠡ ᠶᠢ ᠦᠨᠳᠦᠰᠦᠯᠡᠨ | ᠬᠤᠳᠠᠯᠳᠤᠭᠠᠨ ᠤ ᠵᠢᠭᠡᠯᠡᠯᠭᠡ ᠲᠠᠯᠪᠢᠵᠤ ᠪᠣᠯᠣᠨ᠎ᠠ᠃ | ᠡᠯ᠎ᠡ ᠭᠠᠵᠠᠷ ᠤᠨ ᠬᠢᠨ ᠬᠤᠲᠠ ᠶᠢᠨ ᠰᠢᠨᠡᠴᠢᠯᠡᠯᠲᠡ ᠲᠠᠢ ᠤᠶᠠᠯᠳᠤᠭᠤᠯᠤᠨ᠂ ᠨᠥᠬᠦᠴᠡᠯ ᠪᠦᠷᠢᠳᠦᠭᠰᠡᠨ | ᠲᠥᠷᠥᠯ ᠵᠦᠢᠯ ᠢ ᠰᠣᠩᠭᠤᠬᠤ ᠳᠤ ᠤᠯᠠᠮ ᠨᠢᠭᠡ ᠠᠯᠬᠤᠮ ᠠᠷᠭ᠎ᠠ ᠰᠦᠪᠡᠭᠴᠢᠯᠡᠵᠦ᠂ ᠤᠷᠢᠳᠴᠢᠯᠠᠨ ᠬᠡᠷᠡᠭᠵᠢᠭᠦᠯᠵᠦ | ᠪᠣᠯᠣᠨ᠎ᠠ᠂ ᠵᠦᠪᠬᠡᠨ ᠡᠮᠦᠨᠡᠬᠢ ᠬᠤᠭᠤᠴᠠᠭᠠᠨ ᠤ ᠠᠵᠢᠯ ᠢᠶᠠᠨ ᠰᠠᠶᠢᠨ ᠬᠢᠳᠡᠭ ᠯᠡ ᠶᠤᠮ ᠪᠣᠯ ᠪᠢᠳᠡ 100 ᠲᠦᠮᠡᠨ | ᠢᠵᠢ ᠶᠢᠨ ᠰᠠᠭᠤᠷᠢᠨ ᠳᠡᠭᠡᠷ᠎ᠡ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠪᠣᠯᠣᠨ᠎ᠠ᠃ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠤᠬᠠᠢ | ︽ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠵᠤ︾ ᠣᠯᠠᠨ ᠲᠦᠮᠡᠨ ᠤ | ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠶᠢ ᠪᠠᠲᠤᠯᠠᠨ᠎ᠠ | ᠲᠦᠷᠢᠶᠡᠰᠦᠯᠡᠬᠦ ᠠᠷᠭ᠎ᠠ ᠮᠠᠶ᠋ᠢᠭ ᠤᠨ ᠲᠤᠬᠠᠢ᠂ ᠰᠢᠨ᠎ᠡ ᠬᠤᠳᠠ ᠶᠢᠨ ᠠᠷᠠᠳ᠂ ᠵᠠᠯᠠᠭᠤᠴᠤᠳ ᠲᠤ ᠴᠢᠭᠯᠡᠭᠦᠯᠦᠨ᠂ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ | ᠶᠡᠭᠡ ᠪᠠᠷ ᠬᠥᠭᠵᠢᠭᠦᠯᠵᠦ᠂ ︽ᠨᠢᠭᠡ ᠣᠷᠣ᠂ ᠨᠢᠭᠡ ᠲᠠᠰᠤᠯᠭ᠎ᠠ ᠪᠠᠶᠢᠰᠢᠩ᠂ ᠨᠢᠭᠡ ᠢᠵᠢ ᠭᠡᠷ ᠪᠠᠶᠢᠰᠢᠩ︾ ᠵᠡᠷᠭᠡ | ᠠᠷᠭ᠎ᠠ ᠮᠠᠶ᠋ᠢᠭ ᠢᠶᠠᠷ ᠰᠢᠨ᠎ᠡ ᠬᠤᠳᠠ ᠶᠢᠨ ᠠᠷᠠᠳ᠂ ᠵᠠᠯᠠᠭᠤᠴᠤᠳ ᠢ ᠣᠷᠣᠵᠤ ᠢᠷᠡᠵᠤ ᠳᠡᠶᠢᠯᠬᠦ᠂ ᠦᠯᠡᠳᠡᠵᠦ | ᠳᠡᠶᠢᠯᠬᠦ᠂ ᠠᠮᠤᠷ ᠲᠠᠶᠢᠪᠤᠩ ᠰᠠᠭᠤᠵᠤ ᠳᠡᠶᠢᠯᠬᠦ᠂ ᠠᠳᠠᠯ ᠦᠢᠯᠡᠰ ᠪᠦᠲᠦᠭᠡᠵᠦ ᠳᠡᠶᠢᠯᠬᠦ ᠪᠣᠯᠭᠠᠨ᠎ᠠ᠃ ᠬᠤᠳᠠ ᠶᠢᠨ | ᠣᠷᠣᠯᠭ᠎ᠠ ᠪᠠᠭᠠᠲᠠᠢ ᠪᠥᠭᠡᠳ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠭᠡᠷ ᠪᠦᠯᠢ ᠶᠢ ᠡᠯ᠎ᠡ ᠱᠠᠲᠤᠨ ᠤ | ᠵᠠᠰᠠᠭ ᠤᠨ ᠣᠷᠳᠣᠨ ᠴᠥᠮ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠬᠡᠷᠡᠭᠵᠢᠭᠦᠯᠵᠦ ᠪᠠᠳᠤᠯᠠᠨ᠎ᠠ᠂ ᠣᠷᠣᠯᠭ᠎ᠠ ᠪᠠᠭᠠᠲᠠᠢ ᠪᠥᠭᠡᠳ ᠣᠷᠣᠨ ᠰᠠᠭᠤᠴᠠ ᠶᠢᠨ ᠲᠠᠯ᠎ᠠ ᠪᠠᠷ | ᠬᠦᠴᠢᠷᠳᠡᠯ ᠲᠠᠢ ᠭᠡᠷ ᠪᠦᠯᠢ ᠶᠢᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ | ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠳᠤ ᠬᠤᠶᠠᠷ ᠵᠦᠢᠯ ᠤᠨ ᠠᠷᠭ᠎ᠠ | ᠬᠡᠯᠪᠡᠷᠢ ᠪᠠᠶᠢᠳᠠᠭ᠂ ᠨᠢᠭᠡ ᠵᠦᠢᠯ ᠨᠢ ᠪᠣᠳᠠᠲᠤ ᠭᠡᠷ ᠪᠠᠶᠢᠰᠢᠩ ᠤᠨ ᠲᠦᠷᠢᠶᠡᠰᠦᠯᠡᠯ᠂ ᠨᠦᠭᠦᠭᠡ ᠨᠢᠭᠡ ᠵᠦᠢᠯ ᠨᠢ | ᠵᠤᠭᠤᠰᠴᠢᠯᠠᠭᠰᠠᠨ ᠨᠥᠬᠦᠪᠦᠷᠢ ᠤᠯᠭᠤᠬᠤ ᠪᠣᠯᠣᠨ᠎ᠠ᠃ | ᠬᠤᠳᠠᠯᠳᠤᠨ ᠠᠪᠬᠤ ᠠᠷᠭ᠎ᠠ ᠮᠠᠶ᠋ᠢᠭ ᠨᠢ ᠵᠣᠬᠢᠬᠤ ᠬᠡᠮᠵᠢᠶᠡᠨ ᠤ ᠠᠵᠤ ᠠᠬᠤᠢ ᠶᠢᠨ ᠴᠢᠳᠠᠪᠤᠷᠢ ᠲᠠᠢ᠂ | ᠬᠡᠳᠦᠶᠢᠪᠡᠷ ᠲᠦᠷ ᠴᠠᠭ ᠲᠠᠸᠠᠷ ᠤᠨ ᠭᠡᠷ ᠪᠠᠶᠢᠰᠢᠩ ᠬᠤᠳᠠᠯᠳᠤᠨ ᠠᠪᠬᠤ ᠳᠤ ᠬᠦᠴᠢᠷᠲᠡᠢ ᠪᠣᠯᠪᠠᠴᠤ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠬᠤᠳᠠᠯᠳᠤᠨ ᠠᠪᠴᠤ ᠪᠣᠯᠣᠨ᠎ᠠ᠃ ᠡᠭᠦᠨ ᠳᠤ ᠭᠤᠣᠯᠳᠠᠭᠤ | ᠬᠡᠷᠡᠭᠴᠡᠭᠡ ᠪᠠᠷ ᠪᠠᠶᠢᠭᠤᠯᠬᠤ᠂ ᠬᠡᠷᠡᠭᠴᠡᠭᠡ ᠪᠠᠷ ᠬᠤᠳᠠᠯᠳᠤᠨ ᠠᠪᠬᠤ ᠶᠢ ᠲᠣᠭᠲᠠᠭᠠᠬᠤ ᠶᠠᠪᠤᠳᠠᠯ ᠪᠣᠯᠣᠨ᠎ᠠ᠃ ᠭᠡᠷ | ᠪᠠᠶᠢᠰᠢᠩ ᠤᠨ ᠢᠷᠡᠯᠲᠡ ᠶᠢ ᠴᠤᠭᠯᠠᠭᠤᠯᠬᠤ ᠳᠤ ᠬᠤᠶᠠᠷ ᠵᠦᠢᠯ ᠤᠨ ᠠᠷᠭ᠎ᠠ ᠮᠠᠶ᠋ᠢᠭ ᠬᠤᠪᠢᠶᠠᠳᠠᠭ᠂ ᠨᠢᠭᠡ ᠵᠦᠢᠯ ᠨᠢ | ᠰᠢᠨ᠎ᠡ ᠪᠠᠷ ᠪᠠᠶᠢᠭᠤᠯᠬᠤ᠂ ᠨᠦᠭᠦᠭᠡ ᠨᠢᠭᠡ ᠵᠦᠢᠯ ᠨᠢ ᠨᠥᠬᠦᠴᠡᠯ ᠳᠤ ᠨᠡᠶᠢᠴᠡᠬᠦ ᠲᠠᠸᠠᠷ ᠤᠨ ᠭᠡᠷ ᠪᠠᠶᠢᠰᠢᠩ ᠢ | ᠬᠤᠳᠠᠯᠳᠤᠨ ᠠᠪᠴᠤ ᠪᠠᠲᠤᠯᠠᠭ᠎ᠠ ᠶᠢᠨ ᠣᠷᠣᠨ ᠰᠠᠭᠤᠴᠠ ᠪᠣᠯᠭᠠᠨ᠎ᠠ᠃ | ᠠᠵᠢᠯ ᠤᠨ ᠳᠤᠮᠳᠠ᠂ ᠰᠢᠨ᠎ᠡ ᠪᠠᠶᠢᠳᠠᠯ ᠤᠨ ᠬᠤᠪᠢᠷᠠᠯᠲᠠ ᠶᠢ ᠪᠣᠳᠣᠯᠬᠢᠯᠠᠵᠤ᠂ ᠬᠤᠶᠠᠷ ᠬᠡᠦᠬᠡᠳ ᠵᠢᠴᠢ | ᠲᠡᠭᠦᠨ ᠠᠴᠠ ᠳᠡᠭᠡᠭᠰᠢᠬᠢ ᠬᠡᠦᠬᠡᠳ ᠲᠠᠢ ᠭᠡᠷ ᠪᠦᠯᠢ ᠶᠢᠨ ᠬᠡᠷᠡᠭᠴᠡᠭᠡ᠂ ᠱᠠᠭᠠᠷᠳᠠᠯᠭ᠎ᠠ ᠳᠤ ᠵᠤᠬᠢᠴᠠᠭᠤᠯᠵᠤ᠂ ᠣᠷᠣᠨ | ᠨᠤᠲᠤᠭ ᠤᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠲᠠᠯᠠᠪᠠᠶ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ ᠪᠤᠯᠤᠨ᠎ᠠ᠃ | ᠵᠢᠯ ᠤᠨ ᠡᠴᠦᠰ ᠪᠤᠯᠳᠠᠯ᠎ᠠ᠂ 450 ᠲᠦᠮᠡᠨ ᠰᠢᠨ᠎ᠡ ᠬᠤᠲᠠ ᠶᠢᠨ ᠠᠷᠠᠳ᠂ ᠵᠠᠯᠠᠭᠤᠴᠤᠳ ᠢ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠰᠠᠭᠤᠯᠭᠠᠨ᠎ᠠ | ᠡᠨᠡ ᠵᠢᠯ ᠤᠨ 1— 9 ᠳ᠋ᠤᠭᠡᠷ ᠰᠠᠷ᠎ᠠ ᠳᠤ ᠨᠢᠭᠡᠨᠲᠡ 148 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠴᠤᠭᠯᠠᠭᠤᠯᠵᠤ᠂ ᠵᠢᠯ ᠤᠨ ᠡᠴᠦᠰ ᠪᠤᠯᠳᠠᠯ᠎ᠠ 450 ᠲᠦᠮᠡᠨ ᠰᠢᠨ᠎ᠡ ᠬᠤᠲᠠ ᠶᠢᠨ ᠠᠷᠠᠳ᠂ | ᠵᠠᠯᠠᠭᠤᠴᠤᠳ ᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠰᠠᠭᠤᠯᠭᠠᠨ᠎ᠠ᠃ | ᠡᠯ᠎ᠡ ᠭᠠᠵᠠᠷ ᠤᠨ ᠬᠢᠨ ᠡᠩ ᠲᠡᠷᠢᠭᠦᠨ ᠳᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ︽ᠰᠠᠶᠢᠨ ᠭᠡᠷ | ᠪᠠᠶᠢᠰᠢᠩ︾ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ | ᠠᠷᠠᠳ ᠣᠯᠠᠨ ᠣᠷᠣᠨ ᠰᠠᠭᠤᠴᠠ ᠶᠢᠨ ᠴᠢᠳᠠᠮᠵᠢ᠂ ᠶᠠᠰᠤ ᠴᠢᠨᠠᠷ ᠲᠤ ᠴᠥᠮ ᠰᠢᠨ᠎ᠡ ᠬᠦᠰᠡᠯ | ᠡᠷᠡᠮᠡᠯᠵᠡᠯ ᠲᠠᠢ ᠪᠣᠯᠵᠠᠢ᠃ ︽ᠰᠠᠶᠢᠨ ᠭᠡᠷ ᠪᠠᠶᠢᠰᠢᠩ︾ ᠨᠢ ᠳᠣᠣᠷᠠᠬᠢ ᠮᠡᠲᠦ ᠳᠥᠷᠪᠡᠨ ᠲᠠᠯ᠎ᠠ ᠶᠢᠨ ᠢᠯᠡᠷᠡᠯ ᠲᠠᠢ᠄ | ᠨᠢᠭᠡ ᠳᠤ᠂ ᠪᠣᠬᠢᠷᠲᠤᠯ ᠦᠭᠡᠢ᠂ ᠬᠦᠮᠦᠰ ᠤᠨ ᠤᠷᠤᠰᠢᠨ ᠰᠠᠭᠤᠬᠤ ᠳᠤ ᠡᠷᠡᠭᠦᠯ ᠰᠠᠷᠠᠭᠤᠯ᠂ ᠲᠠᠭᠠᠯᠠᠮᠵᠢᠲᠠᠢ | ᠰᠠᠶᠢᠬᠠᠨ ᠪᠠᠶᠢᠳᠠᠭ︔ ᠬᠤᠶᠠᠷ ᠲᠤ ᠂ ᠲᠤᠤᠷ᠎ᠠ ᠨᠡᠭᠦᠰᠦᠳᠦᠷᠦᠭᠴᠢᠳᠦ᠂ ᠭᠡᠷ ᠪᠠᠶᠢᠰᠢᠩ ᠤᠨ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭ᠎ᠠ ᠶᠢᠨ ᠬᠡᠷᠡᠭᠯᠡᠯᠳᠡ ᠳᠤ ᠵᠣᠭᠤᠰ ᠠᠷᠪᠢᠯᠠᠵᠤ ᠡᠨᠧᠷᠭᠢ ᠠᠷᠪᠢᠯᠠᠨ᠎ᠠ︔ ᠭᠤᠷᠪᠠ ᠳᠤ᠂ | ᠤᠶᠤᠨᠴᠢ ᠪᠠᠶᠢᠬᠤ ᠬᠡᠷᠡᠭᠳᠡᠢ᠂ ᠣᠳᠣᠬᠢᠴᠢᠯᠠᠭᠰᠠᠨ ᠮᠡᠷᠭᠡᠵᠢᠯ ᠪᠣᠯᠣᠨ ᠲᠣᠭᠠᠴᠢᠯᠠᠭᠰᠠᠨ ᠠᠷᠭ᠎ᠠ ᠬᠡᠯᠪᠡᠷᠢ ᠪᠠᠷ | ᠰᠠᠭᠤᠭᠠᠯᠢ ᠠᠷᠠᠳ ᠲᠤ ᠨᠡᠩ ᠲᠦᠬᠦᠮ ᠦᠵᠡᠭᠦᠯᠦᠨ᠎ᠡ︔ ᠳᠥᠷᠪᠡ ᠳᠤ᠂ ᠠᠮᠤᠷ ᠲᠦᠪᠰᠢᠨ ᠪᠠᠶᠢᠬᠤ ᠬᠡᠷᠡᠭᠳᠡᠢ᠃ | ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠬᠠᠮᠤᠭ ᠤᠨ ᠴᠢᠬᠤᠯᠠ ᠨᠢ ᠰᠢᠨ᠎ᠡ ᠨᠢᠭᠡ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠮᠡᠷᠭᠡᠵᠢᠯ᠂ ᠰᠢᠨ᠎ᠡ ᠬᠡᠯᠪᠡᠷᠢ ᠶᠢᠨ ᠪᠦᠲᠦᠭᠡᠨ ᠪᠠᠶᠢᠭᠤᠯᠬᠤ ᠮᠡᠷᠭᠡᠵᠢᠯ ᠵᠢᠴᠢ ᠵᠠᠷᠢᠮ ᠰᠢᠨ᠎ᠡ ᠦᠢᠯᠡᠳᠬᠦᠨ᠂ ᠰᠢᠨ᠎ᠡ | ᠮᠠᠲ᠋ᠧᠷᠢᠶᠠᠯ᠂ ᠰᠢᠨ᠎ᠡ ᠤᠷᠠᠯᠠᠯ ᠢ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠠᠳᠠᠯᠢ ᠪᠤᠰᠤ | ᠲᠠᠯᠠᠪᠠᠶ ᠲᠠᠢ᠂ ᠠᠳᠠᠯᠢ ᠪᠤᠰᠤ ᠦᠨ᠎ᠡ ᠲᠠᠢ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃ ᠡᠯ᠎ᠡ ᠭᠠᠵᠠᠷ ᠤᠨ ᠬᠢᠨ ᠡᠩ ᠲᠡᠷᠢᠭᠦᠨ ᠳᠤ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢ ︽ᠰᠠᠶᠢᠨ ᠭᠡᠷ ᠪᠠᠶᠢᠰᠢᠩ︾ ᠪᠣᠯᠭᠠᠨ ᠪᠦᠲᠦᠭᠡᠨ ᠪᠠᠶᠢᠭᠤᠯᠵᠤ᠂ ᠵᠠᠰᠠᠭ ᠤᠨ ᠣᠷᠳᠣᠨ ᠤ | ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠢ ᠵᠠᠪᠠᠯ ᠲᠦᠷᠦᠭᠦᠯᠡᠨ ᠬᠢᠬᠦ ᠬᠡᠷᠡᠭᠲᠡᠢ᠃ ᠡᠭᠦᠨ ᠤ ᠬᠠᠮᠲᠤ | ᠪᠢᠳᠡ ᠬᠦᠴᠦ ᠲᠦᠪᠯᠡᠷᠡᠭᠦᠯᠦᠨ ᠬᠤᠳᠠ ᠶᠢᠨ ᠰᠢᠨᠡᠴᠢᠯᠡᠯᠲᠡ ᠲᠠᠢ ᠤᠶᠠᠯᠳᠤᠭᠤᠯᠤᠨ᠂ ᠠᠷᠭ᠎ᠠ ᠪᠤᠳᠤᠵᠤ ᠬᠠᠭᠤᠴᠢᠨ | ᠭᠡᠷ ᠪᠠᠶᠢᠰᠢᠩ ᠢ ︽ᠰᠠᠶᠢᠨ ᠭᠡᠷ ᠪᠠᠶᠢᠰᠢᠩ︾ ᠪᠣᠯᠭᠠᠨ ᠦᠭᠡᠷᠡᠴᠢᠯᠡᠨ᠎ᠡ᠃ | ᠲᠤᠰᠬᠠᠢ ᠵᠦᠢᠯ ᠤᠨ ᠥᠷᠢ ᠥᠭᠴᠡᠭᠡ ᠪᠠᠷ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ | ᠠᠪᠬᠤ ᠳᠤ ᠣᠷᠣᠨ ᠨᠤᠲᠤᠭ ᠤᠨ ᠬᠢᠨ ᠡᠵᠡᠨ ᠮᠡᠳᠡᠵᠦ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠠᠶᠢᠨ | ᠲᠤᠷ᠎ᠠ ᠠᠴᠠ ᠪᠠᠨ ᠬᠡᠷᠡᠭᠵᠢᠭᠦᠯᠦᠨ᠎ᠡ | ᠣᠷᠣᠨ ᠨᠤᠲᠤᠭ ᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠨ ᠦᠯᠡᠳᠡᠭᠡᠯ | ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠬᠤ ᠶᠢ | ᠳᠡᠮᠵᠢᠨ᠎ᠡ᠂ ᠡᠨᠡ ᠬᠦ ᠲᠥᠷᠥ ᠶᠢᠨ ᠪᠣᠳᠣᠯᠭ᠎ᠠ ᠶᠢ ᠭᠤᠣᠯᠳᠠᠭᠤ ᠣᠷᠣᠨ ᠨᠤᠲᠤᠭ ᠤᠨ ᠬᠢᠨ ᠡᠵᠡᠨ ᠮᠡᠳᠡᠵᠦ | ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠠᠶᠢᠨ ᠳᠤᠷ᠎ᠠ ᠠᠴᠠ ᠪᠠᠨ ᠬᠡᠷᠡᠭᠵᠢᠭᠦᠯᠵᠦ᠂ ᠬᠠᠤᠯᠢ ᠪᠠᠷ ᠵᠠᠰᠠᠬᠤ | ᠵᠠᠷᠴᠢᠮ ᠢ ᠵᠢᠷᠤᠮᠯᠠᠨ᠂ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ | ᠠᠰᠢᠭ ᠣᠯᠵᠠᠪᠤᠷᠢ ᠶᠢ ᠲᠡᠩᠴᠡᠭᠦᠷᠢᠲᠡᠢ ᠪᠠᠶᠢᠯᠭᠠᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠣᠷᠣᠨ | ᠨᠤᠲᠤᠭ ᠤᠨ ᠬᠢᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠲᠣᠬᠢᠷᠠᠭᠤᠯᠤᠨ ᠦᠯᠡᠳᠡᠭᠡᠯ ᠲᠠᠸᠠᠷ ᠤᠨ ᠭᠡᠷ | ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠵᠤ ᠪᠣᠯᠣᠨ᠎ᠠ᠃ | ᠣᠷᠣᠨ ᠰᠠᠭᠤᠴᠠ ᠶᠢᠨ ᠵᠢᠭᠡᠯᠡᠯᠭᠡ ᠶᠢᠨ ᠲᠤᠬᠠᠢ | ᠵᠢᠱᠢᠯᠲᠡ ᠪᠠᠷ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ | ᠳᠤᠮᠳᠠᠴᠢ ᠪᠠᠷ 0.5 % ᠪᠠᠭᠤᠷᠠᠭᠤᠯᠤᠨ᠎ᠠ | ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠪᠣᠯ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠬᠦᠦ ᠮᠥᠩᠭᠦ ᠶᠢᠨ ᠨᠣᠷᠮ᠎ᠠ ᠪᠠ ᠴᠡᠭ ᠨᠡᠮᠡᠭᠰᠡᠨ ᠬᠡᠮᠵᠢᠶ᠎ᠡ ᠪᠠᠷ ᠪᠦᠷᠢᠯᠳᠦᠨ᠎ᠡ᠃ ᠲᠣᠰ | ᠤᠳᠠᠭᠠᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠪᠡᠯ᠂ ᠴᠡᠭ ᠨᠡᠮᠡᠬᠦ ᠬᠡᠮᠵᠢᠶ᠎ᠡ ᠶᠢ | ᠲᠤᠬᠢᠷᠠᠭᠤᠯᠵᠠᠢ᠂ ᠴᠡᠭ ᠨᠡᠮᠡᠬᠦ ᠬᠡᠮᠵᠢᠶ᠎ᠡ ᠨᠢ -30 ᠰᠠᠭᠤᠷᠢ ᠴᠡᠭ ᠠᠴᠠ ᠥᠨᠳᠥᠷ ᠪᠠᠶᠢᠭ᠎ᠠ ᠦᠯᠡᠳᠡᠭᠡᠯ ᠣᠷᠣᠨ | ᠰᠠᠭᠤᠴᠠ ᠶᠢᠨ ᠵᠢᠭᠡᠯᠡᠯᠭᠡ ᠶᠢ ᠴᠡᠭ ᠨᠡᠮᠡᠬᠦ ᠬᠡᠮᠵᠢᠶ᠎ᠡ ᠶᠢ -30 ᠰᠠᠭᠤᠷᠢ ᠴᠡᠭ ᠪᠣᠯᠭᠠᠨ ᠨᠢᠭᠡᠳᠦᠯᠲᠡᠢ | ᠪᠠᠭᠤᠷᠠᠭᠤᠯᠤᠨ᠎ᠠ᠃ | ᠵᠢᠱᠢᠯᠲᠡ ᠪᠠᠷ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ | ᠳᠤᠮᠳᠠᠴᠢ ᠪᠠᠷ 0.5 % ᠣᠷᠴᠢᠮ ᠪᠠᠭᠤᠷᠠᠭᠤᠯᠵᠤ᠂ ᠶᠡᠷᠦᠩᠬᠡᠢ ᠳᠡᠭᠡᠨ ᠬᠦᠦ ᠮᠥᠩᠭᠦ ᠶᠢᠨ ᠵᠠᠷᠤᠯᠭ᠎ᠠ ᠶᠢ 1500 | ᠳ᠋ᠦᠩᠰᠢᠭᠤᠷ ᠲᠥᠭᠦᠷᠢᠭ ᠠᠷᠪᠢᠯᠠᠵᠤ᠂ 5000 ᠲᠦᠮᠡᠨ ᠡᠷᠦᠬᠡ ᠭᠡᠷ ᠪᠦᠯᠢ᠂ 1.5 ᠳ᠋ᠦᠩᠰᠢᠭᠤᠷ ᠰᠠᠭᠤᠭᠠᠯᠢ | ᠠᠷᠠᠳ ᠲᠤ ᠠᠰᠢᠭ ᠬᠦᠷᠲᠡᠭᠡᠬᠦ ᠪᠣᠯᠣᠨ᠎ᠠ᠃ | ᠵᠢᠱᠢᠯᠲᠡ ᠪᠠᠷ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠳᠤ 10 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ ᠪᠦᠬᠦᠨ ᠢ ᠲᠤᠬᠢᠷᠠᠭᠤᠯᠵᠦ ᠲᠠᠭᠤᠰᠬᠠᠨ᠎ᠠ | ᠵᠢᠱᠢᠯᠲᠡ ᠪᠠᠷ ᠣᠯᠠᠩᠬᠢ ᠣᠷᠣᠨ ᠰᠠᠭᠤᠴᠠ ᠶᠢᠨ ᠵᠢᠭᠡᠯᠡᠯᠭᠡ ᠳᠤ ᠲᠣᠬᠢᠷᠠᠭᠤᠯᠤᠯᠲᠠ ᠬᠢᠬᠦ ᠶᠢ 10 ᠳ᠋ᠤᠭᠠᠷ | ᠰᠠᠷ᠎ᠠ ᠶᠢᠨ 25 ᠤ ᠡᠳᠦᠷ ᠪᠡᠶᠡᠯᠡᠭᠦᠯᠦᠨ᠎ᠡ᠂ ᠡᠨᠡ ᠨᠢ ᠣᠯᠠᠨ ᠢᠶᠠᠷ ᠢᠶᠠᠨ 10 ᠳ᠋ᠤᠭᠠᠷ ᠰᠠᠷ᠎ᠠ ᠶᠢᠨ 26 ᠤ ᠡᠳᠦᠷ | ᠳᠠᠷᠤᠢ ᠵᠢᠭᠡᠯᠡᠯᠭᠡ ᠶᠢᠨ ᠪᠠᠩᠬᠢ ᠶᠢᠨ ᠵᠢᠭᠠᠨ ᠲᠣᠭᠲᠠᠭᠠᠭᠰᠠᠨ ᠠᠷᠭ᠎ᠠ ᠵᠠᠮ ᠢᠶᠠᠷ ᠲᠣᠬᠢᠷᠠᠭᠤᠯᠤᠯᠲᠠ ᠬᠢᠭᠰᠡᠨ ᠦᠷ᠎ᠡ | ᠳ᠋ᠦᠩ ᠢ ᠪᠠᠶᠢᠴᠠᠭᠠᠨ ᠦᠵᠡᠵᠦ ᠪᠣᠯᠬᠤ ᠶᠢ ᠬᠠᠷᠠᠭᠤᠯᠵᠤ ᠪᠠᠶᠢᠨ᠎ᠠ᠃ ᠬᠡᠰᠡᠭ ᠳᠤᠮᠳᠠ ᠪᠠᠭ᠎ᠠ ᠪᠠᠩᠬᠢ ᠶᠢᠨ | ᠲᠣᠬᠢᠷᠠᠭᠤᠯᠤᠯᠲᠠ ᠶᠢ ᠪᠡᠶᠡᠯᠡᠭᠦᠯᠬᠦ ᠴᠠᠭ ᠨᠢ ᠪᠠᠭ᠋ᠠᠨ ᠣᠷᠣᠢ ᠪᠠᠶᠢᠵᠤ ᠮᠡᠳᠡᠨ᠎ᠡ᠂ ᠶᠡᠷᠦᠩᠬᠡᠢ ᠳᠡᠭᠡᠨ 10 ᠳ᠋ᠤᠭᠠᠷ | ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠨ ᠢ ᠪᠡᠶᠡᠯᠡᠭᠦᠯᠬᠦ ᠪᠣᠯᠣᠨ᠎ᠠ᠃ | ᠣᠷᠣᠨ ᠰᠠᠭᠤᠴᠠ ᠶᠢᠨ ᠵᠢᠭᠡᠯᠡᠯᠭᠡ ᠨᠢ ᠬᠥᠳᠡᠯᠦᠩᠭᠦᠢ ᠬᠦᠦ ᠮᠥᠩᠭᠦ ᠶᠢᠨ ᠨᠣᠷᠮ᠎ᠠ ᠲᠠᠢ ᠪᠠᠶᠢᠪᠠᠯ᠂ ᠵᠣᠭᠤᠰ | ᠵᠢᠭᠡᠯᠡᠭᠴᠢ ᠭᠤᠶᠤᠴᠢᠯᠠᠯ ᠭᠠᠷᠭᠠᠬᠤ ᠬᠡᠷᠡᠭ ᠦᠭᠡᠢ᠂ ᠬᠤᠳᠠᠯᠳᠤᠭᠠᠨ ᠤ ᠪᠠᠩᠬᠢ ᠨᠢᠭᠡᠳᠦᠯᠲᠡᠢ ᠪᠥᠭᠡᠮ ᠢᠶᠠᠷ | ᠲᠣᠬᠢᠷᠠᠭᠤᠯᠤᠯᠲᠠ ᠬᠢᠨ᠎ᠡ᠂ ᠡᠨᠡ ᠬᠡᠰᠡᠭ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠨᠢ 9 ᠬᠤᠪᠢ ᠠᠴᠠ | ᠳᠡᠭᠡᠭᠰᠢᠬᠢ ᠶᠢ ᠡᠵᠡᠯᠡᠨ᠎ᠡ᠃ ᠣᠷᠣᠨ ᠰᠠᠭᠤᠴᠠ ᠶᠢᠨ ᠵᠢᠭᠡᠯᠡᠯᠭᠡ ᠨᠢ ᠲᠣᠭᠲᠠᠮᠠᠯ ᠬᠦᠦ ᠶᠢᠨ ᠨᠤᠷᠮ᠎ᠠ ᠲᠠᠢ ᠪᠠᠶᠢᠪᠠᠯ᠂ | ᠵᠣᠭᠤᠰ ᠵᠢᠭᠡᠯᠡᠭᠴᠢ ᠨᠢ ᠬᠤᠳᠠᠯᠳᠤᠭᠠᠨ ᠤ ᠪᠠᠩᠬᠢ ᠶᠢᠨ ᠰᠦᠯᠵᠢᠶᠡᠨ ᠤ ᠪᠠᠩᠬᠢ᠂ ᠭᠠᠷ ᠤᠲᠠᠰᠤᠨ ᠤ ᠪᠠᠩᠬᠢ ᠪᠠᠷ | ᠳᠠᠮᠵᠢᠭᠤᠯᠤᠨ ᠭᠠᠷ ᠭᠦᠢᠴᠡᠳᠬᠡᠯ ᠬᠢᠵᠦ ᠪᠣᠯᠣᠨ᠎ᠠ᠂ ᠪᠠᠩᠬᠢ ᠶᠢᠨ ᠲᠣᠣᠷ ᠴᠡᠭ ᠲᠤ ᠣᠴᠢᠬᠤ ᠴᠢᠬᠤᠯᠠ ᠦᠭᠡᠢ᠃ | ᠳᠤᠮᠳᠠ ᠪᠠᠭ᠎ᠠ ᠪᠠᠩᠬᠢ ᠠᠴᠠ ᠣᠷᠣᠨ ᠰᠠᠭᠤᠴᠠ ᠶᠢᠨ ᠵᠢᠭᠡᠯᠡᠯᠭᠡ ᠠᠪᠤᠭᠰᠠᠳ ᠵᠠᠷᠢᠮ ᠳᠤᠮᠳᠠ ᠪᠠᠭ᠎ᠠ ᠪᠠᠩᠬᠢ ᠶᠢᠨ | ᠰᠦᠯᠵᠢᠶ᠎ᠡ ᠨᠢ ᠲᠡᠶᠢᠮᠦ ᠪᠦᠷᠢᠨ ᠲᠡᠭᠦᠯᠳᠡᠷ ᠪᠢᠰᠢ ᠪᠣᠯᠬᠤᠷ ᠵᠣᠭᠤᠰ ᠵᠢᠭᠡᠯᠡᠭᠴᠢ ᠪᠠᠩᠬᠢ ᠶᠢᠨ ᠲᠣᠣᠷ ᠴᠡᠭ ᠲᠤ | ᠣᠴᠢᠵᠤ ᠭᠠᠷ ᠭᠦᠢᠴᠡᠳᠬᠡᠯ ᠬᠢᠬᠦ ᠴᠢᠬᠤᠯᠠᠲᠠᠢ ᠪᠠᠶᠢᠵᠤ ᠮᠡᠳᠡᠨ᠎ᠡ᠃ ᠪᠣᠳᠠᠲᠠᠢ ᠪᠠᠶᠢᠳᠠᠯ ᠢ ᠵᠢᠭᠡᠯᠡᠯᠭᠡ ᠶᠢᠨ | ᠪᠠᠩᠬᠢ ᠶᠢᠨ ᠠᠯᠪᠠᠨ ᠵᠠᠷ ᠢ ᠠᠩᠬᠠᠷᠤᠭᠠᠷᠠᠢ᠃ | ᠪᠦᠬᠦ ᠤᠯᠤᠰ ᠤᠨ ᠵᠣᠩᠬᠢᠯᠠᠬᠤ ᠣᠯᠠᠨ ᠲᠣᠭᠠᠨ ᠤ ᠬᠤᠲᠠ ᠳᠤ ᠠᠩᠬᠠᠨ ᠤ ᠢᠵᠢ ᠣᠷᠣᠨ ᠰᠠᠭᠤᠴᠠ᠂ | ᠬᠤᠶᠠᠳᠤᠭᠠᠷ ᠢᠵᠢ ᠣᠷᠣᠨ ᠰᠠᠭᠤᠴᠠ ᠭᠡᠵᠦ ᠬᠤᠪᠢᠶᠠᠬᠤ ᠦᠭᠡᠢ ᠪᠣᠯᠵᠠᠢ | ᠣᠳᠣᠬᠠᠨ ᠳᠤ᠂ ᠪᠡᠭᠡᠵᠢᠩ᠂ ᠱᠠᠩᠬᠠᠢ᠂ ᠱᠧᠨᠵᠧᠨ ᠵᠡᠷᠭᠡ ᠭᠤᠷᠪᠠᠨ ᠨᠢᠭᠡᠳᠦᠭᠡᠷ ᠳᠡᠰ ᠤᠨ ᠬᠤᠲᠠ ᠳᠤ | ᠪᠡᠶ᠎ᠡ ᠪᠠᠨ ᠳᠠᠭᠠᠭᠠᠵᠤ ᠵᠦᠷᠢᠶᠡᠴᠢᠯᠡᠭᠰᠡᠨ ᠲᠣᠬᠢᠷᠠᠭᠤᠯᠤᠯᠲᠠ ᠬᠢᠬᠦ ᠠᠴᠠ ᠭᠠᠳᠠᠨ᠎ᠠ᠂ ᠪᠥᠬᠦ ᠤᠯᠤᠰ ᠤᠨ ᠵᠣᠩᠬᠢᠯᠠᠬᠤ | ᠣᠯᠠᠨ ᠲᠣᠭᠠᠨ ᠤ ᠬᠤᠲᠠ ᠳᠤ ᠠᠩᠬᠠᠨ ᠤ ᠢᠵᠢ᠂ ᠬᠤᠶᠠᠳᠤᠭᠠᠷ ᠢᠵᠢ ᠣᠷᠣᠨ ᠰᠠᠭᠤᠴᠠ ᠭᠡᠵᠦ ᠬᠤᠪᠢᠶᠠᠬᠤ | ᠦᠭᠡᠢ ᠪᠣᠯᠵᠤ᠂ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠨᠢᠭᠡᠳᠦᠯᠲᠡᠢ 15% ᠪᠠᠷ ᠲᠣᠬᠢᠷᠠᠭᠤᠯᠪᠠ᠃ | ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠲᠤᠬᠠᠢ | ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠢ ᠡᠯ᠎ᠡ ᠭᠠᠵᠠᠷ ᠤᠨ ᠬᠢᠨ | ᠲᠦᠯᠬᠢᠨ ᠠᠬᠢᠭᠤᠯᠵᠤ᠂ ᠨᠢᠭᠡᠨᠲᠡ 246 ᠲᠦᠮᠡᠨ ᠢᠵᠢ ᠲᠤᠰᠢᠶᠠᠵᠠᠢ | ᠬᠡᠪ ᠤᠨ ᠡᠵᠡᠩᠨᠡᠯᠲᠡ ᠶᠢᠨ ᠲᠦᠷᠦᠯ ᠵᠦᠢᠯ ᠢ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠢᠶᠠᠷ | ᠬᠦᠴᠦᠯᠡᠨ ᠠᠬᠢᠭᠤᠯᠤᠨ᠎ᠠ︔ ᠬᠥᠷᠥᠩᠭᠡ ᠨᠢ ᠥᠷᠢ ᠪᠠᠨ ᠲᠥᠯᠥᠵᠦ ᠳᠡᠶᠢᠯᠬᠦ ᠦᠭᠡᠢ ᠲᠦᠷᠦᠯ ᠵᠦᠢᠯ ᠳᠤ | ᠬᠠᠤᠯᠢᠵᠢᠭᠤᠯᠬᠤ᠂ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠳᠠᠮᠫᠤᠷᠠᠯ ᠢ ᠲᠠᠬᠢᠨ ᠴᠡᠭᠴᠡᠯᠡᠬᠦ ᠪᠤᠶᠤ | ᠢᠯᠭᠠᠷᠠᠭᠤᠯᠤᠨ ᠪᠤᠳᠤᠬᠤ ᠶᠢ ᠲᠦᠷᠭᠡᠳᠬᠡᠵᠦ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠎ᠠ᠃ ᠬᠠᠤᠯᠢ ᠲᠣᠭᠲᠠᠭᠠᠯ ᠢ ᠵᠥᠷᠢᠴᠡᠭᠰᠡᠨ᠂ ᠤᠯᠠᠨ ᠲᠦᠮᠡᠨ ᠤ | ᠠᠰᠢᠭ ᠲᠤᠰᠠ ᠶᠢ ᠬᠤᠬᠢᠷᠠᠭᠤᠯᠤᠭᠰᠠᠨ ᠠᠵᠢᠯᠯᠠᠭ᠎ᠠ ᠶᠢ ᠡᠷᠡᠰ ᠢᠶᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠂ | ᠲᠡᠳᠡᠨ ᠢ ᠶᠠᠭᠠᠬᠢᠭᠰᠠᠨ ᠴᠤ ︽ᠬᠠᠤᠯᠢ ᠠᠴᠠ ᠮᠤᠯᠲᠤᠷᠠᠭᠤᠯᠵᠤ︾᠂ ᠬᠠᠭᠤᠷᠴᠤ ᠮᠡᠬᠡᠯᠡᠵᠦ ᠰᠢᠢᠳᠭᠡᠯ ᠠᠴᠠ | ᠥᠩᠭᠡᠷᠡᠭᠡᠵᠦ ᠪᠣᠯᠬᠤ ᠦᠭᠡᠢ᠃ | ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠠ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ | ᠪᠠ ᠨᠢᠭᠡᠴᠢ ᠲᠠᠢ ᠬᠠᠮᠲᠤᠷᠠᠨ᠂ ᠢᠳᠡᠭᠡᠮᠵᠢᠳᠦ ᠵᠢᠭᠡᠯᠡᠯᠭᠡ᠂ ᠭᠠᠵᠠᠷ ᠰᠢᠷᠣᠢ᠂ ᠬᠠᠤᠯᠢ ᠴᠠᠭᠠᠵᠠ ᠵᠡᠷᠭᠡ ᠠᠷᠭ᠎ᠠ | ᠬᠡᠮᠵᠢᠶ᠎ᠡ ᠶᠢᠨ ᠬᠤᠯᠪᠤᠭᠠᠯᠠᠨ ᠬᠦᠳᠡᠯᠦᠯᠴᠡᠬᠦ ᠶᠢ ᠴᠢᠩᠭᠠᠳᠬᠠᠵᠤ᠂ ᠲᠤᠰᠢᠶᠠᠨ ᠥᠭᠬᠦ ᠬᠠᠷᠠᠯᠲᠠ ᠲᠠᠢ ᠨᠢᠭᠲᠠ | ᠤᠶᠠᠯᠳᠤᠭᠤᠯᠤᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠴᠢᠩᠭ᠎ᠠ ᠠᠳᠬᠤᠨ᠎ᠠ᠃ | | ᠨᠢᠭᠡ ᠳᠤ᠂ ᠠᠬᠢᠴᠠ ᠶᠢ ᠠᠳᠬᠤᠨ᠎ᠠ᠃ ᠪᠥᠬᠦ ᠤᠯᠤᠰ ᠤᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ | ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ᠂ ᠲᠤᠰᠢᠶᠠᠨ ᠥᠭᠬᠦ ᠡᠭᠦᠷᠭᠡ ᠨᠢᠭᠡᠪᠦᠷᠢ ᠶᠢ ᠴᠥᠮ ᠳᠡᠩᠰᠡᠯᠡᠨ | ᠺᠠᠷᠲᠯᠠᠵᠤ᠂ ᠲᠤᠰᠢᠶᠠᠨ ᠥᠭᠬᠦ ᠪᠠ ᠳ᠋ᠤᠭᠠᠷ ᠢ ᠨᠢ ᠬᠦᠴᠦᠨ ᠦᠭᠡᠢ ᠪᠣᠯᠭᠠᠬᠤ ᠶᠢ ᠭᠦᠢᠴᠡᠳᠬᠡᠨ᠎ᠡ᠃ | ᠬᠤᠶᠠᠷ ᠲᠤ᠂ ᠶᠠᠰᠤ ᠴᠢᠨᠠᠷ ᠢ ᠠᠳᠬᠤᠨ᠎ᠠ᠃ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠲᠥᠷᠥᠯ | ᠵᠦᠢᠯ ᠳᠤ ᠭᠡᠷ ᠪᠠᠶᠢᠰᠢᠩ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠭᠤᠣᠯᠳᠠᠯᠭ᠎ᠠ | ᠪᠣᠯᠭᠠᠵᠤ᠂ ᠭᠡᠷ ᠪᠠᠶᠢᠰᠢᠩ ᠢ ᠪᠠᠶᠢᠭᠤᠯᠵᠤ ᠳᠠᠭᠤᠰᠬᠠᠬᠤ ᠪᠠᠷ ᠪᠠᠷᠠᠬᠤ ᠦᠭᠡᠢ ᠭᠡᠷ ᠪᠠᠶᠢᠰᠢᠩ ᠢ ᠰᠠᠶᠢᠲᠤᠷ | ᠪᠠᠶᠢᠭᠤᠯᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠭᠡᠷ ᠪᠠᠶᠢᠰᠢᠩ ᠢ ᠭᠡᠷ ᠪᠠᠶᠢᠰᠢᠩ ᠬᠤᠳᠠᠯᠳᠤᠨ | ᠠᠪᠤᠭᠴᠢ ᠳᠤ ᠲᠤᠰᠢᠶᠠᠬᠤ ᠬᠡᠷᠡᠭᠲᠡᠢ᠃ | ᠭᠤᠷᠪᠠ ᠳᠤ᠂ ᠵᠣᠬᠢᠴᠠᠭᠤᠯᠬᠤ ᠶᠢ ᠠᠳᠬᠤᠨ᠎ᠠ᠃ ᠤᠯᠤᠰ᠂ ᠮᠤᠵᠢ᠂ ᠬᠤᠲᠠ ᠭᠤᠷᠪᠠᠨ ᠱᠠᠲᠤᠨ ᠤ | ᠲᠤᠰᠬᠠᠢ ᠠᠩᠭᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠠᠶᠢᠲᠤᠷ ᠬᠡᠷᠡᠭᠯᠡᠵᠦ᠂ ᠲᠥᠷᠥᠯ ᠵᠦᠢᠯ ᠤᠨ | ᠣᠷᠣᠨ ᠪᠦᠰᠡ ᠠᠯᠤᠰᠯᠠᠭᠰᠠᠨ ᠪᠡᠯᠡ ᠮᠥᠩᠭᠦ ᠲᠠᠳᠠᠵᠤ ᠲᠤᠳᠠᠭᠠᠬᠤ᠂ ᠬᠠᠤᠯᠢ ᠴᠠᠭᠠᠵᠠ ᠳᠤ ᠬᠤᠯᠪᠣᠭᠳᠠᠬᠤ | ᠵᠠᠷᠭᠤ ᠳᠤ ᠬᠤᠯᠪᠣᠭᠳᠠᠬᠤ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠲᠠᠯ᠎ᠠ ᠶᠢᠨ ᠬᠦᠴᠢᠷᠳᠡᠯ ᠪᠠ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ | ᠣᠳᠣᠬᠠᠨ ᠤ ᠪᠠᠶᠢᠳᠠᠯ ᠠᠴᠠ ᠦᠵᠡᠪᠡᠯ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠡᠷᠬᠡ ᠰᠡᠳᠦᠪ ᠢ | ᠰᠢᠢᠳᠪᠦᠷᠢᠯᠡᠬᠦ ᠠᠵᠢᠯ ᠢ ᠡᠯ᠎ᠡ ᠭᠠᠵᠠᠷ ᠤᠨ ᠬᠢᠨ ᠬᠦᠴᠦᠲᠡᠢ ᠲᠦᠯᠬᠢᠨ ᠠᠬᠢᠭᠤᠯᠵᠤ᠂ ᠨᠢᠭᠡᠨᠲᠡ 246 ᠲᠦᠮᠡᠨ | ᠢᠵᠢ ᠶᠢ ᠲᠤᠰᠢᠶᠠᠨ ᠥᠭᠴᠦ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ | ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ | |