ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠶᠢ | ᠦᠨᠳᠦᠰᠦᠯᠡᠨ᠂ 10 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠲᠠᠬᠤ ᠰᠢᠶᠠᠨ ᠢ ᠲᠣᠭᠤᠷᠢᠨ | ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠨᠢᠭᠡᠳᠦᠭᠡᠷ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠤᠷᠬᠢᠯ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠲᠣᠭᠤᠷᠢᠨ | ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠵᠤ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ | ᠰᠦᠨ ᠬᠤᠤ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ | ᠳ᠋ᠦᠩ ᠱᠧᠩ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃ | ᠤᠷᠬᠢᠯ᠂ ᠲᠣᠭᠤᠷᠢᠨ ᠪᠠᠶᠢᠴᠠᠭᠠᠬᠤ ᠪᠣᠯ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠦᠷᠢᠮ ᠤᠨ | ᠲᠣᠬᠢᠷᠠᠭᠤᠯᠤᠯᠲᠠ ᠮᠥᠨ᠃ ᠲᠣᠭᠲᠠᠬᠤ ᠰᠢᠶᠠᠨ ᠳᠤ ᠲᠣᠭᠤᠷᠢᠨ ᠪᠠᠶᠢᠴᠠᠭᠠᠯᠲᠠ ᠬᠢᠬᠦ ᠪᠣᠯ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠤᠰ | ᠭᠠᠵᠠᠷ ᠣᠷᠣᠨ ᠤ ᠬᠢᠨ ᠤᠯᠠᠮ ᠴᠢᠨᠠᠭᠰᠢᠳᠠ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ | ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠠᠬᠢᠭᠤᠯᠬᠤ᠂ ︽ᠵᠢᠷᠭᠤᠭᠠᠨ ᠢᠨᠵᠧᠨᠧᠷᠢᠩ︾ ᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ | ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠣᠭᠲᠠᠬᠤ ᠰᠢᠶᠠᠨ ᠤ ᠨᠠᠮ ᠤᠨ ᠬᠤᠷᠢᠶ᠎ᠠ | ᠲᠣᠭᠤᠷᠢᠨ ᠪᠠᠶᠢᠴᠠᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ | ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ ᠭᠡᠵᠤ ᠴᠢᠬᠤᠯᠠᠴᠢᠯᠠᠪᠠ᠃ | | ᠤᠷᠬᠢᠯ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠬᠤᠶᠠᠷ ᠶᠡᠭᠡ ᠶᠠᠪᠤᠳᠠᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ ᠵᠢᠴᠢ ᠴᠡᠭᠴᠡᠯᠡᠨ ᠥᠭᠡᠷᠡᠴᠢᠯᠡᠵᠦ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠦᠴᠦᠯᠡᠨ ᠡᠷᠢᠵᠦ | ᠭᠠᠷᠭᠠᠨ᠎ᠠ᠃ ᠲᠣᠭᠲᠠᠬᠤ ᠰᠢᠶᠠᠨ ᠤ ᠨᠠᠮ ᠤᠨ ᠬᠤᠷᠢᠶ᠎ᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ | ᠲᠡᠮᠵᠢᠨ ᠬᠠᠮᠵᠢᠯᠴᠠᠵᠤ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠬᠤ ᠣᠶᠢᠯᠠᠭᠠᠭᠳᠠᠬᠤᠨ ᠢᠶᠠᠷ ᠲᠤᠰ ᠡᠭᠡᠯᠵᠢ ᠶᠢᠨ | ᠲᠣᠭᠤᠷᠢᠨ ᠪᠠᠶᠢᠴᠠᠭᠠᠬᠤ ᠡᠭᠦᠷᠭᠡ ᠶᠢ ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠤ ᠱᠠᠭᠠᠷᠳᠠᠪᠠ᠃ | ᠰᠦᠨ ᠬᠤᠤ ᠶᠠᠷᠢᠶᠠᠨ ᠳᠠᠭᠠᠨ᠂ ᠤᠯᠤᠰ ᠲᠦᠷᠦ ᠪᠠ ᠪᠦᠬᠦ ᠲᠠᠯ᠎ᠠ ᠶᠢᠨ ᠥᠨᠳᠥᠷᠴᠡ ᠠᠴᠠ ᠲᠣᠭᠤᠷᠢᠨ | ᠪᠠᠶᠢᠴᠠᠭᠠᠬᠤ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠡᠭᠡᠳᠦ | ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠲᠣᠭᠤᠷᠢᠨ ᠪᠠᠶᠢᠴᠠᠭᠠᠬᠤ ᠠᠵᠢᠯ ᠢ ᠪᠦᠬᠦ | ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠩ ᠴᠢᠩᠭ᠎ᠠ᠂ ᠨᠡᠩ ᠪᠣᠳᠠᠲᠠᠢ | ᠂ ᠨᠡᠩ ᠬᠠᠲᠠᠭᠤ ᠠᠷᠭ᠎ᠠ ᠬᠡᠮᠵᠢᠶ᠎ᠡ ᠠᠪᠴᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠵᠤ᠂ ᠲᠣᠭᠤᠷᠢᠨ ᠪᠠᠶᠢᠴᠠᠭᠠᠯᠲᠠ ᠶᠢ ᠬᠦᠯᠢᠶᠡᠬᠦ ᠪᠠᠷ ᠠᠵᠠ ᠲᠣᠬᠢᠶᠠᠯ ᠪᠣᠯᠭᠠᠵᠤ᠂ ᠡᠯ᠎ᠡ ᠵᠦᠢᠯ ᠤᠨ | ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠸᠠᠩ ᠳ᠋ᠦᠩ ᠱᠧᠩ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ | ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠲᠤᠰᠢᠶᠠᠭᠰᠠᠨ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ | ᠪᠡᠶᠡᠯᠡᠭᠦᠯᠵᠦ᠂ ᠲᠣᠭᠤᠷᠢᠨ ᠪᠠᠶᠢᠴᠠᠭᠠᠬᠤ ︽ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ︾ ᠶᠢ | ᠤᠬᠠᠮᠰᠠᠷ ᠠᠴᠠ ᠪᠠᠨ ᠬᠦᠯᠢᠶᠡᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ | ᠰᠠᠨᠠᠭᠠᠴᠢᠯᠠᠭ᠎ᠠ ᠠᠴᠠ ᠪᠠᠨ ᠲᠠᠨᠢᠵᠤ᠂ ᠬᠠᠭᠤᠳᠠᠰᠤ ᠶᠣᠰᠣᠭᠠᠷ ᠪᠦᠬᠦᠨ ᠢ᠂ ᠨᠠᠷᠢᠨ ᠬᠢᠨᠠᠮᠠᠭᠠᠢ ᠴᠡᠭᠴᠡᠯᠡᠨ | ᠰᠠᠶᠢᠵᠢᠷᠠᠭᠤᠯᠤᠨ᠎ᠠ ᠭᠡᠵᠦ ᠵᠤᠷᠢᠭ ᠢᠶᠠᠷ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠦᠭᠦᠨ᠂ ᠲᠣᠭᠲᠠᠬᠤ ᠰᠢᠶᠠᠨ ᠤ ᠤᠳᠤᠷᠢᠳᠬᠤ ᠪᠠᠭ ᠤᠨ | ᠪᠦᠷᠢᠯᠳᠦᠭᠦᠨ ᠬᠤᠷᠠᠯ ᠳᠤ ᠣᠷᠣᠯᠴᠠᠪᠠ︔ ᠲᠤᠰᠢᠶᠠᠯ ᠳᠤ ᠪᠠᠶᠢᠭ᠎ᠠ ᠪᠤᠰᠤᠳ ᠭᠠᠵᠠᠷ ᠤᠨ ᠲᠡᠰ ᠠᠴᠠ ᠳᠡᠭᠡᠭᠰᠢᠬᠢ | ᠤᠳᠤᠷᠢᠳᠬᠤ ᠺᠠᠳ᠋ᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠ ᠵᠣᠬᠢᠶᠠᠨ | ᠪᠠᠶᠢᠭᠤᠯᠬᠤ ᠬᠡᠯᠲᠡᠰ ᠤᠨ ᠤᠳᠤᠷᠢᠳᠬᠤ ᠪᠠᠭ ᠤᠨ ᠪᠦᠷᠢᠯᠳᠦᠭᠦᠨ᠂ ᠲᠣᠭᠤᠷᠢᠨ ᠪᠠᠶᠢᠴᠠᠭᠠᠬᠤ ᠠᠯᠪᠠᠨ ᠭᠡᠷ ᠤᠨ | ᠡᠷᠬᠢᠯᠡᠭᠴᠢ ᠪᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠤᠰᠬᠠᠢ | ᠵᠢᠵᠢᠭᠦᠷᠯᠡᠬᠦ ᠤᠲᠠᠰᠤ ᠲᠣᠬᠢᠷᠠᠭᠤᠯᠪᠠ᠄ 0471-8515644᠂ ᠡᠳᠦᠷ ᠪᠦᠷᠢ ᠶᠢᠨ ᠬᠦᠯᠢᠶᠡᠨ ᠠᠪᠴᠤ | ᠰᠢᠢᠳᠪᠦᠷᠢᠯᠡᠬᠦ ᠴᠠᠭ ᠨᠢ 8:00 ᠠᠴᠠ 18:00︔ ᠰᠢᠤᠳᠠᠨ ᠤ ᠵᠠᠬᠢᠳᠠᠯ ᠤᠨ ᠬᠠᠶᠢᠷᠴᠠᠭ᠄ ᠬᠥᠬᠡᠬᠤᠲᠠ ᠶᠢᠨ | 2883 ᠳ᠋ᠤᠭᠠᠷ ᠰᠢᠤᠳᠠᠨ ᠤ ᠵᠠᠬᠢᠳᠠᠯ ᠤᠨ ᠬᠠᠶᠢᠷᠴᠠᠭ︔ ᠢᠮᠧᠯ᠄ zzqxsyzdyxsz@163.com︔ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠣᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠲᠣᠭᠲᠠᠬᠤ ᠰᠢᠶᠠᠨ ᠤ | ᠨᠠᠮ ᠵᠠᠰᠠᠭ ᠤᠨ ᠠᠯᠪᠠᠯᠠᠬᠤ ᠲᠣᠭᠤᠷᠢᠭ ᠤᠨ 2 ᠳ᠋ᠤᠭᠠᠷ ᠠᠰᠠᠷ ᠤᠨ 103 ᠳ᠋ᠤᠭᠠᠷ ᠦᠷᠦᠭᠡ᠃ ᠡᠭᠦᠨ ᠤ ᠬᠠᠮᠲᠤ | ᠲᠣᠭᠲᠠᠬᠤ ᠰᠢᠶᠠᠨ ᠤ ᠨᠠᠮ ᠵᠠᠰᠠᠭ ᠤᠨ ᠠᠯᠪᠠᠯᠠᠬᠤ ᠲᠣᠭᠤᠷᠢᠭ ᠤᠨ 2 ᠳ᠋ᠤᠭᠠᠷ ᠠᠰᠠᠷ ᠤᠨ ᠭᠤᠣᠯ ᠡᠭᠦᠳᠡ᠂ | ᠲᠣᠭᠲᠠᠬᠤ ᠰᠢᠶᠠᠨ ᠤ ᠵᠣᠴᠢᠳ ᠤᠨ ᠪᠠᠭᠤᠳᠠᠯ ᠤᠨ ᠪᠠᠷᠠᠭᠤᠨ ᠠᠰᠠᠷ ᠤᠨ ᠭᠤᠣᠯ ᠡᠭᠦᠳᠡ᠂ ᠲᠣᠭᠲᠠᠬᠤ ᠰᠣᠶᠣᠯ ᠤᠨ | ᠲᠠᠯᠠᠪᠠᠢ ᠶᠢᠨ ᠬᠤᠶᠢᠲᠤ ᠲᠠᠯ᠎ᠠ ︵ᠱᠤᠸᠠᠩ ᠾᠧ ᠪᠠᠯᠭᠠᠰᠤ ᠶᠢᠨ ᠵᠠᠰᠠᠭ ᠤᠨ ᠣᠷᠳᠣᠨ ᠤ ᠡᠰᠡᠷᠭᠦ ᠲᠠᠯ᠎ᠠ︶ ᠲᠤ | ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠨᠡᠭᠡᠭᠡᠵᠡᠢ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠭᠤᠣᠯᠳᠠᠭᠤ ᠲᠣᠭᠲᠠᠬᠤ ᠰᠢᠶᠠᠨ ᠤ ᠨᠠᠮ ᠤᠨ ᠬᠤᠷᠢᠶ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ | ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ | ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ | ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ | ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ | ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ | ᠪᠣᠯᠣᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ | ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ | ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 12 ᠳ᠋ᠤᠭᠠᠷ | ᠰᠠᠷ᠎ᠠ ᠶᠢᠨ 10 ᠤ ᠡᠳᠦᠷ ᠳᠠᠭᠤᠰᠤᠨ᠎ᠠ᠃ | ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |