ᠶᠡᠷᠦᠩᠬᠡᠢ ᠱᠦᠵᠢ ᠰᠢ ᠶᠢᠨ ᠫᠢᠩ᠄ ︽ᠣᠷᠣᠨ ᠰᠠᠭᠤᠴᠠ ᠶᠢᠨ ᠠᠰᠠᠭᠤᠳᠠᠯ ᠪᠣᠯ ᠠᠷᠠᠳ ᠤᠨ | ᠠᠮᠢᠳᠤᠷᠠᠯ ᠤᠨ ᠠᠰᠠᠭᠤᠳᠠᠯ ᠮᠥᠨ ᠪᠥᠭᠡᠳ ᠬᠥᠭᠵᠢᠯᠲᠡ ᠶᠢᠨ ᠠᠰᠠᠭᠤᠳᠠᠯ ᠮᠥᠨ᠂ ᠲᠦᠭ ᠲᠦᠮᠡᠨ ᠠᠶᠢᠯ ᠡᠷᠦᠬᠡ | ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠠᠷᠠᠳ ᠲᠦᠮᠡᠨ ᠤ ᠠᠮᠤᠷ ᠲᠠᠶᠢᠪᠤᠩ ᠠᠵᠤ | ᠲᠦᠷᠦᠭᠦ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠵᠤ᠂ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ︾ ᠭᠡᠵᠦ ᠵᠢᠭᠠᠨ ᠭᠠᠷᠭᠠᠪᠠ᠃ | | 9 ᠳ᠋ᠤᠭᠡᠷ ᠰᠠᠷ᠎ᠠ ᠶᠢᠨ 26 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯᠳᠤᠭᠠᠨ ᠠᠴᠠ ︽ᠭᠡᠷ ᠪᠠᠶᠢᠰᠢᠩ ᠭᠠᠵᠠᠷ ᠬᠥᠷᠥᠩᠭᠡ ᠶᠢᠨ | ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︾ ︽ᠣᠯᠠᠨ | ᠲᠦᠮᠡᠨ ᠤ ᠠᠩᠬᠠᠷᠤᠯ ᠳᠤ ᠬᠠᠷᠢᠭᠤ ᠥᠭᠴᠦ᠂ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ | ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ | ᠮᠥᠩᠭᠦ ᠶᠢᠨ ᠨᠣᠷᠮ᠎ᠠ ᠶᠢ ᠪᠠᠭᠤᠷᠠᠭᠤᠯᠤᠨ᠂ ᠭᠠᠵᠠᠷ ᠰᠢᠷᠣᠢ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ | ᠵᠡᠷᠭᠡ ᠶᠢᠨ ᠲᠥᠷᠥ ᠶᠢᠨ ᠪᠣᠳᠣᠯᠭ᠎ᠠ ᠶᠢ ᠱᠠᠯᠠᠪᠳᠠᠨ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ | ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠭᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠣᠶᠢᠷ᠎ᠠ ᠶᠢᠨ ᠬᠤᠭᠤᠴᠠᠭᠠᠨ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠡᠯ᠎ᠡ ᠭᠠᠵᠠᠷ ᠤᠨ ᠬᠢᠨ ᠢ | ᠵᠢᠯᠣᠭᠤᠳᠤᠨ ᠦᠳᠲᠡᠷ ᠲᠦᠷᠭᠡᠨ ᠬᠥᠳᠡᠯᠦᠯᠴᠡᠵᠦ᠂ ᠦᠯᠡᠳᠡᠭᠡᠯ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠠᠳᠬᠤᠨ᠂ ᠨᠡᠮᠡᠭᠳᠡᠯ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢ ᠠᠳᠬᠤᠵᠤ᠂ ᠨᠢᠭᠡ | ᠢᠵᠢ ︽ᠬᠠᠮ ᠠᠷᠭ᠎ᠠ︾ ᠭᠠᠷᠭᠠᠪᠠ︔ ᠣᠷᠣᠨ ᠨᠤᠲᠤᠭ ᠤᠨ ᠵᠠᠰᠠᠭ ᠤᠨ ᠣᠷᠳᠣᠨ ᠬᠤᠳᠠ ᠶᠢᠨ ᠪᠠᠶᠢᠳᠠᠯ ᠳᠤᠨᠢ | ᠲᠣᠬᠢᠷᠠᠭᠤᠯᠤᠨ ᠲᠦᠷᠦ ᠶᠢᠨ ᠪᠣᠳᠣᠯᠭ᠎ᠠ ᠬᠡᠷᠡᠭᠵᠢᠭᠦᠯᠵᠦ᠂ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠬᠦᠴᠦᠨ | ᠦᠭᠡᠢ ᠪᠣᠯᠭᠠᠭᠰᠠᠨ ᠪᠤᠶᠤ ᠲᠣᠬᠢᠷᠠᠭᠤᠯᠤᠨ ᠬᠠᠰᠤᠵᠤ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠪᠠ | ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠪᠡ᠃ ᠡᠲᠡᠭᠡᠷ ᠠᠷᠭ᠎ᠠ ᠬᠡᠮᠵᠢᠶ᠎ᠡ ᠨᠢ | ᠨᠡᠮᠡᠭᠳᠡᠯ ᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠴᠢᠩᠭ᠎ᠠ | ᠳᠣᠬᠢᠶ᠎ᠠ ᠶᠢ ᠲᠠᠯᠪᠢᠵᠦ᠂ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠪᠴᠢᠯᠡᠵᠦ᠂ ᠵᠢᠱᠢᠯᠲᠡ ᠶᠢ ᠤᠯᠠᠮ ᠨᠢᠭᠡ | ᠠᠯᠬᠤᠮ ᠰᠠᠶᠢᠵᠢᠷᠠᠭᠤᠯᠬᠤ ᠪᠣᠯᠣᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ 10 ᠳ᠋ᠤᠭᠠᠷ ᠰᠠᠷ᠎ᠠ ᠶᠢᠨ | 18 ᠤ ᠡᠳᠦᠷ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ᠂ ᠤᠯᠤᠰ ᠤᠨ ᠪᠠᠶᠠᠷ ᠤᠨ ᠬᠤᠭᠤᠴᠠᠭᠠᠨ ᠳᠤ᠂ ᠭᠡᠷ ᠪᠠᠶᠢᠰᠢᠩ | ᠭᠠᠵᠠᠷ ᠬᠥᠷᠥᠩᠭᠡ ᠶᠢᠨ ᠠᠰᠠᠷ ᠬᠤᠳᠠᠯᠳᠤᠨ ᠠᠪᠤᠭᠴᠢ ᠶᠢᠨ ᠬᠡᠮᠵᠢᠶ᠎ᠡ᠂ ᠠᠷᠠᠯᠵᠢᠶ᠎ᠠ ᠪᠦᠲᠦᠭᠰᠡᠨ ᠬᠡᠮᠵᠢᠶ᠎ᠡ ᠢᠯᠡᠳᠲᠡ | ᠰᠠᠶᠢᠵᠢᠷᠠᠭᠰᠠᠨ ᠪᠠᠶᠢᠨ᠎ᠠ᠃ ᠵᠠᠬ᠎ᠠ ᠳᠡᠯᠭᠡᠭᠦᠷ ᠤᠨ ᠪᠠᠶᠢᠭᠤᠯᠤᠮᠵᠢ ᠶᠢᠨ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ | ᠂ ᠤᠯᠤᠰ ᠤᠨ ᠪᠠᠶᠠᠷ ᠤᠨ ᠬᠤᠭᠤᠴᠠᠭᠠᠨ ᠳᠤ ᠰᠢᠨ᠎ᠡ ᠭᠡᠷ ᠪᠠᠶᠢᠰᠢᠩ ᠤᠨ ᠠᠷᠠᠯᠵᠢᠶ᠎ᠠ ᠪᠦᠲᠦᠭᠰᠡᠨ ᠲᠠᠯᠠᠪᠠᠶ 102 | % ᠢᠶᠠᠷ ᠨᠡᠮᠡᠭᠳᠡᠵᠦ᠂ ᠭᠠᠷ ᠳᠠᠮᠵᠢᠭᠰᠠᠨ ᠭᠡᠷ ᠪᠠᠶᠢᠰᠢᠩ ᠤᠨ ᠠᠷᠠᠯᠵᠢᠶ᠎ᠠ ᠪᠦᠲᠦᠭᠰᠡᠨ ᠲᠠᠯᠠᠪᠠᠶ 205% | ᠨᠡᠮᠡᠭᠳᠡᠵᠡᠢ᠃ ︽ᠡᠨᠡᠬᠦ ᠬᠤᠪᠢᠷᠠᠯᠲᠠ ᠮᠠᠰᠢ ᠢᠯᠡᠷᠬᠡᠢ ᠪᠠᠶᠢᠨ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠲᠤ ᠢᠳᠡᠪᠬᠢᠲᠡᠢ ᠬᠤᠪᠢᠷᠠᠯᠲᠠ ᠭᠠᠷᠤᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ︾ ᠭᠡᠵᠦ ᠱᠧᠩ ᠯᠠᠢ | ᠶᠦᠨ ᠬᠡᠯᠡᠪᠡ᠃ | ᠣᠳᠣᠬᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠪᠠ | ᠬᠥᠭᠵᠢᠯᠲᠡ ᠶᠢᠨ ᠬᠠᠨᠳᠤᠰᠢ ᠶᠢ ᠬᠡᠷᠬᠢᠨ ᠦᠵᠡᠬᠦ ᠪᠣᠶ︖ ᠬᠤᠳᠠᠯᠳᠤᠨ ᠠᠪᠤᠭᠰᠠᠨ ᠣᠷᠣᠨ ᠰᠠᠭᠤᠴᠠ ᠶᠢ ᠴᠠᠭ | ᠲᠤᠬᠠᠢ ᠳᠤᠨᠢ ᠲᠤᠰᠢᠶᠠᠵᠤ ᠪᠣᠯᠬᠤ ᠦᠦ︖ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ ᠪᠢᠳᠠ ᠰᠣᠷᠪᠤᠯᠵᠢᠯᠠᠭ᠎ᠠ ᠬᠢᠪᠡ᠃ | ᠠᠯᠢ ᠣᠯᠠᠨ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠨᠢ ᠬᠢᠷᠢ ᠵᠡᠷᠭᠡ ᠪᠤᠢ︖ | — 10 ᠳ᠋ᠤᠭᠠᠷ ᠰᠠᠷ᠎ᠠ ᠠᠴᠠ ᠨᠠᠰᠢ᠂ ᠰᠢᠨ᠎ᠡ ᠭᠡᠷ ᠪᠠᠶᠢᠰᠢᠩ ᠪᠠ ᠭᠠᠷ ᠳᠠᠮᠵᠢᠭᠰᠠᠨ ᠭᠡᠷ ᠪᠠᠶᠢᠰᠢᠩ ᠤᠨ | ᠠᠷᠠᠯᠵᠢᠶ᠎ᠠ ᠪᠦᠳᠦᠭᠡᠭᠰᠡᠨ ᠨᠤᠷᠮ᠎ᠠ ᠶᠡᠭᠡ ᠬᠡᠮᠵᠢᠶ᠎ᠡ ᠪᠠᠷ ᠲᠡᠭᠡᠭᠰᠢᠯᠡᠵᠡᠢ᠂ ᠶᠡᠭᠡ ᠬᠤᠲᠠ ᠶᠢᠨ ᠭᠠᠵᠠᠷ ᠰᠢᠷᠣᠢ ᠶᠢᠨ | ᠵᠠᠬ᠎ᠠ ᠳᠡᠯᠭᠡᠭᠦᠷ ᠲᠤ ᠡᠷᠬᠢᠯᠳᠡ ᠶᠢᠨ ᠪᠠᠶᠢᠳᠠᠯ ᠭᠠᠷᠴᠠᠢ᠃ ᠣᠶᠢᠷ᠎ᠠ ᠶᠢᠨ ᠬᠤᠭᠤᠴᠠᠭᠠᠨ ᠤ ᠭᠡᠷ ᠪᠠᠶᠢᠰᠢᠩ ᠭᠠᠵᠠᠷ | ᠬᠥᠷᠥᠩᠭᠡ ᠶᠢ ᠰᠢᠯᠢᠳᠡᠭᠵᠢᠭᠦᠯᠦᠨ ᠲᠣᠬᠢᠷᠠᠭᠤᠯᠬᠤ ᠲᠥᠷᠥ ᠶᠢᠨ ᠪᠣᠳᠣᠯᠭ᠎ᠠ ᠨᠢ ᠭᠤᠣᠯᠳᠠᠭᠤ ᠠᠯᠢ ᠠᠯᠢ ᠲᠠᠯ᠎ᠠ ᠳᠤ | ᠲᠥᠪᠯᠡᠷᠡᠵᠦ ᠪᠠᠶᠢᠬᠤ ᠪᠣᠶ︖ ᠦᠷ᠎ᠡ ᠳ᠋ᠦᠩ ᠨᠢ ᠶᠠᠮᠠᠷ ᠪᠤᠢ︖ ᠬᠤᠷᠢᠶᠠᠩᠭᠤᠶᠢᠯᠠᠭᠠᠳ ᠬᠡᠯᠡᠪᠡᠯ ᠳᠥᠷᠪᠡ ᠶᠢ | ᠬᠦᠴᠦᠨ ᠦᠭᠡᠢ ᠪᠤᠯᠭᠠᠵᠦ᠂ ᠳᠥᠷᠪᠡ ᠶᠢ ᠪᠠᠭᠤᠷᠠᠭᠤᠯᠵᠤ᠂ ᠬᠤᠶᠠᠷ ᠢ ᠨᠡᠮᠡᠭᠳᠡᠭᠦᠯᠦᠨ᠎ᠡ︾᠃ ᠣᠷᠣᠨ ᠰᠠᠭᠤᠴᠠ | ᠪᠣᠯᠣᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠾᠦᠩ ᠡᠭᠦᠨ ᠢ ᠪᠣᠳᠠᠲᠠᠢ | ᠲᠠᠨᠢᠯᠴᠠᠭᠤᠯᠪᠠ — | ᠳᠥᠷᠪᠡ ᠶᠢ ᠬᠦᠴᠦᠨ ᠦᠭᠡᠢ ᠪᠣᠯᠭᠠᠨ᠎ᠠ᠄ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ᠂ | ᠣᠷᠣᠨ ᠰᠠᠭᠤᠴᠠ ᠶᠢᠨ ᠪᠤᠷᠤᠯᠠᠭᠤᠯᠭ᠎ᠠ ᠶᠢ ᠬᠢᠵᠠᠭᠠᠷᠯᠠᠬᠤ᠂ ᠣᠷᠣᠨ ᠰᠠᠭᠤᠴᠠ ᠶᠢᠨ ᠦᠨ᠎ᠡ ᠶᠢ ᠬᠢᠵᠠᠭᠠᠷᠯᠠᠬᠤ ᠶᠢ | ᠬᠦᠴᠦᠨ ᠦᠭᠡᠢ ᠪᠣᠯᠭᠠᠬᠤ᠂ ᠡ᠊ᠩ ᠤᠨ ᠣᠷᠣᠨ ᠰᠠᠭᠤᠴᠠ ᠪᠠ ᠡ᠊ᠩ ᠤᠨ ᠪᠤᠰᠤ ᠣᠷᠣᠨ ᠰᠠᠭᠤᠴᠠ ᠶᠢᠨ | ᠪᠠᠷᠢᠮᠵᠢᠶ᠎ᠠ ᠶᠢ ᠬᠦᠴᠦᠨ ᠦᠭᠡᠢ ᠪᠣᠯᠭᠠᠨ᠎ᠠ᠃ ᠬᠤᠳᠠ ᠶᠢᠨ ᠵᠠᠰᠠᠭ ᠤᠨ ᠣᠷᠳᠣᠨ ᠳᠤ ᠡᠵᠡᠨ ᠮᠡᠳᠡᠬᠦ ᠡᠷᠬᠡ ᠶᠢ | ᠲᠣᠬᠢᠷᠠᠭᠤᠯᠤᠨ ᠡᠵᠡᠮᠳᠡᠬᠦ᠂ ᠬᠤᠳᠠ ᠶᠢᠨ ᠵᠠᠰᠠᠭ ᠤᠨ ᠣᠷᠳᠣᠨ ᠳᠤ ᠬᠤᠳᠠ ᠶᠢᠨ ᠪᠠᠶᠢᠳᠠᠯ ᠳᠤᠨᠢ ᠲᠣᠬᠢᠷᠠᠭᠤᠯᠤᠨ | ᠪᠣᠳᠣᠯᠭ᠎ᠠ ᠬᠡᠷᠡᠭᠵᠢᠭᠦᠯᠬᠦ᠂ ᠭᠡᠷ ᠪᠠᠶᠢᠰᠢᠩ ᠬᠤᠳᠠᠯᠳᠤᠨ ᠠᠪᠬᠤ ᠡᠯ᠎ᠡ ᠲᠦᠷᠦᠯ ᠤᠨ ᠬᠢᠵᠠᠭᠠᠷᠯᠠᠬᠤ ᠴᠢᠨᠠᠷᠲᠠᠢ | ᠠᠷᠭ᠎ᠠ ᠬᠡᠮᠵᠢᠶ᠎ᠡ ᠶᠢ ᠲᠣᠬᠢᠷᠠᠭᠤᠯᠬᠤ ᠪᠤᠶᠤ ᠬᠦᠴᠦᠨ ᠦᠭᠡᠢ ᠪᠣᠯᠭᠠᠬᠤ ᠶᠢ ᠭᠦᠢᠴᠡᠳ ᠣᠯᠭᠤᠨ᠎ᠠ᠃ ᠳᠥᠷᠪᠡ ᠶᠢ | ᠪᠠᠭᠤᠷᠠᠭᠤᠯᠤᠨ᠎ᠠ᠄ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ | ᠮᠥᠩᠭᠦ ᠶᠢᠨ ᠨᠣᠷᠮ᠎ᠠ ᠶᠢ ᠪᠠᠭᠤᠷᠠᠭᠤᠯᠤᠨ᠎ᠠ᠂ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ | ᠬᠠᠷᠢᠴᠠᠯ ᠢ ᠪᠠᠭᠤᠷᠠᠭᠤᠯᠤᠨ᠎ᠠ᠂ ᠦᠯᠡᠳᠡᠭᠡᠯ ᠤᠷᠤᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ | ᠪᠠᠭᠤᠷᠠᠭᠤᠯᠤᠨ᠎ᠠ᠂ ︽ᠬᠠᠭᠤᠴᠢᠨ ᠤᠷᠤᠨ ᠰᠠᠭᠤᠴᠠ ᠪᠠᠨ ᠬᠤᠳᠠᠯᠳᠤᠵᠤ ᠰᠢᠨ᠎ᠡ ᠤᠷᠤᠨ ᠰᠠᠭᠤᠴᠠ ᠬᠤᠳᠠᠯᠳᠤᠨ | ᠠᠪᠬᠤ︾ ᠣᠷᠣᠨ ᠰᠠᠭᠤᠴᠠ ᠰᠣᠯᠢᠵᠤ ᠬᠤᠳᠠᠯᠳᠤᠨ ᠠᠪᠬᠤ ᠶᠢᠨ ᠭᠠᠶᠢᠯᠢ ᠰᠦᠢᠳᠬᠡᠯ ᠤᠨ ᠳᠠᠷᠤᠭᠠᠰᠤ ᠶᠢ | ᠪᠠᠭᠤᠷᠠᠭᠤᠯᠤᠨ᠎ᠠ᠃ ᠡᠭᠦᠨ ᠤ ᠵᠤᠷᠢᠯᠭ᠎ᠠ ᠨᠢ ᠰᠠᠭᠤᠭᠠᠯᠢ ᠠᠷᠠᠳ ᠤᠨ ᠭᠡᠷ ᠪᠠᠶᠢᠰᠢᠩ ᠬᠤᠳᠠᠯᠳᠤᠨ ᠠᠪᠬᠤ | ᠥᠪᠡᠷ ᠤᠨ ᠥᠷᠲᠡᠭ ᠢ ᠪᠠᠭᠤᠷᠠᠭᠤᠯᠵᠤ᠂ ᠵᠢᠭᠡᠯᠡᠯᠭᠡ ᠪᠤᠴᠠᠭᠠᠬᠤ ᠳᠠᠷᠤᠯᠲᠠ ᠶᠢ ᠬᠥᠩᠭᠡᠷᠡᠭᠦᠯᠵᠦ᠂ ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠵᠠᠶᠢᠯᠠᠰᠢ ᠦᠭᠡᠢ ᠬᠡᠷᠡᠭᠴᠡᠭᠡ ᠪᠣᠯᠣᠨ ᠰᠠᠶᠢᠵᠢᠷᠠᠭᠤᠯᠤᠯᠲᠠ ᠶᠢᠨ ᠴᠢᠨᠠᠷᠲᠠᠢ | ᠬᠡᠷᠡᠭᠴᠡᠭᠡ ᠶᠢ ᠳᠡᠮᠵᠢᠬᠦ ᠶᠢᠨ ᠲᠥᠯᠥᠭᠡ ᠶᠤᠮ᠃ ᠬᠤᠶᠠᠷ ᠢ ᠨᠡᠮᠡᠭᠳᠡᠭᠦᠯᠦᠨ᠎ᠡ᠄ ᠨᠢᠭᠡ ᠳᠤ᠂ ᠵᠤᠭᠤᠰᠵᠢᠭᠤᠯᠤᠨ | ᠲᠥᠪᠬᠢᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 100 ᠲᠦᠮᠡᠨ ᠢᠵᠢ ᠬᠤᠳᠠ ᠶᠢᠨ ᠲᠤᠮᠳᠠᠬᠢ | ᠲᠣᠰᠬᠤᠨ ᠢ ᠥᠭᠡᠷᠡᠴᠢᠯᠡᠨ ᠵᠠᠰᠠᠬᠤ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ | ᠵᠠᠰᠠᠬᠤ ᠶᠢ ᠰᠢᠨ᠎ᠡ ᠪᠠᠷ ᠨᠡᠮᠡᠭᠳᠡᠭᠦᠯᠦᠨ᠎ᠡ︔ ᠬᠤᠶᠠᠷ ᠲᠤ᠂ ᠡᠨᠡ ᠵᠢᠯ ᠤᠨ ᠡᠴᠦᠰ ᠠᠴᠠ ᠡᠮᠦᠨ᠎ᠡ ︽ᠴᠠᠭᠠᠨ ᠨᠡᠷᠡᠰ︾ | ᠤᠨ ᠲᠦᠷᠦᠯ ᠵᠦᠢᠯ ᠤᠨ ᠵᠢᠭᠡᠯᠡᠯᠭᠡ ᠶᠢᠨ ᠬᠡᠪᠴᠢᠶ᠎ᠡ ᠶᠢ 4 ᠲᠦᠮᠡᠨ ᠳ᠋ᠦᠩᠰᠢᠭᠤᠷ ᠲᠥᠭᠦᠷᠢᠭ ᠪᠣᠯᠲᠠᠯ᠎ᠠ | ᠨᠡᠮᠡᠭᠳᠡᠭᠦᠯᠦᠨ᠎ᠡ᠃ ︽ᠬᠠᠮ ᠠᠷᠭ᠎ᠠ︾ ᠪᠠᠷ ᠬᠦᠴᠦᠯᠡᠨ ᠴᠢᠷᠮᠠᠶᠢᠭᠰᠠᠨ ᠢᠶᠠᠷ᠂ ᠲᠥᠷᠥ ᠶᠢᠨ ᠪᠣᠳᠣᠯᠭ᠎ᠠ ᠶᠢᠨ ᠦᠷ᠎ᠡ | ᠪᠦᠲᠦᠮᠵᠢ ᠨᠢᠭᠡᠨᠲᠡ ᠠᠯᠬᠤᠮ ᠠᠯᠬᠤᠮ ᠢᠶᠠᠷ ᠢᠯᠡᠷᠬᠡᠢ ᠪᠣᠯᠪᠠ᠃ ︽10 ᠳ᠋ᠤᠭᠠᠷ ᠰᠠᠷ᠎ᠠ ᠠᠴᠠ ᠨᠠᠰᠢ ᠰᠢᠨ᠎ᠡ ᠭᠡᠷ | ᠪᠠᠶᠢᠰᠢᠩ ᠪᠣᠯᠣᠨ ᠭᠠᠷ ᠳᠠᠮᠵᠢᠭᠰᠠᠨ ᠭᠡᠷ ᠪᠠᠶᠢᠰᠢᠩ ᠤᠨ ᠠᠷᠠᠯᠵᠢᠶ᠎ᠠ ᠶᠡᠭᠡ ᠬᠡᠮᠵᠢᠶ᠎ᠡ ᠪᠠᠷ ᠨᠡᠮᠡᠭᠳᠡᠵᠦ᠂ ᠵᠠᠬ᠎ᠠ | ᠳᠡᠯᠭᠡᠭᠦᠷ ᠲᠤ ᠢᠳᠡᠪᠬᠢᠲᠡᠢ ᠪᠠᠷ ᠣᠷᠣᠵᠤ᠂ ᠡᠩ ᠤᠨ ᠲᠠᠸᠠᠷ ᠤᠨ ᠭᠡᠷ ᠪᠠᠶᠢᠰᠢᠩ ᠤᠨ ᠠᠰᠠᠷ ᠤᠨ ᠪᠣᠷᠣᠯᠠᠭᠤᠯᠤᠯᠲᠠ | ᠶᠢ ᠳᠠᠶᠢᠴᠢᠯᠠᠭᠰᠠᠨ ᠠᠴᠠ ᠶᠡᠭᠡ ᠬᠤᠲᠠ ᠶᠢᠨ ᠭᠠᠵᠠᠷ ᠰᠢᠷᠣᠢ ᠶᠢᠨ ᠵᠠᠬ᠎ᠠ ᠳᠡᠯᠭᠡᠭᠦᠷ ᠲᠤ ᠴᠦ ᠰᠠᠶᠢᠵᠢᠷᠠᠬᠤ ᠪᠠᠶᠢᠳᠠᠯ | ᠭᠠᠷᠴᠠᠢ︾ ᠭᠡᠵᠦ ᠵᠧᠵᠢᠶᠠᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ | ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠢ | ᠰᠢᠶᠣᠣ ᠹᠧᠨ ᠬᠡᠯᠡᠪᠡ᠃ | ᠦᠯᠡᠳᠡᠭᠡᠯ ᠤᠷᠤᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ ᠨᠢ | ᠬᠡᠳᠦᠢ ᠶᠡᠭᠡ ᠠᠰᠢᠭ ᠲᠤᠰᠠ ᠲᠠᠢ ᠪᠤᠶ︖ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠳᠡᠳ᠋ ᠳᠠᠷᠤᠭ᠎ᠠ ᠲᠤᠸ ᠯᠢᠩ᠂ ᠵᠢᠱᠢᠯᠲᠡ ᠪᠠᠷ ᠣᠯᠠᠩᠬᠢ | ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 10 ᠳ᠋ᠤᠭᠠᠷ ᠰᠠᠷ᠎ᠠ ᠶᠢᠨ 25 ᠤ ᠡᠳᠦᠷ | ᠪᠥᠭᠡᠮ ᠢᠶᠠᠷ ᠲᠤᠬᠢᠷᠠᠭᠤᠯᠤᠯᠳᠠ ᠬᠢᠬᠦ ᠶᠢ ᠪᠡᠶᠡᠯᠡᠭᠦᠯᠵᠦ᠂ ᠬᠡᠰᠡᠭ ᠳᠤᠮᠳᠠ ᠪᠠᠭ᠎ᠠ ᠪᠠᠩᠬᠢ ᠶᠢᠨ ᠲᠣᠬᠢᠷᠠᠭᠤᠯᠤᠯᠲᠠ ᠶᠢ | ᠪᠡᠶᠡᠯᠡᠭᠦᠯᠬᠦ ᠴᠠᠭ ᠨᠢ ᠪᠠᠭ᠋ᠠᠨ ᠣᠷᠦ᠋ᠢᠲᠠᠵᠤ ᠮᠡᠳᠡᠨ᠎ᠡ᠂ ᠵᠢᠱᠢᠯᠲᠡ ᠪᠠᠷ 10 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ ᠪᠦᠬᠦᠨ ᠢ ᠳᠠᠭᠤᠰᠬᠠᠬᠤ ᠪᠣᠯᠣᠨ᠎ᠠ᠃ ︽ᠵᠢᠱᠢᠯᠲᠡ ᠪᠠᠷ ᠦᠯᠡᠳᠡᠭᠡᠯ ᠣᠷᠣᠨ ᠰᠠᠭᠤᠴᠠ ᠶᠢᠨ | ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠳᠤᠮᠳᠠᠴᠢ ᠪᠠᠷ 0.5 ᠵᠠᠭᠤᠨ ᠤ ᠨᠢᠭᠡᠴᠢ ᠣᠷᠴᠢᠮ ᠪᠠᠭᠤᠷᠠᠭᠤᠯᠵᠤ᠂ | ᠬᠦᠦ ᠮᠥᠩᠭᠦ ᠶᠢᠨ ᠵᠠᠷᠤᠯᠭ᠎ᠠ ᠶᠢ ᠶᠡᠷᠦᠩᠬᠡᠢ ᠳᠡᠭᠡᠨ 1500 ᠳ᠋ᠦᠩᠰᠢᠭᠤᠷ ᠲᠥᠭᠦᠷᠢᠭ ᠠᠷᠪᠢᠯᠠᠵᠤ᠂ 5000 | ᠲᠦᠮᠡᠨ ᠡᠷᠦᠬᠡ ᠭᠡᠷ ᠪᠦᠯᠢ᠂ 1.5 ᠳ᠋ᠦᠩᠰᠢᠭᠤᠷ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠣᠯᠣᠨ᠎ᠠ︾ ᠭᠡᠵᠦ | ᠲᠠᠨᠢᠯᠴᠠᠭᠤᠯᠵᠠᠢ᠃ ᠪᠡᠭᠡᠵᠢᠩ ᠢᠶᠠᠷ ᠵᠢᠱᠢᠶᠡᠯᠡᠵᠦ ᠬᠡᠯᠡᠬᠦ ᠳᠤ᠂ ᠤᠤᠯ ᠤᠨ ᠭᠡᠷ ᠪᠠᠶᠢᠰᠢᠩ ᠤᠨ ᠵᠢᠭᠡᠯᠡᠯᠭᠡ ᠶᠢᠨ ᠬᠦᠦ | ᠮᠥᠩᠭᠦ ᠶᠢᠨ ᠨᠣᠷᠮ᠎ᠠ ᠨᠢ 4.4% ᠪᠠᠶᠢᠪᠠᠯ᠂ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠭᠰᠡᠨ ᠤ | ᠳᠠᠷᠠᠭ᠎ᠠ 3.55%᠂ 100 ᠲᠦᠮᠡᠨ ᠲᠥᠭᠦᠷᠢᠭ ᠤᠨ 25 ᠵᠢᠯ ᠤᠨ ᠬᠤᠭᠤᠴᠠᠭ᠎ᠠ ᠲᠠᠢ ᠲᠡᠩᠴᠡᠭᠦᠦ ᠲᠣᠭᠠᠨ ᠤ | ᠡᠬᠡ ᠬᠦᠦ ᠮᠦᠩᠭᠦ ᠶᠢ ᠪᠤᠴᠠᠭᠠᠬᠤ ᠭᠡᠷ ᠪᠠᠶᠢᠰᠢᠩ ᠤᠨ ᠵᠢᠭᠡᠯᠡᠯᠭᠡ ᠳᠤ ᠰᠠᠷ᠎ᠠ ᠪᠦᠷᠢ 469 ᠲᠥᠭᠦᠷᠢᠭ ᠳᠤᠲᠠᠭᠤ | ᠥᠭᠴᠦ᠂ ᠬᠦᠦ ᠮᠥᠩᠭᠦ ᠶᠢᠨ ᠵᠠᠷᠤᠯᠭ᠎ᠠ ᠶᠢ ᠨᠡᠶᠢᠲᠡ 14 ᠲᠦᠮᠡᠨ ᠲᠥᠭᠦᠷᠢᠭ ᠠᠴᠠ ᠢᠯᠡᠭᠦᠦ ᠠᠷᠪᠢᠯᠠᠵᠠᠢ᠃ | ᠡᠩ ᠤᠨ ᠣᠷᠣᠨ ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠬᠤ | ᠲᠥᠷᠥ ᠶᠢᠨ ᠪᠣᠳᠣᠯᠭ᠎ᠠ ᠳᠤ ᠴᠢᠭᠯᠡᠭᠦᠯᠦᠨ᠂ ᠡᠳ᠋ ᠤᠨ ᠵᠠᠰᠠᠭ ᠤᠨ ᠶᠠᠮᠤᠨ ᠤ ᠰᠠᠶᠢᠳ ᠤᠨ ᠲᠤᠰᠠᠯᠠᠭᠴᠢ ᠰᠥᠩ ᠴᠢ | ᠴᠤᠸ᠂ ᠣᠳᠣᠬᠠᠨ ᠳᠤ ᠡᠩ ᠤᠨ ᠣᠷᠣᠨ ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ | ᠬᠦᠴᠦᠨ ᠦᠭᠡᠢ ᠪᠣᠯᠭᠠᠬᠤ ᠲᠠᠢ ᠵᠣᠯᠭᠠᠯᠳᠤᠭᠤᠯᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠱᠠᠯᠠᠪᠳᠠᠨ | ᠰᠤᠳᠤᠯᠵᠤ ᠲᠣᠳᠣᠷᠬᠠᠶᠢᠯᠠᠵᠤ ᠪᠠᠶᠢᠨ᠎ᠠ᠃ ᠡᠲᠡᠭᠡᠷ ᠲᠥᠷᠥ ᠶᠢᠨ ᠪᠣᠳᠣᠯᠭ᠎ᠠ ᠨᠢ ᠬᠤᠯᠪᠣᠭᠳᠠᠯ ᠪᠦᠬᠦᠢ ᠬᠤᠲᠠ ᠶᠢᠨ | ᠭᠡᠷ ᠪᠠᠶᠢᠰᠢᠩ ᠭᠠᠵᠠᠷ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠤᠨ ᠠᠶᠢᠵᠠᠮ ᠪᠠ ᠣᠷᠣᠨ ᠨᠤᠲᠤᠭ ᠤᠨ ᠡᠳ᠋ ᠤᠨ | ᠵᠠᠰᠠᠭ ᠤᠨ ᠣᠷᠣᠯᠭ᠎ᠠ ᠶᠢᠨ ᠪᠠᠶᠢᠳᠠᠯ ᠢ ᠨᠢᠭᠡᠳᠦᠯᠲᠡᠢ ᠲᠥᠯᠥᠪᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠥᠭᠡᠳ | ᠵᠦᠢ ᠵᠣᠬᠢᠰᠲᠠᠢ ᠲᠣᠬᠢᠷᠠᠭᠤᠯᠤᠯᠲᠠ ᠬᠢᠬᠦ ᠪᠣᠯᠣᠨ᠎ᠠ︔ ᠣᠷᠣᠨ ᠨᠤᠲᠤᠭ ᠲᠤ ᠵᠣᠬᠢᠬᠤ ᠬᠡᠮᠵᠢᠶᠡᠨ ᠤ ᠡᠵᠡᠨ ᠮᠡᠳᠡᠬᠦ | ᠡᠷᠬᠡ ᠣᠯᠭᠤᠵᠤ᠂ ᠲᠦᠷᠦ ᠶᠢᠨ ᠪᠣᠳᠣᠯᠭ᠎ᠠ ᠶᠢᠨ ᠲᠣᠭᠲᠠᠭᠤᠨ ᠴᠢᠨᠠᠷ ᠪᠠ ᠭᠤᠣᠯᠴᠢ ᠴᠢᠨᠠᠷ ᠢ ᠪᠠᠲᠤᠯᠠᠨ᠎ᠠ︔ ᠭᠡᠷ | ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠪᠠ ᠭᠡᠷ ᠪᠠᠶᠢᠰᠢᠩ ᠬᠤᠳᠠᠯᠳᠤᠨ ᠠᠪᠤᠭᠴᠢ ᠶᠢᠨ | ᠳᠠᠷᠤᠭᠠᠰᠤ ᠶᠢ ᠪᠦᠲᠦᠮᠵᠢᠲᠡᠶ ᠪᠠᠭᠤᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠪᠠᠭᠤᠷᠠᠬᠤ ᠶᠢ ᠵᠣᠭᠰᠣᠭᠠᠵᠤ ᠲᠣᠭᠲᠠᠪᠤᠷᠢᠵᠢᠭᠤᠯᠬᠤ ᠶᠢ ᠠᠬᠢᠭᠤᠯᠤᠨ᠎ᠠ᠃ ᠪᠣᠳᠠᠲᠠᠢ ᠲᠥᠷᠥ ᠶᠢᠨ ᠪᠣᠳᠣᠯᠭ᠎ᠠ ᠨᠢ | ᠣᠳᠣ ᠶᠠᠭ ᠬᠤᠯᠪᠣᠭᠳᠠᠯ ᠪᠦᠬᠦᠢ ᠵᠢᠷᠤᠮ ᠢ ᠱᠠᠯᠠᠪᠳᠠᠨ ᠬᠡᠷᠡᠭᠵᠢᠭᠦᠯᠵᠦ ᠪᠠᠶᠢᠨ᠎ᠠ ᠭᠡᠪᠡ᠃᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠲᠤ ᠭᠤᠷᠪᠠᠨ ᠵᠢᠯ ᠤᠨ ᠲᠣᠬᠢᠷᠠᠭᠤᠯᠤᠯᠲᠠ ᠬᠢᠬᠦ ᠪᠠᠷ ᠳᠡᠮᠵᠢᠨ᠂ ᠰᠢᠷᠢᠰ | ᠲᠥᠷᠥ ᠶᠢᠨ ᠪᠣᠳᠣᠯᠭ᠎ᠠ ᠶᠢᠨ ᠦᠢᠯᠡᠳᠦᠯ ᠳᠣᠣᠷ᠎ᠠ ᠨᠢᠭᠡᠨᠲᠡ ᠰᠠᠭᠤᠷᠢ ᠶᠢ ᠡᠬᠢᠯᠡᠨ ᠪᠠᠶᠢᠭᠤᠯᠵᠠᠢ᠂ ︽10 ᠳ᠋ᠤᠭᠠᠷ | ᠰᠠᠷ᠎ᠠ ᠶᠢᠨ ᠲᠤᠭ᠎ᠠ ᠪᠠᠷᠢᠮᠲᠠ ᠪᠣᠯ ᠨᠢᠭᠡᠨ ᠢᠳᠡᠪᠬᠢᠲᠡᠢ ᠪᠥᠭᠡᠳ ᠪᠠᠶᠠᠰᠤᠩᠭᠤᠢ ᠦᠷ᠎ᠡ ᠳ᠋ᠦᠩ ᠮᠥᠨ ᠭᠡᠵᠦ ᠪᠢᠳᠡ | ᠮᠠᠭᠠᠳᠯᠠᠵᠤ ᠪᠠᠶᠢᠨ᠎ᠠ︾᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ 70 ᠲᠣᠮᠣ ᠳᠤᠮᠳᠠ | ᠬᠤᠲᠠ ᠶᠢᠨ 9 ᠳ᠋ᠤᠭᠡᠷ ᠰᠠᠷ᠎ᠠ ᠶᠢᠨ ᠬᠤᠷᠢᠳ ᠢᠶᠠᠷ ᠥᠷᠨᠢᠭᠦᠯᠦᠭᠰᠡᠨ ᠰᠠᠷ᠎ᠠ ᠶᠢᠨ ᠭᠡᠷ ᠪᠠᠶᠢᠰᠢᠩ ᠤᠨ ᠦᠨ᠎ᠡ ᠶᠢᠨ | ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠢᠷᠡᠬᠦ ᠬᠠᠭᠠᠰ ᠵᠢᠯ ᠳᠤ ᠰᠢᠨ᠎ᠡ ᠪᠠᠷ | ᠪᠠᠶᠢᠭᠤᠯᠬᠤ ᠲᠠᠸᠠᠷ ᠤᠨ ᠣᠷᠣᠨ ᠰᠠᠭᠤᠴᠠ ᠪᠠ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ | ᠦᠨ᠎ᠡ ᠲᠣᠭᠲᠠᠪᠤᠷᠢᠲᠠᠢ ᠪᠠᠶᠢᠬᠤ ᠪᠤᠶᠤ ᠥᠰᠬᠦ ᠪᠠᠷ ᠵᠢᠱᠢᠵᠦ ᠪᠠᠶᠢᠭ᠎ᠠ ᠰᠣᠷᠪᠤᠯᠵᠢᠯᠠᠭ᠎ᠠ ᠬᠦᠯᠢᠶᠡᠭᠰᠡᠳ ᠤᠨ ᠡᠵᠡᠯᠡᠬᠦ | ᠬᠠᠷᠢᠴᠠᠯ ᠨᠢ ᠲᠣᠰ ᠲᠣᠰ 58.3% ᠪᠠ 45.4% ᠪᠠᠶᠢᠵᠤ᠂ ᠲᠦᠷᠦᠭᠦᠸ ᠰᠠᠷ᠎ᠠ ᠶᠢᠨ ᠪᠠᠶᠢᠴᠠᠭᠠᠯᠲᠠ ᠶᠢᠨ | ᠳ᠋ᠦᠩ ᠲᠠᠢ ᠬᠠᠷᠢᠴᠠᠭᠤᠯᠪᠠᠯ᠂ ᠲᠣᠰ ᠲᠣᠰ 10 % ᠪᠠ 6.5 % ᠢᠶᠠᠷ ᠲᠡᠭᠡᠭᠰᠢᠯᠡᠵᠡᠢ ᠭᠡᠵᠦ ᠤᠷᠤᠨ | ᠰᠠᠭᠤᠴᠠ ᠶᠢᠨ ᠶᠠᠮᠦᠨ ᠤ ᠰᠠᠶᠢᠳ ᠨᠢ ᠬᠤᠩ ᠢᠯᠡᠷᠬᠡᠶᠢᠯᠡᠪᠡ᠃ | ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ ᠠᠵᠢᠯ ᠤᠨ ᠠᠬᠢᠴᠠ ᠶᠠᠮᠠᠷ ᠵᠡᠷᠭᠡ ᠪᠤᠢ︖ | — ᠨᠢᠭᠡᠨᠲᠡ 246 ᠲᠦᠮᠡᠨ ᠢᠵᠢ ᠶᠢ ᠲᠤᠰᠢᠶᠠᠵᠤ᠂ ︽ᠴᠠᠭᠠᠨ ᠨᠡᠷᠡᠰ︾ ᠤᠨ ᠲᠥᠷᠥᠯ ᠵᠦᠢᠯ ᠢ | ᠨᠢᠭᠡᠨᠲᠡ ᠬᠢᠨᠠᠨ ᠵᠥᠪᠰᠢᠶᠡᠷᠡᠵᠦ ᠪᠠᠲᠤᠯᠠᠭᠠᠳ 2.23 ᠲᠦᠮᠡᠨ ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ | ᠵᠣᠭᠤᠰ ᠢ ᠨᠠᠶᠢᠳᠠᠪᠦᠷᠢᠵᠢᠭᠤᠯᠵᠠᠢ | ᠪᠠᠲᠤᠯᠠᠭᠠᠲᠤ ᠲᠤᠰᠢᠶᠠᠬᠤ ᠭᠡᠷ ᠪᠠᠶᠢᠰᠢᠩ ᠪᠤᠯ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ | ᠵᠣᠭᠰᠣᠭᠠᠵᠤ ᠲᠣᠭᠲᠠᠪᠤᠷᠢᠵᠢᠭᠤᠯᠬᠤ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ ᠭᠡᠷ ᠪᠠᠶᠢᠰᠢᠩ | ᠬᠤᠳᠠᠯᠳᠤᠨ ᠠᠪᠤᠭᠴᠢ ᠶᠢᠨ ᠠᠮᠤᠷ ᠲᠦᠪᠰᠢᠨ ᠤ ᠲᠤᠬᠠᠢ ᠡᠷᠡᠭᠡᠯᠵᠡᠭᠡ ᠶᠢ ᠬᠡᠷᠬᠢᠨ ᠠᠷᠢᠯᠭᠠᠬᠤ ᠪᠣᠶ︖ | ᠲᠠᠷᠠᠭᠠᠴᠢ ᠶᠢᠨ ᠠᠯᠬᠤᠮ ᠳᠤ᠂ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ | ᠣᠳᠣᠬᠠᠨ ᠳᠤ᠂ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ ᠪᠣᠭᠤᠮᠲᠠ ᠰᠢᠪᠲᠤᠯᠬᠤ ᠠᠵᠢᠯ ᠢ | ᠬᠦᠴᠦᠲᠡᠢ ᠠᠬᠢᠭᠤᠯᠵᠤ᠂ ᠨᠢᠭᠡᠨᠲᠡ 246 ᠲᠦᠮᠡᠨ ᠢᠵᠢ ᠶᠢ ᠲᠤᠰᠢᠶᠠᠨ ᠥᠭᠴᠡᠢ᠃ ᠭᠠᠨᠰᠤ᠂ ᠹᠦᠵᠢᠶᠠᠨ᠂ | ᠴᠦᠩᠴᠢᠩ ᠤᠨ ᠲᠤᠰᠢᠶᠠᠨ ᠥᠭᠭᠦᠭᠰᠡᠨ ᠨᠤᠷᠮ᠎ᠠ ᠠᠷᠪᠠᠨ ᠤ ᠲᠤᠯᠤᠭᠠᠨ ᠬᠤᠪᠢ ᠶᠢ ᠳᠠᠪᠠᠵᠤ᠂ ᠵᠢᠶᠠᠩᠰᠢ ᠶᠢᠨ | ᠱᠠᠩ ᠷᠣᠣ᠂ ᠭᠦᠢᠵᠧᠦ ᠶᠢᠨ ᠲᠦᠩ ᠷᠧᠨ ᠵᠡᠷᠭᠡ ᠬᠤᠳᠠ ᠶᠢᠨ ᠲᠤᠰᠢᠶᠠᠨ ᠥᠭᠭᠦᠭᠰᠡᠨ ᠨᠤᠷᠮ᠎ᠠ ᠠᠷᠪᠠᠨ ᠤ ᠨᠠᠢᠮᠠᠨ | ᠬᠤᠪᠢ ᠶᠢ ᠳᠠᠪᠠᠵᠠᠢ᠃ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠬᠤᠷᠠᠯᠳᠤᠭᠠᠨ ᠠᠴᠠ ︽︿ᠴᠠᠭᠠᠨ ᠨᠡᠷᠡᠰ﹀ ᠤᠨ ᠲᠦᠷᠦᠯ ᠵᠦᠢᠯ ᠤᠨ ᠵᠢᠭᠡᠯᠡᠯᠭᠡ ᠶᠢᠨ ᠡᠷᠴᠢᠮ ᠢ | ᠴᠢᠩᠭᠠᠷᠠᠭᠤᠯᠤᠨ᠎ᠠ ᠭᠡᠵᠦ ᠵᠢᠭᠠᠨ ᠭᠠᠷᠭᠠᠪᠠ᠃ 10 ᠳ᠋ᠤᠭᠠᠷ ᠰᠠᠷ᠎ᠠ ᠶᠢᠨ 16 ᠤ ᠡᠳᠦᠷ ᠪᠣᠯᠲᠠᠯ᠎ᠠ᠂ ︽ᠴᠠᠭᠠᠨ | ᠨᠡᠷᠡᠰ﹀ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠯ ᠢᠶᠠᠷ | ᠪᠠᠲᠤᠯᠠᠭᠳᠠᠭᠰᠠᠨ ᠵᠢᠭᠡᠯᠡᠯᠭᠡ 2.23 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ᠃ ︽ᠣᠳᠣᠬᠠᠨ ᠳᠤ | ᠲᠠᠸᠠᠷ ᠤᠨ ᠣᠷᠣᠨ ᠰᠠᠭᠤᠴᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ | ᠵᠢᠭᠡᠯᠡᠯᠭᠡ ᠶᠢᠨ ᠲᠦᠷᠦᠯ ᠵᠦᠢᠯ ᠪᠦᠬᠦᠨ ᠢᠶᠠᠷ ᠢᠶᠠᠨ ︿ᠴᠠᠭᠠᠨ ᠨᠡᠷᠡᠰ﹀ ᠳᠤ ᠣᠷᠣᠭᠤᠯᠬᠤ ᠨᠥᠬᠦᠴᠡᠯ ᠢ | ᠪᠦᠷᠢᠯᠳᠦᠭᠦᠯᠵᠡᠢ︾᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠳᠡᠳ᠋ | ᠳᠠᠷᠤᠭ᠎ᠠ ᠰᠢᠶᠣᠣ ᠶᠤᠸᠠᠨ ᠴᠢ ᠢᠯᠡᠷᠬᠡᠶᠢᠯᠡᠬᠦ ᠳᠡᠭᠡᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ | ᠪᠡᠯᠡ ᠲᠣᠬᠢᠷᠠᠭᠤᠯᠭ᠎ᠠ ᠶᠢ ᠰᠠᠶᠢᠲᠤᠷ ᠬᠢᠵᠦ᠂ ᠭᠡᠷ ᠪᠠᠶᠢᠰᠢᠩ ᠪᠠᠷᠢᠵᠤ ᠳᠠᠭᠤᠰᠬᠠᠨ ᠲᠤᠰᠢᠶᠠᠵᠤ ᠥᠭᠬᠦ ᠶᠢ | ᠪᠠᠲᠤᠯᠠᠬᠤ ᠶᠢᠨ ᠲᠥᠯᠥᠭᠡ᠂ ᠭᠡᠷ ᠪᠠᠶᠢᠰᠢᠩ ᠭᠠᠵᠠᠷ ᠬᠥᠷᠥᠩᠭᠡ ᠶᠢᠨ ︽ᠴᠠᠭᠠᠨ ᠨᠡᠷᠡᠰ︾ ᠤᠨ ᠲᠦᠷᠦᠯ ᠵᠦᠢᠯ ᠤᠨ | ᠪᠡᠯᠡ ᠲᠣᠬᠢᠷᠠᠭᠤᠯᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠢᠷᠢ | ᠲᠡᠩᠴᠡᠭᠰᠡᠨ ᠲᠦᠷᠦᠯ ᠵᠦᠢᠯ ᠤᠨ ︽ᠣᠷᠣᠭᠤᠯᠬᠤ ᠶᠣᠰᠣᠲᠠᠢ ᠶᠢ ᠨᠢ ᠴᠥᠮ ᠣᠷᠣᠭᠤᠯᠬᠤ︾᠂ ︽ᠴᠠᠭᠠᠨ ᠨᠡᠷᠡᠰ︾ | ᠳᠤ ᠣᠷᠣᠭᠰᠠᠨ ᠲᠦᠷᠦᠯ ᠵᠦᠢᠯ ᠤᠨ ︽ᠵᠢᠭᠡᠯᠡᠭᠦᠯᠬᠦ ᠶᠣᠰᠣᠲᠠᠢ ᠳᠤᠨᠢ ᠴᠥᠮ ᠵᠢᠭᠡᠯᠡᠭᠦᠯᠬᠦ︾ ᠶᠢ ᠪᠡᠶᠡᠯᠡᠭᠦᠯᠵᠡᠢ | ᠭᠡᠵᠡᠢ᠃ ᠭᠤᠸᠠᠩᠳᠦ᠋ᠩ ᠮᠤᠵᠢ ᠶᠢᠨ ᠣᠷᠣᠨ ᠰᠠᠭᠤᠴᠠ ᠪᠠ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ | ᠲᠥᠪ ᠤᠨ ᠲᠡᠷᠢᠭᠦᠨ ᠰᠤᠳᠤᠯᠤᠭᠴᠢ ᠯᠢ ᠢᠦᠢ ᠵᠢᠶᠠ ᠵᠠᠳᠠᠯᠬᠤ ᠳᠠᠭᠠᠨ᠂ ᠡᠨᠡ ᠬᠦ ᠠᠷᠭ᠎ᠠ ᠬᠡᠮᠵᠢᠶ᠎ᠡ ᠶᠢ ᠠᠪᠤᠪᠠᠯ᠂ | ᠣᠷᠣᠨ ᠰᠠᠭᠤᠴᠠ ᠶᠢᠨ ᠠᠵᠤ ᠠᠬᠤᠶᠢᠯᠠᠯ ᠤᠨ ᠪᠡᠯᠡ ᠮᠥᠩᠭᠦᠨ ᠤ ᠬᠡᠯᠬᠢᠶ᠎ᠡ ᠶᠢᠨ ᠪᠠᠴᠢᠮ ᠪᠠᠶᠢᠳᠠᠯ ᠢ ᠨᠠᠮᠳᠠᠭᠤᠯᠵᠤ᠂ | ᠠᠶᠤᠯ ᠲᠦᠭᠰᠢᠭᠦᠷᠢ ᠶᠢ ᠬᠢᠵᠠᠭᠠᠷᠯᠠᠵᠤ᠂ ᠵᠠᠬ᠎ᠠ ᠳᠡᠯᠭᠡᠭᠦᠷ ᠤᠨ ᠢᠲᠡᠭᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠪᠣᠯᠣᠨ᠎ᠠ᠃ ᠪᠡᠯᠡ ᠮᠥᠩᠭᠦ ᠶᠢ ᠰᠢᠶᠳᠪᠦᠷᠢᠯᠡᠴᠢᠭᠰᠡᠨ ᠴᠦ ᠠᠬᠢᠴᠠ ᠶᠢ ᠨᠢ ᠠᠳᠬᠤᠵᠤ᠂ ᠶᠠᠰᠤ ᠴᠢᠨᠠᠷ ᠢ ᠨᠢ | ᠠᠳᠬᠤᠵᠤ᠂ ᠠᠷᠠᠳ ᠢᠷᠭᠡᠳ ᠲᠤ ᠡᠷᠲᠡᠬᠡᠨ ᠭᠡᠷ ᠪᠠᠶᠢᠰᠢᠩ ᠪᠠᠷᠢᠭᠤᠯᠬᠤ ᠬᠡᠷᠡᠭᠲᠡᠢ ᠭᠡᠵᠡᠢ᠃ | ᠵᠠᠯᠭᠠᠭᠠᠳ ᠪᠥᠬᠦ ᠤᠯᠤᠰ ᠤᠨ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ ᠮᠡᠳᠡᠭᠡ ᠵᠠᠩᠭᠢ ᠶᠢᠨ | ᠰᠢᠰᠲ᠋ᠧᠮ ᠢᠶᠠᠷ ᠳᠠᠮᠵᠢᠭᠤᠯᠤᠨ᠂ ᠲᠤᠰᠢᠶᠠᠬᠤ ᠡᠭᠦᠷᠭᠡ ᠨᠢᠭᠡᠪᠦᠷᠢ ᠶᠢ ᠴᠥᠮ ᠳᠡᠩᠰᠡᠯᠡᠨ ᠺᠠᠷᠲᠯᠠᠵᠤ᠂ ᠲᠤᠰᠢᠶᠠᠬᠤ | ᠪᠠ ᠳ᠋ᠤᠭᠠᠷᠯᠠᠬᠤ ᠶᠢ ᠭᠦᠢᠴᠡᠳᠬᠡᠨ᠎ᠡ︔ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ ᠲᠥᠷᠥᠯ ᠵᠦᠢᠯ ᠢ ᠭᠡᠷ | ᠪᠠᠶᠢᠰᠢᠩ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠭᠤᠣᠯᠳᠠᠯᠭ᠎ᠠ ᠪᠣᠯᠭᠠᠵᠤ᠂ ᠭᠡᠷ | ᠪᠠᠶᠢᠰᠢᠩ ᠢ ᠪᠠᠶᠢᠭᠤᠯᠵᠤ ᠳᠠᠭᠤᠰᠬᠠᠬᠤ ᠪᠠᠷ ᠪᠠᠷᠠᠬᠤ ᠦᠭᠡᠢ ᠪᠠᠰᠠ ᠭᠡᠷ ᠪᠠᠶᠢᠰᠢᠩ ᠢ ᠰᠠᠶᠢᠲᠤᠷ ᠪᠠᠶᠢᠭᠤᠯᠵᠤ᠂ | ᠰᠢᠯᠭᠠᠨ ᠠᠪᠬᠤ ᠳᠤ ᠬᠢᠷᠢ ᠲᠡᠩᠴᠡᠭᠰᠡᠨ ᠭᠡᠷ ᠪᠠᠶᠢᠰᠢᠩ ᠢ ᠭᠡᠷ ᠪᠠᠶᠢᠰᠢᠩ ᠬᠤᠳᠠᠯᠳᠤᠨ ᠠᠪᠤᠭᠴᠢ ᠳᠤ ᠲᠤᠰᠢᠶᠠᠬᠤ | ᠬᠡᠷᠡᠭᠲᠡᠢᠭᠡᠵᠦ ᠨᠢ ᠬᠤᠩ ᠢᠯᠡᠷᠬᠡᠶᠢᠯᠡᠪᠡ᠃ | ᠣᠷᠣᠨ ᠰᠠᠭᠤᠴᠠ ᠶᠢᠨ ᠪᠠᠲᠤᠯᠠᠭ᠎ᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠬᠡᠷᠬᠢᠨ ᠰᠠᠬᠢᠬᠤ ᠪᠤᠢ︖ | — ᠡᠨᠡ ᠵᠢᠯ ᠤᠨ ᠲᠦᠷᠦᠭᠦᠦ 9 ᠰᠠᠷ᠎ᠠ ᠳᠤ ᠨᠢᠭᠡᠨᠲᠡ 148 ᠲᠦᠮᠡᠨ ᠢᠵᠢ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠶᠢ ᠴᠤᠭᠯᠠᠭᠤᠯᠵᠤ᠂ ᠵᠢᠯ ᠤᠨ ᠡᠴᠦᠰ ᠠᠴᠠ ᠡᠮᠦᠨ᠎ᠡ 450 ᠲᠦᠮᠡᠨ ᠰᠢᠨ᠎ᠡ | ᠬᠤᠳᠠ ᠶᠢᠨ ᠠᠷᠠᠳ ᠢ ᠰᠠᠭᠤᠯᠭᠠᠵᠤ ᠪᠣᠯᠣᠨ᠎ᠠ | ᠵᠠᠷᠢᠮ ᠰᠢᠨ᠎ᠡ ᠬᠤᠳᠠ ᠶᠢᠨ ᠠᠷᠠᠳ᠂ ᠵᠠᠯᠠᠭᠤᠴᠤᠳ ᠲᠤ ᠠᠪᠴᠤ ᠬᠡᠯᠡᠪᠡᠯ᠂ ᠣᠬᠤᠷᠬᠠᠨ | ᠬᠤᠭᠤᠴᠠᠭᠠᠨ ᠳᠤ ᠵᠣᠭᠤᠰ ᠢᠶᠠᠨ ᠴᠤᠭᠯᠠᠭᠤᠯᠵᠤ ᠭᠡᠷ ᠪᠠᠶᠢᠰᠢᠩ ᠬᠤᠳᠠᠯᠳᠤᠨ ᠠᠪᠬᠤ ᠳᠤ ᠮᠠᠰᠢ ᠬᠦᠴᠢᠷᠲᠡᠢ᠂ | ᠲᠦᠷᠢᠶᠡᠰᠦᠯᠡᠬᠦ ᠵᠠᠬ᠎ᠠ ᠳᠡᠯᠭᠡᠭᠦᠷ ᠲᠤ ᠪᠠᠰᠠ ᠲᠦᠷᠢᠶᠡᠰᠦᠨ ᠮᠥᠩᠭᠦ ᠥᠨᠳᠥᠷ᠂ ᠲᠦᠷᠢᠶᠡᠰᠦᠯᠡᠬᠦ ᠬᠠᠷᠢᠴᠠᠭ᠎ᠠ | ᠲᠣᠭᠲᠠᠭᠤᠨ ᠪᠤᠰᠤ ᠵᠡᠷᠭᠡ ᠬᠦᠴᠢᠷᠳᠡᠯ ᠣᠷᠣᠰᠢᠵᠤ ᠪᠠᠶᠢᠨ᠎ᠠ᠂ ᠡᠳᠡᠭᠡᠷ ᠬᠠᠮᠲᠤᠯᠢᠭ ᠤᠨ ᠣᠷᠣᠨ ᠰᠠᠭᠤᠴᠠ ᠶᠢᠨ | ᠠᠰᠠᠭᠤᠳᠠᠯ ᠢ ᠬᠡᠷᠬᠢᠨ ᠨᠡᠩ ᠰᠠᠶᠢᠨ ᠰᠢᠢᠳᠪᠦᠷᠢᠯᠡᠬᠦ ᠪᠤᠢ︖ | ︽ᠰᠢᠨ᠎ᠡ ᠬᠤᠲᠠ ᠶᠢᠨ ᠠᠷᠠᠳ ᠪᠣᠯᠣᠨ ᠵᠠᠯᠠᠭᠤᠴᠤᠳ ᠤᠨ ᠣᠷᠣᠨ ᠰᠠᠭᠤᠴᠠ ᠶᠢᠨ ᠠᠰᠠᠭᠤᠳᠠᠯ ᠢ | ᠰᠠᠶᠢᠲᠤᠷ ᠰᠢᠢᠳᠪᠦᠷᠢᠯᠡᠵᠦ᠂ ᠲᠡᠳᠡᠨ ᠢ ᠠᠮᠤᠷ ᠲᠠᠶᠢᠪᠤᠩ ᠠᠵᠤ ᠲᠥᠷᠥᠭᠦᠯᠬᠦ ᠪᠣᠯ ᠬᠤᠲᠠ ᠶᠢᠨ ᠵᠠᠰᠠᠭ ᠤᠨ | ᠣᠷᠳᠣᠨ ᠤ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ᠂ ᠪᠠᠰᠠ ᠴᠤ ᠬᠤᠲᠠ ᠶᠢᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠮᠥᠨ᠂ ᠡᠯ᠎ᠡ ᠬᠤᠲᠠ ᠶᠢᠨ ᠵᠠᠰᠠᠭ ᠤᠨ ᠣᠷᠳᠣᠨ ᠲᠤᠬᠠᠢ | ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ | ᠪᠣᠳᠣᠯᠭ᠎ᠠ ᠪᠠᠨ ᠰᠢᠯᠢᠳᠡᠭᠵᠢᠭᠦᠯᠦᠨ ᠲᠡᠭᠦᠯᠳᠡᠷᠵᠢᠭᠦᠯᠬᠦ ᠶᠢᠨ ᠵᠡᠷᠭᠡ ᠳᠤ ᠡᠷᠬᠡᠪᠰᠢ ᠪᠠᠲᠤᠯᠠᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠣᠷᠣᠨ ᠰᠠᠭᠤᠴᠠ ᠶᠢᠨ ᠪᠠᠲᠤᠯᠠᠭ᠎ᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ | ᠬᠡᠷᠡᠭᠲᠡᠢ︾᠃ ᠨᠢᠭᠡ ᠲᠠᠯ᠎ᠠ ᠪᠠᠷ ᠵᠠᠬ᠎ᠠ ᠳᠡᠯᠭᠡᠭᠦᠷ ᠢ ᠠᠳᠬᠤᠵᠤ᠂ ᠨᠦᠭᠦᠭᠡ ᠲᠠᠯ᠎ᠠ ᠪᠠᠷ ᠪᠠᠲᠤᠯᠠᠭ᠎ᠠ ᠶᠢ ᠠᠳᠬᠤᠨ᠎ᠠ | ᠃ ᠵᠠᠬ᠎ᠠ ᠳᠡᠯᠭᠡᠭᠦᠷ ᠢᠶᠠᠷ ᠳᠠᠮᠵᠢᠭᠤᠯᠤᠨ ᠣᠯᠠᠨ ᠲᠦᠮᠡᠨ ᠤ ᠣᠯᠠᠨ ᠶᠠᠩᠵᠤᠯᠠᠭᠰᠠᠨ ᠰᠠᠶᠢᠵᠢᠷᠠᠭᠤᠯᠬᠤ ᠴᠢᠨᠠᠷᠲᠠᠢ | ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠨ ᠣᠯᠠᠨ ᠲᠦᠮᠡᠨ ᠤ | ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠶᠢ ᠪᠠᠲᠤᠯᠠᠨ᠎ᠠ᠃ ︽ᠪᠠᠲᠤᠯᠠᠭ᠎ᠠ ᠶᠢ ᠪᠠᠰᠠ ᠲᠦᠷᠢᠶᠡᠰᠦᠯᠡᠭᠦᠯᠬᠦ | ᠪᠠ ᠬᠤᠳᠠᠯᠳᠤᠨ ᠠᠪᠬᠤ ᠭᠡᠵᠦ ᠬᠤᠶᠠᠷ ᠵᠦᠢᠯ ᠳᠤ ᠬᠤᠪᠢᠶᠠᠨ᠎ᠠ︾᠃ ᠣᠳᠣᠬᠠᠨ ᠳᠤ ᠣᠷᠣᠯᠭ᠎ᠠ ᠪᠠᠭᠠᠲᠠᠢ ᠪᠥᠭᠡᠳ | ᠣᠷᠣᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ ᠶᠢᠨ ᠬᠢᠨ ᠣᠯᠠᠨ ᠨᠡᠶᠢᠲᠡ ᠶᠢᠨ ᠲᠦᠷᠢᠶᠡᠰᠦᠨ ᠭᠡᠷ | ᠪᠠᠶᠢᠰᠢᠩ ᠢᠶᠠᠷ ᠳᠡᠮᠵᠢᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠵᠡᠢ᠂ | ︽ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠬᠡᠷᠡᠭᠴᠡᠭᠡ ᠳᠤ ᠴᠢᠭᠯᠡᠭᠦᠯᠦᠨ᠂ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠪᠠ ᠣᠯᠠᠨ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠢ ᠶᠡᠭᠡ ᠪᠠᠷ | ᠬᠥᠭᠵᠢᠭᠦᠯᠵᠦ᠂ ︿ᠨᠢᠭᠡ ᠣᠷᠣ᠂ ᠨᠢᠭᠡ ᠲᠠᠰᠤᠯᠭ᠎ᠠ ᠦᠷᠦᠭᠡ᠂ ᠨᠢᠭᠡ ᠢᠵᠢ ᠭᠡᠷ ᠪᠠᠶᠢᠰᠢᠩ﹀ ᠵᠡᠷᠭᠡ ᠠᠷᠭ᠎ᠠ | ᠮᠠᠶ᠋ᠢᠭ ᠢᠶᠠᠷ ᠲᠡᠳᠡᠨ ᠢ ︿ᠣᠷᠣᠵᠤ ᠳᠡᠶᠢᠯᠬᠦ᠂ ᠦᠯᠡᠳᠡᠵᠦ ᠳᠡᠶᠢᠯᠬᠦ᠂ ᠣᠷᠣᠨ ᠰᠠᠭᠤᠴᠠ ᠲᠠᠢ᠂ ᠠᠳᠠᠯ ᠦᠢᠯᠡᠰ | ᠪᠦᠲᠦᠭᠡᠵᠦ ᠳᠡᠶᠢᠯᠬᠦ﹀ ᠪᠣᠯᠭᠠᠨ᠎ᠠ᠃ ᠵᠣᠬᠢᠬᠤ ᠬᠡᠮᠵᠢᠶᠡᠨ ᠤ ᠠᠵᠤ ᠠᠬᠤᠢ ᠶᠢᠨ ᠴᠢᠳᠠᠪᠤᠷᠢ ᠲᠠᠢ ᠪᠣᠯᠪᠠᠴᠤ | ᠲᠠᠸᠠᠷ ᠤᠨ ᠭᠡᠷ ᠪᠠᠶᠢᠰᠢᠩ ᠬᠤᠳᠠᠯᠳᠤᠨ ᠠᠪᠬᠤ ᠳᠤ ᠲᠦᠷ ᠴᠠᠭ ᠪᠠᠰᠠ ᠬᠦᠴᠢᠷᠳᠡᠯ ᠲᠠᠢ ᠪᠠᠶᠢᠪᠠᠯ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠬᠤᠳᠠᠯᠳᠤᠨ ᠠᠪᠴᠤ ᠪᠣᠯᠣᠨ᠎ᠠ︾ ᠭᠡᠵᠡᠢ᠃ | ᠡᠨᠡ ᠵᠢᠯ ᠤᠨ 1 ᠳ᠋ᠤᠭᠡᠷ ᠰᠠᠷ᠎ᠠ ᠠᠴᠠ 9 ᠳ᠋ᠤᠭᠡᠷ ᠰᠠᠷ᠎ᠠ ᠪᠣᠯᠲᠠᠯ᠎ᠠ᠂ ᠮᠠᠨ ᠤ ᠤᠯᠤᠰ ᠨᠢᠭᠡᠨᠲᠡ 148 | ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠴᠤᠭᠯᠠᠭᠤᠯᠵᠤ᠂ ᠵᠢᠯ ᠤᠨ ᠡᠴᠦᠰ ᠠᠴᠠ ᠡᠮᠦᠨ᠎ᠡ | 450 ᠲᠦᠮᠡᠨ ᠰᠢᠨ᠎ᠡ ᠬᠤᠲᠠ ᠶᠢᠨ ᠠᠷᠠᠳ᠂ ᠵᠠᠯᠠᠭᠤᠴᠤᠳ ᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ | ᠣᠷᠣᠭᠤᠯᠵᠤ ᠪᠣᠯᠣᠨ᠎ᠠ᠃ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠷᠡᠭᠡᠳᠦᠢ ᠨᠢ ᠶᠠᠮᠠᠷ ᠪᠤᠢ︖ | | — ᠬᠠᠩᠭᠠᠯᠭ᠎ᠠ ᠬᠡᠷᠡᠭᠴᠡᠭᠡᠨ ᠤ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠨᠡᠮᠡᠭᠳᠡᠯ ᠵᠠᠬ᠎ᠠ | ᠳᠡᠯᠭᠡᠭᠦᠷ ᠢ ᠦᠯᠡᠳᠡᠭᠡᠯ ᠪᠠ ᠬᠠᠳᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠲᠡᠰᠢ ᠰᠢᠯᠵᠢᠭᠦᠯᠵᠦ᠂ ᠲᠠᠯᠳᠠ ᠪᠥᠭᠡᠳ | ᠪᠦᠲᠦᠮᠵᠢᠲᠡᠶ ᠬᠡᠷᠡᠭᠴᠡᠭᠡᠨ ᠤ ᠬᠡᠪᠴᠢᠶ᠎ᠡ ᠶᠢ ᠮᠥᠨ ᠬᠦ ᠨᠡᠯᠢᠶᠡᠳ ᠶᠡᠭᠡ | ᠠᠯᠤᠰ ᠭᠡᠳᠤ ᠶᠢᠨ ᠪᠠᠶᠢᠳᠠᠯ ᠠᠴᠠ ᠦᠵᠡᠪᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠬᠥᠭᠵᠢᠯᠲᠡ ᠳᠤ ᠪᠠᠰᠠ ᠲᠠᠯᠳᠠ ᠬᠦᠴᠦᠨ ᠪᠠ ᠣᠷᠣᠨ ᠵᠠᠢ ᠪᠠᠶᠢᠨ᠎ᠠ ᠦᠦ︖ | ᠣᠳᠣᠬᠠᠨ ᠳᠤ᠂ ᠮᠠᠨ ᠤ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠨᠡᠮᠡᠭᠳᠡᠯ ᠤᠨ ᠵᠠᠬ᠎ᠠ | ᠳᠡᠯᠭᠡᠭᠦᠷ ᠢ ᠨᠡᠮᠡᠭᠳᠡᠭᠦᠯᠬᠦ ᠪᠠ ᠬᠠᠳᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠳᠡᠢ ᠪᠠᠶᠢᠨ᠎ᠠ᠃ 2021 | ᠣᠨ ᠳᠤ᠂ ᠮᠠᠨ ᠤ ᠤᠯᠤᠰ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠣᠷᠣᠨ | ᠰᠠᠭᠤᠴᠠ ᠶᠢᠨ ᠪᠠᠷᠢᠯᠭ᠎ᠠ ᠶᠢᠨ ᠲᠠᠯᠠᠪᠠᠶ 40 ᠲᠡᠭᠰᠢ ᠳᠥᠷᠪᠡᠯᠵᠢᠨ ᠮᠧᠲᠷ ᠠᠴᠠ ᠳᠠᠪᠠᠵᠤ᠂ ᠨᠢᠭᠡᠨᠲᠡ ᠨᠡᠯᠢᠶᠡᠳ | ᠥᠨᠳᠥᠷ ᠲᠦᠪᠰᠢᠨ ᠳᠤ ᠣᠷᠣᠰᠢᠵᠤ ᠪᠠᠶᠢᠨ᠎ᠠ᠂ ᠬᠥᠮᠥᠨ ᠠᠮᠠ ᠶᠢᠨ ᠪᠠᠭᠤᠷᠠᠯᠲᠠ ᠪᠠ ᠬᠤᠲᠠ ᠪᠠᠯᠭᠠᠰᠤᠵᠢᠯᠲᠠ ᠶᠢᠨ | ᠬᠤᠷᠳᠤᠴᠠ ᠤᠳᠠᠭᠠᠰᠢᠷᠠᠵᠤ ᠪᠠᠶᠢᠨ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠡᠷᠡᠭᠴᠡᠭᠡ ᠱᠠᠭᠠᠷᠳᠠᠯᠭ᠎ᠠ 2021 | ᠣᠨ ᠤ 18 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠨ ᠪᠣᠷᠤᠯᠠᠭᠤᠯᠭ᠎ᠠ ᠶᠢᠨ ᠲᠠᠯᠠᠪᠠᠶ ᠶᠢᠨ ᠥᠨᠳᠥᠷ | ᠲᠦᠪᠰᠢᠨ ᠳᠤ ᠳᠠᠬᠢᠨ ᠬᠦᠷᠴᠦ ᠳᠡᠶᠢᠯᠬᠦ ᠦᠭᠡᠢ ᠪᠣᠯᠵᠠᠢ᠃ | ︽ᠭᠡᠪᠡᠴᠦ ᠳᠠᠯᠳᠠ ᠪᠥᠭᠡᠳ ᠪᠦᠲᠦᠮᠵᠢᠲᠡᠶ ᠬᠡᠷᠡᠭᠴᠡᠭᠡᠨ ᠤ ᠬᠡᠪᠴᠢᠶ᠎ᠡ ᠮᠥᠨ ᠬᠦ ᠨᠡᠯᠢᠶᠡᠳ ᠶᠡᠭᠡ ᠪᠠᠶᠢᠨ᠎ᠠ︾ | ᠭᠡᠵᠦ ᠢᠦᠢ ᠰᠢᠶᠣᠣ ᠹᠧᠨ ᠬᠡᠯᠡᠵᠡᠢ᠂ ᠺᠣᠷᠢᠶᠠ᠂ ᠶᠠᠫᠤᠨ ᠤ ᠲᠤᠷᠰᠢᠯᠭ᠎ᠠ ᠪᠠᠷ ᠯᠠᠪᠯᠠᠯᠲᠠ ᠪᠣᠯᠭᠠᠵᠤ ᠦᠵᠡᠪᠡᠯ᠂ | ᠬᠤᠶᠠᠷ ᠤᠯᠤᠰ ᠤᠨ 1991ᠣᠨ ᠤ ᠬᠤᠲᠠ ᠪᠠᠯᠭᠠᠰᠤᠵᠢᠯᠲᠠ ᠶᠢᠨ ᠨᠣᠷᠮ᠎ᠠ ᠲᠣᠰ ᠲᠣᠰ 74.79%᠂ 77. | 47% ᠬᠦᠷᠴᠦ᠂ ᠮᠠᠨ ᠤ ᠤᠯᠤᠰ ᠤᠨ 2023 ᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠣᠷᠮ᠎ᠠ ᠶᠢᠨ 66.16% ᠶᠢᠨ ᠬᠢᠷᠢ ᠲᠦᠪᠰᠢᠨ ᠠᠴᠠ ᠥᠨᠳᠥᠷ︔ 1991 ᠣᠨ ᠠᠴᠠ | 2007 ᠣᠨ ᠪᠣᠯᠲᠠᠯ᠎ᠠ᠂ ᠬᠤᠶᠠᠷ ᠤᠯᠤᠰ ᠤᠨ ᠵᠢᠯ ᠪᠦᠷᠢ ᠳᠤᠮᠳᠠᠴᠢ ᠪᠠᠷ ᠮᠢᠩᠭᠠᠨ ᠬᠥᠮᠥᠨ ᠪᠦᠷᠢ ᠶᠢᠨ | ᠰᠢᠨ᠎ᠡ ᠪᠠᠷ ᠪᠠᠷᠢᠭᠰᠠᠨ ᠣᠷᠣᠨ ᠰᠠᠭᠤᠴᠠ ᠶᠢᠨ ᠢᠵᠢ ᠲᠤᠭ᠎ᠠ ᠨᠢ ᠲᠣᠰᠪᠣᠷᠢ 11.35 ᠢᠵᠢ᠂ 10.34 | ᠢᠵᠢ ᠳᠤ ᠬᠦᠷᠴᠦ᠂ 70% ᠶᠢᠨ ᠬᠡᠷᠡᠭᠴᠡᠭᠡ ᠨᠢ ᠬᠤᠲᠠ ᠪᠠᠯᠭᠠᠰᠤ᠂ ᠡᠷᠦᠬᠡ ᠪᠦᠷᠢ ᠶᠢᠨ ᠳᠤᠮᠳᠠᠴᠢ ᠣᠷᠣᠨ | ᠰᠠᠭᠤᠴᠠ ᠶᠢᠨ ᠲᠠᠯᠠᠪᠠᠢ ᠨᠢ 110 ᠲᠡᠭᠰᠢ ᠳᠥᠷᠪᠡᠯᠵᠢᠨ ᠮᠧᠲᠷ ᠤᠨ ᠬᠡᠪᠰᠢᠮᠡᠯ ᠵᠢᠱᠢᠯᠲᠡ ᠪᠠᠷ᠂ ᠮᠠᠨ ᠤ | ᠤᠯᠤᠰ ᠤᠨ ᠬᠤᠲᠠ ᠪᠠᠯᠭᠠᠰᠤᠨ ᠤ ᠰᠢᠨ᠎ᠡ ᠪᠠᠷ ᠪᠠᠷᠢᠭᠰᠠᠨ ᠣᠷᠣᠨ ᠰᠠᠭᠤᠴᠠ ᠶᠢᠨ ᠵᠦᠢ ᠵᠣᠬᠢᠰᠲᠠᠢ ᠬᠡᠷᠡᠭᠴᠡᠭᠡᠨ ᠤ | ᠬᠡᠮᠵᠢᠶ᠎ᠡ ᠨᠢ 10 ᠳ᠋ᠦᠩᠰᠢᠭᠤᠷ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠪᠠᠯ ᠵᠣᠬᠢᠨ᠎ᠠ᠃ ᠬᠥᠮᠥᠰ ᠤᠨ | ᠠᠮᠢᠳᠤᠷᠠᠯ ᠤᠨ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠬᠤᠲᠠ ᠪᠠᠯᠭᠠᠰᠤᠵᠢᠯᠲᠠ ᠭᠦᠨᠵᠡᠭᠡᠶᠢᠷᠡᠨ ᠠᠬᠢᠵᠤ᠂ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠵᠠᠶᠢᠯᠠᠰᠢ ᠦᠭᠡᠢ ᠴᠢᠨᠠᠷ ᠪᠠ ᠰᠠᠶᠢᠵᠢᠷᠠᠯᠲᠠ ᠶᠢᠨ | ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠮᠥᠨ ᠬᠦ ᠨᠡᠯᠢᠶᠡᠳ ᠶᠡᠭᠡ ᠪᠠᠶᠢᠨ᠎ᠠ᠃ ︽ᠡᠷᠦᠬᠡ ᠪᠦᠷᠢ ᠶᠢᠨ | ᠳᠤᠮᠳᠠᠴᠢ ᠪᠠᠷᠢᠯᠭ᠎ᠠ ᠶᠢᠨ ᠲᠠᠯᠠᠪᠠᠶ ᠶᠢ 100 ᠲᠡᠭᠰᠢ ᠳᠥᠷᠪᠡᠯᠵᠢᠨ ᠮᠧᠲᠷ ᠢᠶᠠᠷ ᠪᠤᠳᠤᠪᠠᠯ᠂ 100 ᠲᠦᠮᠡᠨ ᠢᠵᠢ | ᠬᠤᠲᠠ ᠶᠢᠨ ᠲᠤᠮᠳᠠᠬᠢ ᠲᠣᠰᠬᠤᠨ ᠪᠣᠯᠣᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ | ᠵᠠᠰᠠᠬᠤ ᠳᠤ ᠪᠠᠷᠤᠭ 1 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠬᠤᠳᠠᠯᠳᠤᠨ ᠠᠪᠬᠤ | ᠬᠡᠷᠡᠭᠴᠡᠭᠡ ᠶᠢ ᠬᠠᠩᠭᠠᠬᠤ ᠪᠣᠯᠣᠨ᠎ᠠ᠂ ᠡᠨᠡ ᠨᠢ ᠡᠨᠡ ᠵᠢᠯ ᠤᠨ ᠲᠦᠷᠦᠭᠦᠦ 8 ᠰᠠᠷ᠎ᠠ ᠳᠤ ᠪᠦᠬᠦ ᠤᠯᠤᠰ ᠤᠨ | ᠰᠢᠨ᠎ᠡ ᠪᠠᠷ ᠪᠠᠷᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠲᠠᠯᠠᠪᠠᠶ ᠶᠢᠨ 20% ᠰᠢᠬᠠᠮ ᠲᠠᠢ | ᠲᠡᠩᠴᠡᠵᠦ ᠪᠠᠶᠢᠨ᠎ᠠ︾᠂ ᠭᠡᠷ ᠪᠠᠶᠢᠰᠢᠩ ᠬᠤᠳᠠᠯᠳᠤᠨ ᠠᠪᠬᠤ ᠵᠠᠶᠢᠯᠠᠰᠢ ᠦᠭᠡᠢ ᠬᠡᠷᠡᠭᠴᠡᠭᠡ ᠶᠢ ᠣᠬᠤᠷᠬᠠᠨ | ᠬᠤᠭᠤᠴᠠᠭᠠᠨ ᠳᠤ ᠲᠥᠪᠯᠡᠷᠡᠭᠦᠯᠦᠨ ᠭᠠᠷᠭᠠᠬᠤ ᠶᠢᠨ ᠬᠠᠮᠲᠤ ᠠᠯᠢ ᠣᠯᠠᠨ ᠲᠥᠷᠥ ᠶᠢᠨ ᠪᠣᠳᠣᠯᠭ᠎ᠠ ᠶᠢᠨ ︽ᠬᠠᠮ | ᠠᠷᠭ᠎ᠠ︾ ᠶᠢ ᠳᠠᠪᠬᠤᠴᠠᠭᠤᠯᠤᠨ ᠬᠡᠷᠡᠭᠯᠡᠬᠦ ᠨᠢ ᠪᠥᠬᠦ ᠤᠯᠤᠰ ᠤᠨ ᠬᠡᠪᠴᠢᠶᠡᠨ ᠳᠠᠬᠢ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠪᠤᠷᠢᠵᠢᠭᠤᠯᠬᠤ ᠳᠤ ᠴᠢᠬᠤᠯᠠ | ᠬᠡᠷᠡᠭᠴᠡᠭᠡ ᠶᠢᠨ ᠲᠤᠯᠭᠠᠭᠤᠷᠢᠯᠠᠯ ᠬᠠᠩᠭᠠᠬᠤ ᠪᠣᠯᠣᠨ᠎ᠠ ᠭᠡᠵᠦ ᠴᠢᠩᠬᠤᠸᠠ ᠶᠡᠭᠡ ᠰᠤᠷᠭᠠᠭᠤᠯᠢ ᠶᠢᠨ ᠭᠡᠷ ᠪᠠᠶᠢᠰᠢᠩ | ᠭᠠᠵᠠᠷ ᠬᠥᠷᠥᠩᠭᠡ ᠶᠢᠨ ᠰᠤᠳᠤᠯᠭᠠᠨ ᠤ ᠲᠥᠪ ᠤᠨ ᠡᠷᠬᠢᠯᠡᠭᠴᠢ ᠦ᠋ ᠵᠢᠩ ᠦᠵᠡᠵᠦ ᠪᠠᠶᠢᠨ᠎ᠠ᠃ | ︽ᠵᠠᠯᠭᠠᠭᠠᠳ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ︿ᠬᠠᠮ ᠠᠷᠭ᠎ᠠ﹀ ᠶᠢ ᠰᠠᠶᠢᠲᠤᠷ | ᠠᠳᠬᠤᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠲᠡᠭᠡᠷ ᠲᠥᠷᠥ ᠶᠢᠨ ᠪᠣᠳᠣᠯᠭ᠎ᠠ ᠶᠢᠨ ᠦᠷ᠎ᠡ | ᠪᠦᠲᠦᠮᠵᠢ ᠶᠢ ᠭᠦᠢᠴᠡᠳ ᠢᠯᠡᠷᠡᠭᠦᠯᠵᠦ᠂ ᠠᠷᠠᠳ ᠣᠯᠠᠨ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ | ᠡᠳ᠋ᠯᠡᠭᠦᠯᠬᠦ ᠬᠡᠷᠡᠭᠲᠡᠢ᠂ ᠪᠢᠳᠡ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ | ᠵᠣᠭᠰᠣᠭᠠᠵᠤ ᠲᠣᠭᠲᠠᠪᠤᠷᠢᠵᠢᠭᠤᠯᠬᠤ ᠶᠢ ᠠᠬᠢᠭᠤᠯᠬᠤ ᠳᠤ ᠢᠲᠡᠭᠡᠯ ᠳᠦᠭᠦᠷᠡᠩ ᠪᠠᠶᠢᠨ᠎ᠠ︾ ᠭᠡᠵᠦ ᠨᠢ ᠬᠤᠩ | ᠬᠡᠯᠡᠪᠡ᠃ | ᠢᠷᠡᠯᠲᠡ᠄ ᠠᠷᠠᠳ ᠤᠨ ᠡᠳᠦᠷ ᠤᠨ ᠰᠣᠨᠢᠨ |