ᠪᠥᠬᠦ ᠰᠢᠶᠠᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠤᠨ | ᠪᠥᠬᠦ ᠬᠡᠯᠬᠢᠶᠡᠰᠦ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ | ᠵᠢᠷᠤᠮᠵᠢᠭᠤᠨ ᠪᠤᠰᠤ ᠦᠢᠯᠡᠳᠪᠦᠷᠢᠯᠡᠵᠦ ᠪᠣᠷᠣᠯᠠᠭᠤᠯᠬᠤ᠂ ᠬᠠᠤᠯᠢ ᠪᠤᠰᠤ ᠪᠠᠷ ᠥᠭᠡᠷᠡᠴᠢᠯᠡᠨ ᠲᠣᠨᠣᠭᠯᠠᠬᠤ ᠵᠡᠷᠭᠡ | ᠲᠣᠪᠣᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 22 ᠤᠨ ᠡᠳᠦᠷ | ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠶᠠᠲᠤ ᠣᠷᠣᠨ ᠤ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ᠂ ᠰᠡᠯᠪᠢᠨ ᠵᠠᠰᠠᠬᠤ ᠨᠢᠭᠡᠴᠡ ᠳᠤ ᠦᠷᠭᠦᠯᠵᠢᠯᠡᠨ | ᠬᠢᠨᠠᠯᠲᠠ ᠪᠠᠶᠢᠴᠠᠭᠠᠯᠲᠠ ᠬᠢᠪᠡ᠃ | | | | | ᠡᠨᠡ ᠤᠳᠠᠭᠠᠨ ᠤ ᠠᠵᠢᠯᠯᠠᠭ᠎ᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠠᠷᠠᠭ᠎ᠠ ᠣᠷᠣᠭᠤᠯᠬᠤ᠂ | ᠪᠣᠷᠣᠯᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ | ᠭᠤᠣᠯᠳᠠᠯᠭ᠎ᠠ ᠲᠠᠢ ᠪᠠᠶᠢᠴᠠᠭᠠᠵᠤ᠂ ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠤ ᠭᠡᠷᠡᠴᠢᠯᠡᠯ ᠢ ᠳᠠᠮᠵᠢᠭᠰᠠᠨ ᠦᠭᠡᠢ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠠᠶᠢᠬᠤ ᠡᠰᠡᠬᠦ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠢ | ᠪᠠᠷᠢᠮᠵᠢᠶ᠎ᠠ ᠳᠤ ᠨᠡᠶᠢᠴᠡᠬᠦ ᠦᠭᠡᠢ ᠴᠠᠬᠢᠯᠭᠠᠨ ᠬᠤᠷᠢᠶᠠᠭᠤᠷ᠂ ᠴᠡᠨᠡᠭᠯᠡᠭᠦᠷ ᠪᠠᠶᠢᠬᠤ ᠡᠰᠡᠬᠦ᠂ ᠴᠠᠬᠢᠯᠭᠠᠨ | ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠰᠡᠯᠪᠢᠭ ᠲᠣᠨᠤᠭ ᠢ ᠬᠠᠤᠯᠢ ᠪᠤᠰᠤ ᠪᠠᠷ ᠥᠭᠡᠷᠡᠴᠢᠯᠡᠨ | ᠤᠭᠰᠠᠷᠠᠭᠰᠠᠨ᠂ ᠶᠡᠭᠡ ᠪᠠᠭᠲᠠᠭᠠᠮᠵᠢᠲᠤ ᠴᠠᠬᠢᠯᠭᠠᠨ ᠬᠤᠷᠢᠶᠠᠭᠤᠷ ᠢ ᠰᠣᠯᠢᠭᠰᠠᠨ᠂ ᠵᠠᠳᠠᠯᠵᠤ ᠥᠭᠡᠷᠡᠴᠢᠯᠡᠭᠰᠡᠨ | ᠬᠤᠷᠳᠤᠴᠠ ᠶᠢ ᠬᠢᠵᠠᠭᠠᠷᠯᠠᠭᠰᠠᠨ ᠪᠠᠶᠢᠳᠠᠯ ᠪᠠᠶᠢᠬᠤ ᠡᠰᠡᠬᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ | ᠬᠤᠶᠠᠳᠠᠭᠢ ᠤᠳᠠᠭ᠎ᠠ ᠤᠭᠰᠠᠷᠠᠭᠰᠠᠨ ᠡᠰᠡᠬᠦ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠳᠠ ᠬᠢᠬᠦ ᠶᠢᠨ | ᠬᠠᠮᠳᠦ ᠡᠯ᠎ᠡ ᠨᠢᠭᠡᠴᠡ ᠶᠢᠨ ᠬᠢᠨ ᠤ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠰᠤ ᠴᠢᠨᠠᠷ ᠤᠨ | ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠪᠠ᠃ | | | | | ᠲᠣᠰ ᠤᠳᠠᠭᠠᠨ ᠤ ᠠᠵᠢᠯᠯᠠᠭ᠎ᠠ ᠳᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ᠂ | ᠰᠡᠯᠪᠢᠨ ᠵᠠᠰᠠᠬᠤ ᠨᠢᠭᠡᠴᠡ ᠶᠢ ᠨᠡᠶᠢᠲᠡ 50 ᠭᠠᠷᠤᠢ ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ︽ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠠᠤᠯᠢ ᠪᠤᠰᠤ ᠪᠠᠷ ᠬᠤᠶᠠᠳᠠᠭᠢ ᠤᠳᠠᠭ᠎ᠠ ᠥᠭᠡᠷᠡᠴᠢᠯᠡᠨ | ᠤᠭᠰᠠᠷᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ︾ ᠰᠠᠨᠠᠭᠤᠯᠬᠤ ᠪᠠ ᠢᠯᠡᠴᠢᠯᠡᠨ ᠮᠡᠳᠡᠭᠦᠯᠬᠦ ᠺᠠᠷᠲ 50 | ᠭᠠᠷᠤᠢ ᠬᠤᠪᠢ ᠨᠠᠭᠠᠵᠤ᠂ ︽ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠦᠢᠯᠡᠳᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠣᠳᠣᠷᠬᠠᠢ ᠬᠠᠭᠤᠳᠠᠰᠤ︾ 30 ᠭᠠᠷᠤᠢ ᠬᠤᠪᠢ | ᠨᠠᠭᠠᠭᠰᠠᠨ ᠪᠥᠭᠡᠳ ᠡᠵᠡᠩᠨᠡᠭᠴᠢᠳ ᠲᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ | ᠂ ᠵᠢᠷᠤᠮᠵᠢᠭᠤᠨ ᠡᠵᠡᠩᠨᠡᠬᠦ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠦᠨᠡᠨ ᠬᠦ ᠪᠡᠶᠡᠯᠡᠭᠦᠯᠬᠦ ᠬᠡᠷᠡᠭᠳᠡᠢ ᠭᠡᠵᠦ | ᠱᠠᠭᠠᠷᠳᠠᠪᠠ᠃ | ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ | ᠬᠥᠳᠡᠯᠭᠡᠭᠦᠷᠲᠦ ᠳᠤᠭᠤᠢ ᠲᠡᠷᠭᠡ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ | ᠡᠳᠦᠷ ᠲᠤᠳᠤᠮ ᠤᠨ ᠪᠠᠶᠢᠴᠠᠭᠠᠯᠲᠠ ᠪᠠ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠨ᠎ᠠ᠃ | | ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |