ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠵᠠᠯᠠᠭᠤ ᠺᠠᠳ᠋ᠷᠴᠤᠳ ᠤᠨ ᠬᠢᠨᠠᠯᠲᠠ ᠬᠠᠮᠢᠶᠠᠷᠤᠯᠲᠠ ᠶᠢᠨ | ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠦᠨᠡᠨᠴᠢ ᠰᠢᠳᠤᠷᠭᠤ ᠴᠡᠪᠡᠷ ᠴᠢᠬᠡᠴᠢ | ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠵᠠᠯᠠᠭᠤ ᠺᠠᠳ᠋ᠷᠴᠤᠳ ᠤᠨ ᠡᠩᠨᠡᠭᠡ ᠶᠢ ᠬᠦᠴᠦᠯᠡᠨ | ᠪᠠᠶᠢᠭᠤᠯᠵᠠᠢ᠃ | ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠯᠠᠭᠤ | ᠺᠠᠳ᠋ᠷᠴᠤᠳ ᠲᠤ ︽ᠵᠠᠮᠴᠢᠯᠠᠭᠤᠷ︾ ᠤᠯᠭᠤᠪᠠ᠃ ᠵᠠᠯᠠᠭᠤ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠬᠡᠷᠡᠭᠴᠡᠭᠡ | ᠱᠠᠭᠠᠷᠳᠠᠯᠭ᠎ᠠ ᠶᠢᠨ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠰᠢᠯᠢᠳᠡᠭ ᠵᠠᠯᠠᠭᠤ ᠺᠠᠳ᠋ᠷᠴᠤᠳ ᠤᠨ ᠲᠤᠰᠬᠠᠢ | ᠰᠡᠳᠦᠪᠲᠦ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ᠂ | ᠰᠢᠯᠢᠳᠡᠭ ᠠᠵᠤ ᠠᠬᠤᠶᠢᠯᠠᠯ ᠵᠡᠷᠭᠡ ᠶᠢ ᠠᠰᠢᠭᠯᠠᠨ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠦ ᠰᠤᠷᠤᠯᠴᠠᠵᠤ᠂ | ᠵᠠᠯᠠᠭᠤ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠵᠤ᠂ ᠵᠠᠯᠠᠭᠤ ᠺᠠᠳ᠋ᠷᠴᠤᠳ ᠤᠨ | ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ | ᠵᠠᠯᠠᠭᠤ ᠺᠠᠳ᠋ᠷᠴᠤᠳ ᠲᠤ ᠴᠢᠭᠯᠡᠭᠦᠯᠦᠨ ᠲᠤᠰᠢᠶᠠᠯ ᠳᠤ ᠲᠣᠮᠢᠯᠠᠬᠤ ᠠᠴᠠ ᠡᠮᠦᠨᠡᠬᠢ ᠶᠠᠷᠢᠯᠴᠠᠭ᠎ᠠ ᠶᠢ ᠥᠷᠨᠢᠭᠦᠯᠵᠦ᠂ | ᠤᠯᠤᠰ ᠲᠦᠷᠦ ᠶᠢᠨ ᠰᠠᠬᠢᠯᠭ᠎ᠠ ᠪᠠᠲᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ᠂ ᠠᠵᠢᠯ ᠤᠨ | ᠰᠤᠷᠲᠠᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠡᠷᠬᠡᠪᠰᠢ ᠶᠠᠷᠢᠯᠴᠠᠬᠤ ᠠᠭᠤᠯᠭ᠎ᠠ ᠳᠤ ᠣᠷᠣᠭᠤᠯᠵᠤ᠂ ᠵᠠᠯᠠᠭᠤ | ᠺᠠᠳ᠋ᠷᠴᠤᠳ ᠤᠨ ᠤᠬᠠᠮᠰᠠᠷ ᠠᠴᠠ ᠪᠠᠨ ᠤᠯᠤᠰ ᠲᠦᠷᠦ ᠶᠢᠨ ᠰᠠᠬᠢᠯᠭ᠎ᠠ ᠪᠠᠲᠤ᠂ ᠤᠯᠤᠰ ᠲᠦᠷᠦ ᠶᠢᠨ ᠶᠣᠰᠣ | ᠳᠦᠷᠢᠮ ᠢ ᠴᠢᠩᠭ᠎ᠠ ᠰᠠᠬᠢᠵᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠬᠤ ᠶᠢ ᠠᠬᠢᠭᠤᠯᠪᠠ᠃ | ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠤ᠂ ᠵᠠᠯᠠᠭᠤ ᠺᠠᠳ᠋ᠷᠴᠤᠳ ᠲᠤ ︽ᠪᠡᠶ᠎ᠡ ᠶᠢ ᠨᠢ ᠱᠤᠭᠤᠵᠤ︾ | ᠥᠭᠭᠦᠨ᠎ᠡ᠃ ᠡᠳᠦᠷ ᠲᠤᠳᠤᠮ ᠤᠨ ᠬᠢᠨᠠᠯᠲᠠ ᠲᠠᠯᠪᠢᠬᠤ ᠲᠠᠯ᠎ᠠ ᠪᠠᠷ ᠬᠦᠴᠦ ᠲᠠᠯᠪᠢᠵᠤ᠂ ᠡᠷᠲᠡ ᠠᠴᠠ ᠠᠳᠬᠤᠨ | ᠪᠠᠭ᠎ᠠ ᠠᠴᠠ ᠨᠢ ᠠᠳᠬᠤᠬᠤ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠪᠣᠭᠤᠮᠲᠠ ᠶᠢ ᠤᠷᠤᠭᠰᠢ ᠰᠢᠯᠵᠢᠭᠦᠯᠵᠦ᠂ | ᠵᠠᠯᠠᠭᠤ ᠺᠠᠳ᠋ᠷᠴᠤᠳ ᠤᠨ ︽ᠨᠠᠢᠮᠠᠨ ᠴᠠᠭ ᠤᠨ ᠳᠣᠲᠣᠷ᠎ᠠ︾ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠪᠠᠶᠢᠭ᠎ᠠ | ᠪᠠᠶᠢᠳᠠᠯ ᠢ ᠴᠢᠩᠭ᠎ᠠ ᠠᠩᠬᠠᠷᠬᠤ ᠮᠥᠷᠲᠡᠭᠡᠨ ᠪᠠᠰᠠ ︽ᠨᠠᠢᠮᠠᠨ ᠴᠠᠭ ᠤᠨ ᠭᠠᠳᠠᠨ᠎ᠠ︾ ᠶᠢᠨ ᠠᠮᠢᠳᠤᠷᠠᠯ ᠤᠨ | ᠪᠠᠶᠢᠳᠠᠯ ᠢ ᠠᠩᠬᠠᠷᠴᠤ᠂ ᠵᠠᠯᠠᠭᠤ ᠺᠠᠳ᠋ᠷᠴᠤᠳ ᠤᠨ ᠤᠬᠠᠮᠰᠠᠷ ᠠᠴᠠ ᠪᠠᠨ ᠨᠠᠶᠢᠵᠢ ᠶᠢᠨ ᠬᠦᠷᠢᠶ᠎ᠡ᠂ ᠠᠮᠢᠳᠤᠷᠠᠯ ᠤᠨ | ᠬᠦᠷᠢᠶ᠎ᠡ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ ᠪᠠᠨ ᠴᠡᠪᠡᠷᠰᠢᠭᠦᠯᠬᠦ ᠶᠢ ᠱᠠᠯᠠᠪᠳᠠᠭᠤᠯᠪᠠ᠃ ᠡᠭᠦᠨ ᠤ ᠬᠠᠮᠲᠤ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠳᠣᠲᠣᠭᠠᠳᠤ ᠶᠢ ᠬᠠᠮᠠᠭᠠᠯᠠᠬᠤ᠂ | ᠪᠠᠶᠢᠴᠠᠭᠠᠬᠤ ᠰᠢᠭᠦᠬᠦ ᠬᠤᠷᠢᠶ᠎ᠠ᠂ ᠵᠠᠬᠢᠳᠠᠯ ᠰᠣᠷᠪᠤᠯᠵᠢᠯᠠᠭ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠮᠡᠳᠡᠭᠡ | ᠵᠠᠩᠭᠢ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠨᠠᠷᠢᠨ | ᠵᠦᠢᠯᠡᠰ ᠢ ᠴᠢᠩᠭ᠎ᠠ ᠠᠩᠬᠠᠷᠴᠤ᠂ ᠴᠠᠭ ᠲᠤᠬᠠᠢ ᠳᠤᠨᠢ ︽ᠰᠠᠯᠠᠭ᠎ᠠ ᠨᠠᠮᠠᠭ᠎ᠠ ᠶᠢ ᠨᠢ ᠬᠠᠶᠢᠴᠢᠯᠠᠨ ᠵᠠᠰᠠᠵᠤ︾᠂ ᠪᠠᠭ᠎ᠠ | ᠰᠠᠭ᠎ᠠ ᠭᠡᠮ ᠨᠢ ᠶᠡᠭᠡ ᠠᠰᠠᠭᠤᠳᠠᠯ ᠪᠣᠯᠵᠤ ᠬᠤᠪᠢᠷᠠᠬᠤ ᠶᠢ ᠰᠡᠷᠭᠡᠶᠢᠯᠡᠪᠡ᠃ | ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠵᠠᠯᠠᠭᠤ ᠺᠠᠳ᠋ᠷᠴᠤᠳ ᠲᠤ ︽ᠱᠠᠲᠤ ᠪᠣᠰᠬᠠᠵᠤ︾ | ᠦᠭᠭᠦᠨ᠎ᠡ᠃ ᠵᠠᠯᠠᠭᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠪᠦᠬᠦ ᠶᠠᠪᠤᠴᠠ ᠶᠢᠨ ᠪᠣᠳᠠᠲᠤ ᠲᠡᠮᠳᠡᠭᠯᠡᠯ ᠢ | ᠪᠠᠶᠢᠭᠤᠯᠵᠤ᠂ ᠵᠠᠯᠠᠭᠤ ᠺᠠᠳ᠋ᠷᠴᠤᠳ ᠤᠨ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠣᠯᠣᠭᠰᠠᠨ ᠵᠡᠷᠭᠡ | ᠺᠠᠳ᠋ᠷᠴᠤᠳ ᠤᠨ ᠬᠢᠨᠠᠯᠲᠠ ᠶᠢᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ᠎ᠡ᠃ ᠡᠭᠦᠨ ᠤ | ᠬᠠᠮᠲᠤ ᠱᠠᠲᠤ ᠬᠤᠪᠢᠶᠠᠨ᠂ ᠲᠥᠷᠥᠯ ᠬᠤᠪᠢᠶᠠᠨ᠂ ᠲᠤᠰᠬᠠᠢ ᠮᠡᠷᠭᠡᠵᠢᠯ ᠬᠤᠪᠢᠶᠠᠨ ᠵᠠᠯᠠᠭᠤ ᠺᠠᠳ᠋ᠷᠴᠤᠳ ᠤᠨ | ᠨᠥᠭᠡᠴᠡ ᠶᠢᠨ ᠬᠥᠮᠥᠷᠭᠡ ᠶᠢ ᠪᠠᠶᠢᠭᠤᠯᠵᠤ᠂ ︽ᠰᠣᠩᠭᠤᠨ ᠪᠣᠶᠢᠵᠢᠭᠤᠯᠬᠤ ᠳᠤ ᠲᠤᠰᠠᠲᠠᠢ︾ ᠪᠥᠬᠦ ᠬᠡᠯᠬᠢᠶ᠎ᠡ ᠪᠠᠷ | ᠬᠥᠮᠥᠵᠢᠭᠦᠯᠬᠦ ᠵᠠᠭᠪᠤᠷ ᠢ ᠬᠡᠷᠡᠭᠵᠢᠭᠦᠯᠵᠦ᠂ ᠨᠢᠭᠡ ᠪᠦᠯᠦᠭ ᠵᠠᠯᠠᠭᠤ ᠺᠠᠳ᠋ᠷᠴᠤᠳ ᠢ ᠬᠥᠳᠡᠯᠦᠩᠭᠦᠢ ᠪᠠᠷ ᠨᠥᠭᠡᠴᠡᠯᠡᠬᠦ | ᠬᠡᠷᠡᠭᠲᠡᠢ᠃ ᠵᠠᠯᠠᠭᠤ ᠺᠠᠳ᠋ᠷᠴᠤᠳ ᠤᠨ ᠠᠵᠢᠯ ᠤᠨ ᠪᠠᠶᠢᠷᠢ ᠰᠣᠯᠢᠬᠤ᠂ ᠳᠡᠪᠰᠢᠭᠦᠯᠬᠦ᠂ ᠰᠣᠯᠢᠯᠴᠠᠬᠤ ᠵᠡᠷᠭᠡ | ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ︽ᠳᠡᠪᠰᠢᠭᠦᠯᠬᠦ ᠳᠥᠷᠪᠡᠨ ᠵᠠᠪᠠᠯ ᠪᠠᠶᠢᠬᠤ︾ ᠵᠠᠷᠴᠢᠮ ᠢ ᠴᠢᠩᠭ᠎ᠠ | ᠨᠠᠶᠢᠳᠠᠪᠤᠷᠢᠵᠢᠭᠤᠯᠵᠤ᠂ ︽ᠠᠰᠠᠭᠤᠳᠠᠯ ᠲᠠᠢ ᠬᠥᠮᠥᠨ ᠢ ᠳᠡᠪᠰᠢᠭᠦᠯᠬᠦ︾ ︽ᠠᠰᠠᠭᠤᠳᠠᠯ ᠲᠠᠢ ᠬᠥᠮᠥᠨ ᠢ ᠠᠵᠢᠯ ᠤᠨ | ᠪᠠᠶᠢᠷᠢ ᠳᠤ ᠭᠠᠷᠭᠠᠬᠤ︾ ᠶᠢ ᠦᠨᠡᠨ ᠬᠦ ᠰᠡᠷᠭᠡᠶᠢᠯᠡᠨ ᠬᠤᠷᠢᠭᠯᠠᠵᠤ᠂ ᠺᠠᠳ᠋ᠷ ᠤᠨ ᠬᠠᠮᠢᠶᠠᠷᠤᠯᠲᠠ ᠶᠢᠨ ᠠᠵᠢᠯ ᠤᠨ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |