10 ᠳ᠋ᠤᠭᠠᠷ ᠰᠠᠷ᠎ᠠ ᠶᠢᠨ 23 ᠤ ᠡᠳᠦᠷ᠂ ᠪᠥᠬᠦ ᠣᠷᠣᠨ ᠤ ︽︿ᠤᠮᠠᠷᠠᠲᠤ ᠶᠢᠨ ᠭᠤᠷᠪᠠᠨ ᠣᠷᠣᠨ﹀ ᠤ | ᠢᠨᠵᠧᠨᠧᠷᠢᠩ ᠳᠤ ᠬᠦᠴᠦᠨ ᠨᠡᠮᠡᠷᠢᠯᠡᠬᠦ · ᠬᠠᠳᠤᠨ ᠭᠤᠣᠯ ᠢ ᠬᠠᠮᠠᠭᠠᠯᠠᠶ᠎ᠠ ︱ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠵᠤ᠂ ᠬᠥᠬᠡᠬᠤᠲᠠ ᠶᠢᠨ ᠲᠣᠭᠲᠠᠬᠤ ᠰᠢᠶᠠᠨ ᠳᠤ ᠶᠠᠪᠤᠭᠳᠠᠪᠠ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠬᠦ᠂ ᠲᠤᠬᠠᠢ ᠶᠢᠨ | ᠲᠠᠯᠠᠪᠠᠢ ᠳᠤ ᠤᠬᠠᠭᠤᠯᠤᠨ ᠲᠠᠶᠢᠯᠪᠤᠷᠢᠯᠠᠬᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠪᠣᠯᠣᠨ | ᠪᠠᠭᠠᠲᠤᠷ ᠵᠢᠱᠢᠶᠡᠴᠢ ᠶᠢᠨ ᠦᠢᠯᠡ ᠠᠵᠢᠯᠯᠠᠭ᠎ᠠ ᠶᠢ ᠳᠡᠯᠭᠡᠨ ᠦᠵᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ | ᠬᠥᠬᠡᠬᠤᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠬᠠᠳᠤᠨ ᠭᠤᠣᠯ ᠤᠨ ᠬᠠᠮᠠᠭᠠᠯᠠᠯᠲᠠ ᠶᠢᠨ | ᠢᠯᠡᠳᠲᠡ ᠠᠮᠵᠢᠯᠲᠠ ᠶᠢ ᠭᠦᠢᠴᠡᠳ ᠢᠯᠡᠷᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠮᠢ ᠠᠬᠤᠢ ᠶᠢᠨ | ᠬᠠᠮᠠᠭᠠᠯᠠᠯᠲᠠ ᠳᠤᠮᠳᠠᠬᠢ ᠴᠢᠬᠤᠯᠠ ᠦᠢᠯᠡᠳᠦᠯ ᠢ ᠠᠮᠢᠳᠤᠯᠢᠭ ᠢᠶᠠᠷ ᠲᠠᠶᠢᠯᠪᠤᠷᠢᠯᠠᠵᠠᠢ᠃ ᠡᠭᠦᠨ ᠤ ᠬᠠᠮᠲᠤ᠂ | ᠲᠣᠭᠲᠠᠬᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠨᠢ ᠭᠤᠣᠯ ᠬᠤᠷᠠᠯ ᠤᠨ ᠲᠠᠯᠠᠪᠠᠢ ᠲᠠᠢ ᠬᠤᠯᠪᠣᠯᠳᠤᠨ | ᠬᠥᠳᠡᠯᠦᠯᠴᠡᠬᠦ ᠶᠢᠨ ᠬᠠᠮᠲᠤ ᠰᠡᠭᠦᠳᠡᠷᠯᠡᠬᠦ ᠮᠠᠰᠢᠨ ᠢᠶᠠᠷ ᠬᠠᠳᠤᠨ ᠭᠤᠣᠯ ᠳᠠᠭᠠᠤ ᠶᠢᠨ ᠵᠢᠷᠭᠤᠭᠠᠨ ᠠᠶᠢᠮᠠᠭ | ᠬᠤᠳᠠ ᠶᠢᠨ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤᠪᠠᠷ ᠪᠦᠬᠦ ᠨᠡᠶᠢᠭᠡᠮ ᠳᠤ ︽ᠪᠢ ᠪᠣᠯ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠠᠵᠢᠭᠯᠠᠭᠴᠢ᠂ ︿ᠤᠮᠠᠷᠠᠲᠤ ᠶᠢᠨ ᠭᠤᠷᠪᠠᠨ ᠣᠷᠣᠨ | ﹀ ᠤ ᠢᠨᠵᠧᠨᠧᠷᠢᠩ ᠳᠤ ᠬᠦᠴᠦᠨ ᠨᠡᠮᠡᠷᠢᠯᠡᠵᠦ · ᠬᠠᠳᠤᠨ ᠭᠤᠣᠯ ᠢ ᠬᠠᠮᠠᠭᠠᠯᠠᠶ᠎ᠠ ︱ ᠪᠢᠳᠡ ᠠᠵᠢᠯᠯᠠᠭ᠎ᠠ ᠠᠪᠴᠤ | ᠪᠠᠶᠢᠨ᠎ᠠ︾ ᠭᠡᠬᠦ ᠤᠷᠢᠶᠠᠯᠠᠭ᠎ᠠ ᠭᠠᠷᠭᠠᠵᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠬᠥᠳᠡᠯᠦᠯᠴᠡᠵᠦ᠂ ᠠᠮᠢ | ᠠᠬᠤᠢ ᠶᠢᠨ ᠬᠠᠮᠠᠭᠠᠯᠠᠯᠲᠠ ᠶᠢᠨ ᠦᠢᠯᠡᠰ ᠲᠤ ᠢᠳᠡᠪᠬᠢᠲᠡᠢ ᠣᠷᠣᠯᠴᠠᠬᠤ ᠶᠢ ᠤᠷᠢᠶᠠᠯᠠᠪᠠ᠃ | ᠣᠶᠢᠯᠠᠭᠠᠭᠰᠠᠨ ᠢᠶᠠᠷ᠂ ᠲᠣᠰ ᠤᠳᠠᠭ᠎ᠠ ᠶᠢᠨ ︽︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠳᠤ | ᠬᠦᠴᠦᠨ ᠨᠡᠮᠡᠷᠢᠯᠡᠵᠦ · ᠬᠠᠳᠤᠨ ᠭᠤᠣᠯ ᠢ ᠬᠠᠮᠠᠭᠠᠯᠠᠶ᠎ᠠ ︱ᠰᠠᠶᠢᠨ ᠳᠤᠷ᠎ᠠ ᠶᠢᠨ ᠠᠵᠢᠯᠯᠠᠭ᠎ᠠ ᠳᠤ ︽ᠠᠷᠪᠠᠨ | ᠵᠢᠷᠭᠤᠭᠠᠨ︾ ᠤ ᠠᠷᠭ᠎ᠠ ᠮᠠᠶ᠋ᠢᠭ ᠢ ᠠᠪᠴᠤ᠂ ᠪᠥᠬᠦ ᠥᠪᠡᠷᠲᠡᠭᠡᠨ ᠵᠠᠰᠠᠬᠤ ᠣᠷᠣᠨ ᠳᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠭᠤᠣᠯ ᠬᠤᠷᠠᠯ ᠤᠨ ᠲᠠᠯᠠᠪᠠᠶ ᠶᠢ | ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠳᠤ ᠪᠠᠶᠢᠷᠢᠯᠠᠭᠤᠯᠵᠤ᠂ ᠬᠥᠬᠡᠬᠤᠲᠠ᠂ ᠤᠯᠠᠭᠠᠨᠴᠠᠪ ᠬᠤᠲᠠ᠂ ᠦᠬᠠᠢ | ᠬᠤᠲᠠ᠂ ᠣᠷᠳᠣᠰ ᠬᠤᠲᠠ ᠵᠡᠷᠭᠡ ᠬᠠᠲᠤᠨ ᠭᠤᠣᠯ ᠳᠠᠭᠠᠤ ᠶᠢᠨ 6 ᠠᠶᠢᠮᠠᠭ ᠬᠤᠲᠠ ᠳᠤ ᠬᠤᠪᠢᠶᠠᠷᠢ ᠬᠤᠷᠠᠯ ᠤᠨ | ᠲᠠᠯᠠᠪᠠᠶ ᠭᠠᠷᠭᠠᠵᠤ᠂ ᠲᠣᠰ ᠲᠣᠰ ᠲᠠᠭᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ᠃ | ︽ᠥᠨᠥᠳᠥᠷ᠂ ᠡᠬᠢᠯᠡᠯᠲᠡ ᠶᠢᠨ ᠶᠣᠰᠣᠯᠠᠯ ᠪᠠ ᠲᠤᠭ ᠣᠯᠭᠤᠬᠤ ᠠᠵᠢᠯᠯᠠᠭ᠎ᠠ ᠶᠢᠨ ᠶᠠᠪᠤᠭᠳᠠᠬᠤ ᠶᠢ | ᠳᠠᠭᠠᠯᠳᠤᠨ᠂ ᠮᠠᠨ ᠤ ᠰᠢᠶᠠᠨ ᠤ ᠬᠠᠲᠤᠨ ᠭᠤᠣᠯ ᠤᠨ ᠠᠮᠢ ᠠᠬᠤᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢ ᠵᠢᠩᠬᠢᠨᠢ ᠪᠠᠷ ᠪᠠᠶᠢᠭᠤᠯᠪᠠ᠃ ᠬᠤᠶᠢᠰᠢᠳᠠ ᠪᠢᠳᠡ ᠬᠠᠲᠤᠨ ᠭᠤᠣᠯ ᠤᠨ ᠠᠮᠢ ᠠᠬᠤᠢ ᠶᠢᠨ ᠰᠠᠶᠢᠨ | ᠳᠤᠷ᠎ᠠ ᠶᠢᠨ ᠠᠵᠢᠯᠯᠠᠭ᠎ᠠ ᠶᠢ ᠨᠢᠭᠡ ᠵᠦᠢᠯ ᠤᠨ ᠪᠠᠶᠢᠩᠭᠤᠵᠢᠭᠰᠠᠨ ᠠᠵᠢᠯ ᠪᠣᠯᠭᠠᠨ ᠠᠬᠢᠭᠤᠯᠵᠤ᠂ ᠪᠣᠬᠢᠷᠲᠤᠯ ᠦᠭᠡᠢ | ᠪᠣᠯᠪᠠᠰᠤᠨ ᠪᠠ ᠦᠷᠭᠦᠯᠵᠢᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠪᠠᠷ ᠰᠠᠨᠠᠭᠠᠴᠢᠯᠠᠨ᠂ ᠪᠢᠳᠡᠨ ᠤ | ᠣᠷᠣᠰᠢᠨ ᠠᠮᠢᠳᠤᠷᠠᠬᠤ ᠣᠷᠴᠢᠨ ᠲᠣᠭᠤᠷᠢᠨ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠦᠷ᠎ᠡ ᠬᠤᠶᠢᠴᠢᠰ ᠲᠠᠭᠠᠨ | ᠬᠥᠬᠡᠮᠳᠦᠭ ᠨᠣᠭᠤᠭᠠᠨ ᠠᠭᠤᠯᠠ ᠤᠰᠤ ᠲᠠᠢ ᠰᠠᠶᠢᠨ ᠰᠠᠶᠢᠬᠠᠨ ᠭᠡᠷ ᠣᠷᠣᠨ ᠦᠯᠡᠳᠡᠭᠡᠵᠦ ᠥᠭᠬᠦ ᠶᠢ ᠦᠨᠡᠨ ᠬᠦ | ᠪᠠᠲᠤᠯᠠᠨ᠎ᠠ᠃ ᠡᠭᠦᠨ ᠤ ᠬᠠᠮᠲᠤ᠂ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠳᠤ ᠬᠦᠴᠦᠨ ᠨᠡᠮᠡᠷᠢᠯᠡᠵᠦ | · ᠬᠠᠳᠤᠨ ᠭᠤᠣᠯ ᠢ ᠬᠠᠮᠠᠭᠠᠯᠠᠶ᠎ᠠ﹀ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠪᠠᠷ | ᠳᠠᠮᠵᠢᠭᠤᠯᠤᠨ᠂ ᠮᠠᠨ ᠤ ᠰᠢᠶᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠠᠩ ᠢᠯᠡᠭᠦᠦ ᠠᠮᠢᠵᠢᠷᠠᠯ ᠤᠨ | ᠬᠦᠴᠦᠨ ᠲᠠᠢ᠂ ᠨᠠᠩ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠣᠯᠭᠠᠵᠤ᠂ ᠪᠥᠬᠦ ᠰᠢᠶᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠪᠠ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠳᠤ ᠬᠦᠴᠦᠨ ᠨᠡᠮᠡᠷᠢᠯᠡᠨ᠎ᠡ︾ | ᠭᠡᠵᠦ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠸᠠᠩ ᠭᠦᠸᠧ | ᠰᠢᠶᠠᠩ ᠰᠤᠷᠪᠤᠯᠵᠢᠯᠠᠭᠴᠢ ᠳᠤ ᠬᠡᠯᠡᠪᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |