ᠲᠣᠭᠲᠠᠬᠤ ᠰᠢᠶᠠᠨ ᠤ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠴᠢᠯᠡᠭᠡ ᠶᠢᠨ ᠪᠠᠳᠤᠯᠠᠭ᠎ᠠ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠵᠢᠴᠢ ᠬᠠᠷᠠᠭᠠᠯᠵᠠᠯ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/10/29
      ᠡᠮᠴᠢᠯᠡᠭᠡ ᠶᠢᠨ ᠪᠠᠳᠤᠯᠠᠭ᠎ᠠ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠵᠢᠴᠢ ᠬᠠᠷᠠᠭᠠᠯᠵᠠᠯ ᠬᠦᠷᠳᠡᠭᠡᠬᠦ ᠴᠠᠭ      2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠪᠠᠳᠤᠯᠠᠭ᠎ᠠ ᠶᠢᠨ ᠳᠠᠭᠠᠳᠬᠠᠯ ᠳᠤ ᠲᠥᠪᠯᠡᠷᠡᠭᠦᠯᠦᠨ ᠣᠷᠣᠯᠴᠠᠬᠤ ᠬᠤᠭᠤᠴᠠᠭ᠎ᠠ ᠨᠢ 2024 ᠣᠨ ᠤ 9 ᠳ᠋ᠤᠭᠡᠷ ᠰᠠᠷ᠎ᠠ   ᠠᠴᠠ 2025 ᠣᠨ ᠤ 2 ᠳ᠋ᠤᠭᠠᠷ ᠰᠠᠷ᠎ᠠ ᠪᠣᠯᠲᠠᠯ᠎ᠠ ᠶᠠᠪᠤᠭᠳᠠᠨ᠎ᠠ᠃ ᠲᠣᠭᠲᠠᠭᠰᠠᠨ ᠴᠠᠭ ᠤᠨ ᠳᠣᠲᠣᠷ᠎ᠠ ᠳᠠᠭᠠᠳᠬᠠᠯ ᠳᠤ ᠣᠷᠣᠯᠴᠠᠬᠤ ᠪᠠᠷ ᠳᠠᠩᠰᠠᠯᠠᠭᠤᠯᠬᠤ ᠵᠢᠴᠢ ᠰᠦᠢᠳᠬᠡᠯ ᠲᠤᠰᠢᠶᠠᠵᠤ  ᠳᠠᠭᠠᠳᠬᠠᠯ ᠳᠤ ᠣᠷᠣᠯᠴᠠᠭᠴᠢ ᠬᠤᠭᠤᠴᠠᠭᠠᠨ ᠳᠠᠭᠠᠨ ᠳᠠᠭᠠᠳᠬᠠᠯ ᠢᠶᠠᠨ ᠵᠠᠯᠭᠠᠵᠤ ᠰᠦᠢᠳᠬᠡᠯ ᠲᠤᠰᠢᠶᠠᠪᠠᠯ᠂ ᠳᠡᠭᠡᠷ᠎ᠡ ᠨᠢᠭᠡ ᠵᠢᠯ ᠤᠨ ᠬᠢ ᠪᠠᠨ ᠰᠢᠭᠤᠳ ᠵᠠᠯᠭᠠᠵᠤ ᠬᠠᠷᠠᠭᠠᠯᠵᠠᠯ ᠭᠥᠷᠳᠡᠨ᠎ᠡ᠃ ᠲᠥᠪᠯᠡᠷᠡᠭᠦᠯᠦᠨ ᠲᠠᠲᠠᠪᠤᠷᠢᠯᠠᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠢᠶᠠᠨ ᠦᠷᠭᠦᠯᠵᠢᠯᠡᠭᠦᠯᠦᠭᠰᠡᠨ ᠦᠭᠡᠢ ᠪᠠᠶᠢᠪᠠᠯ ᠳᠠᠭᠠᠳᠬᠠᠯ ᠢᠶᠠᠨ ᠲᠠᠰᠤᠯᠤᠭᠰᠠᠨ ᠢᠶᠠᠷ ᠦᠵᠡᠵᠦ᠂ ᠳᠠᠭᠢᠵᠤ ᠳᠠᠭᠠᠳᠬᠠᠯ ᠳᠤ ᠣᠷᠣᠯᠴᠠᠨ ᠰᠦᠢᠳᠬᠡᠯ ᠲᠤᠰᠢᠶᠠᠭᠰᠠᠨ ᠤ ᠳᠠᠷᠠᠭ᠎ᠠ ᠲᠣᠭᠲᠠᠭᠠᠯ ᠶᠣᠰᠣᠭᠠᠷ ᠭᠤᠷᠪᠠᠨ ᠰᠠᠷ᠎ᠠ ᠶᠢᠨ ᠣᠯᠭᠤᠮᠵᠢ ᠬᠦᠯᠢᠶᠡᠬᠦ ᠬᠤᠭᠤᠴᠠᠭ᠎ᠠ ᠲᠠᠢ᠃     ᠨᠢᠯᠬ᠎ᠠ ᠬᠤᠬᠡᠳ 90 ᠡᠳᠦᠷ ᠤᠨ ᠳᠣᠲᠣᠷ᠎ᠠ ᠳᠠᠭᠠᠳᠬᠠᠯ ᠳᠤ ᠣᠷᠣᠯᠴᠠᠬᠤ ᠶᠢᠨ ᠬᠠᠮᠲᠤ ᠲᠥᠷᠥᠭᠰᠡᠨ ᠲᠤᠬᠠᠢ ᠶᠢᠨ ᠵᠢᠯ ᠤᠨ ᠡᠮᠴᠢᠯᠡᠭᠡ ᠶᠢᠨ ᠪᠠᠳᠤᠯᠠᠭ᠎ᠠ ᠶᠢᠨ ᠵᠠᠷᠤᠳᠠᠯ ᠢᠶᠠᠨ ᠲᠤᠰᠢᠶᠠᠭᠰᠠᠨ ᠪᠠᠶᠢᠪᠠᠯ᠂ ᠲᠥᠷᠥᠭᠰᠡᠨ ᠡᠳᠦᠷ ᠠᠴᠠ ᠪᠠᠨ ᠡᠬᠢᠯᠡᠨ ᠲᠣᠭᠲᠠᠭᠠᠯ ᠶᠣᠰᠣᠭᠠᠷ ᠬᠠᠷᠠᠭᠠᠯᠵᠠᠯ ᠭᠥᠷᠳᠡᠨ᠎ᠡ︔ 90 ᠡᠳᠦᠷ ᠠᠴᠠ ᠬᠡᠲᠦᠷᠡᠭᠡᠳ ᠳᠠᠭᠠᠳᠬᠠᠯ ᠳᠤ ᠣᠷᠣᠵᠤ ᠰᠦᠢᠳᠬᠡᠯ ᠲᠤᠰᠢᠶᠠᠪᠠᠯ ᠰᠦᠢᠳᠬᠡᠯ ᠲᠤᠰᠢᠶᠠᠭᠰᠠᠨ ᠲᠣᠰ ᠰᠠᠷ᠎ᠠ ᠠᠴᠠ ᠲᠣᠭᠲᠠᠭᠠᠯ ᠶᠣᠰᠣᠭᠠᠷ ᠬᠠᠷᠠᠭᠠᠯᠵᠠᠯ ᠭᠥᠷᠳᠡᠨ᠎ᠡ᠃      ᠵᠠᠷᠤᠳᠠᠯ ᠲᠤᠰᠢᠶᠠᠬᠤ ᠪᠠᠷᠢᠮᠵᠢᠶ᠎ᠠ      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠪᠠᠳᠤᠯᠠᠭ᠎ᠠ ᠶᠢᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ᠄      2025 ᠣᠨ ᠤ ᠲᠣᠭᠲᠠᠬᠤ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠪᠠᠳᠤᠯᠠᠭ᠎ᠠ ᠶᠢᠨ ᠪᠡᠯᠡ ᠴᠤᠭᠯᠠᠭᠤᠯᠬᠤ ᠪᠠᠷᠢᠮᠵᠢᠶ᠎ᠠ ᠨᠢ 1070 ᠲᠥᠭᠦᠷᠢᠭ ᠪᠣᠯᠣᠨ᠎ᠠ᠂ ᠡᠭᠦᠨ ᠳᠤ ᠡᠳ᠋ ᠤᠨ ᠵᠠᠰᠠᠭ ᠤᠨ ᠨᠥᠬᠦᠪᠦᠷᠢ 670 ᠲᠥᠭᠦᠷᠢᠭ ᠪᠠᠶᠢᠵᠤ᠂ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠥᠨ ᠪᠦᠷᠢ ᠳᠤ 400 ᠲᠥᠭᠦᠷᠢᠭ ᠪᠣᠯᠣᠨ᠎ᠠ᠃      ᠣᠷᠳᠣ ᠬᠤᠭᠤᠴᠠᠭᠠᠨ ᠤ ᠰᠤᠪᠢᠯᠠᠯᠳᠠ ᠶᠢᠨ ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ᠄      2025 ᠣᠨ ᠤ ᠲᠣᠭᠲᠠᠬᠤ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠳᠤ᠂ 2025 ᠣᠨ ᠤ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠥᠨ ᠪᠦᠷᠢ 10 ᠲᠥᠭᠦᠷᠢᠭ ᠪᠣᠯᠣᠨ᠎ᠠ᠃       ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠵᠠᠷᠤᠳᠠᠯ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠪᠠᠳᠤᠯᠠᠭ᠎ᠠ ᠶᠢᠨ ᠵᠠᠷᠤᠳᠠᠯ ᠲᠠᠢ ᠨᠡᠶᠢᠯᠡᠭᠦᠯᠦᠨ ᠲᠠᠲᠠᠪᠤᠷᠢᠯᠠᠵᠤ᠂ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠪᠠᠳᠤᠯᠠᠭ᠎ᠠ ᠶᠢᠨ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠥᠨ ᠪᠦᠷᠢ 410 ᠲᠥᠭᠦᠷᠢᠭ ᠪᠣᠯᠣᠨ᠎ᠠ᠃      ᠵᠣᠭᠤᠰ ᠮᠥᠩᠭᠦ ᠪᠠᠷ ᠲᠤᠰᠠᠯᠠᠬᠤ ᠵᠠᠷᠤᠳᠠᠯ ᠲᠤᠰᠢᠶᠠᠬᠤ ᠡᠲᠡᠭᠡᠳ᠄      ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠥᠮᠥᠰ ︵ᠥᠨᠥᠴᠢᠨ ᠵᠡᠮᠳᠡᠭ ᠬᠡᠦᠬᠡᠳ ᠢ ᠪᠠᠭᠲᠠᠭᠠᠨ᠎ᠠ︶ ᠢ ᠪᠥᠬᠦ ᠲᠤᠭ᠎ᠠ ᠪᠠᠷ ᠨᠢ 200 ᠲᠥᠭᠦᠷᠢᠭ\ ᠬᠥᠮᠥᠨ ᠢ ᠲᠡᠳᠬᠦᠵᠦ᠂ ᠬᠤᠪᠢ ᠬᠥᠮᠥᠨ ᠵᠥᠪᠬᠡᠨ 10 ᠲᠥᠭᠦᠷᠢᠭ\ ᠬᠥᠮᠥᠨ ᠤ ᠣᠷᠳᠣ ᠬᠤᠭᠤᠴᠠᠭᠠᠨ ᠤ ᠠᠰᠠᠷᠠᠨ ᠰᠤᠪᠢᠯᠠᠬᠤ ᠳᠠᠭᠠᠳᠬᠠᠯ ᠤᠨ ᠵᠠᠷᠤᠳᠠᠯ ᠲᠤᠰᠢᠶᠠᠨ᠎ᠠ᠃       ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠰᠠᠭᠤᠭᠠᠯᠢ ᠠᠷᠠᠳ ᠵᠢᠴᠢ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ 200 ᠲᠥᠭᠦᠷᠢᠭ/ᠬᠥᠮᠥᠨ ᠢ ᠲᠣᠭᠲᠠᠭᠰᠠᠨ ᠲᠤᠭ᠎ᠠ ᠪᠠᠷ ᠲᠤᠰᠠᠯᠠᠵᠤ᠂ ᠬᠤᠪᠢ ᠬᠥᠮᠥᠨ 210 ᠲᠥᠭᠦᠷᠢᠭ/ᠬᠥᠮᠥᠨ ︵10 ᠲᠥᠭᠦᠷᠢᠭ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠵᠠᠷᠤᠳᠠᠯ ᠪᠠᠭᠲᠠᠨ᠎ᠠ︶ ᠲᠤᠰᠢᠶᠠᠨ᠎ᠠ᠃      ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠳᠠᠬᠢᠨ ᠶᠠᠳᠠᠭᠤᠷᠠᠭᠰᠠᠨ ᠠᠴᠠ ᠪᠣᠯᠵᠤ ᠶᠠᠳᠠᠭᠤᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠭᠰᠠᠨ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠬᠥᠮᠥᠰ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠥᠰ ᠪᠠ ᠭᠡᠨᠡᠳᠲᠡ ᠡᠭᠦᠰᠬᠦ ᠬᠦᠨᠳᠦ ᠨᠣᠴᠢᠲᠠᠢ ᠬᠦᠴᠢᠷᠳᠡᠯ ᠲᠠᠢ ᠬᠥᠮᠥᠰ ᠢ 126 ᠲᠥᠭᠦᠷᠢᠭ/ᠬᠥᠮᠥᠨ ᠳᠤ ᠲᠣᠭᠲᠠᠭᠰᠠᠨ ᠨᠣᠷᠮ᠎ᠠ ᠪᠠᠷ ᠲᠤᠰᠠᠯᠠᠵᠤ᠂ ᠬᠤᠪᠢ ᠬᠥᠮᠥᠨ 84 ᠲᠥᠭᠦᠷᠢᠭ/ᠬᠥᠮᠥᠨ ︵10 ᠲᠥᠭᠦᠷᠢᠭ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠵᠠᠷᠤᠳᠠᠯ ᠪᠠᠭᠲᠠᠨ᠎ᠠ︶ ᠲᠤᠰᠢᠶᠠᠨ᠎ᠠ᠃      ᠵᠠᠷᠤᠳᠠᠯ ᠲᠤᠰᠢᠶᠠᠬᠤ ᠠᠷᠭ᠎ᠠ ᠵᠠᠮ᠄      ︵ᠨᠢᠭᠡ︶ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ      ᠳᠠᠭᠠᠳᠬᠠᠯ ᠳᠤ ᠣᠷᠣᠯᠴᠠᠭᠰᠠᠨ ᠡᠩ ᠤᠨ ᠰᠠᠭᠤᠭᠠᠯᠢ ᠠᠷᠠᠳ ᠰᠦᠯᠵᠢᠶᠡᠨ ᠳᠡᠭᠡᠷ᠎ᠡ ᠪᠡᠶ᠎ᠡ ᠪᠠᠨ ᠳᠠᠭᠠᠭᠠᠭᠰᠠᠨ ᠠᠷᠭ᠎ᠠ ᠮᠠᠶ᠋ᠢᠭ ᠢᠶᠠᠷ ᠰᠦᠢᠳᠬᠡᠯ ᠲᠤᠰᠢᠶᠠᠵᠤ ᠪᠣᠯᠣᠨ᠎ᠠ᠃      ᠠᠷᠭ᠎ᠠ ᠮᠠᠶ᠋ᠢᠭ ᠨᠢᠭᠡ᠄ ᠸᠢᠴᠠᠲ ︱ ᠪᠢ ︱ ᠲᠣᠭᠠᠴᠠᠭ᠎ᠠ ︱ ᠬᠤᠲᠠ ᠶᠢᠨ ᠦᠢᠯᠡᠴᠢᠯᠡᠭᠡ ︱ ᠨᠡᠶᠢᠭᠡᠮ ᠤᠨ ᠳᠠᠭᠠᠳᠬᠠᠯ ᠤᠨ ᠶᠡᠷᠦᠩᠬᠡᠶᠢᠯᠡᠯ ︱ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ︵ᠠᠯᠪᠠᠨ ᠤ ᠲᠠᠯ᠎ᠠ ᠶᠢᠨ︶ ᠶᠢ ᠲᠣᠪᠴᠢᠳᠠᠨ᠎ᠠ᠃      ᠠᠷᠭ᠎ᠠ ᠮᠠᠶ᠋ᠢᠭ ᠬᠤᠶᠠᠷ᠄ ᠸᠢᠴᠠᠲ ᠢ ᠨᠡᠭᠡᠭᠡᠬᠦ ︱ ᠢᠯᠡᠷᠡᠭᠦᠯᠬᠦ ︱ ᠵᠢᠵᠢᠭ ᠫᠷᠣᠭ᠍ᠷᠠᠮ ᠢ ᠲᠣᠪᠴᠢᠳᠠᠨ᠎ᠠ ︱ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾   ᠶᠢ ᠣᠷᠣᠭᠤᠯᠬᠤ   ᠶᠢᠨ ᠬᠠᠮᠲᠤ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠶᠢ ᠲᠣᠪᠴᠢᠳᠠᠨ᠎ᠠ᠃      ᠠᠷᠭ᠎ᠠ ᠮᠠᠶ᠋ᠢᠭ ᠭᠤᠷᠪᠠ᠄ ᠲᠣᠭᠠᠴᠠᠭ᠎ᠠ ᠡᠷᠳᠡᠨᠢ ︱ ᠬᠤᠲᠠ ᠶᠢᠨ ᠠᠷᠠᠳ ᠤᠨ ᠲᠥᠪ ︱ ᠨᠡᠶᠢᠭᠡᠮ ᠤᠨ ᠳᠠᠭᠠᠳᠬᠠᠯ ᠢ ᠨᠡᠭᠡᠭᠡᠨ᠎ᠡ ︱ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠶᠢ ᠲᠣᠪᠴᠢᠳᠠᠨ᠎ᠠ᠃      ᠠᠷᠭ᠎ᠠ ᠮᠠᠶ᠋ᠢᠭ ᠳᠥᠷᠪᠡ᠄ ︽ᠮᠦᠩᠬᠡ ᠰᠤᠪᠠᠭ APP︾ ︱ ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠶᠢ ᠨᠡᠭᠡᠭᠡᠨ᠎ᠡ᠃      ᠳᠡᠭᠡᠷᠡᠬᠢ ᠳᠤᠷ᠎ᠠ ᠶᠢᠨ ᠬᠡᠯᠪᠡᠷᠢ ᠶᠢᠨ ᠰᠦᠢᠳᠬᠡᠯ ᠲᠤᠰᠢᠶᠠᠬᠤ ᠬᠡᠪᠴᠢᠶᠡᠨ ᠳᠤ ᠣᠷᠣᠭᠰᠠᠨ ᠤ ᠳᠠᠷᠠᠭ᠎ᠠ᠂ ︽ᠪᠢ ᠰᠦᠢᠳᠬᠡᠯ ᠲᠤᠰᠢᠶᠠᠨ᠎ᠠ︾ ᠭᠡᠰᠡᠨ ᠢ ᠲᠣᠪᠴᠢᠳᠠᠪᠠᠯ᠂ ᠪᠡᠶ᠎ᠡ ᠶᠢᠨ ᠦᠨᠡᠮᠯᠡᠯ ᠤᠨ ᠨᠣᠮᠧᠷ ᠪᠣᠯᠣᠨ ᠣᠪᠣᠭ ᠨᠡᠷ᠎ᠡ ᠵᠡᠷᠭᠡ ᠮᠡᠳᠡᠭᠡ ᠵᠠᠩᠭᠢ ᠪᠠᠨ ᠣᠷᠣᠭᠤᠯᠵᠤ᠂ ᠪᠡᠶ᠎ᠡ ᠬᠡᠮ ᠤᠨ ᠮᠡᠳᠡᠭᠡ ᠵᠠᠩᠭᠢ ᠶᠢ ᠪᠢᠴᠢᠵᠦ ᠣᠷᠣᠭᠤᠯᠤᠭᠰᠠᠨ ᠤ ᠳᠠᠷᠠᠭ᠎ᠠ ︽ᠳᠠᠷᠠᠭᠠᠴᠢ ᠶᠢᠨ ᠠᠯᠬᠤᠮ︾ ᠢ ᠲᠣᠪᠴᠢᠳᠠᠪᠠᠯ᠂ ᠰᠢᠰᠲ᠋ᠧᠮ ᠤᠨ ᠬᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠡᠶ᠎ᠡ ᠬᠡᠮ ᠢ ᠠᠦ᠋ᠲ᠋ᠣ᠋ ᠢᠯᠭᠠᠨ ᠲᠠᠨᠢᠵᠤ᠂ ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠭᠦᠢᠴᠡᠳᠬᠡᠬᠦ︾ ᠶᠢᠨ ᠰᠦᠢᠳᠬᠡᠯ ᠲᠤᠰᠢᠶᠠᠬᠤ ᠣᠨ ᠳᠤ ︽ᠰᠦᠢᠳᠬᠡᠯ ᠲᠤᠰᠢᠶᠠᠬᠤ ᠣᠨ︾ ᠢ ᠰᠣᠩᠭᠤᠵᠤ᠂ ︽ᠲᠤᠰᠢᠶᠠᠬᠤ ᠶᠣᠰᠣᠲᠠᠢ ᠰᠦᠢᠳᠬᠡᠯ ᠤᠨ ᠲᠤᠭ᠎ᠠ︾ ᠶᠢᠨ ︽ᠰᠦᠢᠳᠬᠡᠯ ᠲᠤᠰᠢᠶᠠᠬᠤ ᠵᠣᠭᠤᠰ ᠤᠨ ᠲᠤᠭ᠎ᠠ︾ ᠶᠢ ᠰᠣᠩᠭᠤᠵᠤ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢ ᠨᠤᠲᠠᠯᠠᠨ ᠲᠣᠭᠲᠠᠭᠠᠵᠤ᠂ ︽ᠲᠤᠰᠢᠶᠠᠬᠤ︾ ᠶᠢ ᠲᠣᠪᠴᠢᠳᠠᠨ᠂ ︽ᠰᠦᠢᠳᠬᠡᠯ ᠲᠤᠰᠢᠶᠠᠭᠰᠠᠨ ᠮᠡᠳᠡᠭᠡ ᠵᠠᠩᠭᠢ ᠶᠢ ᠨᠤᠲᠠᠯᠠᠭᠠᠷᠠᠢ︾ ᠭᠡᠬᠦ ᠨᠢᠭᠤᠷ ᠳᠡᠭᠡᠷ᠎ᠡ ᠮᠡᠳᠡᠭᠡ ᠵᠠᠩᠭᠢ ᠶᠢ ᠨᠤᠲᠠᠯᠠᠭᠰᠠᠨ ᠤ ᠳᠠᠷᠠᠭ᠎ᠠ ︽ᠰᠦᠢᠳᠬᠡᠯ ᠲᠤᠰᠢᠶᠠᠭᠰᠠᠨ ᠢ ᠨᠤᠲᠠᠯᠠᠬᠤ︾ ᠶᠢ ᠲᠣᠪᠴᠢᠳᠠᠪᠠᠯ ᠳᠠᠷᠤᠢ ᠰᠦᠢᠳᠬᠡᠯ ᠲᠤᠰᠢᠶᠠᠵᠤ ᠪᠣᠯᠣᠨ᠎ᠠ᠃      ᠳᠣᠲᠣᠨᠣ ᠰᠠᠨᠠᠭᠤᠯᠤᠮᠵᠢ᠄ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠶᠢ ᠬᠡᠪ ᠤᠨ ᠶᠣᠰᠣᠭᠠᠷ ᠭᠦᠢᠴᠡᠳᠬᠡᠵᠦ ᠳᠡᠶᠢᠯᠬᠦ ᠦᠭᠡᠢ ᠳᠠᠭᠠᠳᠬᠠᠯ ᠳᠤ ᠣᠷᠣᠯᠴᠠᠭᠴᠢ ᠤᠷᠢᠳᠠᠪᠠᠷ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠲᠣᠰᠬᠤᠨ᠂ ᠨᠡᠶᠢᠭᠡᠮ ᠲᠣᠭᠤᠷᠢᠭ ᠤᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠴᠡᠭ ︵ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠴᠤᠩᠬᠤᠪᠴᠢ︶ ᠳᠤ ᠬᠦᠷᠴᠦ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠶᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠤ ᠳᠠᠷᠠᠭ᠎ᠠ ᠰᠠᠶ᠋ᠢ ᠰᠦᠢᠳᠬᠡᠯ ᠲᠤᠰᠢᠶᠠᠨ᠎ᠠ᠃      ︵ᠬᠤᠶᠠᠷ︶ ᠰᠦᠯᠵᠢᠶᠡᠨ ᠠᠴᠠ ᠭᠠᠳᠠᠨ᠎ᠠ ᠰᠦᠢᠳᠬᠡᠯ ᠲᠤᠰᠢᠶᠠᠬᠤ      ᠳᠠᠭᠠᠳᠬᠠᠯ ᠳᠤ ᠣᠷᠣᠯᠴᠠᠭᠴᠢ ᠬᠦᠴᠦᠨ ᠪᠦᠬᠦᠢ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ ᠢᠶᠠᠨ ᠠᠪᠴᠤ ᠪᠠᠶᠢᠭ᠎ᠠ ᠬᠠᠷᠢᠶ᠎ᠠ ᠣᠷᠣᠨ ᠤ ᠪᠠᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠳᠤ ᠣᠴᠢᠬᠤ ᠪᠤᠶᠤ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠲᠣᠰᠬᠤᠨ᠂ ᠨᠡᠶᠢᠭᠡᠮ ᠲᠣᠭᠤᠷᠢᠭ ᠤᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠴᠡᠭ ︵ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠴᠤᠩᠬᠤᠪᠴᠢ︶ ᠲᠠᠢ ᠬᠠᠷᠢᠯᠴᠠᠵᠤ ᠰᠦᠢᠳᠬᠡᠯ ᠲᠤᠰᠢᠶᠠᠬᠤ ᠪᠠᠷ ᠭᠤᠶᠤᠴᠢᠯᠠᠨ᠎ᠠ᠂ ᠪᠠᠰᠠ ᠮᠠᠨ ᠤ ᠰᠢᠶᠠᠨ ᠤ ᠰᠢᠨ᠎ᠡ ᠪᠠᠷ ᠨᠡᠪᠲᠡᠷᠡᠭᠦᠯᠦᠭᠰᠡᠨ 24 ᠰᠦᠯᠵᠢᠶᠡᠨ ᠭᠠᠳᠠᠨᠠᠬᠢ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠲᠣᠣᠷ ᠴᠡᠭ ᠲᠤ ᠡᠮᠴᠢᠯᠡᠭᠡ ᠶᠢᠨ ᠪᠠᠳᠤᠯᠠᠭ᠎ᠠ ᠶᠢᠨ ᠣᠷᠣᠯᠠᠨ ᠲᠤᠰᠢᠶᠠᠬᠤ ᠴᠡᠭ ᠰᠦᠢᠳᠭᠡᠯ ᠲᠤᠰᠢᠶᠠᠬᠤ ᠶᠢ ᠭᠦᠢᠴᠡᠳᠭᠡᠵᠦ ᠪᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1