ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ 13 ᠵᠤᠷᠪᠤᠰ ᠦᠷᠡᠵᠢᠯ ᠤᠨ ᠳᠡᠮᠵᠢᠯᠭᠡ ᠶᠢᠨ ᠠᠷᠭ᠎ᠠ ᠬᠡᠮᠵᠢᠶ᠎ᠡ ᠨᠡᠶᠢᠳᠡᠯᠡᠪᠡ
ᠨᠡᠶᠢᠲᠡᠯᠡᠭᠰᠡᠨ ᠴᠠᠭ᠄
2024/10/30
      ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ ᠦᠷᠡᠵᠢᠯ ᠤᠨ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ 4 ᠲᠠᠯ᠎ᠠ ᠠᠴᠠ ᠦᠷᠡᠵᠢᠯ ᠤᠨ ᠳᠡᠮᠵᠢᠯᠭᠡ ᠶᠢᠨ ᠰᠢᠷᠢᠰ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠦᠷᠡᠵᠢᠯ ᠤᠨ ᠦᠢᠯᠡᠴᠢᠯᠡᠭᠡᠨ ᠤ ᠳᠡᠮᠵᠢᠯᠭᠡ ᠶᠢ ᠴᠢᠩᠭᠠᠳᠬᠠᠨ᠎ᠠ      ᠦᠷᠡᠵᠢᠯ ᠤᠨ ᠳᠠᠭᠠᠳᠬᠠᠯ ᠤᠨ ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠵᠤ᠂ ᠨᠥᠬᠦᠴᠡᠯ ᠲᠠᠢ ᠭᠠᠵᠠᠷ ᠣᠷᠣᠨ ᠤ ᠠᠮᠢᠳᠤᠯᠢᠭ ᠢᠶᠠᠷ ᠠᠵᠢᠯ ᠣᠯᠣᠭᠰᠠᠳ᠂ ᠬᠥᠯᠥᠰᠦᠨ ᠠᠵᠢᠯᠴᠢᠨ᠂ ᠰᠢᠨ᠎ᠡ ᠪᠠᠷ ᠠᠵᠢᠯ ᠣᠯᠬᠤ ᠬᠡᠯᠪᠡᠷᠢ ᠶᠢᠨ ᠬᠥᠮᠥᠰ ᠢ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠦᠷᠡᠵᠢᠯ ᠤᠨ ᠳᠠᠭᠠᠳᠬᠠᠯ ᠳᠤ ᠤᠷᠤᠭᠤᠯᠬᠤ ᠶᠢ ᠵᠢᠭᠠᠨ ᠵᠢᠯᠤᠭᠤᠳᠤᠨ᠎ᠠ᠃      ᠬᠥᠩᠭᠡᠵᠢᠯᠲᠡ ᠶᠢᠨ ᠠᠮᠠᠷᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠥᠩᠭᠡᠵᠢᠯᠲᠡ ᠶᠢᠨ ᠴᠢᠯᠦᠭᠡ᠂ ᠬᠥᠩᠭᠡᠵᠢᠯᠲᠡ ᠶᠢᠨ ᠱᠠᠩᠨᠠᠯ ᠂ ᠬᠥᠩᠭᠡᠵᠢᠯᠲᠡ ᠳᠤ ᠪᠠᠷ᠎ᠠ ᠪᠣᠯᠬᠤ ᠴᠢᠯᠦᠭᠡ᠂ ᠬᠡᠦᠬᠡᠳ ᠪᠣᠶᠢᠵᠢᠭᠤᠯᠬᠤ ᠴᠢᠯᠦᠭᠡ ᠵᠡᠷᠭᠡ ᠬᠥᠩᠭᠡᠵᠢᠯᠲᠡ ᠶᠢᠨ ᠠᠮᠠᠷᠠᠯᠲᠠ ᠶᠢᠨ ᠬᠤᠭᠤᠴᠠᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠎ᠠ᠃      ᠦᠷᠡᠵᠢᠯ ᠤᠨ ᠨᠥᠬᠦᠪᠦᠷᠢ ᠶᠢᠨ ᠳᠦᠷᠢᠮ ᠢ ᠪᠠᠶᠢᠭᠤᠯᠵᠤ᠂ ᠣᠷᠣᠨ ᠨᠤᠲᠤᠭ ᠢ ᠵᠢᠯᠣᠭᠤᠳᠤᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠵᠦ᠂ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠯᠠᠪᠳᠠᠭᠤᠨ ᠢᠶᠠᠷ ᠰᠠᠶᠢᠲᠤᠷ ᠠᠳᠬᠤᠨ᠎ᠠ᠃      ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠩᠭᠠᠳᠬᠠᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠬᠥᠩᠭᠡᠵᠢᠯᠲᠡ ᠶᠢᠨ ᠡᠪᠡᠳᠬᠦ ᠶᠢ ᠵᠣᠭᠰᠤᠭᠠᠬᠤ ᠵᠢᠴᠢ ᠦᠷᠡᠵᠢᠯ ᠤᠨ ᠲᠤᠰᠠᠯᠠᠬᠤ ᠮᠡᠷᠭᠡᠵᠢᠯ ᠤᠨ ᠲᠥᠷᠥᠯ ᠵᠦᠢᠯ ᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠤᠨ᠎ᠠ᠃      ᠬᠡᠦᠬᠡᠳ ᠬᠥᠮᠥᠵᠢᠭᠦᠯᠬᠦ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ      ᠬᠡᠦᠬᠡᠳ ᠤᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠬᠡᠦᠬᠡᠳ ᠤᠨ ᠬᠡᠷᠡᠭᠯᠡᠬᠦ ᠡᠮ ᠢ ᠲᠠᠰ ᠳᠠᠷᠠᠭᠠᠯᠠᠯ ᠶᠣᠰᠣᠭᠠᠷ ᠡᠮᠴᠢᠯᠡᠭᠡᠨ ᠤ ᠪᠠᠳᠤᠯᠠᠭ᠎ᠠ ᠶᠢᠨ ᠲᠠᠩᠰᠠ ᠲᠠᠶᠢᠯᠬᠤ ᠬᠡᠪᠴᠢᠶᠡᠨ ᠳᠤ ᠴᠠᠭ ᠲᠤᠬᠠᠢ ᠳᠤᠨᠢ ᠤᠷᠤᠭᠤᠯᠤᠨ᠎ᠠ᠃       ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠬᠡᠦᠬᠡᠳ ᠰᠠᠭᠠᠲᠠᠭᠤᠯᠬᠤ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠤᠰᠬᠠᠢ ᠣᠷᠣᠨ ᠬᠤᠲᠠ ᠶᠢᠨ ᠱᠠᠲᠤᠨ ᠳᠤ ᠪᠦᠬᠦᠨ ᠢ ᠬᠠᠮᠤᠷᠬᠤ ᠶᠢ ᠤᠷᠢᠳᠠᠪᠠᠷ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠬᠡᠦᠬᠡᠳ ᠰᠠᠭᠠᠲᠠᠭᠤᠯᠬᠤ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠬᠥᠮᠥᠨ ᠬᠡᠷᠡᠭᠯᠡᠬᠦ ᠨᠢᠭᠡᠴᠢ ᠶᠢᠨ ᠬᠡᠦᠬᠡᠳ ᠰᠠᠭᠠᠲᠠᠭᠤᠯᠬᠤ ᠠᠵᠢᠯ ᠡᠷᠭᠢᠯᠡᠬᠦ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠰᠤᠷᠭᠠᠨ ᠬᠥᠮᠦᠵᠢᠯ ᠤᠨ ᠴᠡᠭ ᠵᠡᠷᠭᠡ ᠣᠯᠠᠨ ᠵᠦᠢᠯ ᠤᠨ ᠵᠠᠭᠪᠤᠷ ᠤᠨ ᠬᠥᠭᠵᠢᠯᠲᠡ ᠶᠢ ᠢᠳᠡᠪᠬᠢᠲᠡᠢ ᠳᠡᠮᠵᠢᠵᠦ᠂ ᠬᠡᠦᠬᠡᠳ ᠰᠠᠭᠠᠲᠠᠭᠤᠯᠬᠤ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠶᠡᠬᠡᠪᠡᠷ ᠬᠥᠭᠵᠢᠭᠦᠯᠦᠨ᠎ᠡ᠃       ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠬᠥᠮᠦᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠥᠬᠦᠴᠡᠯ ᠲᠠᠢ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠬᠥᠮᠦᠵᠢᠯ ᠤᠨ ᠪᠠᠶᠢᠭᠤᠯᠤᠮᠵᠢ ᠳᠤ ᠵᠣᠬᠢᠬᠤ ᠬᠡᠮᠵᠢᠶᠡᠨ ᠤ ᠡᠵᠡᠩᠨᠡᠯᠲᠡ ᠶᠢᠨ ᠨᠥᠬᠦᠪᠦᠷᠢ ᠣᠯᠭᠤᠬᠤ ᠶᠢ ᠵᠣᠷᠢᠭᠵᠢᠭᠤᠯᠤᠨ᠎ᠠ᠃      ᠬᠡᠦᠬᠡᠳ ᠤᠨ ᠬᠥᠭᠵᠢᠯᠲᠡ ᠪᠠ ᠬᠠᠮᠠᠭᠠᠯᠠᠯᠲᠠ ᠶᠢ ᠠᠬᠢᠭᠤᠯᠤᠨ᠎ᠠ      ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠎ᠠ      ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠪᠠ ᠨᠡᠶᠢᠭᠡᠮ ᠤᠨ ᠦᠢᠯᠡᠳᠦᠯᠭᠡ ᠶᠢᠨ ᠲᠦᠷᠦᠯ ᠵᠦᠢᠯ ᠢ ᠢᠳᠡᠪᠬᠢᠲᠡᠢ ᠥᠷᠨᠢᠭᠦᠯᠬᠦ ᠶᠢ ᠲᠡᠮᠵᠢᠵᠤ᠂ ᠡᠯ᠎ᠡ ᠭᠠᠵᠠᠷ ᠤᠨ ᠬᠢᠨ ᠤ ᠤᠯᠠᠨ ᠬᠡᠦᠬᠡᠳ ᠲᠠᠢ ᠡᠮᠡᠭᠲᠡᠢ ᠰᠤᠷᠭᠠᠭᠤᠯᠢ ᠳᠤ ᠰᠠᠭᠤᠵᠤ ᠬᠠᠮᠳᠦ ᠰᠤᠷᠤᠯᠴᠠᠬᠤ ᠪᠣᠳᠠᠲᠠᠢ ᠬᠡᠷᠡᠭᠵᠢᠭᠦᠯᠬᠦ ᠠᠷᠭ᠎ᠠ ᠲᠣᠭᠲᠠᠭᠠᠬᠤ ᠶᠢ ᠵᠣᠷᠢᠭᠵᠢᠭᠤᠯᠤᠨ᠎ᠠ᠃       ᠣᠷᠣᠨ ᠰᠠᠭᠤᠴᠠ ᠶᠢᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠬᠢᠨ ᠤ ᠤᠯᠠᠨ ᠦᠷ᠎ᠡ ᠬᠡᠦᠬᠡᠳ ᠲᠠᠢ ᠭᠡᠷ ᠪᠦᠯᠢ ᠶᠢᠨ ᠭᠡᠷ ᠪᠠᠶᠢᠰᠢᠩ ᠬᠤᠳᠠᠯᠳᠤᠨ ᠠᠪᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠤᠨ᠎ᠠ᠃      ᠠᠵᠢᠯᠲᠠᠨ ᠠᠵᠢᠯᠴᠢᠨ ᠤ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠬᠥᠮᠥᠨ ᠬᠡᠷᠡᠭᠯᠡᠬᠦ ᠨᠢᠭᠡᠴᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠮᠢᠳᠤᠯᠢᠭ ᠢᠶᠠᠷ ᠠᠵᠢᠯ ᠳᠤ ᠭᠠᠷᠬᠤ ᠪᠠ ᠠᠵᠢᠯ ᠠᠴᠠ ᠪᠠᠭᠤᠬᠤ᠂ ᠭᠡᠷ ᠲᠡᠭᠡᠨ ᠰᠠᠭᠤᠵᠤ ᠠᠵᠢᠯᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠭᠡᠷ ᠪᠦᠯᠢ ᠶᠢᠨ ᠨᠥᠬᠦᠷᠰᠡᠭ ᠬᠡᠯᠪᠡᠷᠢ ᠶᠢᠨ ᠠᠵᠢᠯ ᠤᠨ ᠣᠷᠴᠢᠨ ᠨᠥᠬᠦᠴᠡᠯ ᠢ ᠪᠤᠢ ᠪᠣᠯᠭᠠᠬᠤ ᠶᠢ ᠵᠣᠷᠢᠭᠵᠢᠭᠤᠯᠤᠨ᠎ᠠ᠃      ᠦᠷᠡᠵᠢᠯ ᠤᠨ ᠨᠥᠬᠦᠷᠰᠡᠭ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠨ᠎ᠠ      ᠰᠢᠨ᠎ᠡ ᠮᠠᠶ᠋ᠢᠭ ᠤᠨ ᠣᠷᠤᠭ ᠦᠷᠡᠵᠢᠯ ᠤᠨ ᠰᠣᠶᠣᠯ ᠢ ᠢᠳᠡᠪᠬᠢᠲᠡᠢ ᠪᠠᠶᠢᠭᠤᠯᠵᠤ᠂ ᠢᠳᠡᠪᠬᠢᠲᠡᠢ ᠣᠷᠤᠭ ᠢᠨᠠᠭ ᠤᠨ ᠦᠵᠡᠯᠲᠡ᠂ ᠦᠷᠡᠵᠢᠯ ᠤᠨ ᠦᠵᠡᠯᠲᠡ᠂ ᠭᠡᠷ ᠪᠦᠯᠢ ᠶᠢᠨ ᠦᠵᠡᠯᠲᠡ ᠶᠢ ᠶᠡᠭᠡ ᠪᠠᠷ ᠰᠠᠨᠠᠭᠠᠴᠢᠯᠠᠨ᠎ᠠ᠃      ᠨᠡᠶᠢᠭᠡᠮ ᠤᠨ ᠤᠬᠠᠭᠤᠯᠭ᠎ᠠ ᠰᠠᠨᠠᠭᠠᠴᠢᠯᠠᠭ᠎ᠠ ᠶᠢ ᠴᠢᠩᠭᠠᠳᠬᠠᠵᠤ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢᠨ ᠤᠬᠠᠭᠤᠯᠭ᠎ᠠ ᠬᠥᠮᠦᠵᠢᠯ ᠤᠨ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠮᠥᠨ ᠠᠮᠠ ᠶᠢᠨ ᠤᠯᠤᠰ ᠤᠨ ᠪᠠᠶᠢᠳᠠᠯ ᠤᠯᠤᠰ ᠤᠨ ᠪᠣᠳᠣᠯᠭ᠎ᠠ ᠶᠢᠨ ᠬᠥᠮᠦᠵᠢᠯ ᠢ ᠴᠢᠩᠭᠠᠳᠬᠠᠵᠤ᠂ ᠬᠠᠮᠢᠶ᠎ᠠ ᠪᠦᠬᠦᠢ ᠠᠭᠤᠯᠭ᠎ᠠ ᠶᠢ ᠳᠤᠮᠳᠠᠳᠤ ᠪᠠᠭ᠎ᠠ ᠰᠤᠷᠭᠠᠭᠤᠯᠢ᠂ ᠵᠢᠩᠬᠢᠨᠢ ᠠᠩᠭᠢ ᠲᠤᠰᠬᠠᠢ ᠠᠩᠭᠢ ᠶᠢᠨ ᠰᠤᠷᠭᠠᠨ ᠬᠥᠮᠦᠵᠢᠯ ᠳᠤ ᠠᠭᠤᠰᠬᠠᠨ ᠣᠷᠣᠭᠤᠯᠤᠨ᠎ᠠ᠃       ︽ᠠᠷᠭ᠎ᠠ ᠬᠡᠮᠵᠢᠶ᠎ᠡ ᠨᠦᠭᠦᠳ︾ ᠳᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠬᠥᠮᠥᠨ ᠠᠮᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠨ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠰᠢᠯᠢᠳᠡᠭᠵᠢᠭᠦᠯᠦᠨ᠂ ᠵᠠᠰᠠᠭ ᠤᠨ ᠣᠷᠳᠣᠨ᠂ ᠬᠥᠮᠥᠨ ᠬᠡᠷᠡᠭᠯᠡᠬᠦ  ᠨᠢᠭᠡᠴᠢ᠂ ᠬᠤᠪᠢ ᠬᠥᠮᠥᠨ ᠵᠡᠷᠭᠡ ᠣᠯᠠᠨ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠦᠷᠡᠵᠢᠯ ᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1