ᠬᠡᠷᠡᠯ ᠴᠡᠨᠡᠭ + ᠪᠠᠷᠢᠯᠭ᠎ᠠ᠄ ᠪᠣᠬᠢᠷᠲᠤᠯ ᠦᠭᠡᠢ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠶ᠎ᠠ
ᠨᠡᠶᠢᠲᠡᠯᠡᠭᠰᠡᠨ ᠴᠠᠭ᠄
2024/10/30
      ᠡᠨᠧᠷᠭᠢ ᠶᠢᠨ ᠰᠤᠷᠪᠤᠯᠵᠢ ᠶᠢᠨ ᠠᠰᠠᠭᠤᠳᠠᠯ ᠪᠣᠯᠣᠨ ᠣᠷᠴᠢᠨ ᠠᠬᠤᠢ ᠶᠢᠨ ᠬᠠᠮᠠᠭᠠᠯᠠᠯᠲᠠ ᠪᠣᠯ ᠣᠳᠣᠬᠠᠨ ᠤ ᠪᠦᠬᠦ ᠪᠥᠮᠪᠥᠷᠴᠡᠭ ᠤᠨ ᠠᠩᠬᠠᠷᠤᠯ ᠤᠨ ᠲᠥᠪ ᠮᠥᠨ᠃ ᠣᠶᠢᠷ᠎ᠠ ᠳᠤ᠂ ᠭᠤᠸᠠᠩᠳᠦ᠋ᠩ ᠵᠡᠷᠭᠡ ᠭᠠᠵᠠᠷ ᠤᠨ ᠬᠢᠨ ᠰᠢᠶᠠᠨ ᠤ ᠬᠡᠪᠴᠢᠶᠡᠨ ᠤ ︽ᠬᠡᠷᠡᠯ ᠴᠡᠨᠡᠭ + ᠪᠠᠷᠢᠯᠭ᠎ᠠ︾ ᠶᠢᠨ ᠬᠡᠷᠡᠭᠯᠡᠭᠡᠨ ᠤ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠢ ᠪᠠᠶᠢᠷᠢᠯᠠᠭᠤᠯᠪᠠ᠃ ᠬᠡᠷᠡᠯ ᠴᠡᠨᠡᠭ ᠪᠣᠯᠣᠨ ᠪᠠᠷᠢᠯᠭ᠎ᠠ ᠶᠢᠨ ᠪᠦᠷᠢᠨ ᠲᠡᠭᠦᠯᠳᠡᠷ ᠤᠶᠠᠯᠳᠤᠯ ᠨᠢ ᠬᠡᠷᠡᠯ ᠭᠢᠯᠪᠠᠭ᠎ᠠ ᠰᠠᠴᠤᠷᠠᠭᠰᠠᠨ ᠵᠢᠷᠤᠭ ᠰᠢᠭ᠋ ᠠᠯᠭᠤᠷ ᠠᠭᠠᠵᠢᠮ ᠢᠶᠠᠷ ᠳᠡᠯᠭᠡᠭᠳᠡᠵᠦ᠂ ᠦᠷᠭᠦᠯᠵᠢᠯᠡᠬᠦ ᠬᠥᠭᠵᠢᠯᠲᠡ ᠶᠢᠨ ᠪᠣᠬᠢᠷᠲᠤᠯ ᠦᠭᠡᠢ ᠢᠷᠡᠭᠡᠳᠦᠢ ᠶᠢ ᠵᠢᠷᠤᠭᠯᠠᠵᠤ ᠪᠠᠶᠢᠨ᠎ᠠ᠃ ᠨᠡᠷᠡᠨ ᠤ ᠡᠨᠧᠷᠭᠢ ᠨᠢ ᠨᠢᠭᠡ ᠵᠦᠢᠯ ᠤᠨ ᠠᠷᠢᠭᠤᠨ ᠴᠡᠪᠡᠷ ᠂ ᠲᠡᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠪᠣᠯᠤᠭᠰᠠᠨ ᠤ ᠬᠤᠪᠢ ᠳᠤ᠂ ᠲᠡᠭᠦᠨ ᠤ ᠥᠪᠡᠷᠮᠢᠴᠡ ᠷᠢᠳᠢ ᠰᠢᠳᠢ ᠪᠠᠷ ᠢᠶᠠᠨ ᠬᠥᠮᠥᠨ ᠲᠥᠷᠥᠯᠬᠢᠲᠡᠨ ᠤ ᠠᠮᠢᠳᠤᠷᠠᠯ ᠢ ᠬᠤᠪᠢᠷᠠᠭᠤᠯᠵᠤ ᠪᠠᠶᠢᠨ᠎ᠠ᠃ ᠭᠡᠷᠡᠯ ᠴᠡᠨᠡᠭ ᠪᠣᠯᠣᠨ ᠪᠠᠷᠢᠯᠭ᠎ᠠ ᠶᠢᠨ ᠠᠭᠤᠰᠤᠯᠴᠠᠯ ᠨᠢ ᠶᠠᠭ ᠨᠢᠭᠡᠨ ᠭᠤᠶᠤ ᠰᠠᠶᠢᠬᠠᠨ ᠤᠴᠠᠷᠠᠯ ᠰᠢᠭ᠋ ᠢᠶᠠᠷ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠤᠷᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠣᠳᠠᠲᠤ ᠬᠡᠷᠡᠭᠯᠡᠭᠡ ᠶᠢ ᠪᠦᠷᠢᠨ ᠲᠡᠭᠦᠯᠳᠡᠷ ᠤᠶᠠᠯᠳᠤᠭᠤᠯᠤᠭᠰᠠᠨ ᠪᠠᠶᠢᠨ᠎ᠠ᠃      ᠬᠡᠷᠡᠯ ᠴᠡᠨᠡᠭ ᠪᠠᠷᠢᠯᠭ᠎ᠠ ᠶᠢ ᠨᠢᠭᠡ ᠴᠣᠭᠴᠠᠵᠢᠭᠤᠯᠬᠤ ᠪᠣᠯ ᠨᠡᠷᠡᠨ ᠡᠨᠧᠷᠭᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ ᠪᠠᠷᠢᠯᠭ᠎ᠠ ᠶᠢ ᠬᠦᠷᠢᠶᠡᠯᠡᠨ ᠬᠠᠮᠠᠭᠠᠯᠠᠬᠤ ᠪᠦᠲᠦᠴᠡ ᠶᠢᠨ ᠭᠠᠳᠠᠷ ᠭᠠᠳᠠᠷᠭᠤ ᠳᠤ ᠤᠭᠰᠠᠷᠠᠵᠤ ᠴᠠᠬᠢᠯᠭᠠᠨ ᠬᠦᠴᠦ ᠬᠠᠩᠭᠠᠬᠤ ᠶᠢ ᠬᠡᠯᠡᠨ᠎ᠡ᠃ ᠡᠨᠡ ᠬᠦ ᠰᠢᠨ᠎ᠡ ᠶᠢ ᠡᠭᠦᠳᠬᠦ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠨᠢ ᠪᠠᠷᠢᠯᠭ᠎ᠠ ᠶᠢᠨ ᠲᠣᠰ ᠪᠡᠶ᠎ᠡ ᠶᠢᠨ ᠡᠨᠧᠷᠭᠢ ᠶᠢᠨ ᠬᠠᠩᠭᠠᠯᠭ᠎ᠠ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠤᠯᠠᠮᠵᠢᠯᠠᠯᠲᠤ ᠡᠨᠧᠷᠭᠢ ᠳᠤ ᠲᠦᠰᠢᠭᠯᠡᠬᠦ ᠶᠢ ᠪᠠᠭᠠᠰᠬᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠨ᠂ ᠣᠷᠴᠢᠨ ᠠᠬᠤᠢ ᠶᠢᠨ ᠬᠠᠮᠠᠭᠠᠯᠠᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ ᠴᠢᠳᠠᠬᠤ ᠶᠤᠮ᠃ ᠬᠡᠷᠡᠯ ᠴᠡᠨᠡᠭ ᠤᠨ ᠬᠠᠪᠲᠠᠰᠤ ᠨᠢ ᠯᠢᠩᠬᠤ᠎ᠠ ᠶᠢᠨ ᠨᠠᠪᠴᠢ ᠮᠡᠲᠦ ᠪᠠᠷᠢᠯᠭ᠎ᠠ ᠶᠢᠨ ᠳᠡᠭᠡᠪᠦᠷ ᠪᠠ ᠬᠡᠷᠡᠮ ᠳᠤ ᠪᠦᠷᠬᠦᠭᠳᠡᠵᠦ ᠂ ᠨᠡᠷᠡᠨ ᠤ ᠬᠡᠷᠡᠯ ᠤᠨ ᠡᠨᠧᠷᠭᠢ ᠶᠢ ᠰᠢᠩᠭᠡᠭᠡᠵᠦ᠂ ᠴᠡᠪᠡᠷ ᠴᠠᠬᠢᠯᠭᠠᠨ ᠬᠦᠴᠦᠨ ᠪᠣᠯᠭᠠᠨ ᠬᠤᠪᠢᠷᠠᠭᠤᠯᠵᠤ᠂ ᠪᠠᠷᠢᠯᠭ᠎ᠠ ᠳᠤ ᠪᠣᠬᠢᠷᠲᠤᠯ ᠦᠭᠡᠢ ᠠᠮᠢᠵᠢᠷᠠᠯ ᠤᠨ ᠬᠦᠴᠦᠨ ᠢ ᠨᠡᠮᠡᠷᠢᠯᠡᠵᠦ ᠪᠠᠶᠢᠨ᠎ᠠ᠃      ᠭᠠᠳᠠᠷ ᠲᠥᠷᠬᠦ ᠶᠢᠨ ᠭᠤᠸ᠎ᠠ ᠰᠠᠶᠢᠬᠠᠨ ᠠᠴᠠ ᠦᠵᠡᠪᠡᠯ᠂ ᠬᠡᠷᠡᠯ ᠴᠡᠨᠡᠭ ᠤᠨ ᠪᠠᠷᠢᠯᠭ᠎ᠠ ᠨᠢ ᠥᠪᠡᠷᠮᠢᠴᠡ ᠲᠠᠲᠠᠬᠤ ᠬᠦᠴᠦᠨ ᠲᠠᠢ ᠪᠠᠶᠢᠳᠠᠭ᠃ ᠬᠡᠷᠡᠯ ᠴᠡᠨᠡᠭ ᠤᠨ ᠬᠠᠪᠲᠠᠰᠤᠨ ᠤ ᠥᠩᠭᠡ ᠪᠤᠳᠤᠭ ᠪᠠ ᠬᠡᠯᠪᠡᠷᠢ ᠳᠦᠷᠰᠦ ᠶᠢ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠡᠷᠡᠭᠴᠡᠭᠡ ᠶᠢ ᠦᠨᠳᠦᠰᠦᠯᠡᠨ ᠲᠣᠭᠲᠠᠭᠠᠵᠤ᠂ ᠪᠠᠷᠢᠯᠭ᠎ᠠ ᠶᠢᠨ ᠪᠦᠬᠦ᠋ᠢᠯᠡ ᠬᠡᠪ ᠨᠠᠮᠪᠠ ᠲᠠᠢ ᠬᠠᠷᠢᠯᠴᠠᠨ ᠳᠣᠪᠤᠶᠢᠯᠭᠠᠵᠤ ᠪᠣᠯᠣᠨ᠎ᠠ᠃ ᠡᠰᠡᠬᠦᠯ᠎ᠡ ᠲᠥᠬᠦᠮ ᠠᠪᠰᠠᠷᠬᠠᠨ ᠣᠲᠣ ᠦᠶ᠎ᠡ᠂ ᠡᠰᠡᠬᠦᠯ᠎ᠡ ᠪᠣᠷᠣᠭᠵᠢᠭᠤᠨ ᠡᠷᠬᠢᠮᠰᠦᠭ᠂ ᠬᠡᠷᠡᠯ ᠴᠡᠨᠡᠭ ᠤᠨ ᠪᠠᠷᠢᠯᠭ᠎ᠠ ᠨᠢ ᠣᠲᠣ ᠦᠶ᠎ᠡ ᠶᠢᠨ ᠲᠥᠬᠦᠮ ᠠᠪᠰᠠᠷᠬᠠᠨ ᠥᠨᠳᠥᠷ ᠠᠰᠠᠷ ᠲᠠᠢ ᠬᠠᠷᠢᠯᠴᠠᠨ ᠬᠠᠪᠰᠤᠷᠤᠯᠴᠠᠵᠤ ᠪᠣᠯᠬᠤ ᠮᠥᠷᠲᠡᠭᠡᠨ ᠪᠠᠰᠠ ᠡᠷᠲᠡᠨ ᠤ ᠪᠣᠷᠣᠭᠵᠢᠭᠤᠨ ᠡᠷᠬᠢᠮᠰᠦᠭ ᠤᠯᠠᠮᠵᠢᠯᠠᠯᠲᠤ ᠪᠠᠷᠢᠯᠭ᠎ᠠ ᠳᠤ ᠴᠠᠭ ᠤᠨ ᠥᠩᠭᠡ ᠶᠢ ᠳᠠᠭᠠᠭᠰᠠᠨ ᠠᠭᠤᠷ ᠠᠮᠢᠰᠬᠤᠯ ᠢ ᠨᠡᠮᠡᠷᠢᠯᠡᠵᠦ ᠪᠣᠯᠬᠤ ᠶᠤᠮ᠃ ᠣᠲᠣ ᠦᠶ᠎ᠡ ᠶᠢᠨ ᠲᠥᠬᠦᠮ ᠠᠪᠰᠠᠷᠬᠠᠨ ᠥᠨᠳᠥᠷ ᠠᠰᠠᠷ ᠲᠠᠭᠲᠤ ᠲᠠᠢ ᠬᠠᠷᠢᠯᠴᠠᠨ ᠳᠣᠪᠤᠶᠢᠯᠭᠠᠵᠤ ᠪᠣᠯᠬᠤ ᠮᠥᠷᠲᠡᠭᠡᠨ ᠪᠠᠰᠠ ᠡᠷᠲᠡᠨ ᠤ ᠪᠣᠷᠣᠭᠵᠢᠭᠤᠨ ᠡᠷᠬᠢᠮᠰᠦᠭ ᠤᠯᠠᠮᠵᠢᠯᠠᠯᠲᠤ ᠪᠠᠷᠢᠯᠭ᠎ᠠ ᠳᠤ ᠰᠢᠨ᠎ᠡ ᠮᠠᠶ᠋ᠢᠭ ᠤᠨ ᠠᠭᠤᠷ ᠠᠮᠢᠰᠬᠤᠯ ᠢ ᠨᠡᠮᠡᠷᠢᠯᠡᠵᠦ ᠪᠣᠯᠬᠤ ᠶᠤᠮ᠃ ᠬᠤᠲᠠ ᠶᠢᠨ ᠥᠨᠳᠥᠷ ᠠᠰᠠᠷ ᠴᠤ ᠲᠡᠷᠡ᠂ ᠬᠥᠳᠡᠭᠡ ᠲᠣᠰᠬᠤᠨ ᠤ ᠨᠠᠮ ᠰᠡᠯᠡᠭᠦᠨ ᠵᠢᠵᠢᠭ ᠪᠠᠶᠢᠰᠢᠩ ᠴᠤ ᠲᠡᠷᠡ᠂ ᠬᠡᠷᠡᠯ ᠴᠡᠨᠡᠭ ᠤᠨ ᠪᠠᠷᠢᠯᠭ᠎ᠠ ᠴᠤ ᠲᠡᠷᠡ ᠴᠥᠮ ᠠᠳᠠᠯᠢ ᠪᠤᠰᠤ ᠣᠷᠴᠢᠨ ᠲᠣᠭᠤᠷᠢᠨ ᠳᠤ ᠥᠪᠡᠷᠮᠢᠴᠡ ᠣᠨᠴᠠᠯᠢᠭ ᠲᠠᠢ ᠪᠠᠶᠢᠳᠠᠭ᠃ ᠲᠡᠷᠡ ᠨᠢ ᠬᠤᠲᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠪᠣᠯᠵᠤ ᠪᠣᠯᠬᠤ ᠮᠥᠷᠲᠡᠭᠡᠨ ᠬᠥᠳᠡᠭᠡ ᠲᠣᠰᠬᠤᠨ ᠤ ᠪᠠᠶᠢᠭᠠᠯᠢ ᠶᠢᠨ ᠥᠩᠭᠡ ᠦᠵᠡᠮᠵᠢ ᠳᠤ ᠠᠭᠤᠰᠴᠤ᠂ ᠡᠬᠡ ᠭᠠᠵᠠᠷ ᠲᠤ ᠦᠵᠡᠰᠬᠦᠯᠡᠩᠲᠦ ᠰᠠᠶᠢᠬᠠᠨ ᠥᠩᠭᠡ ᠪᠤᠳᠤᠭ ᠨᠡᠮᠡᠷᠢᠯᠡᠵᠦ ᠪᠣᠯᠣᠨ᠎ᠠ᠃      ᠴᠢᠳᠠᠮᠵᠢ ᠶᠢᠨ ᠲᠠᠯ᠎ᠠ ᠪᠠᠷ᠂ ᠬᠡᠷᠡᠯ ᠴᠡᠨᠡᠭ ᠤᠨ ᠪᠠᠷᠢᠯᠭ᠎ᠠ ᠭᠠᠷᠮᠠᠭᠠᠢ ᠢᠯᠡᠷᠡᠯ ᠲᠠᠢ ᠪᠠᠶᠢᠨ᠎ᠠ᠃ ᠨᠢᠭᠡ ᠳᠤ᠂ ᠨᠡᠷᠡᠨ ᠤ ᠡᠨᠧᠷᠭᠢ ᠶᠢᠨ ᠬᠡᠷᠡᠯ ᠴᠡᠨᠡᠭ ᠤᠨ ᠴᠠᠬᠢᠯᠭᠠᠨ ᠭᠠᠷᠭᠠᠬᠤ ᠰᠢᠰᠲ᠋ᠧᠮ ᠨᠢ ᠪᠠᠷᠢᠯᠭ᠎ᠠ ᠳᠤ ᠠᠷᠢᠭᠤᠨ ᠴᠡᠪᠡᠷ᠂ ᠲᠣᠭᠲᠠᠪᠤᠷᠢᠲᠠᠢ ᠴᠠᠬᠢᠯᠭᠠᠨ ᠬᠦᠴᠦᠨ ᠤ ᠬᠠᠩᠭᠠᠯᠭ᠎ᠠ ᠶᠢ ᠬᠠᠩᠭᠠᠵᠤ᠂ ᠭᠡᠷᠡᠯᠲᠦᠭᠦᠯᠭᠡ᠂ ᠠᠭᠠᠷ ᠲᠣᠬᠢᠷᠠᠭᠤᠯᠤᠭᠴᠢ᠂ ᠴᠠᠬᠢᠯᠭᠠᠨ ᠱᠠᠲᠤ ᠵᠡᠷᠭᠡ ᠲᠥᠬᠦᠭᠡᠷᠦᠮᠵᠢ ᠶᠢᠨ ᠠᠵᠢᠯᠯᠠᠭᠠᠨ ᠤ ᠬᠡᠷᠡᠭᠴᠡᠭᠡ ᠶᠢ ᠬᠠᠩᠭᠠᠵᠤ ᠴᠢᠳᠠᠨ᠎ᠠ᠃ ᠡᠳᠦᠷ ᠪᠤᠯ ᠬᠡᠷᠡᠯ ᠴᠡᠨᠡᠭ ᠤᠨ ᠬᠠᠪᠲᠠᠰᠤ ᠨᠢ ᠨᠡᠷᠡᠨ ᠤ ᠡᠨᠧᠷᠭᠢ ᠶᠢ ᠰᠢᠩᠭᠡᠭᠡᠵᠦ᠂ ᠲᠡᠭᠦᠨ ᠢ ᠴᠠᠬᠢᠯᠭᠠᠨ ᠡᠨᠧᠷᠭᠢ ᠪᠣᠯᠭᠠᠨ ᠬᠤᠪᠢᠷᠠᠭᠤᠯᠵᠤ ᠬᠠᠳᠠᠭᠠᠯᠠᠨ᠎ᠠ︔ ᠰᠥᠨᠢ ᠪᠤᠶᠤ ᠪᠦᠷᠬᠦᠭ ᠪᠣᠷᠣᠭᠠᠨ ᠲᠠᠢ ᠡᠳᠦᠷ ᠬᠠᠳᠠᠭᠠᠯᠠᠵᠤ ᠪᠠᠶᠢᠭ᠎ᠠ ᠴᠠᠬᠢᠯᠭᠠᠨ ᠡᠨᠧᠷᠭᠢ ᠨᠢ ᠪᠠᠷᠢᠯᠭ᠎ᠠ ᠳᠤ ᠦᠷᠭᠦᠯᠵᠢᠯᠡᠨ ᠴᠠᠬᠢᠯᠭᠠᠨ ᠬᠠᠩᠭᠠᠵᠤ᠂ ᠡᠨᠧᠷᠭᠢ ᠶᠢᠨ ᠰᠤᠷᠪᠤᠯᠵᠢ ᠶᠢ ᠥᠪᠡᠷ ᠤᠨ ᠬᠡᠷᠡᠭᠴᠡᠭᠡ ᠪᠠᠨ ᠥᠪᠡᠷ ᠢᠶᠠᠨ ᠬᠠᠩᠭᠠᠬᠤ ᠶᠢ ᠪᠡᠶᠡᠯᠡᠭᠦᠯᠳᠡᠭ᠃ ᠬᠡᠷᠡᠯ ᠴᠡᠨᠡᠭ ᠤᠨ ᠪᠠᠷᠢᠯᠭ᠎ᠠ ᠨᠢ ᠶᠠᠭ ᠨᠢᠭᠡᠨ ᠠᠷᠠᠯ ᠤᠨ ᠱᠠᠷ ᠰᠢᠭ᠋ ᠂ ᠬᠥᠮᠥᠰ ᠲᠤ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠵᠤ ᠥᠭᠬᠦ ᠠᠴᠠ ᠪᠢᠰᠢ᠂ ᠬᠠᠷᠢᠨ ᠶᠠᠮᠠᠷ ᠴᠤ ᠲᠠᠭᠤ ᠱᠤᠤᠭᠢᠶᠠᠨ ᠪᠠ ᠪᠣᠬᠢᠷᠲᠤᠯ ᠡᠭᠦᠰᠬᠡᠬᠦ ᠦᠭᠡᠢ᠃ ᠬᠤᠶᠠᠷ ᠲᠤ᠂ ᠬᠡᠷᠡᠯ ᠴᠡᠨᠡᠭ ᠤᠨ ᠪᠠᠷᠢᠯᠭ᠎ᠠ ᠨᠢ ᠬᠠᠯᠠᠭᠤᠨ ᠢ ᠬᠥᠨᠳᠡᠶᠢᠷᠡᠭᠦᠯᠵᠦ ᠳᠤᠯᠠᠭᠠᠨ ᠢ ᠬᠠᠮᠠᠭᠠᠯᠠᠬᠤ ᠴᠢᠳᠠᠮᠵᠢ ᠲᠠᠢ᠃ ᠬᠡᠷᠡᠯ ᠴᠡᠨᠡᠭ ᠤᠨ ᠬᠠᠪᠲᠠᠰᠤ ᠨᠢ ᠬᠡᠰᠡᠭ ᠨᠡᠷᠡᠨ ᠤ ᠰᠠᠴᠤᠷᠠᠭ ᠢ ᠬᠤᠷᠢᠭᠯᠠᠵᠤ᠂ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢᠨ ᠳᠡᠭᠡᠭᠰᠢᠯᠡᠬᠦ ᠶᠢ ᠪᠠᠭᠠᠰᠬᠠᠨ᠂ ᠠᠭᠠᠷ ᠲᠣᠬᠢᠷᠠᠭᠤᠯᠤᠭᠴᠢ ᠶᠢᠨ ᠳᠠᠭᠠᠭᠠᠴᠠ ᠶᠢ ᠪᠠᠭᠤᠷᠠᠭᠤᠯᠳᠠᠭ᠃ ᠡᠪᠦᠯ ᠤᠨ ᠤᠯᠠᠷᠢᠯ ᠳᠤ᠂ ᠬᠡᠷᠡᠯ ᠴᠡᠨᠡᠭ ᠤᠨ ᠬᠠᠪᠲᠠᠰᠤ ᠨᠢ ᠪᠠᠰᠠ ᠵᠣᠬᠢᠬᠤ ᠬᠡᠮᠵᠢᠶᠡᠨ ᠤ ᠳᠤᠯᠠᠭᠠᠨ ᠢ ᠬᠠᠳᠠᠭᠠᠯᠠᠬᠤ ᠦᠢᠯᠡᠳᠦᠯ ᠲᠠᠢ ᠪᠠᠶᠢᠵᠤ᠂ ᠢᠯᠴᠢ ᠶᠢᠨ ᠰᠠᠷᠨᠢᠬᠤ ᠶᠢ ᠪᠠᠭᠠᠰᠬᠠᠳᠠᠭ᠃ ᠬᠡᠷᠡᠯ ᠴᠡᠨᠡᠭ ᠤᠨ ᠪᠠᠷᠢᠯᠭ᠎ᠠ ᠶᠢ ᠤᠯᠠᠮᠵᠢᠯᠠᠯᠲᠤ ᠪᠠᠷᠢᠯᠭ᠎ᠠ ᠲᠠᠢ ᠬᠠᠷᠢᠴᠠᠭᠤᠯᠪᠠᠯ᠂ ᠬᠠᠯᠠᠭᠤᠨ ᠢ ᠬᠥᠨᠳᠡᠶᠢᠷᠡᠭᠦᠯᠵᠦ ᠳᠤᠯᠠᠭᠠᠨ ᠢ ᠬᠠᠮᠠᠭᠠᠯᠠᠬᠤ ᠲᠠᠯ᠎ᠠ ᠪᠠᠷ ᠥᠪᠡᠷᠮᠢᠴᠡ ᠳᠠᠪᠠᠭᠤᠯᠢᠭ ᠲᠠᠯ᠎ᠠ ᠲᠠᠢ ᠶᠤᠮ᠃ ᠲᠡᠷᠡ ᠨᠢ ᠡᠨᠧᠷᠭᠢ ᠶᠢᠨ ᠰᠤᠷᠪᠤᠯᠵᠢ ᠶᠢ ᠠᠷᠪᠢᠯᠠᠬᠤ ᠪᠠᠷ ᠪᠠᠷᠠᠬᠤ ᠦᠭᠡᠢ ᠪᠠᠰᠠ ᠭᠡᠷ ᠳᠣᠲᠣᠷᠠᠬᠢ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠥᠮᠥᠰ ᠲᠤ ᠨᠡᠩ ᠡᠷᠡᠭᠦᠯ ᠴᠢᠭᠢᠷᠠᠭ᠂ ᠲᠠᠭᠠᠯᠠᠮᠵᠢᠲᠠᠢ ᠠᠮᠢᠳᠤᠷᠠᠯ ᠤᠨ ᠤᠶᠢᠯᠠᠭᠠᠯᠳᠠ ᠶᠢ ᠠᠪᠴᠢᠷᠠᠵᠤ ᠥᠭᠲᠡᠭ᠃       ᠬᠡᠷᠡᠯ ᠴᠡᠨᠡᠭ ᠪᠣᠯᠣᠨ ᠪᠠᠷᠢᠯᠭ᠎ᠠ ᠶᠢᠨ ᠤᠶᠠᠯᠳᠤᠯ ᠨᠢ ᠪᠣᠳᠠᠲᠠᠢ ᠠᠵᠤ ᠠᠬᠤᠢ ᠶᠢᠨ ᠦᠷ᠎ᠡ ᠠᠰᠢᠭ ᠢ ᠠᠪᠴᠢᠷᠠᠭᠰᠠᠨ ᠢᠶᠠᠷ ᠪᠠᠷᠠᠬᠤ ᠦᠭᠡᠢ᠂ ᠪᠠᠰᠠ ᠠᠯᠤᠰ ᠬᠡᠲᠦ ᠶᠢᠨ ᠨᠡᠶᠢᠭᠡᠮ ᠤᠨ ᠠᠴᠢ ᠬᠤᠯᠪᠣᠭᠳᠠᠯ ᠲᠠᠢ ᠶᠤᠮ᠃ ᠨᠢᠭᠡ ᠲᠠᠯ᠎ᠠ ᠪᠠᠷ᠂ ᠬᠡᠷᠡᠯ ᠴᠡᠨᠡᠭ ᠤᠨ ᠪᠠᠷᠢᠯᠭ᠎ᠠ ᠨᠢ ᠪᠠᠷᠢᠯᠭ᠎ᠠ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ ᠪᠣᠯᠣᠨ᠎ᠠ᠃ ᠨᠡᠷᠡᠨ ᠡᠨᠧᠷᠭᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠠᠷ ᠳᠠᠮᠵᠢᠭᠤᠯᠤᠨ᠂ ᠪᠠᠷᠢᠯᠭ᠎ᠠ ᠨᠢ ᠤᠯᠠᠮᠵᠢᠯᠠᠯᠲᠤ ᠴᠠᠬᠢᠯᠭᠠᠨ ᠲᠣᠣᠷ ᠲᠤ ᠲᠦᠰᠢᠭᠯᠡᠬᠦ ᠶᠢ ᠪᠠᠭᠠᠰᠬᠠᠵᠤ᠂ ᠴᠠᠬᠢᠯᠭᠠᠨ ᠤ ᠰᠦᠢᠳᠬᠡᠯ ᠤᠨ ᠵᠠᠷᠤᠯᠭ᠎ᠠ ᠶᠢ ᠪᠠᠭᠠᠰᠬᠠᠵᠤ ᠪᠣᠯᠣᠨ᠎ᠠ᠃ ᠡᠭᠦᠨ ᠤ ᠬᠠᠮᠲᠤ᠂ ᠬᠡᠷᠡᠯ ᠴᠡᠨᠡᠭ ᠤᠨ ᠪᠠᠷᠢᠯᠭ᠎ᠠ ᠨᠢ ᠪᠠᠰᠠ ᠵᠠᠰᠠᠭ ᠤᠨ ᠣᠷᠳᠣᠨ ᠤ ᠨᠥᠬᠦᠪᠦᠷᠢ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ᠂ ᠠᠵᠤ ᠠᠬᠤᠢ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠣᠯᠣᠨ᠎ᠠ᠃ ᠬᠡᠷᠡᠯ ᠴᠡᠨᠡᠭ ᠤᠨ ᠪᠠᠷᠢᠯᠭ᠎ᠠ ᠨᠢ ᠶᠠᠭ ᠬᠦᠰᠡᠯ ᠡᠷᠡᠮᠡᠯᠵᠡᠯ ᠤᠨ ᠦᠷ᠎ᠡ ᠰᠢᠭ ᠢᠶᠠᠷ ᠡᠬᠡ ᠭᠠᠵᠠᠷ ᠲᠤ ᠰᠠᠴᠤᠵᠤ᠂ ᠬᠥᠮᠥᠰ ᠲᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠠᠪᠴᠢᠷᠠᠵᠤ ᠥᠭᠲᠡᠭ᠃ ᠨᠥᠭᠦᠭᠡ ᠲᠠᠯ᠎ᠠ ᠪᠠᠷ᠂ ᠬᠡᠷᠡᠯ ᠴᠡᠨᠡᠭ ᠤᠨ ᠪᠠᠷᠢᠯᠭ᠎ᠠ ᠶᠢᠨ ᠳᠡᠯᠭᠡᠷᠡᠭᠦᠯᠦᠯᠲᠡ ᠪᠠ ᠬᠡᠷᠡᠭᠯᠡᠯᠲᠡ ᠨᠢ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢ ᠠᠬᠢᠭᠤᠯᠵᠤ᠂ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠵᠤ ᠪᠣᠯᠣᠨ᠎ᠠ᠃ ᠪᠥᠬᠦ ᠪᠥᠮᠪᠥᠷᠴᠡᠭ ᠤᠨ ᠣᠷᠴᠢᠨ ᠠᠬᠤᠢ ᠶᠢᠨ ᠬᠠᠮᠠᠭᠠᠯᠠᠯᠲᠠ ᠶᠢ ᠴᠢᠬᠤᠯᠠᠴᠢᠯᠠᠬᠤ ᠪᠠ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠬᠦ ᠶᠢ ᠳᠠᠭᠠᠯᠳᠤᠨ᠂ ᠬᠡᠷᠡᠯ ᠴᠡᠨᠡᠭ ᠤᠨ ᠪᠠᠷᠢᠯᠭ᠎ᠠ ᠨᠢ ᠨᠢᠭᠡ ᠵᠦᠢᠯ ᠤᠨ ᠪᠣᠬᠢᠷᠲᠤᠯ ᠦᠭᠡᠢ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠪᠠᠷᠢᠯᠭ᠎ᠠ ᠶᠢᠨ ᠬᠡᠯᠪᠡᠷᠢ ᠪᠣᠯᠤᠭᠰᠠᠨ ᠤ ᠬᠤᠪᠢ ᠳᠤ᠂ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠬᠦ ᠪᠣᠯᠣᠨ᠎ᠠ᠃ ᠲᠡᠷᠡ ᠨᠢ ᠬᠥᠮᠥᠰ ᠲᠤ ᠲᠠᠭᠠᠯᠠᠮᠵᠢᠲᠠᠢ᠂ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠨ ᠥᠭᠬᠦ ᠶᠢᠨ ᠬᠠᠮᠲᠤ ᠦᠷ᠎ᠡ ᠬᠤᠶᠢᠴᠢᠰ ᠲᠠᠭᠠᠨ ᠬᠥᠬᠡᠮᠳᠦᠭ ᠤᠰᠤ ᠬᠥᠬᠡ ᠣᠭᠲᠠᠷᠭᠤᠢ ᠶᠢ ᠦᠯᠡᠳᠡᠭᠡᠵᠦ ᠥᠭᠲᠡᠭ᠃ ᠲᠡᠷᠡ ᠨᠢ ᠪᠤᠰᠤᠳ ᠬᠦᠷᠢᠶᠡᠨ ᠳᠠᠬᠢ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠬᠡᠷᠡᠭᠯᠡᠯᠲᠡ ᠳᠤ ᠰᠤᠷᠭᠠᠮᠵᠢ ᠪᠠ ᠯᠠᠪᠯᠠᠯᠲᠠ ᠬᠠᠩᠭᠠᠵᠤ᠂ ᠪᠦᠬᠦ᠋ᠢᠯᠡ ᠨᠡᠶᠢᠭᠡᠮ ᠤᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠭᠯᠡᠯ ᠢᠶᠠᠷ ᠬᠥᠭᠵᠢᠬᠦ ᠶᠢ ᠲᠦᠯᠬᠢᠨ ᠠᠬᠢᠭᠤᠯᠵᠤ ᠪᠣᠯᠣᠨ᠎ᠠ᠃ ᠡᠨᠧᠷᠭᠢ ᠶᠢᠨ ᠬᠤᠪᠢᠰᠬᠠᠯ ᠳᠤ᠂ ᠬᠡᠷᠡᠯ ᠴᠡᠨᠡᠭ ᠤᠨ ᠪᠠᠷᠢᠯᠭ᠎ᠠ ᠨᠢ ᠶᠠᠭ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠷ ᠢᠶᠠᠨ ᠢᠷᠡᠭᠡᠳᠦᠢ ᠶᠢᠨ ᠪᠠᠷᠢᠯᠭ᠎ᠠ ᠶᠢᠨ ᠬᠥᠭᠵᠢᠯᠲᠡ ᠶᠢᠨ ᠴᠢᠭᠯᠡᠯ ᠢ ᠬᠥᠲᠥᠯᠵᠦ ᠪᠠᠶᠢᠨ᠎ᠠ᠃      ᠬᠡᠷᠡᠯ ᠴᠡᠨᠡᠭ ᠪᠣᠯᠣᠨ ᠪᠠᠷᠢᠯᠭ᠎ᠠ ᠶᠢᠨ ᠠᠭᠤᠰᠤᠯᠴᠠᠯ ᠨᠢ ᠲᠡᠶᠢᠮᠦ ᠰᠢᠭᠤᠳ ᠰᠢᠯᠤᠭᠤᠨ ᠪᠢᠰᠢ᠂ ᠪᠣᠳᠠᠲᠠᠢ ᠬᠡᠷᠡᠭᠯᠡᠯᠲᠡ ᠶᠢᠨ ᠳᠤᠮᠳᠠ ᠪᠠᠰᠠ ᠡᠳᠦᠢ ᠲᠡᠳᠦᠢ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠮᠡᠷᠭᠡᠵᠢᠯ ᠤᠨ ᠲᠠᠯ᠎ᠠ ᠪᠠᠷ᠂ ᠬᠡᠷᠡᠯ ᠴᠡᠨᠡᠭ ᠤᠨ ᠬᠠᠪᠲᠠᠰᠤᠨ ᠤ ᠦᠷ᠎ᠡ ᠪᠦᠲᠦᠮᠵᠢ ᠪᠠ ᠠᠮᠢ ᠨᠠᠰᠤ ᠶᠢ ᠳᠡᠭᠡᠭᠰᠢᠯᠡᠭᠦᠯᠬᠦ ᠴᠢᠬᠤᠯᠠᠲᠠᠢ᠂ ᠬᠡᠷᠡᠯ ᠴᠡᠨᠡᠭ ᠤᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠨᠠᠶᠢᠳᠠᠪᠤᠷᠢᠲᠤ ᠴᠢᠨᠠᠷ ᠢ ᠴᠤ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ ᠥᠪᠡᠷ ᠤᠨ ᠥᠷᠲᠡᠭ ᠤᠨ ᠲᠠᠯ᠎ᠠ ᠪᠠᠷ᠂ ᠬᠡᠷᠡᠯ ᠴᠡᠨᠡᠭ ᠤᠨ ᠪᠠᠷᠢᠯᠭ᠎ᠠ ᠶᠢᠨ ᠠᠩᠬᠠᠨ ᠤ ᠪᠡᠯᠡ ᠣᠷᠣᠭᠤᠯᠤᠯᠲᠠ ᠨᠡᠯᠢᠶᠡᠳ ᠥᠨᠳᠥᠷ ᠪᠠᠶᠢᠵᠤ᠂ ᠲᠡᠭᠦᠨ ᠢ ᠶᠡᠭᠡ ᠬᠡᠪᠴᠢᠶ᠎ᠡ ᠪᠠᠷ ᠳᠡᠯᠭᠡᠷᠡᠭᠦᠯᠦᠨ ᠬᠡᠷᠡᠭᠯᠡᠬᠦ ᠶᠢ ᠵᠣᠬᠢᠬᠤ ᠬᠡᠮᠵᠢᠶ᠎ᠡ ᠪᠠᠷ ᠬᠢᠵᠠᠭᠠᠷᠯᠠᠵᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠰᠦᠷᠡᠯᠳᠠ ᠦᠭᠡᠢ ᠲᠡᠪᠰᠢᠬᠤ ᠪᠠ  ᠲᠦᠷᠦ ᠶᠢᠨ ᠪᠣᠳᠣᠯᠭ᠎ᠠ ᠶᠢᠨ ᠲᠡᠰᠦᠷᠡᠯᠳᠠ ᠦᠭᠡᠢ ᠲᠡᠭᠦᠯᠳᠡᠷᠵᠢᠬᠦ ᠶᠢ ᠳᠠᠭᠠᠯᠳᠤᠨ ᠡᠳᠡᠭᠡᠷ ᠠᠰᠠᠭᠤᠳᠠᠯ ᠤᠳ ᠴᠥᠮ ᠠᠯᠬᠤᠮ ᠠᠯᠬᠤᠮ ᠢᠶᠠᠷ ᠰᠢᠢᠳᠪᠦᠷᠢᠯᠡᠭᠳᠡᠬᠦ ᠪᠣᠯᠣᠨ᠎ᠠ᠃ ᠢᠷᠡᠭᠡᠳᠦᠢ ᠶᠢᠨ ᠬᠥᠭᠵᠢᠯᠲᠡ ᠶᠢᠨ ᠵᠠᠮ ᠳᠡᠭᠡᠷ᠎ᠡ᠂ ᠬᠡᠷᠡᠯ ᠴᠡᠨᠡᠭ ᠤᠨ ᠪᠠᠷᠢᠯᠭ᠎ᠠ ᠨᠠᠩ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠪᠣᠯᠬᠤ ᠴᠢᠳᠠᠨ᠎ᠠ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1