ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠢᠨᠠᠷ ᠰᠠᠶᠢᠲᠠᠢ ᠣᠷᠣᠨ ᠰᠠᠭᠤᠴᠠ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠵᠢᠯᠤᠭᠤᠳᠬᠤ ᠰᠠᠨᠠᠯ︾ ︵ | ᠥᠪᠥᠷ ᠪᠠᠶᠢᠭᠤᠯᠤᠯᠳᠠ ᠪᠠᠶᠢᠰᠢᠩ ﹇2024﹈ 178 ᠲᠣᠭᠠᠲᠤ᠂ ᠳᠣᠷᠣᠭᠰᠢ ︽ᠵᠢᠯᠤᠭᠤᠳᠬᠤ ᠰᠠᠨᠠᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠶᠢᠨ | ᠤᠠᠯᠨ ᠲᠦᠮᠡᠨ ᠤ ᠬᠠᠮᠢᠶ᠎ᠠ ᠪᠦᠬᠦᠢ ᠠᠭᠤᠯᠭ᠎ᠠ ᠶᠢ ᠨᠠᠩ ᠰᠠᠶᠢᠨ ᠣᠶᠢᠯᠠᠭᠠᠬᠤ ᠳᠤ ᠲᠥᠬᠦᠮ ᠦᠵᠡᠭᠦᠯᠬᠦ ᠶᠢᠨ | ᠲᠤᠰᠠᠳᠠ᠂ ᠡᠳᠦᠭᠡ ᠵᠢᠯᠤᠭᠤᠳᠬᠤ ᠰᠠᠨᠠᠯ ᠤᠨ ᠬᠠᠮᠢᠶ᠎ᠠ ᠪᠦᠬᠦᠢ ᠠᠭᠤᠯᠭ᠎ᠠ ᠳᠤ ᠳᠣᠣᠷᠠᠬᠢ ᠮᠡᠲᠦ ᠲᠠᠶᠢᠯᠤᠮᠵᠢ ᠬᠢᠶ᠎ᠠ᠃ | | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠠᠷᠠᠳ ᠣᠯᠠᠨ ᠤ ᠵᠠᠶᠢᠯᠠᠰᠢ ᠦᠭᠡᠢ ᠴᠢᠨᠠᠷ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠶᠢ ᠬᠠᠩᠭᠠᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠢ ᠠᠷᠠᠳ ᠲᠦᠮᠡᠨ ᠤ | ᠰᠠᠨᠠᠭᠠᠨ ᠳᠤ ᠨᠡᠶᠢᠴᠡᠭᠰᠡᠨ ᠴᠢᠨᠠᠷ ᠰᠠᠶᠢᠲᠠᠢ ᠣᠷᠣᠨ ᠰᠠᠭᠤᠴᠠ ᠪᠠᠶᠢᠭᠤᠯᠬᠤ ᠶᠢ ᠵᠣᠷᠢᠭᠵᠢᠭᠤᠯᠵᠤ᠂ ᠪᠦᠬᠦ ᠣᠷᠣᠨ ᠤ | ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠳᠡᠰ ᠲᠡᠪᠰᠢᠭᠦᠯᠬᠦ ᠳᠤ ᠬᠦᠴᠦᠨ | ᠨᠡᠮᠡᠷᠢᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠬᠤ ᠶᠢᠨ ᠲᠦᠯᠦᠭᠡ᠂ ︽ᠪᠠᠷᠢᠯᠭ᠎ᠠ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ 173 | ᠳ᠋ᠤᠭᠠᠷ ᠲᠣᠭᠠᠲᠤ︶ ᠪᠠ ︽ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2021﹈ 41 ᠳ᠋ᠤᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠪᠠ ᠤᠯᠤᠰ᠂ ᠣᠷᠣᠨ | ᠨᠤᠲᠤᠭ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠣᠳᠠᠲᠠᠢ ᠲᠠᠢ | ᠤᠶᠠᠯᠳᠤᠭᠤᠯᠤᠨ᠂ ︽ᠵᠢᠯᠤᠭᠤᠳᠬᠤ ᠰᠠᠨᠠᠯ︾ ᠢ ᠰᠤᠳᠤᠯᠤᠨ ᠲᠣᠭᠲᠠᠭᠠᠬᠤ ᠶᠢᠨ ᠬᠠᠮᠲᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠮᠡᠷᠭᠡᠵᠢᠯ ᠤᠨ ᠵᠢᠯᠤᠭᠤᠳᠤᠮᠵᠢ︾ ᠶᠢ ᠳᠠᠭᠠᠯᠳᠤᠭᠤᠯᠪᠠ᠃ | ᠬᠤᠶᠠᠷ᠂ ᠲᠤᠭᠤᠷᠪᠢᠨ ᠪᠢᠴᠢᠭᠰᠡᠨ ᠶᠠᠪᠤᠴᠠ | 2024 ᠣᠨ ᠤ 3 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ | ᠲᠢᠩᠬᠢᠮ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ᠂ ᠬᠠᠮᠢᠶ᠎ᠠ ᠪᠦᠬᠦᠢ ᠠᠵᠤ ᠠᠬᠤᠶᠢᠯᠠᠯ | ᠠᠴᠠ ᠰᠠᠨᠠᠯ ᠰᠠᠨᠠᠭᠤᠯᠭ᠎ᠠ ᠬᠤᠷᠢᠶᠠᠭᠰᠠᠨ ᠪᠥᠭᠡᠳ 2024 ᠣᠨ ᠤ 4 ᠳ᠋ᠤᠭᠡᠷ ᠰᠠᠷ᠎ᠠ ᠶᠢᠨ 3 ᠤ ᠡᠳᠦᠷ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠠᠯᠪᠠᠨ ᠤ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠨᠡᠶᠢᠲᠡ ᠠᠴᠠ ᠢᠯᠡ ᠪᠠᠷ | ᠰᠠᠨᠠᠯ ᠰᠠᠨᠠᠭᠤᠯᠭ᠎ᠠ ᠬᠤᠷᠢᠶᠠᠭᠰᠠᠨ ᠪᠠᠶᠢᠨ᠎ᠠ᠃ ᠨᠡᠶᠢᠳᠡ 44 ᠵᠦᠢᠯ ᠤᠨ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ 3 | ᠤᠳᠠᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠵᠢᠯᠤᠭᠤᠳᠬᠤ ᠰᠠᠨᠠᠯ ᠢ ᠰᠤᠳᠤᠯᠤᠨ ᠨᠤᠲᠠᠯᠠᠵᠤ᠂ | ᠵᠢᠷᠤᠮ ᠶᠣᠰᠣᠭᠠᠷ 2024 ᠣᠨ ᠤ 8 ᠳ᠋ᠤᠭᠠᠷ ᠰᠠᠷ᠎ᠠ ᠶᠢᠨ 2 ᠤᠨ ᠡᠳᠦᠷ ᠭᠡᠷᠡᠴᠢᠯᠡᠭᠡ ᠰᠣᠨᠣᠰᠬᠤ ᠬᠤᠷᠠᠯ | ᠬᠤᠷᠠᠯᠳᠤᠭᠤᠯᠵᠤ ᠵᠥᠪᠳᠡᠯᠴᠡᠪᠡ᠃ | ᠭᠤᠷᠪᠠ᠂ ᠭᠤᠣᠯ ᠠᠭᠤᠯᠭ᠎ᠠ | ︽ᠵᠢᠯᠤᠭᠤᠳᠬᠤ ᠰᠠᠨᠠᠯ︾ ᠢ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ | ᠠᠷᠭ᠎ᠠ ᠬᠡᠮᠵᠢᠶ᠎ᠡ ᠭᠡᠵᠦ ᠭᠤᠷᠪᠠᠨ ᠬᠡᠰᠡᠭ ᠲᠤ ᠬᠤᠪᠢᠶᠠᠵᠤ᠂ ᠠᠷᠪᠠᠨ ᠨᠢᠭᠡᠨ ᠵᠦᠢᠯ ᠤᠨ ᠪᠣᠳᠠᠲᠠᠢ ᠱᠠᠭᠠᠷᠳᠠᠯᠭ᠎ᠠ | ᠳᠤᠷᠠᠳᠪᠠ᠃ ᠶᠠᠰᠤ ᠴᠢᠨᠠᠷ ᠢ ᠬᠠᠮᠢᠶᠠᠷᠤᠨ ᠡᠵᠡᠮᠳᠡᠬᠦ᠂ ᠳᠠᠯᠳᠠ ᠬᠡᠮ ᠢ ᠠᠷᠢᠯᠭᠠᠬᠤ᠂ ᠴᠢᠳᠠᠮᠵᠢ ᠶᠢ | ᠲᠡᠭᠦᠯᠳᠡᠷᠵᠢᠭᠦᠯᠬᠦ᠂ ᠢᠵᠢ ᠪᠦᠷᠢᠳᠦᠭᠦᠯᠬᠦ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠲᠣᠰ ᠲᠣᠰ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ᠂ ᠪᠠᠷᠢᠯᠭ᠎ᠠ ᠶᠢᠨ ᠠᠵᠤ ᠠᠬᠤᠶᠢᠯᠠᠯ᠂ ᠵᠢᠷᠤᠭᠯᠠᠨ ᠲᠥᠯᠥᠪᠯᠡᠬᠦ | ᠨᠢᠭᠡᠴᠢ᠂ ᠬᠢᠨᠠᠨ ᠬᠠᠮᠢᠶᠠᠷᠤᠯᠳᠠ ᠶᠢᠨ ᠨᠢᠭᠡᠴᠢ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠵᠢᠴᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠠᠭᠤᠯᠭ᠎ᠠ ᠪᠠ ᠬᠠᠷᠢᠭᠤᠴᠠᠯᠭ᠎ᠠ ᠶᠢ ᠬᠤᠪᠢᠶᠠᠷᠯᠠᠪᠠ᠃ | ᠴᠢᠨᠠᠷ ᠰᠠᠶᠢᠲᠠᠢ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠳᠤ ︽ᠰᠠᠶᠢᠨ ᠭᠡᠷ ᠪᠠᠶᠢᠰᠢᠩ᠂ ᠰᠠᠶᠢᠨ | ᠰᠠᠭᠤᠭᠠᠯᠢ ᠠᠷᠠᠳ ᠤᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠲᠠ ᠶᠢᠨ ᠲᠣᠭᠤᠷᠢᠭ︾ ᠢ | ᠪᠦᠲᠦᠭᠡᠨ ᠪᠠᠶᠢᠭᠤᠯᠬᠤ ᠪᠠᠷ ᠵᠠᠷᠴᠢᠮ ᠪᠣᠯᠭᠠᠵᠤ᠂ ᠣᠲᠣ ᠦᠶ᠎ᠡ ᠶᠢᠨ ᠭᠡᠷ ᠪᠦᠯᠢ ᠶᠢᠨ ᠣᠷᠣᠨ ᠰᠠᠭᠤᠴᠠ ᠶᠢᠨ | ᠬᠡᠷᠡᠭᠴᠡᠭᠡ ᠱᠠᠭᠠᠷᠳᠠᠯᠭ᠎ᠠ᠂ ᠬᠥᠮᠥᠨ ᠠᠮᠠ ᠶᠢᠨ ᠪᠦᠲᠦᠴᠡ ᠪᠠ ᠠᠮᠢᠳᠤᠷᠠᠯ ᠤᠨ ᠠᠷᠭ᠎ᠠ ᠮᠠᠶ᠋ᠢᠭ ᠤᠨ | ᠬᠤᠪᠢᠷᠠᠯᠲᠠ ᠶᠢᠨ ᠬᠠᠨᠳᠤᠰᠢ ᠲᠠᠢ ᠤᠶᠠᠯᠳᠤᠭᠤᠯᠤᠨ᠂ ᠠᠳᠠᠯᠢ ᠪᠤᠰᠤ ᠭᠡᠷ ᠪᠠᠶᠢᠰᠢᠩ ᠬᠤᠳᠠᠯᠳᠤᠨ ᠠᠪᠤᠭᠴᠢ ᠶᠢᠨ | ᠥᠪᠡᠷᠮᠢᠴᠡ᠂ ᠴᠢᠳᠠᠮᠵᠢᠵᠢᠭᠰᠠᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠ | ᠦᠢᠯᠡᠴᠢᠯᠡᠭᠡᠨ ᠤ ᠠᠭᠤᠯᠭ᠎ᠠ ᠪᠠᠨ ᠤᠷᠲᠤᠳᠬᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠳᠥᠷᠪᠡ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ | ︵ᠨᠢᠭᠡ︶ ᠭᠡᠷ ᠪᠠᠶᠢᠰᠢᠩ ᠢ ᠰᠢᠯᠭᠠᠨ ᠪᠠᠶᠢᠴᠠᠭᠠᠬᠤ ᠲᠣᠳᠣᠷᠬᠠᠢ ᠬᠠᠭᠤᠳᠠᠰᠤ ᠬᠠᠩᠭᠠᠬᠤ᠂ ᠭᠡᠷ ᠪᠠᠶᠢᠰᠢᠩ ᠢ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠵᠠᠰᠠᠬᠤ ᠶᠢ ᠬᠡᠷᠡᠭᠵᠢᠭᠦᠯᠬᠦ ᠶᠢ ᠠᠬᠢᠭᠤᠯᠬᠤ ᠵᠡᠷᠭᠡ ᠱᠠᠭᠠᠷᠳᠠᠯᠭ᠎ᠠ ᠶᠢ | ᠲᠣᠳᠣᠷᠬᠠᠶᠢᠯᠠᠵᠤ᠂ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠡᠷ | ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠳᠤᠯᠠᠨ᠎ᠠ᠃ | ︵ᠬᠤᠶᠠᠷ︶ ᠵᠢᠷᠤᠭ ᠲᠥᠯᠥᠪᠯᠡᠭᠡ ᠶᠢᠨ ᠨᠠᠷᠢᠨ ᠵᠦᠢᠯᠡᠰ ᠢ ᠰᠢᠯᠢᠳᠡᠭᠵᠢᠭᠦᠯᠬᠦ᠂ ᠬᠡᠷᠡᠭᠯᠡᠭᠡᠨ ᠤ ᠴᠢᠳᠠᠮᠵᠢ ᠶᠢ | ᠲᠡᠭᠦᠯᠳᠡᠷᠵᠢᠭᠦᠯᠬᠦ᠂ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ᠂ ᠮᠡᠳᠡᠭᠡ ᠵᠠᠩᠭᠢ ᠶᠢᠨ ᠮᠡᠷᠭᠡᠵᠢᠯ ᠢ ᠣᠷᠣᠨ ᠰᠠᠭᠤᠴᠠ ᠶᠢᠨ ᠵᠢᠷᠤᠭ ᠲᠥᠯᠥᠪᠯᠡᠭᠡ ᠳᠤ | ᠠᠭᠤᠰᠤᠯᠴᠠᠭᠤᠯᠬᠤ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠡᠷ ᠪᠠᠶᠢᠰᠢᠩ ᠬᠤᠳᠠᠯᠳᠤᠨ ᠠᠪᠤᠭᠴᠢ ᠳᠤ | ᠠᠮᠢᠳᠤᠷᠠᠯ ᠤᠨ ᠲᠥᠬᠦᠮ ᠦᠵᠡᠭᠦᠯᠦᠨ᠎ᠡ᠃ | ︵ᠭᠤᠷᠪᠠ︶ ᠲᠣᠪᠶᠤᠭ ᠮᠠᠶ᠋ᠢᠭ ᠤᠨ ᠪᠦᠷᠢᠨ ᠵᠠᠰᠠᠵᠤ ᠴᠢᠮᠡᠭᠯᠡᠬᠦ ᠵᠠᠭᠪᠤᠷ ᠢ ᠬᠡᠷᠡᠭᠵᠢᠭᠦᠯᠬᠦ ᠶᠢ | ᠲᠣᠳᠣᠷᠬᠠᠶᠢᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠣᠯᠵᠢᠬᠤᠨ ᠢ ᠬᠡᠷᠡᠭᠯᠡᠨ | ᠳᠡᠯᠭᠡᠷᠡᠭᠦᠯᠵᠦ᠂ ᠠᠳᠠᠯᠢ ᠪᠤᠰᠤ ᠭᠡᠷ ᠪᠠᠶᠢᠰᠢᠩ ᠬᠤᠳᠠᠯᠳᠤᠨ ᠠᠪᠤᠭᠴᠢ ᠶᠢᠨ ᠥᠪᠡᠷᠮᠢᠴᠡᠵᠢᠭᠰᠡᠨ᠂ ᠴᠢᠳᠠᠮᠵᠢᠵᠢᠭᠰᠠᠨ | ᠵᠠᠰᠠᠵᠤ ᠴᠢᠮᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ︵ᠲᠠᠶᠢᠯᠪᠤᠷᠢᠯᠠᠭᠴᠢ᠄ ᠸᠠᠩ ᠷᠦᠢ ᠨᠢᠩ᠂ ᠬᠠᠷᠢᠯᠴᠠᠬᠤ ᠤᠳᠠᠰᠤ᠄ 6945031︶ | ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ | |