ᠦᠪᠦᠷ ᠪᠠᠶᠢᠭᠤᠯᠤᠯᠳᠠ ᠪᠠᠷᠢᠮᠵᠢᠶ᠎ᠠ ﹇2024﹈ 188 ᠳ᠋ᠤᠭᠠᠷ ᠲᠣᠭᠠᠲᠤ | ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠲᠤ᠄ | ᠪᠠᠷᠢᠯᠭ᠎ᠠ ᠶᠢᠨ ᠬᠦᠷᠢᠶᠡᠨ ᠤ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠣᠷᠣᠨ ᠰᠠᠭᠤᠴᠠ | ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠪᠣᠶᠢᠵᠢᠭᠤᠯᠤᠨ ᠬᠥᠭᠵᠢᠭᠦᠯᠬᠦ ᠶᠢᠨ ᠲᠤᠰᠠᠳᠠ᠂ ︽ᠠᠵᠤ ᠦᠢᠯᠡᠳᠪᠦᠷᠢᠵᠢᠯᠲᠡ︾ ᠪᠠᠷ | ᠦᠢᠯᠡᠳᠪᠦᠷᠢᠯᠡᠯ ᠤᠨ ᠠᠷᠭ᠎ᠠ ᠮᠠᠶ᠋ᠢᠭ ᠪᠣᠯᠭᠠᠵᠤ᠂ ︽ᠲᠣᠭᠠᠴᠢᠯᠠᠯᠲᠠ︾ ᠪᠠᠷ ᠮᠡᠷᠭᠡᠵᠢᠯ ᠤᠨ ᠠᠷᠭ᠎ᠠ ᠪᠠᠷᠢᠯ ᠪᠣᠯᠭᠠᠵᠤ | ᠂ ︽ᠪᠣᠬᠢᠷᠲᠤᠯ ᠦᠭᠡᠢ ᠬᠦᠭᠵᠢᠯᠳᠡ︾ ᠪᠠᠷ ᠬᠠᠷᠠᠯᠲᠠ ᠪᠣᠯᠭᠠᠨ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠡᠳᠦᠭᠡ | ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠶᠡᠷᠦᠩᠬᠡᠢ ᠱᠠᠭᠠᠷᠳᠠᠯᠭ᠎ᠠ | ᠢᠨᠵᠧᠨᠧᠷᠢᠩ ᠤᠨ ᠲᠥᠷᠥᠯ ᠵᠦᠢᠯ ᠢᠶᠠᠷ ᠭᠠᠷᠳᠠᠴᠠ ᠪᠣᠯᠭᠠᠵᠤ᠂ ᠪᠠᠷᠢᠯᠭ᠎ᠠ ᠶᠢᠨ ᠦᠢᠯᠡᠰ ᠬᠢᠭᠡᠳ | ᠲᠡᠷᠢᠭᠦᠨ ᠤ ᠦᠢᠯᠡᠳᠬᠦ ᠮᠡᠷᠭᠡᠵᠢᠯ᠂ ᠲᠣᠭᠠᠴᠢᠯᠠᠭᠰᠠᠨ ᠮᠡᠷᠭᠡᠵᠢᠯ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠮᠡᠷᠭᠡᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠳᠪᠦᠷᠢᠵᠢᠯᠲᠡ ᠶᠢᠨ | ᠬᠡᠯᠪᠡᠷᠢ ᠶᠢᠨ ᠬᠤᠪᠢᠷᠠᠭᠤᠯᠤᠯᠲᠠ᠂ ᠲᠣᠭᠠᠴᠢᠯᠠᠯᠲᠠ ᠶᠢᠨ ᠳᠡᠰ ᠳᠠᠪᠰᠢᠯᠲᠠ᠂ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠬᠤ ᠪᠠᠷ ᠳᠡᠮᠵᠢᠨ᠂ ᠤᠶᠤᠯᠢᠬ ᠪᠦᠲᠦᠭᠡᠨ ᠪᠠᠶᠢᠭᠤᠯᠤᠯᠲᠠ ᠶᠢᠨ ᠭᠤᠣᠯᠯᠠᠬᠤ ᠮᠡᠷᠭᠡᠵᠢᠯ ᠤᠨ ᠰᠢᠨ᠎ᠡ ᠶᠢ | ᠡᠭᠦᠳᠦᠨ᠂ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠪᠡᠶᠡᠯᠡᠭᠦᠯᠦᠨ᠂ ᠪᠠᠷᠢᠯᠭ᠎ᠠ ᠶᠢᠨ ᠬᠥᠲᠥᠴᠢ ᠠᠵᠤ ᠠᠬᠤᠶᠢᠯᠠᠯ᠂ ᠣᠨᠴᠠᠯᠢᠭᠲᠤ ᠳᠠᠪᠠᠭᠤᠯᠢᠭ ᠲᠥᠷᠥᠯ ᠵᠦᠢᠯ ᠤᠨ | ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠬᠦ᠂ | ᠡᠳ᠋ᠰᠢᠭᠦᠯᠬᠦ᠂ ᠪᠠᠷᠢᠯᠭ᠎ᠠ ᠪᠠᠷᠢᠬᠤ ᠤᠭᠰᠠᠷᠠᠬᠤ᠂ ᠡᠵᠡᠩᠨᠡᠬᠦ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢ | ᠠᠭᠤᠰᠤᠯᠴᠠᠭᠤᠯᠤᠨ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠰᠢᠰᠲ᠋ᠧᠮᠵᠢ ᠶᠢ ᠪᠦᠷᠢᠯᠳᠦᠭᠦᠯᠵᠦ᠂ | ᠪᠠᠷᠢᠯᠭ᠎ᠠ ᠶᠢᠨ ᠠᠵᠢᠯ ᠤᠨ ᠴᠢᠨᠠᠷ ᠰᠠᠶᠢᠲᠠᠢ᠂ ᠥᠨᠳᠥᠷ ᠦᠷ᠎ᠡ ᠠᠰᠢᠭ ᠲᠠᠢ᠂ ᠡᠨᠧᠷᠭᠢ ᠶᠢᠨ ᠬᠤᠷᠣᠭᠳᠠᠯ ᠢᠶᠠᠷ ᠪᠠᠭ᠎ᠠ | ᠵᠡᠷᠭᠡ ᠬᠠᠷᠠᠯᠲᠠ ᠳᠤ ᠬᠦᠷᠦᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠪᠠᠷᠢᠯᠭ᠎ᠠ ᠶᠢᠨ ᠬᠦᠷᠢᠶᠡᠨ ᠤ ᠠᠵᠤ ᠦᠢᠯᠡᠳᠪᠦᠷᠢᠵᠢᠭᠦᠯᠦᠯᠲᠡ ᠶᠢᠨ ᠬᠥᠭᠵᠢᠯᠲᠡ ᠶᠢ ᠲᠦᠯᠬᠢᠨ | ᠠᠬᠢᠭᠤᠯᠤᠨ᠎ᠠ᠃ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠲᠦᠯᠬᠢᠨ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠷᠢᠳᠴᠢᠯᠠᠨ ᠦᠢᠯᠡᠳᠦᠭᠰᠡᠨ ᠠᠰᠠᠷ ᠤᠨ ᠬᠠᠪᠲᠠᠰᠤ᠂ | ᠤᠷᠢᠳᠴᠢᠯᠠᠨ ᠦᠢᠯᠡᠳᠦᠭᠰᠡᠨ ᠠᠰᠠᠷ ᠤᠨ ᠱᠠᠲᠤ ᠶᠢᠨ ᠬᠠᠪᠲᠠᠰᠤ ᠪᠠ ᠤᠷᠢᠳᠴᠢᠯᠠᠨ ᠦᠢᠯᠡᠳᠦᠭᠰᠡᠨ ᠳᠣᠲᠣᠷ | ᠬᠡᠷᠡᠮ ᠤᠨ ᠬᠠᠪᠲᠠᠰᠤ ᠵᠡᠷᠭᠡ ᠤᠭᠰᠠᠷᠠᠮᠠᠯ ᠮᠠᠶ᠋ᠢᠭ ᠤᠨ ᠦᠢᠯᠡᠳᠬᠦᠨ ᠲᠣᠨᠣᠭᠯᠠᠯ ᠢ ᠤᠷᠢᠳᠠᠪᠠᠷ ᠳᠡᠯᠭᠡᠷᠡᠭᠦᠯᠦᠨ | ᠬᠡᠷᠡᠭᠯᠡᠨ᠎ᠡ︔ ᠪᠠᠷᠢᠯᠭ᠎ᠠ ᠶᠢᠨ ᠱᠠᠲᠤ ᠦᠶ᠎ᠡ ᠶᠢᠨ ᠲᠤᠬᠠᠢ ᠶᠢᠨ ᠲᠠᠯᠠᠪᠠᠶ ᠶᠢᠨ ᠲᠦᠷ ᠴᠠᠭ ᠤᠨ ᠪᠡᠯᠡᠳᠬᠡᠮᠵᠢ ᠶᠢᠨ | ᠲᠠᠯ᠎ᠠ ᠪᠠᠷ ᠤᠭᠰᠠᠷᠠᠮᠠᠯ ᠮᠠᠶ᠋ᠢᠭ ᠤᠨ ᠲᠦᠷ ᠴᠠᠭ ᠤᠨ ᠪᠠᠷᠢᠯᠭ᠎ᠠ᠂ ᠵᠠᠮ ᠤᠨ ᠨᠢᠭᠤᠷ ᠤᠨ ᠤᠷᠢᠳᠴᠢᠯᠠᠨ | ᠦᠢᠯᠡᠳᠦᠭᠰᠡᠨ ᠬᠠᠪᠲᠠᠰᠤ᠂ ᠲᠦᠷ ᠴᠠᠭ ᠤᠨ ᠪᠡᠯᠡᠳᠬᠡᠮᠵᠢ ᠶᠢᠨ ᠤᠷᠢᠳᠴᠢᠯᠠᠨ ᠦᠢᠯᠡᠳᠦᠭᠰᠡᠨ ᠲᠣᠨᠤᠭ ᠵᠡᠷᠭᠡ | ᠤᠭᠰᠠᠷᠠᠮᠠᠯ ᠮᠠᠶ᠋ᠢᠭ ᠤᠨ ᠦᠢᠯᠡᠳᠭᠦᠨ ᠲᠣᠨᠤᠭ ᠢ ᠡᠩ ᠲᠡᠷᠢᠭᠦᠨ ᠳᠤ ᠳᠡᠯᠭᠡᠷᠡᠭᠦᠯᠦᠨ ᠬᠡᠷᠡᠭᠯᠡᠨ᠎ᠡ︔ ᠪᠠᠷᠢᠯᠭ᠎ᠠ ᠶᠢᠨ | ᠵᠢᠷᠤᠭ ᠲᠥᠯᠥᠪᠯᠡᠭᠡ ᠶᠢ ᠪᠠᠷᠢᠮᠵᠢᠶᠠᠵᠢᠭᠤᠯᠬᠤ᠂ ᠰᠡᠯᠪᠢᠭ ᠲᠤᠨᠤᠭ ᠦᠢᠯᠡᠳᠪᠦᠷᠢᠯᠡᠬᠦ ᠂ ᠪᠠᠷᠢᠯᠭ᠎ᠠ ᠶᠢᠨ ᠠᠵᠢᠯ ᠢ | ᠮᠠᠰᠢᠨᠴᠢᠯᠠᠬᠤ ᠪᠠ ᠵᠣᠬᠢᠶᠠᠨ ᠪᠠᠶᠢᠭᠤᠯᠵᠤ ᠬᠠᠮᠢᠶᠠᠷᠬᠤ ᠶᠢ ᠰᠢᠨᠵᠢᠯᠡᠬᠦ ᠤᠬᠠᠭᠠᠨᠴᠢᠯᠠᠯᠳᠠ ᠶᠢ ᠪᠡᠶᠡᠯᠡᠭᠦᠯᠦᠨ᠎ᠡ᠃ ᠡᠯ᠎ᠡ | ᠠᠶᠢᠮᠠᠭ ᠬᠤᠲᠠ ᠨᠤᠭᠤᠳ ᠠᠵᠤ ᠠᠬᠤᠢ ᠨᠡᠶᠢᠭᠡᠮ ᠪᠣᠯᠣᠨ ᠠᠵᠤ ᠦᠢᠯᠡᠰ ᠤᠨ ᠮᠡᠷᠭᠡᠵᠢᠯ ᠤᠨ ᠬᠥᠭᠵᠢᠯᠲᠡ ᠶᠢᠨ | ᠨᠥᠬᠦᠴᠡᠯ ᠢᠶᠠᠨ ᠦᠨᠳᠦᠰᠦᠯᠡᠵᠦ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠭᠰᠠᠷᠠᠮᠠᠯ ᠮᠠᠶ᠋ᠢᠭ ᠤᠨ ᠪᠣᠯᠣᠳ ᠪᠦᠲᠦᠴᠡ᠂ ᠪᠧᠲ᠋ᠤᠨ ᠤ ᠪᠦᠲᠦᠴᠡ᠂ | ᠣᠳᠣ ᠦᠶ᠎ᠡ ᠶᠢᠨ ᠮᠣᠳᠣᠨ ᠪᠦᠲᠦᠴᠡ ᠲᠠᠢ ᠪᠠᠷᠢᠯᠭ᠎ᠠ ᠶᠢᠨ ᠬᠥᠭᠵᠢᠯᠲᠡ ᠶᠢ ᠠᠬᠢᠭᠤᠯᠤᠨ᠎ᠠ᠂ ᠪᠤᠭᠤᠲᠤ ᠬᠤᠲᠠ | ᠤᠭᠰᠠᠷᠠᠮᠠᠯ ᠮᠠᠶ᠋ᠢᠭ ᠤᠨ ᠪᠣᠯᠣᠳ ᠪᠦᠲᠦᠴᠡ ᠲᠠᠢ ᠪᠠᠷᠢᠯᠭ᠎ᠠ ᠶᠢ ᠭᠤᠣᠯᠳᠠᠯᠭ᠎ᠠ ᠲᠠᠢ ᠳᠡᠯᠭᠡᠷᠡᠭᠦᠯᠦᠨ ᠬᠡᠷᠡᠭᠯᠡᠵᠦ᠂ | ᠬᠥᠯᠥᠨ ᠪᠤᠶᠢᠷ ᠬᠤᠲᠠ ᠶᠢᠨ ᠬᠢᠨ ᠤᠭᠰᠠᠷᠠᠮᠠᠯ ᠮᠠᠶ᠋ᠢᠭ ᠤᠨ ᠣᠳᠣ ᠦᠶ᠎ᠡ ᠶᠢᠨ ᠮᠣᠳᠣᠨ ᠪᠦᠲᠦᠴᠡ ᠲᠠᠢ | ᠪᠠᠷᠢᠯᠭ᠎ᠠ ᠶᠢ ᠭᠤᠣᠯᠳᠠᠯᠭ᠎ᠠ ᠲᠠᠢ ᠳᠡᠯᠭᠡᠷᠡᠭᠦᠯᠦᠨ ᠬᠡᠷᠡᠭᠯᠡᠵᠦ᠂ ᠬᠥᠬᠡᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ | ᠬᠤᠲᠠ᠂ ᠣᠷᠳᠣᠰ ᠬᠤᠲᠠ᠂ ᠦᠬᠠᠢ ᠬᠤᠲᠠ ᠤᠭᠰᠠᠷᠠᠮᠠᠯ ᠮᠠᠶ᠋ᠢᠭ ᠤᠨ ᠪᠧᠲ᠋ᠣᠨ ᠪᠠᠷᠢᠯᠭ᠎ᠠ ᠶᠢ ᠭᠤᠣᠯᠳᠠᠯᠭ᠎ᠠ ᠲᠠᠢ | ᠳᠡᠯᠭᠡᠷᠡᠭᠦᠯᠦᠨ ᠬᠡᠷᠡᠭᠯᠡᠵᠦ᠂ ᠪᠠᠷᠢᠯᠭ᠎ᠠ ᠶᠢᠨ ᠪᠦᠲᠦᠴᠡ ᠰᠡᠯᠪᠢᠭ ᠲᠣᠨᠤᠭ᠂ ᠪᠦᠲᠦᠭᠡᠭᠳᠡᠬᠦᠨ ᠤ ᠬᠡᠪᠴᠢᠶᠡᠵᠢᠭᠦᠯᠦᠨ | ᠬᠥᠭᠵᠢᠬᠦ ᠶᠢ ᠠᠬᠢᠭᠤᠯᠵᠤ᠂ ᠪᠥᠬᠦ ᠣᠷᠣᠨ ᠤ ᠡᠯ᠎ᠡ ᠠᠶᠢᠮᠠᠭ ᠬᠤᠲᠠ ᠨᠤᠭᠤᠳ ᠪᠠᠷᠢᠯᠭ᠎ᠠ ᠶᠢᠨ ᠱᠠᠲᠤ ᠦᠶ᠎ᠡ ᠶᠢᠨ | ᠲᠦᠷ ᠴᠠᠭ ᠤᠨ ᠪᠡᠯᠡᠳᠬᠡᠮᠵᠢ ᠶᠢᠨ ᠤᠭᠰᠠᠷᠠᠮᠠᠯ ᠮᠠᠶ᠋ᠢᠭ ᠢ ᠭᠤᠣᠯᠳᠠᠯᠭ᠎ᠠ ᠲᠠᠢ ᠳᠡᠯᠭᠡᠷᠡᠭᠦᠯᠦᠨ᠂ ᠪᠠᠷᠢᠮᠵᠢᠶᠠᠵᠢᠭᠤᠯᠬᠤ | ᠪᠠ ᠣᠯᠠᠨ ᠶᠠᠩᠵᠤᠴᠢᠯᠠᠬᠤ ᠶᠢᠨ ᠬᠠᠷᠢᠴᠠᠭ᠎ᠠ ᠶᠢ ᠵᠦᠢ ᠵᠣᠬᠢᠰᠲᠠᠢ ᠰᠢᠢᠳᠪᠦᠷᠢᠯᠡᠵᠦ᠂ ᠪᠠᠷᠢᠯᠭ᠎ᠠ ᠳᠤ ᠡᠯ᠎ᠡ | ᠲᠥᠷᠥᠯ ᠤᠨ ᠰᠢᠰᠲ᠋ᠧᠮᠵᠢᠭᠦᠯᠦᠭᠰᠡᠨ ᠨᠡᠶᠢᠳᠡᠮ ᠬᠡᠷᠡᠭᠯᠡᠭᠡᠨ ᠤ ᠪᠠᠷᠢᠯᠭ᠎ᠠ ᠶᠢᠨ ᠪᠦᠲᠦᠴᠡ ᠰᠡᠯᠪᠢᠭ ᠲᠣᠨᠤᠭ ᠪᠠ | ᠪᠦᠲᠦᠭᠡᠭᠳᠡᠬᠦᠨ ᠢ ᠬᠠᠩᠭᠠᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠳᠠᠬᠢ ᠣᠶᠤᠨᠴᠢ | ᠪᠦᠲᠦᠭᠡᠨ ᠪᠠᠶᠢᠭᠤᠯᠤᠯᠲᠠ ᠶᠢᠨ ᠬᠡᠷᠡᠭᠯᠡᠯᠲᠡ ᠶᠢ ᠴᠢᠩᠭᠠᠷᠠᠭᠤᠯᠵᠤ᠂ ᠪᠣᠯᠣᠳ᠂ ᠬᠡᠪ ᠬᠠᠪᠲᠠᠰᠤ ᠪᠠ ᠡᠯ᠎ᠡ | ᠲᠥᠷᠥᠯ ᠤᠨ ᠬᠤᠭᠤᠯᠠᠢ ᠵᠡᠷᠭᠡ ᠲᠦᠭᠦᠬᠡᠢ ᠮᠠᠲ᠋ᠧᠷᠢᠶᠠᠯ ᠢ ᠦᠢᠯᠡᠳᠪᠦᠷᠢᠵᠢᠭᠦᠯᠦᠨ ᠤᠷᠢᠳᠴᠢᠯᠠᠨ ᠦᠢᠯᠡᠳᠴᠦ | ᠪᠣᠯᠪᠠᠰᠤᠷᠠᠭᠤᠯᠬᠤ᠂ ᠲᠤᠬᠠᠢ ᠶᠢᠨ ᠲᠠᠯᠠᠪᠤᠷ ᠲᠤᠨᠢ ᠤᠭᠰᠠᠷᠠᠭᠤᠯᠬᠤ ᠮᠠᠶ᠋ᠢᠭ ᠤᠨ ᠪᠠᠷᠢᠯᠭ᠎ᠠ ᠪᠠᠷᠢᠬᠤ᠂ ᠪᠣᠯᠣᠳ | ᠤᠭᠰᠠᠷᠠᠬᠤ᠂ ᠬᠡᠪ ᠢ ᠤᠭᠰᠠᠷᠠᠭᠤᠯᠬᠤ᠂ ᠪᠧᠲ᠋ᠤᠨ ᠢ ᠴᠢᠳᠬᠤᠨ ᠪᠠᠶᠢᠭᠤᠯᠵᠤ ᠲᠡᠭᠰᠢᠯᠡᠬᠦ᠂ ᠪᠣᠯᠣᠳ | ᠲᠣᠨᠣᠭᠯᠠᠭᠠᠰᠤ ᠶᠢ ᠭᠠᠩᠨᠠᠨ ᠵᠠᠯᠭᠠᠬᠤ ᠵᠡᠷᠭᠡ ᠬᠡᠷᠡᠭᠯᠡᠭᠡᠨ ᠤ ᠲᠠᠯᠠᠪᠤᠷ ᠢᠶᠠᠷ ᠭᠤᠣᠯᠳᠠᠯᠭ᠎ᠠ ᠪᠣᠯᠭᠠᠨ᠂ ᠪᠠᠷᠢᠯᠭ᠎ᠠ ᠶᠢᠨ | ᠮᠠᠰᠢᠨ ᠬᠥᠮᠥᠨ ᠤ ᠬᠡᠷᠡᠭᠯᠡᠯᠲᠡ ᠶᠢ ᠠᠬᠢᠭᠤᠯᠤᠨ᠎ᠠ᠃ | ︵ᠬᠤᠶᠠᠷ︶ ᠪᠠᠷᠢᠯᠭ᠎ᠠ ᠶᠢᠨ ᠬᠦᠷᠢᠶ᠎ᠡ ᠶᠢᠨ ᠲᠣᠭᠠᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠭᠤᠣᠯᠳᠠᠭᠤ | BIM ᠮᠡᠷᠭᠡᠵᠢᠯ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠢᠨᠲ᠋ᠥᠷ ᠰᠦᠯᠵᠢᠶ᠎ᠡ᠂ AI ︵ᠵᠣᠬᠢᠶᠠᠮᠠᠯ ᠤᠶᠤᠨ | ︶᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠲᠣᠭᠠᠴᠢᠯᠠᠭᠰᠠᠨ ᠮᠡᠷᠭᠡᠵᠢᠯ ᠢ ᠣᠷᠣᠭᠤᠯᠤᠨ ᠠᠪᠴᠢᠷᠠᠬᠤ ᠪᠠᠷ | ᠳᠠᠮᠵᠢᠭᠤᠯᠵᠤ᠂ ᠵᠢᠷᠤᠭ ᠲᠥᠯᠥᠪᠯᠡᠭᠡ ᠶᠢᠨ ᠱᠠᠲᠤᠨ ᠤ ᠬᠠᠮᠵᠢᠯᠴᠠᠨ ᠰᠢᠯᠢᠳᠡᠭᠵᠢᠭᠦᠯᠬᠦ᠂ ᠪᠠᠷᠢᠯᠭ᠎ᠠ ᠶᠢᠨ ᠱᠠᠲᠤᠨ ᠤ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠢᠴᠢ ᠠᠵᠢᠯᠯᠠᠭᠤᠯᠵᠤ ᠠᠷᠠᠴᠢᠯᠠᠨ ᠬᠠᠮᠠᠭᠠᠯᠠᠬᠤ ᠱᠠᠲᠤᠨ ᠤ ᠣᠶᠤᠨᠴᠢᠯᠠᠭᠰᠠᠨ | ᠬᠠᠮᠢᠶᠠᠷᠤᠯᠲᠠ ᠶᠢ ᠪᠡᠶᠡᠯᠡᠭᠦᠯᠵᠦ᠂ ᠪᠠᠷᠢᠯᠭ᠎ᠠ ᠶᠢᠨ ᠠᠵᠢᠯ ᠲᠥᠷᠥᠯ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠪᠠ | ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠠᠴᠢᠯᠠᠭᠰᠠᠨ ᠮᠡᠷᠭᠡᠵᠢᠯ ᠢ ᠬᠡᠷᠡᠭᠯᠡᠨ ᠤᠯᠠᠮᠵᠢᠯᠠᠯᠲᠤ | ᠵᠠᠭᠪᠤᠷ ᠳᠣᠣᠷᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠤ ᠦᠢᠯᠡᠰ ᠤᠨ ᠬᠡᠯᠬᠢᠶ᠎ᠡ ᠶᠢᠨ ᠡᠯ᠎ᠡ | ᠵᠠᠩᠭᠢᠯᠠᠭ᠎ᠠ ᠶᠢᠨ ᠮᠡᠳᠡᠭᠡ ᠵᠠᠩᠭᠢ ᠶᠢ ᠵᠠᠳᠠᠯᠠᠬᠤ᠂ ᠰᠠᠯᠭᠠᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠪᠠᠷᠢᠯᠭ᠎ᠠ ᠶᠢᠨ | ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠳᠤ ᠬᠦᠴᠦᠲᠡᠢ | ᠲᠤᠯᠭᠠᠭᠤᠷᠢᠯᠠᠯ ᠬᠠᠩᠭᠠᠨ᠎ᠠ᠃ ᠲᠤᠭ᠎ᠠ ᠪᠠᠷᠢᠮᠲᠠ ᠶᠢ ᠠᠭᠤᠰᠤᠯᠴᠠᠭᠤᠯᠤᠨ ᠬᠡᠷᠡᠭᠯᠡᠬᠦ ᠶᠢ ᠭᠦᠨᠵᠡᠭᠡᠶᠢᠷᠡᠭᠦᠯᠵᠦ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ | ᠰᠢᠯᠭᠠᠨ ᠠᠪᠬᠤ᠂ ᠠᠵᠢᠯᠯᠠᠭᠤᠯᠵᠤ ᠠᠷᠠᠴᠢᠯᠠᠨ ᠬᠠᠮᠠᠭᠠᠯᠠᠬᠤ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠠᠦ᠋ᠲ᠋ᠣ᠋ | ᠴᠤᠭᠯᠠᠭᠤᠯᠵᠤ ᠬᠠᠮᠲᠤᠪᠠᠷ ᠡᠳ᠋ᠯᠡᠬᠦ ᠲᠣᠭᠲᠠᠴᠠ ᠶᠢ ᠪᠡᠶᠡᠯᠡᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ | ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ᠂ ᠣᠶᠤᠨᠲᠤ ᠪᠠᠷᠢᠯᠭ᠎ᠠ ᠶᠢᠨ ᠭᠠᠵᠠᠷ ᠢ ᠬᠠᠮᠵᠢᠯᠴᠠᠨ ᠬᠢᠨᠠᠨ ᠬᠠᠮᠢᠶᠠᠷᠬᠤ᠂ | ᠢᠨᠵᠧᠨᠧᠷᠢᠩ ᠤᠨ ᠲᠠᠩᠰᠠ ᠡᠪᠬᠡᠮᠡᠯ ᠢ ᠲᠣᠭᠠᠴᠢᠯᠠᠭᠰᠠᠨ ᠲᠠᠩᠰᠠ ᠡᠪᠬᠡᠮᠡᠯ ᠳᠤ ᠣᠷᠣᠭᠤᠯᠬᠤ ᠵᠡᠷᠭᠡ ᠲᠠᠯ᠎ᠠ ᠪᠠᠷ | ᠰᠠᠶᠢᠨ ᠰᠠᠶᠢᠬᠠᠨ ᠦᠢᠯᠡᠳᠦᠯᠭᠡ ᠶᠢ ᠪᠦᠷᠢᠯᠳᠦᠭᠦᠯᠦᠨ᠎ᠡ᠃ | ︵ᠭᠤᠷᠪᠠ︶ ᠪᠠᠷᠢᠯᠭ᠎ᠠ ᠶᠢᠨ ᠬᠦᠷᠢᠶ᠎ᠡ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠣᠳᠣᠨ | ᠳᠡᠰ ᠤᠨ ᠪᠣᠬᠢᠷᠲᠤᠯ ᠦᠭᠡᠢ ᠪᠠᠷᠢᠯᠭ᠎ᠠ᠂ ᠬᠡᠳᠦ ᠪᠠᠭ᠎ᠠ ᠡᠨᠧᠷᠭᠢ ᠶᠢᠨ ᠬᠤᠷᠣᠭᠳᠠᠯ ᠤᠨ ᠪᠠᠷᠢᠯᠭ᠎ᠠ ᠶᠢᠨ ᠬᠡᠪᠴᠢᠶᠡᠵᠢᠨ | ᠬᠥᠭᠵᠢᠬᠦ ᠶᠢ ᠭᠤᠣᠯᠳᠠᠯᠭ᠎ᠠ ᠲᠠᠢ ᠠᠬᠢᠭᠤᠯᠵᠤ᠂ ᠡᠨᠧᠷᠭᠢ ᠶᠢᠨ ᠬᠤᠷᠣᠭᠳᠠᠭᠤᠯᠤᠯ ᠦᠭᠡᠢ ᠪᠠᠷᠢᠯᠭ᠎ᠠ᠂ | ᠨᠡᠭᠦᠷᠡᠰᠦᠲᠥ᠋ᠷᠥᠭᠴᠢ ᠶᠢᠨ ᠬᠤᠷᠣᠭᠳᠠᠭᠤᠯᠤᠯ ᠦᠭᠡᠢ ᠪᠠᠷᠢᠯᠭ᠎ᠠ ᠶᠢᠨ ᠵᠢᠱᠢᠶ᠎ᠡ ᠦᠵᠡᠭᠦᠯᠦᠨ ᠬᠥᠭᠵᠢᠭᠦᠯᠬᠦ ᠶᠢ | ᠬᠥᠲᠥᠯᠥᠨ ᠵᠢᠯᠤᠭᠤᠳᠴᠤ᠂ ᠪᠠᠷᠢᠯᠭ᠎ᠠ ᠶᠢᠨ ᠪᠥᠬᠦ ᠠᠮᠢ ᠨᠠᠰᠤᠨ ᠤ ᠬᠤᠭᠤᠴᠠᠭᠠᠨ ᠳᠤ ᠡᠬᠢ ᠪᠠᠶᠠᠯᠢᠭ ᠢ ᠠᠷᠪᠢᠯᠠᠬᠤ᠂ | ᠣᠷᠴᠢᠨ ᠲᠣᠭᠤᠷᠢᠨ ᠢ ᠬᠠᠮᠠᠭᠠᠯᠠᠬᠤ᠂ ᠪᠣᠬᠢᠷᠲᠤᠯ ᠢ ᠪᠠᠭᠠᠰᠬᠠᠬᠤ ᠶᠢ ᠪᠡᠶᠡᠯᠡᠭᠦᠯᠬᠦ ᠶᠢᠨ ᠬᠠᠮᠲᠤ᠂ ᠬᠥᠮᠥᠰ ᠲᠤ | ᠡᠷᠡᠭᠦᠯ᠂ ᠲᠣᠬᠢᠷᠠᠮᠵᠢᠲᠠᠢ᠂ ᠥᠨᠳᠥᠷ ᠦᠷ᠎ᠡ ᠪᠦᠲᠦᠮᠵᠢᠲᠡᠶ ᠬᠡᠷᠡᠭᠯᠡᠬᠦ ᠣᠷᠣᠨ ᠪᠦᠰᠡ ᠬᠠᠩᠭᠠᠵᠤ᠂ ᠡᠨᠧᠷᠭᠢ ᠶᠢᠨ | ᠠᠰᠢᠭᠯᠠᠮᠵᠢ ᠶᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠵᠤ᠂ ᠮᠠᠲ᠋ᠧᠷᠢᠶᠠᠯ ᠤᠨ | ᠬᠡᠷᠡᠭᠯᠡᠯᠲᠡ ᠶᠢ ᠰᠢᠯᠢᠳᠡᠭᠵᠢᠭᠦᠯᠵᠦ᠂ ᠪᠠᠷᠢᠯᠭ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ ᠴᠢᠳᠠᠮᠵᠢ ᠶᠢ ᠨᠡᠮᠡᠭᠳᠡᠭᠦᠯᠦᠨ | ᠂ ᠪᠠᠷᠢᠯᠭ᠎ᠠ ᠶᠢᠨ ᠡᠨᠧᠷᠭᠢ ᠶᠢᠨ ᠬᠤᠷᠣᠭᠳᠠᠭᠤᠯᠤᠯ ᠪᠠ ᠡᠬᠢ ᠪᠠᠶᠠᠯᠢᠭ ᠤᠨ ᠬᠤᠷᠣᠭᠳᠠᠯ ᠢ ᠢᠯᠡᠳᠲᠡ | ᠪᠠᠭᠤᠷᠠᠭᠤᠯᠤᠨ᠎ᠠ᠃ | ᠭᠤᠷᠪᠠ᠂ ᠭᠤᠣᠯᠳᠠᠯᠭ᠎ᠠ ᠲᠠᠢ ᠠᠵᠢᠯ | ︵ᠨᠢᠭᠡ︶ ᠲᠣᠨᠣᠭᠯᠠᠭᠠᠰᠤ ᠪᠠ ᠤᠭᠰᠠᠷᠠᠭ᠎ᠠ ᠦᠢᠯᠡᠳᠬᠦᠨ ᠤ ᠦᠢᠯᠡᠳᠪᠦᠷᠢᠯᠡᠯ ᠢ ᠰᠢᠯᠢᠳᠡᠭᠵᠢᠭᠦᠯᠦᠨ᠎ᠡ᠃ | ᠲᠣᠨᠣᠭᠯᠠᠭᠠᠰᠤ ᠪᠣᠯᠣᠨ ᠦᠢᠯᠡᠳᠭᠦᠨ ᠤ ᠪᠠᠷᠢᠮᠵᠢᠶᠠᠵᠢᠭᠤᠯᠤᠯᠲᠠ ᠶᠢ ᠴᠢᠩᠭᠠᠳᠬᠠᠵᠤ᠂ ᠬᠡᠪᠰᠢᠭᠦᠯᠦᠭᠰᠡᠨ ᠪᠣᠯᠣᠳ | ᠪᠣᠯᠣᠨ ᠪᠧᠲ᠋ᠣᠨ ᠤ ᠲᠣᠨᠣᠭᠯᠠᠭᠠᠰᠤ ᠵᠢᠴᠢ ᠤᠷᠢᠳᠴᠢᠯᠠᠨ ᠦᠢᠯᠡᠳᠦᠭᠰᠡᠨ ᠪᠧᠲ᠋ᠣᠨ ᠬᠠᠪᠲᠠᠰᠤ᠂ ᠠᠰᠠᠷ ᠤᠨ | ᠬᠠᠪᠲᠠᠰᠤ᠂ ᠠᠰᠠᠷ ᠤᠨ ᠱᠠᠲᠤ ᠵᠡᠷᠭᠡ ᠨᠡᠶᠢᠳᠡᠮ ᠬᠡᠷᠡᠭᠯᠡᠬᠦ ᠲᠣᠨᠣᠭᠯᠠᠭᠠᠰᠤ ᠶᠢᠨ ᠦᠢᠯᠡᠳᠪᠦᠷᠢᠵᠢᠭᠦᠯᠦᠨ | ᠦᠢᠯᠡᠳᠪᠦᠷᠢᠯᠡᠬᠦ ᠶᠢ ᠲᠦᠯᠬᠢᠨ ᠠᠬᠢᠭᠤᠯᠵᠤ᠂ ᠪᠠᠷᠢᠮᠵᠢᠶᠠᠵᠢᠭᠤᠯᠤᠭᠰᠠᠨ ᠵᠢᠷᠤᠭ ᠲᠥᠯᠥᠪᠯᠡᠭᠡ ᠶᠢᠨ ᠬᠡᠯᠪᠡᠷᠢ | ᠰᠣᠩᠭᠤᠬᠤ ᠱᠠᠭᠠᠷᠳᠠᠯᠭ᠎ᠠ ᠶᠢ ᠬᠠᠩᠭᠠᠨ᠂ ᠪᠠᠷᠢᠮᠵᠢᠶᠠᠵᠢᠭᠤᠯᠤᠭᠰᠠᠨ ᠲᠣᠨᠣᠭᠯᠠᠭᠠᠰᠤ ᠪᠣᠯᠣᠨ ᠤᠭᠰᠠᠷᠠᠭ᠎ᠠ | ᠦᠢᠯᠡᠳᠬᠦᠨ ᠤ ᠬᠡᠷᠡᠭᠯᠡᠬᠦ ᠬᠡᠪᠴᠢᠶ᠎ᠡ ᠶᠢ ᠥᠷᠭᠡᠳᠬᠡᠨ᠂ ᠪᠠᠷᠢᠮᠵᠢᠶᠠᠵᠢᠭᠤᠯᠤᠭᠰᠠᠨ᠂ ᠰᠢᠷᠢᠰᠵᠢᠭᠰᠡᠨ᠂ | ᠬᠡᠪᠴᠢᠶᠡᠵᠢᠭᠦᠯᠦᠭᠰᠡᠨ ᠪᠠᠷᠢᠯᠭ᠎ᠠ ᠶᠢᠨ ᠤᠭᠰᠠᠷᠠᠭ᠎ᠠ ᠦᠢᠯᠡᠳᠬᠦᠨ ᠲᠣᠨᠣᠭᠯᠠᠭᠠᠰᠤ ᠬᠠᠩᠭᠠᠬᠤ ᠰᠢᠰᠲ᠋ᠧᠮᠵᠢ ᠶᠢ | ᠠᠯᠬᠤᠮ ᠠᠯᠬᠤᠮ ᠢᠶᠠᠷ ᠪᠤᠢ ᠪᠣᠯᠭᠠᠵᠤ᠂ ᠤᠭᠰᠠᠷᠠᠭ᠎ᠠ ᠲᠤᠨᠤᠭ ᠪᠣᠯᠣᠨ ᠤᠭᠰᠠᠷᠠᠭ᠎ᠠ ᠦᠢᠯᠡᠳᠭᠦᠨ ᠤ | ᠦᠢᠯᠡᠳᠪᠦᠷᠢᠯᠡᠯ ᠤᠨ ᠥᠪᠡᠷ ᠤᠨ ᠥᠷᠳᠡᠭ ᠢ ᠪᠠᠭᠤᠷᠠᠭᠤᠯᠤᠨ᠎ᠠ᠃ | ︵ᠬᠤᠶᠠᠷ︶ ᠪᠣᠬᠢᠷᠲᠤᠯ ᠦᠭᠡᠢ ᠪᠦᠲᠦᠭᠡᠨ ᠪᠠᠶᠢᠭᠤᠯᠬᠤ ᠮᠡᠷᠭᠡᠵᠢᠯ ᠤᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠮᠠᠰᠢᠨᠴᠢᠯᠠᠯᠲᠠ ᠪᠠᠷ ᠪᠠᠷᠢᠯᠭ᠎ᠠ ᠪᠠᠷᠢᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠷᠢᠯᠭ᠎ᠠ | ᠪᠠᠷᠢᠬᠤ ᠶᠢ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠤᠭᠰᠠᠷᠠᠮᠠᠯ ᠮᠠᠶ᠋ᠢᠭ ᠤᠨ | ᠪᠠᠷᠢᠯᠭ᠎ᠠ ᠶᠢᠨ ᠵᠠᠰᠠᠯ ᠴᠢᠮᠡᠭᠯᠡᠯ ᠬᠢᠭᠡᠳ ᠭᠤᠣᠯ ᠴᠣᠭᠴᠠᠲᠤ ᠪᠦᠲᠦᠴᠡ᠂ ᠮᠠᠰᠢᠨ ᠴᠠᠬᠢᠯᠭᠠᠨ ᠤ ᠲᠥᠬᠦᠭᠡᠷᠦᠮᠵᠢ ᠶᠢ | ᠬᠠᠮᠵᠢᠯᠴᠠᠨ ᠪᠠᠷᠢᠯᠭ᠎ᠠ ᠪᠠᠷᠢᠬᠤ ᠶᠢ ᠬᠡᠷᠡᠭᠵᠢᠭᠦᠯᠵᠦ᠂ ᠪᠦᠲᠦᠴᠡ ᠬᠢᠭᠡᠳ ᠵᠠᠰᠠᠯ ᠴᠢᠮᠡᠭᠯᠡᠯ ᠤᠨ ᠰᠣᠯᠪᠢᠴᠠᠭᠤᠯᠤᠨ | ᠪᠠᠷᠢᠯᠭ᠎ᠠ ᠪᠠᠷᠢᠬᠤ ᠳᠠᠪᠠᠭᠤᠯᠢᠭ ᠢ ᠪᠠᠳᠠᠷᠠᠭᠤᠯᠤᠨ᠎ᠠ᠃ ᠪᠣᠬᠢᠷᠲᠤᠯ ᠦᠭᠡᠢ ᠪᠠᠷᠢᠯᠭ᠎ᠠ ᠶᠢᠨ ᠠᠵᠢᠯ ᠢ ᠲᠦᠯᠬᠢᠨ | ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠪᠠ ᠡᠨᠧᠷᠭᠢ ᠶᠢᠨ ᠬᠤᠷᠣᠭᠳᠠᠯ ᠢ ᠪᠠᠭᠠᠰᠬᠠᠨ᠎ᠠ᠃ | ︵ᠭᠤᠷᠪᠠ︶ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠢ ᠪᠥᠬᠦ | ᠶᠠᠪᠤᠴᠠ ᠳᠤ ᠬᠡᠷᠡᠭᠯᠡᠯᠲᠡ ᠶᠢ ᠳᠡᠯᠭᠡᠷᠡᠭᠦᠯᠦᠨ᠎ᠡ᠃ BIM ᠮᠡᠷᠭᠡᠵᠢᠯ ᠤᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠵᠦ᠂ | BIM ᠮᠡᠷᠭᠡᠵᠢᠯ ᠢ ᠪᠠᠷᠢᠯᠭ᠎ᠠ ᠶᠢᠨ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠠᠵᠢᠯ ᠠᠴᠠ ᠪᠠᠷᠢᠯᠭ᠎ᠠ ᠶᠢᠨ | ᠬᠠᠮᠠᠭᠠᠯᠠᠯᠲᠠ ᠪᠠ ᠬᠠᠮᠢᠶᠠᠷᠤᠯᠲᠠ ᠵᠡᠷᠭᠡ ᠡᠯ᠎ᠡ ᠬᠦᠷᠢᠶ᠎ᠡ ᠳᠤ ᠬᠦᠷᠲᠡᠯ᠎ᠡ ᠥᠷᠭᠡᠳᠬᠡᠬᠦ ᠶᠢ ᠲᠦᠯᠬᠢᠨ ᠠᠬᠢᠭᠤᠯᠵᠤ᠂ | BIM ᠮᠡᠷᠭᠡᠵᠢᠯ ᠢ ᠵᠢᠷᠤᠵᠤ ᠲᠥᠯᠥᠪᠯᠡᠬᠦ᠂ ᠵᠢᠷᠤᠭ ᠤᠨ ᠬᠢᠨᠠᠯᠲᠠ᠂ ᠪᠠᠷᠢᠯᠭ᠎ᠠ ᠶᠢᠨ ᠠᠵᠢᠯ᠂ ᠦᠨ᠎ᠡ ᠦᠷᠳᠡᠭ᠂ | ᠰᠢᠯᠭᠠᠨ ᠠᠪᠬᠤ ᠵᠡᠷᠭᠡ ᠭᠤᠭᠴᠤᠭ᠎ᠠ ᠳᠤ ᠪᠦᠲᠦᠮᠵᠢᠲᠡᠶ ᠬᠡᠷᠡᠭᠯᠡᠬᠦ ᠶᠢ ᠠᠬᠢᠭᠤᠯᠵᠤ᠂ ᠪᠠᠷᠢᠯᠭ᠎ᠠ ᠶᠢᠨ ᠲᠤᠬᠠᠢ ᠶᠢᠨ | ᠭᠠᠵᠠᠷ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠦᠬᠦ ᠠᠮᠢ ᠨᠠᠰᠤᠨ ᠤ ᠬᠤᠭᠤᠴᠠᠭᠠᠨ ᠤ ᠲᠣᠭᠠᠵᠢᠭᠤᠯᠤᠭᠰᠠᠨ | ᠬᠠᠮᠢᠶᠠᠷᠤᠯᠲᠠ ᠶᠢ ᠪᠡᠶᠡᠯᠡᠭᠦᠯᠦᠨ᠎ᠡ᠃ ᠣᠷᠣᠨ ᠤ ᠳᠣᠲᠣᠷᠠᠬᠢ ᠪᠡᠯᠡ ᠣᠷᠣᠭᠤᠯᠤᠯᠲᠠ ᠶᠢᠨ ᠲᠤᠭ᠎ᠠ ᠨᠢ 1 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠤᠶᠤ ᠲᠠᠩ ᠪᠡᠶᠡᠲᠦ ᠪᠠᠷᠢᠯᠭ᠎ᠠ ᠶᠢᠨ ᠲᠠᠯᠠᠪᠠᠢ ᠨᠢ 2 ᠲᠦᠮᠡᠨ ᠲᠡᠭᠰᠢ | ᠳᠥᠷᠪᠡᠯᠵᠢᠨ ᠮᠧᠲᠷ ᠠᠴᠠ ᠳᠡᠭᠡᠭᠰᠢ᠂ ᠮᠡᠷᠭᠡᠵᠢᠯ ᠨᠢ ᠪᠤᠳᠤᠯᠢᠶᠠᠨᠲᠠᠢ᠂ ᠬᠠᠮᠢᠶᠠᠷᠤᠯᠲᠠ ᠨᠢ ᠬᠠᠮᠵᠢᠯᠴᠠᠬᠤ | ᠱᠠᠭᠠᠷᠳᠠᠯᠭ᠎ᠠ ᠪᠠᠷ ᠥᠨᠳᠥᠷ᠂ ᠤᠯᠤᠰ ᠤᠨ ᠥᠮᠴᠢᠯᠡᠯᠲᠦ ᠪᠡᠯᠡ ᠮᠥᠩᠭᠦ ᠪᠠᠷ ᠪᠡᠯᠡ ᠣᠷᠣᠭᠤᠯᠤᠭᠰᠠᠨ ᠭᠡᠷ | ᠪᠠᠶᠢᠰᠢᠩ ᠤᠨ ᠪᠠᠷᠢᠯᠭ᠎ᠠ ᠪᠣᠯᠣᠨ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠪᠠᠷᠢᠯᠭ᠎ᠠ ᠶᠢᠨ ᠲᠥᠷᠥᠯ ᠵᠦᠢᠯ ᠳᠤ | ᠴᠥᠮ BIM ᠮᠡᠷᠭᠡᠵᠢᠯ ᠢ ᠬᠡᠷᠡᠭᠯᠡᠨ᠎ᠡ᠃ ᠪᠤᠰᠤᠳ ᠲᠦᠷᠦᠯ ᠵᠦᠢᠯ ᠳᠤ BIM ᠮᠡᠷᠭᠡᠵᠢᠯ ᠢ ᠬᠡᠷᠡᠭᠯᠡᠬᠦ ᠶᠢ | ᠵᠣᠷᠢᠭᠵᠢᠭᠤᠯᠤᠨ᠎ᠠ᠃ | ︵ᠳᠥᠷᠪᠡ︶ ᠣᠶᠤᠨᠴᠢ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠢ ᠠᠬᠢᠭᠤᠯᠤᠨ ᠬᠥᠭᠵᠢᠭᠦᠯᠦᠨ᠎ᠡ᠃ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠣᠶᠤᠨᠴᠢ ᠪᠠᠷ ᠲᠣᠨᠤᠭ | ᠲᠥᠬᠦᠭᠡᠷᠦᠮᠵᠢ ᠪᠠᠶᠢᠭᠤᠯᠬᠤ᠂ ᠲᠣᠭᠠᠴᠢᠯᠠᠭᠰᠠᠨ ᠬᠠᠮᠢᠶᠠᠷᠤᠯᠲᠠ ᠶᠢᠨ ᠲᠠᠪᠴᠠᠩ ᠵᠡᠷᠭᠡ ᠲᠠᠯ᠎ᠠ ᠪᠠᠷ ᠭᠤᠣᠯᠯᠠᠭᠤᠯᠤᠨ᠂ | ᠣᠶᠤᠨᠴᠢ ᠪᠠᠷ ᠪᠦᠲᠦᠭᠡᠨ ᠪᠠᠶᠢᠭᠤᠯᠬᠤ ᠬᠡᠷᠡᠭᠯᠡᠭᠡᠨ ᠤ ᠲᠠᠯᠠᠪᠤᠷ ᠢ ᠥᠷᠭᠡᠳᠬᠡᠨ᠎ᠡ᠃ ᠪᠠᠷᠢᠯᠭ᠎ᠠ ᠶᠢᠨ ᠮᠠᠰᠢᠨ ᠬᠥᠮᠥᠨ᠂ | ᠠᠵᠤ ᠦᠢᠯᠡᠳᠪᠦᠷᠢ ᠶᠢᠨ ᠮᠠᠰᠢᠨ ᠬᠥᠮᠥᠨ᠂ ᠣᠶᠤᠨᠲᠤ ᠰᠢᠯᠵᠢᠮᠡᠯ ᠦᠵᠦᠭᠦᠷ ᠵᠡᠷᠭᠡ ᠣᠶᠤᠨᠲᠤ ᠲᠥᠬᠦᠭᠡᠷᠦᠮᠵᠢ ᠶᠢ | ᠬᠡᠷᠡᠭᠯᠡᠬᠦ ᠶᠢ ᠵᠣᠷᠢᠭᠵᠢᠭᠤᠯᠤᠨ᠎ᠠ᠃ ᠣᠶᠤᠨᠯᠢᠭ ᠭᠡᠷ ᠤᠨ ᠬᠡᠷᠡᠭᠰᠡᠯ᠂ ᠣᠶᠤᠨᠯᠢᠭ ᠠᠯᠪᠠᠯᠠᠬᠤ᠂ ᠠᠰᠠᠷ ᠲᠠᠭᠲᠤ ᠶᠢᠨ | ᠠᠦ᠋ᠲ᠋ᠣᠴᠢᠯᠠᠬᠤ ᠰᠢᠰᠲ᠋ᠧᠮ᠂ ᠣᠶᠤᠨᠯᠢᠭ ᠪᠠᠷᠢᠯᠭ᠎ᠠ ᠶᠢᠨ ᠭᠠᠵᠠᠷ ᠢ ᠳᠡᠯᠭᠡᠷᠡᠭᠦᠯᠦᠨ᠎ᠡ᠃ ︽ᠲᠣᠭᠠᠴᠢᠯᠠᠭᠰᠠᠨ ᠵᠢᠷᠤᠭ | ᠲᠥᠯᠥᠪᠯᠡᠭᠡ᠂ ᠣᠶᠤᠨᠴᠢ ᠪᠠᠷᠢᠯᠭ᠎ᠠ ᠶᠢᠨ ᠠᠵᠢᠯ᠂ ᠣᠶᠤᠨᠴᠢ ᠠᠵᠢᠯᠯᠠᠭᠤᠯᠵᠤ ᠠᠷᠠᠴᠢᠯᠠᠨ ᠬᠠᠮᠠᠭᠠᠯᠠᠬᠤ᠂ | ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶ᠎ᠡ︾ ᠵᠡᠷᠭᠡ ᠬᠦᠷᠢᠶ᠎ᠡ ᠶᠢᠨ ᠲᠣᠭᠤᠷᠢᠨ ᠳᠤ ᠮᠡᠷᠭᠡᠵᠢᠯ ᠤᠨ | ᠰᠤᠳᠤᠯᠤᠨ ᠨᠡᠭᠡᠭᠡᠯᠲᠡ ᠪᠠ ᠬᠡᠷᠡᠭᠯᠡᠯᠲᠡ ᠶᠢ ᠰᠦᠪᠡᠭᠴᠢᠯᠡᠨ ᠥᠷᠨᠢᠭᠦᠯᠵᠦ᠂ ᠣᠶᠤᠨᠴᠢ ᠪᠠᠷᠢᠯᠭ᠎ᠠ ᠶᠢᠨ ᠠᠵᠤ | ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ | ︵ᠲᠠᠪᠤ︶ AI ᠮᠡᠷᠭᠡᠵᠢᠯ ᠤᠨ ᠬᠡᠷᠡᠭᠯᠡᠯᠲᠡ ᠶᠢ ᠬᠠᠶᠢᠨ ᠰᠦᠪᠡᠭᠴᠢᠯᠡᠨ᠎ᠡ᠃ ᠢᠨᠵᠧᠨᠧᠷᠢᠩ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ᠂ AI ᠪᠤᠳᠤᠯᠳᠠ ᠪᠠᠷ ᠳᠠᠮᠵᠢᠭᠤᠯᠤᠨ ᠣᠯᠠᠨ ᠵᠦᠢᠯ ᠤᠨ ᠲᠥᠰᠥᠯ ᠢ ᠪᠣᠶ | ᠪᠣᠯᠭᠠᠬᠤ ᠶᠢ ᠰᠦᠪᠡᠭᠴᠢᠯᠡᠵᠦ᠂ AI ᠶᠢᠨ ᠲᠤᠬᠠᠢ ᠶᠢᠨ ᠴᠠᠭ ᠤᠨ ᠲᠤᠭ᠎ᠠ ᠪᠠᠷᠢᠮᠲᠠ ᠶᠢᠨ ᠵᠠᠳᠠᠯᠤᠯᠲᠠ ᠶᠢ ᠠᠰᠢᠭᠯᠠᠨ | ᠲᠥᠷᠥᠯ ᠵᠦᠢᠯ ᠤᠨ ᠠᠬᠢᠴᠠ᠂ ᠥᠪᠡᠷ ᠤᠨ ᠥᠷᠲᠡᠭ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠪᠦᠲᠦᠮᠵᠢᠲᠡᠶ ᠪᠠᠷ ᠬᠠᠪᠰᠤᠷᠤᠨ ᠬᠠᠮᠢᠶᠠᠷᠤᠨ ᠡᠵᠡᠮᠳᠡᠵᠦ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠺᠣᠮᠫᠢᠦ᠋ᠲ᠋ᠧᠷ ᠤᠨ ᠬᠠᠷᠠᠭᠠᠨ ᠰᠡᠷᠡᠯ ᠤᠨ ᠮᠡᠷᠭᠡᠵᠢᠯ ᠲᠠᠢ ᠤᠶᠠᠯᠳᠤᠭᠤᠯᠬᠤ ᠶᠢ | ᠬᠠᠶᠢᠨ ᠰᠦᠪᠡᠭᠴᠢᠯᠡᠵᠦ᠂ ᠠᠮᠤᠷ ᠲᠦᠪᠰᠢᠨ ᠤ ᠶᠠᠰᠤ ᠴᠢᠨᠠᠷ ᠤᠨ ᠡᠵᠡᠮᠳᠡᠯ ᠢ ᠳᠡᠭᠡᠭᠰᠢᠯᠡᠭᠦᠯᠦᠨ᠂ ᠪᠠᠷᠢᠯᠭ᠎ᠠ ᠶᠢᠨ | ᠡᠨᠧᠷᠭᠢ ᠶᠢᠨ ᠬᠤᠷᠣᠭᠳᠠᠯ ᠢ ᠵᠠᠳᠠᠯᠵᠤ᠂ ᠪᠣᠬᠢᠷᠲᠤᠯ ᠦᠭᠡᠢ ᠪᠠᠷᠢᠯᠭ᠎ᠠ ᠶᠢᠨ ᠮᠡᠷᠭᠡᠵᠢᠯ ᠤᠨ ᠬᠡᠷᠡᠭᠯᠡᠯᠳᠡ ᠶᠢ | ᠠᠬᠢᠭᠤᠯᠤᠨ᠎ᠠ᠃ | ︵ᠵᠢᠷᠭᠤᠭ᠎ᠠ︶ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ ᠶᠢ | ᠬᠥᠭᠵᠢᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠪᠥᠬᠦ ᠣᠷᠣᠨ ᠤ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠲᠤᠯ | ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ | ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠳᠤ ᠲᠣᠭᠲᠠᠭᠠᠭᠰᠠᠨ ︽ᠳᠥᠷᠪᠡᠨ ᠲᠥᠷᠥᠯ︾ ᠤᠨ ᠠᠷᠠᠳ ᠤᠨ | ᠬᠡᠷᠡᠭᠯᠡᠭᠡᠨ ᠤ ᠪᠠᠷᠢᠯᠭ᠎ᠠ ᠶᠢ ᠨᠢᠭᠡ ᠣᠳᠣᠨ ᠲᠠᠰ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠦᠭᠡᠢ ᠪᠠᠷᠢᠯᠭ᠎ᠠ ᠶᠢᠨ | ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ ᠪᠠᠶᠢᠭᠤᠯᠤᠨ᠂ ᠰᠢᠨ᠎ᠡ ᠪᠠᠷ ᠪᠠᠶᠢᠭᠤᠯᠤᠭᠰᠠᠨ ᠬᠡᠲᠦ ᠥᠨᠳᠥᠷ | ᠳᠠᠪᠬᠤᠷᠭ᠎ᠠ ᠶᠢᠨ ᠪᠠᠷᠢᠯᠭ᠎ᠠ ᠳᠤ ᠪᠣᠬᠢᠷᠲᠤᠯ ᠦᠭᠡᠢ ᠪᠠᠷᠢᠯᠭ᠎ᠠ ᠶᠢᠨ ᠭᠤᠷᠪᠠᠨ ᠣᠳᠣᠨ ᠲᠠᠰ ᠤᠨ ᠪᠠᠷᠢᠮᠵᠢᠶ᠎ᠠ ᠶᠢ | ᠡᠨᠧᠷᠭᠢ ᠶᠢᠨ ᠬᠤᠷᠣᠭᠳᠠᠭᠤᠯᠤᠯ ᠢᠶᠠᠷ ᠬᠡᠲᠦ ᠪᠠᠭ᠎ᠠ ᠪᠠᠷᠢᠯᠭ᠎ᠠ ᠶᠢ ᠲᠦᠷᠭᠡᠳᠬᠡᠨ ᠳᠡᠯᠭᠡᠷᠡᠭᠦᠯᠵᠦ᠂ ᠡᠨᠧᠷᠭᠢ ᠶᠢᠨ | ᠬᠤᠷᠣᠭᠳᠠᠭᠤᠯᠤᠯ ᠢᠶᠠᠷ ᠪᠠᠭ᠎ᠠ ᠪᠠᠷᠢᠯᠭ᠎ᠠ᠂ ᠨᠡᠭᠦᠷᠡᠰᠦᠲᠥ᠋ᠷᠥᠭᠴᠢ ᠶᠢᠨ ᠬᠤᠷᠣᠭᠳᠠᠭᠤᠯᠤᠯ ᠦᠭᠡᠢ ᠪᠠᠷᠢᠯᠭ᠎ᠠ ᠶᠢᠨ | ᠬᠥᠭᠵᠢᠯᠲᠡ ᠶᠢ ᠬᠥᠲᠥᠯᠥᠨ ᠵᠢᠯᠤᠭᠤᠳᠴᠤ ᠲᠦᠯᠬᠢᠨ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠣᠷᠣᠨ ᠰᠠᠭᠤᠴᠠ ᠶᠢ ᠢᠳᠡᠪᠬᠢᠲᠡᠢ ᠪᠠᠷ ᠪᠦᠲᠦᠭᠡᠨ ᠪᠠᠶᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠤᠭᠰᠠᠷᠠᠭ᠎ᠠ ᠮᠠᠶ᠋ᠢᠭ ᠤᠨ ᠪᠦᠷᠢᠨ ᠵᠠᠰᠠᠵᠤ ᠴᠢᠮᠡᠭᠯᠡᠬᠦ ᠶᠢ ᠰᠢᠨ᠎ᠡ ᠪᠠᠷ ᠪᠠᠶᠢᠭᠤᠯᠤᠭᠰᠠᠨ ᠲᠠᠸᠠᠷ ᠤᠨ | ᠤᠷᠤᠨ ᠰᠠᠭᠤᠴᠠ ᠳᠤ ᠬᠡᠷᠡᠭᠯᠡᠬᠦ ᠶᠢ ᠬᠥᠲᠥᠯᠥᠨ ᠵᠢᠯᠣᠭᠤᠳᠤᠨ᠎ᠠ᠃ | ︵ᠳᠣᠯᠤᠭ᠎ᠠ︶ ᠪᠠᠷᠢᠯᠭ᠎ᠠ ᠶᠢᠨ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠦᠨ᠎ᠡ᠃ ᠪᠠᠷᠢᠯᠭ᠎ᠠ ᠶᠢᠨ | ᠢᠯᠴᠢ ᠶᠢᠨ ᠡᠬᠢ ᠰᠤᠷᠪᠤᠯᠵᠢ ᠶᠢᠨ ᠨᠡᠭᠦᠷᠡᠰᠦᠲᠥ᠋ᠷᠥᠭᠴᠢ ᠪᠠᠭ᠎ᠠ ᠪᠣᠯᠭᠠᠬᠤ ᠶᠢ ᠠᠬᠢᠭᠤᠯᠵᠤ᠂ ᠨᠡᠷᠡᠨ ᠡᠨᠧᠷᠭᠢ ᠶᠢᠨ | ᠭᠡᠷᠡᠯ ᠢᠯᠴᠢ ᠶᠢᠨ ᠪᠠᠷᠢᠯᠭ᠎ᠠ ᠶᠢᠨ ᠬᠡᠷᠡᠭᠯᠡᠯᠲᠡ ᠶᠢ ᠢᠳᠡᠪᠬᠢᠲᠡᠢ ᠳᠡᠯᠭᠡᠷᠡᠭᠦᠯᠵᠦ᠂ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠡᠷᠡᠯ ᠴᠡᠨᠡᠭ ᠢ ᠳᠡᠯᠭᠡᠷᠡᠭᠦᠯᠦᠨ ᠬᠡᠷᠡᠭᠯᠡᠬᠦ ᠶᠢᠨ ᠬᠡᠷᠡᠭᠵᠢᠭᠦᠯᠬᠦ | ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠪᠠᠶᠢᠭᠤᠯᠤᠯᠲᠠ ᠪᠠᠷᠢᠮᠵᠢᠶ᠎ᠠ | ᠵᠠᠬᠢᠳᠠᠯ ﹇2024﹈ 256 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠬᠡᠷᠡᠯ ᠸᠣᠯᠲ +︾ | ᠰᠢᠨ᠎ᠡ ᠪᠠᠷ ᠪᠠᠶᠢᠭᠤᠯᠤᠭᠰᠠᠨ ᠣᠯᠠᠨ ᠨᠡᠶᠢᠲᠡ ᠶᠢᠨ ᠪᠠᠷᠢᠯᠭ᠎ᠠ᠂ ︽ᠬᠡᠷᠡᠯ ᠸᠣᠯᠲ +︾ ᠰᠢᠨ᠎ᠡ ᠪᠠᠷ ᠪᠠᠶᠢᠭᠤᠯᠤᠭᠰᠠᠨ | ᠠᠵᠤ ᠦᠢᠯᠡᠳᠪᠦᠷᠢ ᠶᠢᠨ ᠪᠠᠷᠢᠯᠭ᠎ᠠ᠂ ︽ᠬᠡᠷᠡᠯ ᠸᠣᠯᠲ +︾ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠪᠠᠷᠢᠯᠭ᠎ᠠ᠂ ︽ᠬᠡᠷᠡᠯ ᠸᠣᠯᠲ +︾ ᠪᠠᠶᠢᠭᠤᠯᠵᠤ ᠪᠠᠶᠢᠭ᠎ᠠ ᠪᠠᠷᠢᠯᠭ᠎ᠠ᠂ ︽ᠬᠡᠷᠡᠯ ᠸᠣᠯᠲ +︾ ᠨᠢᠭᠡᠨᠲᠡ ᠪᠠᠶᠢᠭ᠎ᠠ | ᠪᠠᠷᠢᠯᠭ᠎ᠠ ᠶᠢᠨ ᠲᠠᠪᠤᠨ ᠲᠥᠷᠥᠯ ᠤᠨ ᠠᠬᠤᠢ ᠲᠠᠯᠠᠪᠠᠶ ᠶᠢᠨ ᠬᠡᠷᠡᠭᠯᠡᠯᠲᠡ ᠶᠢ ᠠᠬᠢᠭᠤᠯᠤᠨ᠎ᠠ᠃ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠭᠠᠷ ᠤᠨ ᠢᠯᠴᠢ ᠶᠢᠨ ᠡᠨᠧᠷᠭᠢ᠂ ᠠᠮᠢᠳᠤ ᠪᠣᠳᠠᠰ ᠤᠨ ᠮᠠᠰ ᠡᠨᠧᠷᠭᠢ | ᠵᠡᠷᠭᠡ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠠᠰᠢᠭᠯᠠᠬᠤ ᠶᠢ ᠲᠦᠯᠬᠢᠨ | ᠠᠬᠢᠭᠤᠯᠤᠨ᠎ᠠ᠃ ᠪᠠᠷᠢᠯᠭ᠎ᠠ ᠶᠢᠨ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢ ᠣᠶᠤᠨᠴᠢ ᠡᠵᠡᠮᠳᠡᠯ᠂ ᠬᠡᠷᠡᠯ ᠬᠠᠳᠠᠭᠠᠯᠠᠬᠤ | ᠂ ᠬᠠᠯᠠᠭᠤᠨ ᠬᠦᠢᠲᠡᠨ ᠢᠯᠴᠢ ᠬᠠᠳᠠᠭᠠᠯᠠᠬᠤ ᠵᠡᠷᠭᠡ ᠮᠡᠷᠭᠡᠵᠢᠯ ᠤᠨ ᠬᠡᠷᠡᠭᠯᠡᠯᠲᠡ ᠶᠢ ᠢᠳᠡᠪᠬᠢᠲᠡᠢ ᠪᠠᠷ ᠬᠠᠶᠢᠨ | ᠰᠦᠪᠡᠭᠴᠢᠯᠡᠵᠦ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠬᠦᠴᠦᠨ ᠢ ᠤᠷᠢᠳᠠᠪᠠᠷ | ᠰᠢᠩᠭᠡᠬᠡᠨ ᠠᠪᠤᠨ᠎ᠠ᠃ | ᠳᠥᠷᠪᠡ᠂ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠎ᠡ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠤ ᠦᠢᠯᠡᠳᠪᠦᠷᠢᠵᠢᠯᠲᠡ᠂ | ᠲᠣᠭᠠᠴᠢᠯᠠᠯᠲᠠ᠂ ᠪᠣᠬᠢᠷᠲᠤᠯ ᠦᠭᠡᠢ ᠬᠦᠭᠵᠢᠯᠳᠡ ᠶᠢᠨ ᠲᠤᠷᠰᠢᠯᠲᠠ ᠶᠢᠨ ᠢᠨᠵᠧᠨᠧᠷᠢᠩ ᠤᠨ ᠲᠥᠷᠥᠯ ᠵᠦᠢᠯ ︵ | ᠳᠣᠷᠣᠭᠰᠢ ᠲᠤᠷᠰᠢᠯᠲᠠ ᠶᠢᠨ ᠲᠥᠷᠥᠯ ᠵᠦᠢᠯ ᠭᠡᠵᠦ ᠲᠣᠪᠴᠢᠯᠠᠨ᠎ᠠ︶᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ᠂ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠪᠠᠷ ᠭᠤᠣᠯᠳᠠᠯᠭ᠎ᠠ | ᠪᠣᠯᠭᠠᠵᠤ᠂ ᠨᠡᠶᠢᠭᠡᠮ ᠤᠨ ᠪᠤᠰᠤᠳ ᠲᠦᠷᠦᠯ ᠵᠦᠢᠯ ᠳᠤ ᠤᠭᠰᠠᠷᠠᠯᠲᠠ ᠶᠢᠨ ᠪᠠᠷᠢᠯᠭ᠎ᠠ᠂ ᠢᠨᠲ᠋ᠥᠷ ᠰᠦᠯᠵᠢᠶ᠎ᠡ᠂ | ᠲᠣᠮᠣ ᠳ᠋ᠠᠶᠢᠲ᠋ᠠ᠂ ᠵᠣᠬᠢᠶᠠᠮᠠᠯ ᠤᠶᠤᠨ᠂ ᠲᠡᠷᠢᠭᠦᠨ ᠤ ᠦᠢᠯᠡᠳᠬᠦ ᠦᠢᠯᠡᠰ ᠪᠣᠯᠣᠨ ᠪᠣᠬᠢᠷᠲᠤᠯ ᠦᠭᠡᠢ ᠪᠠᠷᠢᠯᠭ᠎ᠠ᠂ | ᠬᠡᠳᠦ ᠪᠠᠭ᠎ᠠ ᠡᠨᠧᠷᠭᠢ ᠶᠢᠨ ᠬᠤᠷᠣᠭᠳᠠᠯ ᠤᠨ ᠪᠠᠷᠢᠯᠭ᠎ᠠ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ BIM | ᠮᠡᠷᠭᠡᠵᠢᠯ᠂ ᠳᠠᠬᠢᠨ ᠡᠭᠦᠰᠴᠦ ᠪᠣᠯᠬᠤ ᠡᠨᠧᠷᠭᠢ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠪᠣᠬᠢᠷᠲᠤᠯ ᠦᠭᠡᠢ ᠪᠠᠷᠢᠯᠭ᠎ᠠ | ᠵᠢᠴᠢ ᠣᠶᠤᠨᠴᠢᠯᠠᠭᠰᠠᠨ ᠬᠠᠮᠢᠶᠠᠷᠤᠯᠲᠠ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠬᠤᠷᠠᠮᠠᠯ ᠬᠡᠷᠡᠭᠯᠡᠭᠡ ᠶᠢ | ᠠᠬᠢᠭᠤᠯᠵᠤ᠂ ᠴᠢᠨᠠᠷ ᠰᠠᠶᠢᠲᠠᠢ ᠰᠢᠨ᠎ᠡ ᠶᠢ ᠡᠭᠦᠳᠬᠦ ᠢᠨᠵᠧᠨᠧᠷᠢᠩ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠶᠢ | ᠠᠬᠢᠭᠤᠯᠤᠨ᠎ᠠ᠃ | ︵ᠨᠢᠭᠡ︶ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠱᠠᠭᠠᠷᠳᠠᠯᠭ᠎ᠠ | ᠳᠣᠣᠷᠠᠬᠢ ᠨᠥᠬᠦᠴᠡᠯ ᠳᠤ ᠨᠡᠶᠢᠴᠡᠬᠦ ᠪᠠᠷᠢᠯᠭ᠎ᠠ ᠶᠢᠨ ᠲᠥᠷᠥᠯ ᠵᠦᠢᠯ ᠨᠢ ᠲᠤᠷᠰᠢᠯᠲᠠ ᠶᠢᠨ ᠲᠥᠷᠥᠯ ᠵᠦᠢᠯ ᠢ | ᠭᠤᠶᠤᠴᠢᠯᠠᠨ ᠮᠡᠳᠡᠭᠦᠯᠵᠦ ᠪᠣᠯᠣᠨ᠎ᠠ᠃ | 1. ᠪᠠᠷᠢᠯᠭ᠎ᠠ ᠶᠢᠨ ᠲᠥᠷᠥᠯ ᠵᠦᠢᠯ ᠨᠢ A ᠲᠠᠰ ᠵᠢᠴᠢ ᠲᠡᠭᠦᠨ ᠠᠴᠠ ᠳᠡᠭᠡᠭᠰᠢᠬᠢ ᠤᠭᠰᠠᠷᠠᠮᠠᠯ ᠮᠠᠶ᠋ᠢᠭ ᠤᠨ | ᠪᠠᠷᠢᠯᠭ᠎ᠠ ᠳᠤ ᠵᠡᠷᠭᠡ ᠪᠠᠷ ᠨᠡᠶᠢᠴᠡᠵᠦ᠂ ᠶᠠᠮᠠᠷ ᠨᠢᠭᠡᠨ ᠱᠠᠲᠤ ᠦᠶ᠎ᠡ ᠳᠤ ᠲᠣᠭᠠᠴᠢᠯᠠᠭᠰᠠᠨ ᠮᠡᠷᠭᠡᠵᠢᠯ ᠢ ᠨᠢᠭᠡ ᠣᠳᠣᠨ | ᠲᠠᠰ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠦᠭᠡᠢ ᠪᠠᠷᠢᠯᠭ᠎ᠠ ᠶᠢ ᠵᠢᠷᠤᠭᠯᠠᠨ ᠲᠥᠯᠥᠪᠯᠡᠬᠦ᠂ ᠪᠠᠷᠢᠬᠤ᠂ | ᠡᠵᠡᠩᠨᠡᠬᠦ ᠳᠤ ᠬᠡᠷᠡᠭᠯᠡᠨ᠎ᠡ᠃ | 2. ᠢᠨᠵᠧᠨᠧᠷᠢᠩ ᠤᠨ ᠲᠥᠷᠥᠯ ᠵᠦᠢᠯ ᠨᠢ AA ᠲᠠᠰ ᠵᠢᠴᠢ ᠲᠡᠭᠦᠨ ᠠᠴᠠ ᠳᠡᠭᠡᠭᠰᠢᠬᠢ ᠤᠭᠰᠠᠷᠠᠮᠠᠯ | ᠮᠠᠶ᠋ᠢᠭ ᠤᠨ ᠪᠠᠷᠢᠯᠭ᠎ᠠ ᠳᠤ ᠨᠡᠶᠢᠴᠡᠵᠦ᠂ ᠪᠠᠷᠢᠯᠭ᠎ᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ | ᠲᠣᠭᠠᠵᠢᠭᠤᠯᠤᠭᠰᠠᠨ ᠮᠡᠷᠭᠡᠵᠢᠯ ᠢ ᠬᠤᠶᠠᠷ ᠣᠳᠣᠨ ᠲᠠᠰ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠦᠭᠡᠢ | ᠪᠠᠷᠢᠯᠭ᠎ᠠ ᠶᠢᠨ ᠳᠣᠲᠣᠷᠠᠬᠢ ᠨᠢᠭᠡ ᠵᠦᠢᠯ ᠤᠨ ᠭᠦᠢᠴᠡᠳᠬᠡᠯ ᠲᠤᠭ᠎ᠠ ᠶᠢ ᠬᠡᠷᠡᠭᠯᠡᠨ᠎ᠡ᠃ | ᠤᠷᠢᠳᠴᠢᠯᠠᠨ ᠦᠨᠡᠯᠡᠬᠦ ᠪᠠᠷ ᠳᠠᠮᠵᠢᠭᠠᠳ ᠨᠥᠬᠦᠴᠡᠯ ᠳᠤ ᠨᠡᠶᠢᠴᠡᠭᠰᠡᠨ ᠪᠠᠶᠢᠭᠤᠯᠵᠤ ᠪᠠᠶᠢᠭ᠎ᠠ ᠲᠦᠷᠦᠯ ᠵᠦᠢᠯ ᠪᠤᠶᠤ | ᠦᠨᠡᠯᠡᠬᠦ ᠪᠠᠷ ᠳᠠᠮᠵᠢᠭᠠᠳ ᠨᠥᠬᠦᠴᠡᠯ ᠳᠤ ᠨᠡᠶᠢᠴᠡᠭᠰᠡᠨ ᠨᠢᠭᠡᠨᠲᠡ ᠪᠠᠷᠢᠵᠤ ᠳᠠᠭᠤᠰᠬᠠᠭᠰᠠᠨ ᠪᠠᠷᠢᠯᠭ᠎ᠠ ᠶᠢᠨ ᠲᠦᠷᠦᠯ | ᠵᠦᠢᠯ ᠳᠤ ᠴᠥᠮ ᠲᠤᠷᠰᠢᠯᠲᠠ ᠶᠢᠨ ᠲᠦᠷᠦᠯ ᠵᠦᠢᠯ ᠢ ᠭᠤᠶᠤᠴᠢᠯᠠᠵᠤ ᠪᠣᠯᠣᠨ᠎ᠠ᠃ ᠭᠤᠶᠤᠴᠢᠯᠠᠭᠴᠢ ᠨᠢ ᠮᠡᠳᠡᠭᠦᠯᠬᠦ | ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠂ ᠬᠦᠴᠦᠨ ᠪᠦᠬᠦᠢ ᠴᠢᠨᠠᠷ ᠲᠤ ᠬᠠᠷᠢᠭᠤᠴᠠᠨ᠎ᠠ᠃ | ᠪᠠᠷᠢᠯᠭ᠎ᠠ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠠᠪᠤᠴᠠ ᠳᠤ᠂ ᠡᠩ ᠤᠨ ᠪᠠ ᠲᠡᠭᠦᠨ ᠠᠴᠠ ᠳᠡᠭᠡᠭᠰᠢᠬᠢ | ᠶᠠᠰᠤ ᠴᠢᠨᠠᠷ᠂ ᠠᠶᠦᠯᠭᠦᠢ ᠦᠢᠯᠡᠳᠪᠦᠷᠢᠯᠡᠯ ᠤᠨ ᠡ᠊ᠨᠳᠡᠯ ᠭᠠᠷᠴᠤ ᠥᠩᠭᠡᠷᠡᠭᠰᠡᠨ᠂ ᠡᠰᠡᠬᠦᠯ᠎ᠡ ᠭᠤᠶᠤᠴᠢᠯᠠᠭᠰᠠᠨ | ᠨᠢᠭᠡᠴᠢ ᠨᠢ ᠣᠨ ᠤ ᠳᠣᠲᠣᠷ᠎ᠠ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠲᠠᠢ ᠭᠡᠵᠦ | ᠨᠡᠶᠢᠲᠡᠯᠡᠭᠳᠡᠭᠰᠡᠨ᠂ ᠵᠢᠴᠢ ᠨᠡᠶᠢᠭᠡᠮ ᠳᠡᠭᠡᠷ᠎ᠡ ᠮᠠᠭᠤ ᠨᠥᠯᠥᠭᠡ ᠭᠠᠷᠭᠠᠭᠰᠠᠨ ᠪᠤᠰᠤᠳ ᠬᠡᠷᠡᠭ ᠲᠠᠢ ᠬᠤᠯᠪᠤᠭᠳᠠᠵᠤ | ᠪᠠᠶᠢᠪᠠᠯ᠂ ᠲᠤᠷᠰᠢᠯᠲᠠ ᠶᠢᠨ ᠲᠥᠷᠥᠯ ᠵᠦᠢᠯ ᠢ ᠭᠤᠶᠤᠴᠢᠯᠠᠵᠤ ᠪᠣᠯᠬᠤ ᠦᠭᠡᠢ᠃ | ︵ᠬᠤᠶᠠᠷ︶ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠮᠡᠳᠡᠭᠦᠯᠬᠦ ᠠᠭᠤᠯᠭ᠎ᠠ | ᠲᠤᠷᠰᠢᠯᠲᠠ ᠶᠢᠨ ᠴᠡᠭ ᠤᠨ ᠲᠥᠷᠥᠯ ᠵᠦᠢᠯ ᠭᠤᠶᠤᠴᠢᠯᠠᠬᠤ ᠶᠢ ᠪᠠᠷᠢᠯᠭ᠎ᠠ ᠪᠠᠷᠢᠬᠤ ᠶᠢᠨ ᠶᠡᠷᠦᠩᠬᠡᠢ | ᠳᠠᠭᠠᠭᠠᠴᠢᠯᠠᠭᠰᠠᠨ ᠨᠢᠭᠡᠴᠢ ᠠᠴᠠ ᠲᠠᠭᠯᠠᠨ ᠪᠢᠴᠢᠬᠦ ᠶᠢᠨ ᠬᠠᠮᠲᠤ ᠲᠥᠷᠥᠯ ᠵᠦᠢᠯ ᠤᠨ ᠪᠠᠶᠢᠭ᠎ᠠ ᠬᠤᠰᠢᠭᠤ ᠰᠢᠶᠠᠨ ︵ | ᠬᠤᠲᠠ᠂ ᠲᠣᠭᠤᠷᠢᠭ︶ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠷᠢᠯᠭ᠎ᠠ ᠶᠢᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠬᠦᠭᠵᠢᠯᠳᠡ ᠶᠢᠨ | ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠭᠤᠶᠤᠴᠢᠯᠠᠬᠤ ᠬᠦᠰᠦᠨᠦᠭᠲᠦ︾ ︵ᠳᠠᠭᠠᠯᠳᠤᠭᠤᠯᠤᠯ 1︶᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ | ᠂ ᠪᠣᠬᠢᠷᠲᠤᠯ ᠦᠭᠡᠢ ᠬᠦᠭᠵᠢᠯᠳᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠮᠡᠳᠡᠭᠦᠯᠬᠦ ᠪᠢᠴᠢᠭ︾ ︵ | ᠳᠠᠭᠠᠯᠳᠤᠭᠤᠯᠤᠯ 2︶ ᠢ ᠮᠡᠳᠡᠭᠦᠯᠦᠨ ᠬᠦᠷᠭᠡᠬᠦ ᠬᠡᠷᠡᠭᠲᠡᠢ᠃ | ︵ᠭᠤᠷᠪᠠ︶ ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠲᠥᠷᠥᠯ ᠵᠦᠢᠯ ᠢ ᠮᠡᠳᠡᠭᠦᠯᠬᠦ ᠲᠠᠰ ᠳᠠᠷᠠᠭᠠᠯᠠᠯ | ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠬᠤ ᠨᠢᠭᠡᠴᠢ ᠠᠴᠠ | ᠭᠤᠶᠤᠴᠢᠯᠠᠨ ᠮᠡᠳᠡᠭᠦᠯᠦᠨ᠎ᠡ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ | ᠬᠠᠷᠭᠤᠭᠤᠯᠬᠤ᠂ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠯᠢᠳᠡᠭ ᠢ ᠨᠢ ᠰᠣᠩᠭᠤᠨ ᠲᠠᠨᠢᠯᠴᠠᠭᠤᠯᠬᠤ | ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠠᠴᠠ ᠬᠢᠨᠠᠨ ᠲᠣᠭᠲᠠᠭᠠᠵᠤ ᠨᠡᠶᠢᠲᠡᠯᠡᠬᠦ ᠠᠵᠢᠯ ᠤᠨ ᠲᠠᠰ ᠳᠠᠷᠠᠭᠠᠯᠠᠯ ᠶᠣᠰᠣᠭᠠᠷ᠂ ᠲᠤᠷᠰᠢᠯᠲᠠ ᠶᠢᠨ | ᠴᠡᠭ ᠤᠨ ᠪᠠᠷᠢᠯᠭ᠎ᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠦᠨᠡᠯᠡᠬᠦ ᠠᠵᠢᠯ ᠢ ᠵᠣᠬᠢᠶᠠᠨ ᠪᠠᠶᠢᠭᠤᠯᠤᠨ | ᠦᠷᠨᠢᠭᠦᠯᠦᠨ᠎ᠡ᠃ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ | ᠬᠡᠪᠴᠢᠶᠡᠨ ᠳᠠᠬᠢ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠭᠤᠶᠤᠴᠢᠯᠠᠭᠰᠠᠨ ᠬᠠᠮᠢᠶ᠎ᠠ ᠪᠦᠬᠦᠢ ᠮᠠᠲ᠋ᠧᠷᠢᠶᠠᠯ ᠢ | ᠬᠤᠷᠢᠶᠠᠩᠭᠤᠶᠢᠯᠠᠵᠤ᠂ ᠲᠠᠨᠢᠯᠴᠠᠭᠤᠯᠬᠤ ᠰᠠᠨᠠᠯ ᠢ ᠲᠠᠭᠯᠠᠨ ᠪᠢᠴᠢᠵᠦ᠂ 2024 ᠣᠨ ᠤ 12 ᠳ᠋ᠤᠭᠠᠷ ᠰᠠᠷ᠎ᠠ ᠶᠢᠨ | 10 ᠤ ᠡᠳᠦᠷ ᠠᠴᠠ ᠡᠮᠦᠨ᠎ᠡ ᠲᠠᠨᠢᠯᠴᠠᠭᠤᠯᠬᠤ ᠵᠠᠬᠢᠳᠠᠯ᠂ ᠭᠤᠶᠤᠴᠢᠯᠠᠬᠤ ᠬᠦᠰᠦᠨᠦᠭᠲᠦ ᠪᠠ ᠮᠡᠳᠡᠭᠦᠯᠬᠦ ᠪᠢᠴᠢᠭ | ᠵᠡᠷᠭᠡ ᠮᠠᠲ᠋ᠧᠷᠢᠶᠠᠯ ︵ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ ᠲᠣᠰ ᠪᠦᠷᠢ ᠨᠢᠭᠡ ᠬᠤᠪᠢ︶ ᠢ ᠮᠠᠨ ᠤ | ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠢ᠃ ᠮᠠᠨ ᠤ ᠲᠢᠩᠬᠢᠮ ᠠᠴᠠ ᠡᠯ᠎ᠡ ᠭᠠᠵᠠᠷ ᠤᠨ ᠮᠡᠳᠡᠭᠦᠯᠦᠨ ᠬᠦᠷᠭᠡᠭᠰᠡᠨ | ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ᠂ ᠮᠡᠳᠡᠭᠦᠯᠦᠭᠰᠡᠨ | ᠲᠤᠷᠰᠢᠯᠲᠠ ᠶᠢᠨ ᠲᠥᠷᠥᠯ ᠵᠦᠢᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ | ᠶᠡᠷᠦᠩᠬᠡᠶᠢᠯᠡᠨ ᠰᠢᠯᠭᠠᠨ ᠦᠨᠡᠯᠡᠭᠰᠡᠨ ᠤ ᠳᠠᠷᠠᠭ᠎ᠠ ᠲᠤᠷᠰᠢᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠨᠡᠷᠡᠰ ᠢ | ᠲᠣᠭᠲᠠᠭᠠᠵᠤ᠂ ᠨᠡᠶᠢᠭᠡᠮ ᠨᠡᠶᠢᠲᠡ ᠳᠤ ᠢᠯᠡ ᠪᠠᠷ ᠨᠡᠶᠢᠳᠡᠯᠡᠨ᠎ᠡ᠃ ᠬᠠᠮᠢᠶ᠎ᠠ ᠪᠦᠬᠦᠢ ᠨᠡᠶᠢᠭᠡᠮᠯᠢᠭ ᠠᠴᠠ ᠪᠠᠷᠢᠯᠭ᠎ᠠ ᠶᠢᠨ | ᠠᠵᠤ ᠦᠢᠯᠡᠳᠪᠦᠷᠢᠵᠢᠭᠦᠯᠦᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠬᠦᠭᠵᠢᠯᠳᠡ ᠶᠢᠨ ᠠᠵᠢᠯ ᠢ ᠢᠳᠡᠪᠬᠢᠲᠡᠢ ᠪᠠᠷ | ᠤᠬᠠᠭᠤᠯᠤᠨ ᠳᠡᠯᠭᠡᠷᠡᠭᠦᠯᠵᠦ᠂ ᠭᠤᠶᠤᠴᠢᠯᠠᠨ ᠮᠡᠳᠡᠭᠦᠯᠬᠦ ᠠᠵᠢᠯ ᠢ ᠬᠠᠪᠰᠤᠷᠤᠨ ᠰᠠᠶᠢᠲᠤᠷ ᠥᠷᠨᠢᠭᠦᠯᠵᠦ᠂ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠲᠣᠰ ᠭᠠᠵᠠᠷ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠨ ᠮᠡᠳᠡᠭᠦᠯᠬᠦ ᠶᠢ | ᠢᠳᠡᠪᠬᠢᠲᠡᠢ ᠵᠣᠬᠢᠶᠠᠨ ᠪᠠᠶᠢᠭᠤᠯᠬᠤ ᠬᠡᠷᠡᠭᠲᠡᠢ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠠᠶᠢᠮᠠᠭ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠪᠠᠷᠢᠯᠭ᠎ᠠ ᠶᠢᠨ | ᠠᠵᠤ ᠦᠢᠯᠡᠳᠪᠦᠷᠢᠵᠢᠭᠦᠯᠦᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠪᠠᠷᠢᠯᠭ᠎ᠠ ᠶᠢᠨ ᠠᠵᠤ ᠦᠢᠯᠡᠳᠪᠦᠷᠢᠵᠢᠭᠦᠯᠦᠯᠲᠡ᠂ ᠲᠣᠭᠠᠴᠢᠯᠠᠯᠲᠠ᠂ ᠪᠣᠬᠢᠷᠲᠤᠯ | ᠦᠭᠡᠢ ᠬᠥᠭᠵᠢᠯᠲᠡ ᠶᠢ ᠬᠥᠭᠵᠢᠭᠦᠯᠬᠦ ᠶᠢ ᠲᠣᠰ ᠭᠠᠵᠠᠷ ᠣᠷᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠳᠡᠭᠡᠨ | ᠣᠷᠣᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ | ᠡᠭᠦᠷᠭᠡ ᠶᠢᠨ ᠡᠮᠬᠢ ᠵᠢᠷᠤᠮ ᠲᠠᠢ ᠪᠠᠷ ᠠᠬᠢᠬᠤ ᠶᠢ ᠪᠠᠲᠤᠯᠠᠨ᠎ᠠ᠃ | ︵ᠬᠤᠶᠠᠷ︶ ᠮᠥᠷᠳᠡᠨ ᠦᠢᠯᠡᠴᠢᠯᠡᠬᠦ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠮᠥᠷᠳᠡᠨ | ᠦᠢᠯᠡᠴᠢᠯᠡᠬᠦ ᠪᠠᠨ ᠴᠢᠩᠭᠠᠳᠬᠠᠵᠤ᠂ ᠭᠤᠶᠤᠴᠢᠯᠠᠨ ᠮᠡᠳᠡᠭᠦᠯᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠠᠭᠤᠯᠭ᠎ᠠ ᠶᠢᠨ ᠶᠣᠰᠣᠭᠠᠷ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠲᠥᠷᠥᠯ ᠵᠦᠢᠯ ᠢ | ᠬᠡᠷᠡᠭᠵᠢᠭᠦᠯᠬᠦ ᠶᠠᠪᠤᠴᠠ ᠳᠠᠬᠢ ᠬᠦᠴᠢᠷ ᠠᠰᠠᠭᠤᠳᠠᠯ ᠢ ᠵᠢᠯᠣᠭᠤᠳᠤᠨ ᠰᠢᠢᠳᠪᠦᠷᠢᠯᠡᠬᠦ ᠬᠡᠷᠡᠭᠲᠡᠢ᠃ ᠡᠷᠳᠡᠮ ᠰᠢᠨᠵᠢᠯᠡᠭᠡ | ᠳᠡᠭᠡᠳᠦ ᠰᠤᠷᠭᠠᠭᠤᠯᠢ᠂ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ | ᠵᠣᠯᠭᠠᠭᠤᠯᠵᠤ᠂ ᠲᠣᠰ ᠭᠠᠵᠠᠷ ᠣᠷᠣᠨ ᠤ ᠪᠠᠷᠢᠯᠭ᠎ᠠ ᠶᠢᠨ ᠠᠵᠤ ᠦᠢᠯᠡᠳᠪᠦᠷᠢᠵᠢᠭᠦᠯᠦᠯᠲᠡ᠂ ᠲᠣᠭᠠᠴᠢᠯᠠᠯᠲᠠ᠂ | ᠪᠣᠬᠢᠷᠲᠤᠯ ᠦᠭᠡᠢ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠡᠯ᠎ᠡ ᠲᠥᠷᠥᠯ ᠤᠨ | ᠠᠵᠢᠯ ᠲᠥᠷᠥᠯ ᠤᠨ ᠭᠤᠣᠯ ᠴᠣᠭᠴᠠ ᠶᠢᠨ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠎ᠡ᠃ | ︵ᠭᠤᠷᠪᠠ︶ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠱᠠᠲᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠪᠠᠷᠢᠯᠭ᠎ᠠ ᠶᠢᠨ ᠠᠵᠤ | ᠦᠢᠯᠡᠳᠪᠦᠷᠢᠵᠢᠭᠦᠯᠦᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠬᠦᠭᠵᠢᠯᠳᠡ ᠶᠢᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢ ᠴᠢᠩᠭᠠᠳᠬᠠᠵᠤ᠂ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠣᠯᠣᠭᠰᠠᠨ ᠦᠷ᠎ᠡ ᠪᠦᠲᠦᠭᠡᠯ ᠢ | ᠦᠨᠡᠯᠡᠨ ᠵᠢᠱᠢᠬᠦ ᠶᠢ ᠥᠷᠨᠢᠭᠦᠯᠦᠨ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠪᠠ ᠨᠡᠶᠢᠲᠡᠯᠢᠭ ᠬᠡᠷᠡᠭ ᠤᠨ | ᠵᠢᠱᠢᠶ᠎ᠡ ᠶᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ᠂ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ᠬᠠᠷᠢᠯᠴᠠᠬᠤ ᠬᠥᠮᠥᠨ᠄ | ᠪᠠᠷᠢᠮᠵᠢᠶ᠎ᠠ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠸᠠᠩ ᠯᠢ | ᠵᠢᠶᠦ᠋ᠨ 0471-6944435 | ᠪᠣᠬᠢᠷᠲᠤᠯ ᠦᠭᠡᠢ ᠰᠤᠳᠤᠯᠭᠠᠨ ᠤ ᠬᠥᠭᠵᠢᠯᠲᠡ ᠶᠢᠨ ᠲᠥᠪ ᠼᠤᠤ ᠬᠠᠢ ᠯᠦᠩ 0471- | 6945058 | ᠢᠮᠧᠯ᠄ zjtgyhzb@163.com | ᠳᠠᠭᠠᠯᠳᠤᠭᠤᠯᠤᠯ᠄ | 1.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠤ ᠦᠢᠯᠡᠳᠪᠦᠷᠢᠵᠢᠭᠦᠯᠦᠯᠲᠡ᠂ | ᠲᠣᠭᠠᠴᠢᠯᠠᠯᠲᠠ᠂ ᠪᠣᠬᠢᠷᠲᠤᠯ ᠦᠭᠡᠢ ᠬᠦᠭᠵᠢᠯᠳᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ | ᠭᠤᠶᠤᠴᠢᠯᠠᠯ ᠤᠨ ᠬᠦᠰᠦᠨᠦᠭᠲᠦ | 2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠤ ᠦᠢᠯᠡᠳᠪᠦᠷᠢᠵᠢᠭᠦᠯᠦᠯᠲᠡ᠂ | ᠲᠣᠭᠠᠴᠢᠯᠠᠯᠲᠠ᠂ ᠪᠣᠬᠢᠷᠲᠤᠯ ᠦᠭᠡᠢ ᠬᠦᠭᠵᠢᠯᠳᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠮᠡᠳᠡᠭᠦᠯᠬᠦ | ᠪᠢᠴᠢᠭ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠲᠢᠩᠬᠢᠮ | 2024 ᠣᠨ ᠤ 10 ᠰᠠᠷ᠎ᠠ ᠶᠢᠨ 29 ᠤ ᠡᠳᠦᠷ | |