ᠲᠣᠭᠲᠠᠬᠤ ᠰᠢᠶᠠᠨ ᠤ ᠬᠢᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/10/5
      9 ᠳ᠋ᠤᠭᠡᠷ ᠰᠠᠷ᠎ᠠ ᠶᠢᠨ 30 ᠤ ᠡᠳᠦᠷ᠂ ᠲᠣᠭᠲᠠᠬᠤ ᠰᠢᠶᠠᠨ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠬᠠᠮᠤᠭ ᠤᠨ ᠲᠥᠪ  ᠴᠢᠩᠭ᠎ᠠ᠂ ᠬᠠᠮᠤᠭ ᠤᠨ ᠰᠢᠭᠤᠳ ᠬᠡᠯᠪᠡᠷᠢ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠪᠡ᠃      ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠵᠢᠩᠬᠢᠨᠢ ᠪᠠᠷ ᠡᠬᠢᠯᠡᠪᠡ᠃ ᠪᠦᠬᠦ ᠬᠥᠮᠥᠰ ᠤᠨ ᠲᠥᠪ ᠴᠢᠩᠭ᠎ᠠ ᠬᠠᠷᠠᠴᠠ ᠪᠠᠷ ᠲᠤᠭ ᠬᠠᠮᠠᠭᠠᠯᠠᠭᠴᠢᠳ ᠡᠷᠡᠰ ᠴᠢᠩᠭ᠎ᠠ ᠪᠥᠭᠡᠳ ᠬᠦᠴᠦᠲᠡᠢ ᠠᠯᠬᠤᠮ ᠢᠶᠠᠷ ᠲᠤᠭ ᠮᠠᠨᠳᠤᠭᠤᠯᠬᠤ ᠲᠠᠶᠢᠰᠠᠨ ᠳᠤ ᠭᠠᠷᠪᠠ᠃ ᠰᠦᠷ ᠵᠢᠪᠬᠤᠯᠠᠩᠲᠠᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ︾ ᠶᠢ ᠳᠠᠭᠠᠯᠳᠤᠨ᠂ ᠲᠤᠭᠴᠢ ᠭᠠᠷ ᠢᠶᠠᠨ ᠰᠠᠵᠢᠨ ᠤᠯᠤᠰ ᠤᠨ ᠲᠤᠭ ᠢᠶᠠᠨ ᠡᠷᠭᠦᠵᠦ᠂ ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠳᠡᠯᠭᠡᠭᠳᠡᠵᠦ᠂ ᠠᠯᠭᠤᠷ ᠠᠭᠠᠵᠢᠮ ᠢᠶᠠᠷ ᠳᠡᠭᠡᠭᠰᠢᠯᠡᠨ ᠮᠠᠨᠳᠤᠪᠠ᠃ ᠪᠦᠬᠦ ᠬᠥᠮᠥᠰ ᠴᠤᠭ ᠵᠢᠪᠬᠤᠭ᠎ᠠ ᠪᠠᠷ ᠪᠢᠯᠬᠠᠵᠤ᠂ ᠲᠥᠪ ᠬᠢᠴᠢᠶᠡᠩᠭᠦᠢ ᠪᠠᠷ ᠵᠣᠭᠰᠣᠵᠤ᠂ ᠲᠠᠪᠤᠨ ᠣᠳᠣᠲᠤ ᠤᠯᠠᠭᠠᠨ ᠲᠤᠭ ᠲᠤ ᠰᠢᠷᠳᠡᠬᠦ ᠶᠣᠰᠣ ᠬᠢᠵᠦ᠂ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠡᠨᠡᠬᠦ ᠰᠦᠷ ᠵᠢᠪᠬᠤᠯᠠᠩᠲᠤ ᠴᠠᠭ ᠮᠥᠴᠡ ᠶᠢ ᠬᠠᠮᠲᠤᠪᠠᠷ ᠭᠡᠷᠡᠴᠢᠯᠡᠵᠦ᠂ ᠡᠬᠡ ᠤᠯᠤᠰ ᠲᠠᠭᠠᠨ ᠴᠢᠩ ᠦᠨᠡᠨᠴᠢ ᠰᠡᠳᠬᠢᠯ ᠪᠣᠯᠣᠨ ᠰᠠᠶᠢᠨ ᠰᠠᠶᠢᠬᠠᠨ ᠵᠥᠩᠨᠡᠯ ᠵᠥᠩᠨᠡᠯ ᠢᠶᠠᠨ ᠢᠯᠡᠳᠬᠡᠵᠡᠢ᠃      ᠤᠯᠠᠭᠠᠨ ᠲᠤᠭ ᠨᠠᠮᠢᠷᠠᠵᠤ᠂ ᠡᠬᠡ ᠤᠯᠤᠰ ᠤᠨ ᠢᠶᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠭᠡᠷᠡᠴᠢᠯᠡᠨ᠎ᠡ︔ ᠳᠠᠭᠤᠤ ᠶᠢᠨ ᠠᠶᠠᠰ ᠬᠠᠩᠭᠢᠨᠠᠵᠤ᠂ ᠪᠢᠳᠡᠨ ᠤ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠵᠤ ᠪᠠᠶᠢᠨ᠎ᠠ᠃ ᠡᠨᠡ ᠬᠦ ᠣᠨᠴᠠᠭᠠᠶ ᠡᠳᠦᠷ ᠤᠳ ᠲᠤ ᠪᠢᠳᠡ ᠣᠮᠤᠭ ᠵᠣᠷᠢᠭ ᠢᠶᠠᠷ ᠪᠢᠯᠬᠠᠵᠤ᠂ ᠲᠡᠮᠡᠴᠡᠯ ᠤᠨ ᠵᠣᠷᠢᠭ ᠢᠶᠠᠷ ᠪᠢᠯᠬᠠᠮ᠎ᠠ ᠪᠠᠶᠢᠨ᠎ᠠ︕ ᠠᠭᠤᠤ ᠶᠡᠭᠡ ᠡᠬᠡ ᠣᠷᠣᠨ ᠤ ᠴᠡᠴᠡᠭᠯᠡᠨ ᠮᠠᠨᠳᠤᠵᠤ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠶᠢ ᠪᠢᠳᠡ ᠬᠠᠮᠲᠤ ᠪᠠᠷ ᠢᠷᠦᠭᠡᠶ᠎ᠡ︕ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1