ᠲᠣᠭᠲᠠᠬᠤ ᠰᠢᠶᠠᠨ ᠤ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠣᠷᠳᠣᠨ ᠤ ︽ᠤᠯᠤᠰ ᠤᠨ ᠪᠠᠶᠠᠷ ᠲᠤ ᠦᠵᠡᠮᠵᠢ ᠶᠢᠨ ᠣᠷᠣᠨ ᠳᠤ ᠣᠷᠣᠵᠤ ᠠᠷᠠᠳ ᠲᠤ ᠠᠰᠢᠭ ᠬᠦᠷᠲᠡᠭᠡᠬᠦ ᠲᠣᠭᠯᠠᠯᠲᠠ︾ ᠶᠢᠨ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/10/8
      ᠤᠯᠤᠰ ᠤᠨ ᠪᠠᠶᠠᠷ ᠢ ᠪᠠᠶᠠᠷᠯᠠᠨ ᠪᠡᠯᠭᠡᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠴᠢᠨᠠᠭᠰᠢᠳᠠ ᠪᠠᠳᠠᠷᠠᠭᠤᠯᠵᠤ᠂ ᠦᠵᠡᠮᠵᠢ ᠶᠢᠨ ᠣᠷᠣᠨ ᠤ ᠵᠤᠭᠠᠴᠠᠭᠰᠠᠳ ᠤᠨ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠶᠢ ᠪᠠᠶᠠᠯᠢᠭᠵᠢᠭᠤᠯᠬᠤ ᠶᠢᠨ ᠲᠥᠯᠥᠭᠡ᠂ 2024 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ 4  ᠤ ᠡᠳᠦᠷ᠂ ᠲᠣᠭᠲᠠᠬᠤ ᠰᠢᠶᠠᠨ ᠤ ᠠᠷᠠᠳ ᠤᠨ ᠰᠣᠶᠣᠯ ᠤᠨ ᠪᠡᠶ᠎ᠡ ᠶᠢᠨ ᠲᠠᠮᠢᠷ ᠤᠨ ᠣᠷᠳᠣᠨ ᠲᠣᠭᠲᠠᠬᠤ ᠰᠢᠶᠠᠨ ᠤ ᠱᠸᠡᠨ ᠴᠢᠤᠸᠠᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ ᠳᠤ ︽ᠤᠯᠤᠰ ᠤᠨ ᠪᠠᠶᠠᠷ ᠲᠤ ᠦᠵᠡᠮᠵᠢ ᠶᠢᠨ ᠣᠷᠣᠨ ᠳᠤ ᠣᠷᠣᠵᠤ ᠠᠷᠠᠳ ᠲᠤ ᠠᠰᠢᠭ ᠬᠦᠷᠲᠡᠭᠡᠬᠦ ᠲᠣᠭᠯᠠᠯᠲᠠ︾ ᠶᠢᠨ ᠠᠵᠢᠯᠯᠠᠭ᠎ᠠ ᠥᠷᠨᠢᠭᠦᠯᠵᠦ ᠂ ᠵᠤᠭᠠᠴᠠᠭᠰᠠᠳ ᠪᠣᠯᠣᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠤ ᠨᠢᠭᠡ ᠤᠳᠠᠭᠠᠨ ᠤ ᠰᠣᠶᠣᠯ ᠤᠨ ᠦᠪᠡᠳᠡᠭᠰᠢ ᠨᠠᠶᠢᠷ ᠢ ᠳᠡᠪᠰᠢᠭᠦᠯᠵᠡᠢ᠃
     ᠲᠣᠭᠯᠠᠯᠲᠠ ᠶᠢᠨ ᠳᠤᠮᠳᠠ ᠲᠣᠭᠯᠠᠭᠴᠢᠳ ᠭᠤᠶᠣ ᠰᠠᠶᠢᠬᠠᠨ ᠬᠤᠪᠴᠠᠰᠤ ᠡᠮᠦᠰᠴᠦ᠂ ᠬᠡᠪ ᠨᠠᠮᠪᠠ ᠲᠣᠳᠣᠬᠠᠨ ᠂ ᠥᠪᠡᠷ ᠥᠪᠡᠷ ᠤᠨ ᠣᠨᠴᠠᠯᠢᠭ ᠲᠠᠢ ᠲᠣᠭᠯᠠᠯᠲᠠ ᠨᠤᠭᠤᠳ ᠢ ᠵᠠᠯᠭᠠᠭ᠎ᠠ ᠵᠠᠯᠭᠠᠭ᠎ᠠ ᠪᠠᠷ ᠳᠡᠯᠭᠡᠨ ᠦᠵᠡᠭᠦᠯᠵᠦ᠂ ᠲᠣᠭᠯᠠᠯᠲᠠ ᠶᠢᠨ ᠬᠡᠯᠪᠡᠷᠢ ᠨᠢ ᠣᠯᠠᠨ ᠶᠠᠩᠵᠤ ᠶᠢᠨ᠂ ᠠᠭᠤᠯᠭ᠎ᠠ ᠶᠢᠨ ᠲᠠᠯ᠎ᠠ ᠪᠠᠷ ᠪᠠᠶᠠᠯᠢᠭ ᠰᠠᠶᠢᠬᠠᠨ ᠪᠠᠶᠢᠳᠠᠭ᠃ ᠭᠤᠶᠢᠳᠠ ᠰᠠᠶᠢᠬᠠᠨ ᠤᠷ᠎ᠠ ᠮᠡᠷᠭᠡᠵᠢᠯ ᠪᠠ ᠬᠠᠯᠠᠭᠤᠨ ᠰᠡᠳᠬᠢᠯᠭᠡ ᠲᠠᠢ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠪᠠ ᠮᠠᠭᠲᠠᠭᠠᠯ ᠰᠠᠶᠢᠰᠢᠶᠠᠯ ᠢ ᠣᠯᠵᠤ᠂ ᠰᠣᠨᠢᠷᠬᠠᠯ ᠤᠨ ᠴᠢᠨᠠᠷᠲᠠᠢ ᠪᠠ ᠬᠠᠷᠢᠯᠴᠠᠨ ᠦᠢᠯᠡᠳᠦᠯᠴᠡᠬᠦ ᠴᠢᠨᠠᠷᠲᠠᠢ ᠰᠣᠶᠣᠯ ᠤᠨ ᠦᠪᠡᠳᠡᠭᠰᠢ ᠳᠠᠶᠢᠯᠠᠯᠭ᠎ᠠ ᠪᠣᠯᠤᠭᠰᠠᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠳᠤ ᠰᠢᠨ᠎ᠡ ᠠᠷᠭ᠎ᠠ ᠵᠠᠮ ᠪᠠ ᠠᠷᠭ᠎ᠠ ᠮᠠᠶ᠋ᠢᠭ ᠢ ᠬᠠᠩᠭᠠᠭᠰᠠᠨ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1