ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠬᠠᠳᠤᠨ ᠭᠤᠣᠯ ᠢ ᠰᠠᠬᠢᠨ ᠬᠠᠮᠠᠭᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/11
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠪᠦᠬᠦ ᠠᠷᠠᠳ ᠢᠶᠠᠷ ᠢᠶᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠬᠠᠳᠤᠨ ᠭᠤᠣᠯ ᠢ ᠰᠠᠬᠢᠨ ᠬᠠᠮᠠᠭᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃       ᠭᠤᠣᠯ ᠰᠡᠳᠦᠪᠲᠦ ᠤᠬᠠᠭᠤᠯᠭ᠎ᠠ      ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠴᠠ ᠭᠤᠤᠯᠴᠢᠯᠠᠨ ᠡᠷᠬᠢᠯᠡᠭᠰᠡᠨ ︽ᠬᠠᠳᠤᠨ ᠭᠤᠣᠯ ᠢᠶᠠᠨ ᠰᠠᠬᠢᠨ ᠬᠠᠮᠠᠭᠠᠯᠠᠵᠤ᠂ ᠪᠣᠬᠢᠷᠲᠤᠯ ᠦᠭᠡᠢ ᠭᠡᠷ ᠣᠷᠣᠨ ᠢᠶᠠᠨ ᠬᠠᠮᠲᠤᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠢ ᠤᠷᠤᠯᠴᠠᠵᠠᠢ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠠᠵᠢᠯᠯᠠᠭᠴᠢᠳ ᠦᠵᠡᠭᠦᠯᠦᠯᠭᠡ ᠶᠢᠨ ᠰᠠᠮᠪᠠᠷ᠎ᠠ ᠂ ᠤᠬᠠᠭᠤᠯᠭ᠎ᠠ ᠶᠢᠨ ᠳᠡᠪᠲᠡᠷ ᠪᠣᠯᠣᠨ ᠵᠢᠷᠤᠭ ᠲᠠᠷᠬᠠᠭᠠᠬᠤ ᠵᠡᠷᠭᠡ ᠬᠡᠯᠪᠡᠷᠢ ᠪᠠᠷ ᠤᠯᠠᠨ ᠲᠦᠮᠡᠨ ᠳᠤ ᠬᠠᠳᠤᠨ ᠭᠤᠣᠯ ᠤᠨ ᠲᠣᠶᠢᠮᠣ ᠪᠠᠶᠢᠳᠠᠯ᠂ ᠬᠠᠳᠤᠨ ᠭᠤᠣᠯ ᠤᠨ ᠰᠣᠶᠣᠯ᠂ ᠬᠠᠳᠤᠨ ᠭᠤᠣᠯ ᠤᠨ ᠠᠮᠢ ᠠᠬᠤᠢ᠂ ᠬᠠᠳᠤᠨ ᠭᠤᠣᠯ ᠤᠨ ᠵᠠᠰᠠᠯᠲᠠ ᠵᠡᠷᠭᠡ ᠮᠡᠳᠡᠯᠭᠡ ᠶᠢ ᠲᠠᠨᠢᠯᠴᠠᠭᠤᠯᠪᠠ᠃ ᠡᠭᠦᠨ ᠤ ᠬᠠᠮᠲᠤ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠣᠯᠠᠨ ᠲᠦᠮᠡᠨ ᠲᠠᠢ ︽ᠬᠠᠳᠤᠨ ᠭᠤᠣᠯ ᠢ ᠬᠡᠷᠬᠢᠨ ᠬᠠᠮᠠᠭᠠᠯᠠᠬᠤ︾ ᠬᠠᠮᠢᠶ᠎ᠠ ᠪᠦᠬᠦᠢ ᠠᠯᠢ ᠣᠯᠠᠨ ᠠᠰᠠᠭᠤᠯᠲᠠ ᠬᠠᠷᠢᠭᠤᠯᠲᠠ ᠶᠢᠨ ᠲᠣᠭᠯᠠᠭᠠᠮ ᠢᠶᠠᠷ ᠳᠠᠮᠵᠢᠭᠤᠯᠤᠨ ᠢᠳᠡᠪᠬᠢᠲᠡᠢ ᠪᠠᠷ ᠬᠥᠳᠡᠯᠦᠯᠴᠡᠵᠦ᠂ ᠲᠡᠳᠡᠨ ᠳᠤ ᠬᠠᠲᠤᠨ ᠭᠤᠣᠯ ᠤᠨ ᠮᠡᠳᠡᠯᠭᠡ ᠶᠢ ᠨᠠᠩ ᠭᠦᠨᠵᠡᠭᠡᠢ ᠣᠶᠢᠯᠠᠭᠠᠭᠤᠯᠪᠠ᠃
     ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠬᠠᠳᠤᠨ ᠭᠤᠣᠯ ᠤᠨ ᠬᠥᠪᠡᠭᠡᠨ ᠳᠤ ᠴᠤᠭᠯᠠᠷᠠᠨ᠂ ︽ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ︾ ᠭᠡᠬᠦ ᠵᠣᠷᠢᠭ ᠰᠠᠨᠠᠭ᠎ᠠ ᠪᠠᠷ ᠲᠠᠩ ᠢ ᠴᠡᠪᠡᠷᠯᠡᠬᠦ ᠠᠵᠢᠯᠯᠠᠭ᠎ᠠ ᠪᠠᠨ ᠡᠬᠢᠯᠡᠭᠦᠯᠵᠦ᠂ ᠡᠪᠡᠰᠦᠨ ᠳᠣᠲᠣᠷ᠎ᠠ᠂ ᠭᠤᠣᠯ ᠤᠨ ᠬᠥᠪᠡᠭᠡᠨ ᠳᠤ ᠶᠡᠭᠡ ᠪᠠᠭ᠎ᠠ ᠴᠠᠭᠠᠰᠤᠨ ᠦᠷᠦᠪᠳᠡᠰᠦ᠂ ᠲᠠᠮᠠᠬᠢᠨ ᠤᠲᠤᠭ᠎ᠠ᠂ ᠰᠦᠯᠢᠶᠥᠦ ᠵᠡᠷᠭᠡ ᠬᠤᠭ ᠨᠣᠪᠰᠢ ᠨᠢ  ᠴᠡᠪᠡᠷᠯᠡᠵᠡᠢ᠃ ᠬᠤᠶᠠᠷ ᠴᠠᠭ ᠭᠠᠷᠤᠢ ᠶᠢᠨ ᠰᠢᠷᠭᠠᠭᠤ ᠬᠥᠳᠡᠯᠮᠦᠷᠢ ᠪᠠᠷ ᠳᠠᠮᠵᠢᠭᠠᠳ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠤᠭ ᠨᠣᠪᠰᠢ ᠶᠢ ᠲᠦᠷᠦᠯ ᠬᠤᠪᠢᠶᠠᠨ ᠬᠤᠭ ᠤᠨ ᠬᠠᠶᠢᠷᠴᠠᠭ ᠲᠤ ᠬᠢᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠦᠨᠡᠨᠬᠦ ᠣᠶᠢᠯᠠᠭᠠᠪᠠ᠃
     ᠲᠣᠰ ᠤᠳᠠᠭᠠᠨ ᠤ ᠠᠵᠢᠯᠯᠠᠭ᠎ᠠ ᠨᠢ ᠬᠠᠳᠤᠨ ᠭᠤᠣᠯ ᠢ ᠬᠠᠮᠠᠭᠠᠯᠠᠬᠤ ᠲᠠᠩ ᠭᠠᠵᠠᠷ ᠢ ᠴᠡᠪᠡᠷᠯᠡᠬᠦ ᠠᠵᠢᠯᠯᠠᠭ᠎ᠠ ᠳᠤ ᠲᠥᠬᠦᠮ ᠣᠷᠣᠯᠴᠠᠭᠰᠠᠨ ᠲᠡᠳᠦᠢ ᠪᠢᠰᠢ᠂ ᠨᠠᠩ ᠴᠤ ᠣᠷᠴᠢᠨ ᠠᠬᠤᠢ ᠶᠢᠨ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠦᠭᠰᠡᠨ ᠠᠶᠠᠯᠠᠯ ᠪᠣᠯᠬᠤ ᠶᠤᠮ᠃ ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠢᠳᠡᠪᠬᠢᠲᠡᠢ ᠳᠠᠶᠢᠴᠢᠯᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠳᠤᠨ ᠭᠤᠣᠯ ᠢ ᠬᠠᠮᠲᠤᠪᠠᠷ ᠰᠠᠬᠢᠨ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠦᠵᠡᠰᠬᠦᠯᠡᠩᠲᠦ ᠰᠠᠶᠢᠬᠠᠨ ᠪᠣᠯᠪᠠᠰᠤᠨ ᠲᠤᠭᠳᠠᠬᠤ ᠶᠢ ᠪᠦᠲᠦᠭᠡᠨ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1