ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠭᠦᠨᠵᠡᠭᠡᠢ ᠲᠤᠤᠱᠯᠠᠭᠤᠯᠵᠤ᠂ ᠤᠯᠤᠰ ᠤᠨ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ | ᠲᠥᠯᠥᠭᠡ᠂ ᠣᠶᠢᠷ᠎ᠠ ᠶᠢᠨ ᠡᠳᠦᠷ᠂ ᠰᠤᠷᠭᠠᠨ ᠬᠥᠮᠦᠵᠢᠯ ᠤᠨ ᠵᠢᠳᠬᠦᠯᠲᠡᠨ ᠤ ᠵᠣᠷᠢᠭ ᠰᠠᠨᠠᠭ᠎ᠠ ᠶᠢ | ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠶ᠎ᠡ ︱ | ᠲᠣᠭᠲᠠᠬᠤ ᠰᠢᠶᠠᠨ ᠤ ᠬᠤᠶᠠᠳᠤᠭᠠᠷ ᠬᠤᠭᠤᠴᠠᠭᠠᠨ ᠤ ᠬᠡᠦᠬᠡᠳ ᠤᠨ ᠴᠡᠴᠡᠷᠯᠢᠭ ᠤᠨ ᠪᠠᠭᠰᠢ ᠶᠢᠨ ᠤᠷ᠎ᠠ | ᠴᠢᠳᠠᠪᠤᠷᠢ ᠶᠢᠨ ᠶᠡᠭᠡ ᠤᠷᠤᠯᠳᠤᠭᠠᠨ ᠶᠠᠪᠤᠭᠳᠠᠪᠠ᠃ ᠲᠣᠰ ᠤᠳᠠᠭᠠᠨ ᠤ ᠤᠷᠤᠯᠳᠤᠭᠠᠨ ᠢ ᠲᠣᠭᠲᠠᠬᠤ ᠰᠢᠶᠠᠨ ᠤ | ᠰᠤᠷᠭᠠᠨ ᠬᠥᠮᠦᠵᠢᠯ ᠤᠨ ᠲᠣᠪᠴᠢᠶ᠎ᠠ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠬᠠᠮᠲᠤᠷᠠᠨ | ᠡᠷᠭᠢᠯᠡᠵᠦ᠂ ᠲᠣᠭᠲᠠᠬᠤ ᠰᠢᠶᠠᠨ ᠤ ᠵᠠᠯᠠᠭᠤᠴᠤᠳ ᠪᠠᠭᠠᠴᠤᠳ ᠤᠨ ᠣᠷᠳᠣᠨ ᠳᠠᠭᠠᠭᠠᠴᠢᠯᠠᠨ ᠡᠷᠭᠢᠯᠡᠵᠡᠶ᠂ ᠡᠨᠡ ᠨᠢ | ᠬᠡᠦᠬᠡᠳ ᠤᠨ ᠴᠡᠴᠡᠷᠯᠢᠭ ᠤᠨ ᠪᠠᠭᠰᠢ ᠶᠢᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ | ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠮᠠᠨ ᠤ ᠰᠢᠶᠠᠨ ᠤ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠬᠤ ᠶᠢᠨ ᠲᠥᠯᠥᠭᠡ ᠶᠤᠮ᠃ | ᠲᠣᠰ ᠤᠳᠠᠭᠠᠨ ᠤ ᠤᠷ᠎ᠠ ᠮᠡᠷᠭᠡᠵᠢᠯ ᠤᠨ ᠤᠷᠤᠯᠳᠤᠭᠠᠨ ᠳᠤ ᠡᠯ᠎ᠡ ᠬᠡᠦᠬᠡᠳ ᠤᠨ ᠴᠡᠴᠡᠷᠯᠢᠭ ᠤᠨ ᠠᠩᠬᠠᠨ ᠤ | ᠤᠷᠤᠯᠳᠤᠭᠠᠨ ᠢᠶᠠᠷ ᠳᠡᠮᠵᠢᠨ ᠨᠡᠶᠢᠲᠡ 41 ᠰᠢᠯᠢᠳᠡᠭ ᠬᠡᠦᠬᠡᠳ ᠤᠨ ᠴᠡᠴᠡᠷᠯᠢᠭ ᠤᠨ ᠪᠠᠭᠰᠢ ᠶᠢ ᠰᠣᠩᠭᠤᠨ | ᠭᠠᠷᠭᠠᠵᠤ᠂ ᠬᠢᠴᠢᠶᠡᠯ ᠶᠠᠷᠢᠬᠤ᠂ ᠵᠢᠷᠤᠭ ᠵᠢᠷᠤᠬᠤ᠂ ᠥᠯᠢᠭᠡᠷ ᠶᠠᠷᠢᠬᠤ᠂ ᠬᠡᠦᠬᠡᠳ ᠤᠨ ᠳᠠᠭᠤᠤ ᠴᠢᠪᠬᠠᠳᠠᠬᠤ᠂ | ᠪᠥᠵᠢᠭ ᠤᠨ ᠲᠣᠭᠯᠠᠯᠲᠠ ᠭᠠᠷᠭᠠᠬᠤ ᠵᠡᠷᠭᠡ ᠲᠠᠪᠤᠨ ᠲᠠᠯ᠎ᠠ ᠶᠢ ᠬᠠᠮᠤᠷᠴᠤ᠂ ᠬᠡᠦᠬᠡᠳ ᠤᠨ ᠴᠡᠴᠡᠷᠯᠢᠭ ᠤᠨ | ᠪᠠᠭᠰᠢ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠪᠥᠬᠦ ᠲᠠᠯ᠎ᠠ ᠪᠠᠷ ᠰᠢᠯᠭᠠᠵᠠᠢ᠃ ᠤᠷᠤᠯᠳᠤᠭᠠᠨ ᠤ ᠶᠠᠪᠤᠴᠠ ᠳᠤ᠂ | ᠪᠠᠭᠰᠢ ᠨᠠᠷ ᠥᠪᠡᠷ ᠥᠪᠡᠷ ᠤᠨ ᠳᠠᠪᠠᠭᠤᠯᠢᠭ ᠢᠶᠠᠨ ᠭᠠᠶᠢᠬᠠᠭᠤᠯᠵᠤ᠂ ᠭᠤᠶᠢᠳᠠ ᠰᠠᠶᠢᠬᠠᠨ ᠪᠠᠶᠢᠯ᠎ᠠ᠃ ᠲᠡᠳᠡ | ᠠᠮᠢᠳᠤᠯᠢᠭ ᠬᠦᠦᠷᠨᠢᠯ᠂ ᠢᠷᠠᠭᠤ ᠰᠠᠶᠢᠬᠠᠨ ᠪᠥᠵᠢᠭ ᠤᠨ ᠬᠥᠳᠡᠯᠦᠯ᠂ ᠢᠷᠠᠭᠤ ᠰᠠᠶᠢᠬᠠᠨ ᠳᠠᠭᠤᠤ ᠪᠠᠷ ᠢᠶᠠᠨ ᠲᠤᠬᠠᠢ | ᠶᠢᠨ ᠲᠠᠯᠠᠪᠠᠶ ᠶᠢᠨ ᠦᠵᠡᠭᠴᠢᠳ ᠲᠤ ᠬᠠᠷᠠᠭᠠᠨ ᠰᠡᠷᠡᠯ ᠪᠠ ᠰᠣᠨᠣᠷ ᠤᠨ ᠰᠡᠷᠡᠯ ᠤᠨ ᠦᠪᠡᠳᠡᠭᠰᠢ ᠨᠠᠶᠢᠷ ᠢ ᠳᠡᠯᠭᠡᠨ | ᠦᠵᠡᠭᠦᠯᠵᠦ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠣᠯᠠᠨ ᠵᠦᠢᠯ ᠤᠨ ᠠᠪᠢᠶᠠᠰ ᠴᠢᠳᠠᠪᠤᠷᠢ ᠲᠠᠢ ᠲᠠᠯ᠎ᠠ ᠶᠢ | ᠭᠦᠢᠴᠡᠳ ᠬᠠᠷᠠᠭᠤᠯᠤᠭᠰᠠᠨ ᠪᠠᠶᠢᠨ᠎ᠠ᠃ | ᠬᠤᠶᠠᠷ ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠲᠣᠰ ᠤᠳᠠᠭᠠᠨ ᠤ ᠤᠷᠤᠯᠳᠤᠭᠠᠨ ᠳᠤ | ᠬᠠᠮᠤᠭ ᠡᠴᠦᠰ ᠲᠤ ᠨᠢᠭᠡᠳᠦᠭᠡᠷ ᠳᠡᠰ ᠤᠨ ᠱᠠᠩᠨᠠᠯ 2 ᠨᠡᠷᠡᠰ᠂ ᠬᠤᠶᠠᠳᠤᠭᠠᠷ ᠳᠡᠰ ᠤᠨ ᠱᠠᠩᠨᠠᠯ 5 ᠨᠡᠷᠡᠰ᠂ | ᠭᠤᠷᠪᠠᠳᠤᠭᠠᠷ ᠳᠡᠰ ᠤᠨ ᠱᠠᠩᠨᠠᠯ 10 ᠨᠡᠷᠡᠰ᠂ ᠰᠢᠯᠢᠳᠡᠭ ᠱᠠᠩᠨᠠᠯ 10 ᠨᠡᠷᠡᠰ ᠰᠢᠯᠭᠠᠷᠠᠭᠤᠯᠤᠭᠰᠠᠨ ᠪᠥᠭᠡᠳ | ᠱᠠᠩᠨᠠᠯ ᠣᠯᠣᠭᠰᠠᠨ ᠪᠠᠭᠰᠢ ᠶᠢ ᠬᠥᠬᠢᠭᠦᠯᠦᠨ ᠰᠠᠶᠢᠰᠢᠶᠠᠪᠠ᠃ ᠲᠣᠰ ᠤᠳᠠᠭᠠᠨ ᠤ ᠬᠡᠦᠬᠡᠳ ᠤᠨ ᠴᠡᠴᠡᠷᠯᠢᠭ ᠤᠨ | ᠪᠠᠭᠰᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠭᠰᠡᠨ ᠨᠢ ᠲᠣᠭᠲᠠᠬᠤ ᠰᠢᠶᠠᠨ ᠤ | ᠬᠡᠦᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡ ᠶᠢ ᠰᠢᠯᠭᠠᠨ ᠦᠵᠡᠬᠦ ᠨᠢᠭᠡ ᠤᠳᠠᠭᠠᠨ ᠤ ᠶᠡᠭᠡ ᠰᠢᠯᠭᠠᠯᠲᠠ | ᠪᠣᠯᠬᠤ ᠪᠠᠷ ᠪᠠᠷᠠᠬᠤ ᠦᠭᠡᠢ᠂ ᠨᠠᠩ ᠴᠤ ᠮᠠᠨ ᠤ ᠰᠢᠶᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠦᠢᠯᠡᠰ ᠤᠨ ᠰᠢᠨ᠎ᠡ ᠳᠡᠭᠡᠳᠦ ᠬᠡᠮᠵᠢᠶᠡᠨ ᠳᠤ ᠬᠦᠷᠬᠦ ᠬᠦᠴᠦᠲᠡᠢ ᠠᠷᠭ᠎ᠠ ᠬᠡᠮᠵᠢᠶ᠎ᠡ ᠪᠣᠯᠬᠤ ᠶᠤᠮ᠃ | ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ᠂ ᠲᠣᠭᠲᠠᠬᠤ ᠰᠢᠶᠠᠨ ᠤ ᠬᠡᠦᠬᠡᠳ ᠤᠨ ᠴᠡᠴᠡᠷᠯᠢᠭ ᠤᠨ ᠪᠠᠭᠰᠢ ᠨᠠᠷ | ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠷ ᠰᠤᠷᠬᠤ ᠨᠠᠰᠤᠨ | ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠲᠤ ᠲᠠᠰᠤᠷᠠᠯᠲᠠ ᠦᠭᠡᠢ ᠠᠮᠢᠵᠢᠷᠠᠯ ᠤᠨ ᠬᠦᠴᠦᠨ ᠣᠯᠭᠤᠵᠤ᠂ | ᠬᠡᠦᠬᠡᠳ ᠤᠨ ᠢᠳᠡᠷᠡᠭᠦᠨ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠵᠦ᠂ ᠨᠠᠩ ᠰᠠᠶᠢᠨ ᠰᠠᠶᠢᠬᠠᠨ ᠢᠷᠡᠭᠡᠳᠦᠢ | ᠵᠦᠭ ᠤᠷᠤᠭᠰᠢᠯᠠᠬᠤ ᠳᠤ ᠬᠦᠴᠦᠨ ᠨᠡᠮᠡᠷᠢᠯᠡᠨ᠎ᠡ ᠭᠡᠳᠡᠭ ᠢ ᠢᠲᠡᠭᠡᠵᠦ ᠪᠠᠶᠢᠨ᠎ᠠ︕ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |