ᠠᠷᠪᠠᠳᠤᠭᠠᠷ ᠰᠠᠷ᠎ᠠ ᠳᠤ᠂ 30 ᠬᠤᠲᠠ ᠶᠢᠨ ᠰᠢᠨ᠎ᠡ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠲᠤᠭ᠎ᠠ ᠨᠡᠮᠡᠭᠳᠡᠵᠡᠢ
ᠨᠡᠶᠢᠲᠡᠯᠡᠭᠰᠡᠨ ᠴᠠᠭ᠄
2024/11/12
      ᠡᠨᠡ ᠵᠢᠯ ᠤᠨ 9 ᠳ᠋ᠤᠭᠡᠷ ᠰᠠᠷ᠎ᠠ ᠶᠢᠨ ᠰᠡᠭᠦᠯᠴᠢ ᠪᠠᠷ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢ ᠠᠭᠤᠵᠢᠭᠤ ᠲᠠᠯᠪᠢᠭᠰᠠᠨ ᠠᠴᠠ ᠣᠲᠣ ᠶᠠᠭ ᠪᠦᠬᠦ᠋ᠢᠯᠡ ᠵᠠᠬ᠎ᠠ ᠳᠡᠯᠭᠡᠭᠦᠷ ᠲᠤ ᠢᠳᠡᠪᠬᠢᠲᠡᠢ ᠨᠥᠯᠥᠭᠡ ᠦᠵᠡᠭᠦᠯᠵᠦ ᠪᠠᠶᠢᠨ᠎ᠠ᠃ ᠵᠦᠩ ᡁᠢ ᠰᠤᠳᠤᠯᠭᠠᠨ ᠤ ᠬᠦᠷᠢᠶᠡᠯᠡᠩ ᠤᠨ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 10 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ᠂ 30 ᠭᠤᠣᠯᠳᠠᠯᠭ᠎ᠠ ᠲᠠᠢ ᠬᠤᠲᠠ ᠶᠢᠨ ᠰᠢᠨ᠎ᠡ ᠭᠡᠷ ᠪᠠᠶᠢᠰᠢᠩ ᠤᠨ ᠰᠦᠯᠵᠢᠶ᠎ᠡ ᠲᠡᠭᠡᠷ᠎ᠡ ᠭᠠᠷ ᠤᠨ ᠦᠰᠦᠭ ᠵᠢᠷᠤᠭᠰᠠᠨ ᠲᠠᠯᠠᠪᠠᠢ 980 ᠲᠦᠮᠡᠨ ᠲᠡᠭᠰᠢ ᠳᠥᠷᠪᠡᠯᠵᠢᠨ ᠮᠧᠲᠷ ᠬᠦᠷᠴᠦ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 35% ᠪᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 4% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠭᠤᠷᠪᠠᠨ ᠤᠯᠠᠷᠢᠯ ᠤᠨ ᠬᠢ ᠠᠴᠠ ᠶᠡᠭᠡ ᠪᠠᠷ ᠪᠠᠭᠠᠰᠴᠠᠢ᠃      ᠠᠳᠠᠯᠢ ᠬᠤᠭᠤᠴᠠᠭᠠᠨ ᠳᠤ᠂ 20 ᠬᠤᠲᠠ ᠶᠢᠨ ᠭᠠᠷ ᠳᠠᠮᠵᠢᠭᠰᠠᠨ ᠭᠡᠷ ᠪᠠᠶᠢᠰᠢᠩ ᠤᠨ ᠰᠦᠯᠵᠢᠶ᠎ᠡ ᠲᠡᠭᠡᠷ᠎ᠡ ᠭᠠᠷ ᠤᠨ ᠦᠰᠦᠭ ᠵᠢᠷᠤᠭᠰᠠᠨ ᠲᠤᠭ᠎ᠠ 10 ᠲᠦᠮᠡᠨ ᠢᠵᠢ ᠳᠤ ᠬᠦᠷᠴᠦ᠂ ᠲᠦᠷᠦᠭᠦᠸ ᠰᠠᠷ᠎ᠠ ᠶᠢᠨ ᠬᠢ ᠠᠴᠠ 18% ᠪᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 12% ᠢᠶᠠᠷ ᠨᠡᠮᠡᠭᠳᠡᠵᠡᠢ᠃      9 ᠳ᠋ᠤᠭᠡᠷ ᠰᠠᠷ᠎ᠠ ᠶᠢᠨ 26 ᠤ ᠡᠳᠦᠷ ᠬᠤᠷᠠᠯᠳᠤᠭᠰᠠᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯᠳᠤᠭᠠᠨ ᠠᠴᠠ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠭᠤᠨ ᠪᠣᠯᠭᠠᠬᠤ ᠬᠡᠷᠡᠭᠲᠡᠢ︾ ᠭᠡᠵᠦ ᠳᠤᠷᠠᠳᠴᠠᠢ᠃ ᠵᠦᠩ ᡁᠢ ᠰᠤᠳᠤᠯᠭᠠᠨ ᠤ ᠬᠦᠷᠢᠶᠡᠯᠡᠩ ᠠᠴᠠ᠂ ᠲᠣᠰ ᠢᠯᠡᠷᠬᠡᠶᠢᠯᠡᠯ ᠪᠤᠯ ᠣᠲᠣ ᠪᠣᠯᠲᠠᠯᠠᠬᠢ ᠬᠠᠮᠤᠭ ᠤᠨ ᠴᠢᠩᠭ᠎ᠠ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠴᠢᠮᠡᠭᠡ ᠵᠠᠩᠬᠢ ᠪᠤᠯᠤᠨ᠎ᠠ᠃ ᠡᠭᠦᠨ ᠤ ᠳᠠᠷᠠᠭᠠᠬᠢ ᠣᠯᠠᠨ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠨᠢ ᠲᠥᠪ ᠤᠨ ᠠᠵᠤ ᠠᠬᠤᠢ ᠶᠢ ᠲᠣᠭᠲᠠᠭᠤᠨ ᠪᠠᠶᠢᠯᠭᠠᠬᠤ ᠡᠷᠡᠰ ᠵᠣᠷᠢᠭ ᠢ ᠬᠠᠷᠠᠭᠤᠯᠵᠠᠢ᠃ ᠨᠢᠭᠡᠳᠦᠭᠡᠷ  ᠲᠡᠰ ᠤᠨ ᠬᠤᠲᠠ ᠶᠢᠨ ᠬᠢᠨ ᠲᠥᠷᠥ ᠶᠢᠨ ᠪᠣᠳᠣᠯᠭ᠎ᠠ ᠪᠠᠨ ᠵᠠᠯᠭᠠᠭ᠎ᠠ ᠪᠠᠷ ᠰᠢᠯᠢᠳᠡᠭᠵᠢᠭᠦᠯᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠭᠡᠷ ᠪᠠᠶᠢᠰᠢᠩ ᠬᠤᠳᠠᠯᠳᠤᠨ ᠠᠪᠬᠤ ᠳᠤ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠵᠢᠴᠢ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢᠭᠡᠨᠲᠡ ᠲᠡᠦᠬᠡ ᠶᠢᠨ ᠬᠠᠮᠤᠭ ᠤᠨ ᠳᠣᠣᠷ᠎ᠠ ᠬᠡᠮᠵᠢᠶᠡᠨ ᠳᠤ ᠬᠦᠷᠴᠦ᠂ ᠬᠤᠳᠠᠯᠳᠤᠨ ᠠᠪᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠴᠤ ᠬᠡᠷᠡᠭᠵᠢᠭᠦᠯᠦᠭᠰᠡᠨ ᠠᠴᠠ ᠨᠠᠰᠢᠬᠢ ᠬᠠᠮᠤᠭ ᠤᠨ ᠠᠭᠤᠵᠢᠭᠤ ᠱᠠᠲᠤᠨ ᠳᠤ ᠣᠷᠣᠰᠢᠵᠤ ᠪᠠᠶᠢᠨ᠎ᠠ ᠭᠡᠵᠦ ᠵᠢᠭᠠᠨ ᠭᠠᠷᠭᠠᠪᠠ᠃      ᠵᠦᠩ ᡁᠢ ᠰᠤᠳᠤᠯᠭᠠᠨ ᠤ ᠬᠦᠷᠢᠶᠡᠯᠡᠩ ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠢᠴᠢ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠥᠬᠦ ᠬᠦᠴᠦᠨ ᠢᠶᠠᠷ ᠢᠶᠠᠨ ᠡᠵᠡᠩᠨᠡᠨ ᠪᠣᠷᠣᠯᠠᠭᠤᠯᠤᠭᠰᠠᠨ ᠢᠶᠠᠷ᠂ 10 ᠳ᠋ᠤᠭᠠᠷ ᠰᠠᠷ᠎ᠠ ᠳᠤ ᠭᠤᠣᠯ ᠪᠣᠯᠬᠤ ᠬᠤᠲᠠ ᠶᠢᠨ ᠰᠢᠨ᠎ᠡ ᠭᠡᠷ ᠪᠠᠶᠢᠰᠢᠩ᠂ ᠭᠠᠷ ᠳᠠᠮᠵᠢᠭᠰᠠᠨ ᠭᠡᠷ ᠪᠠᠶᠢᠰᠢᠩ ᠤᠨ ᠪᠣᠷᠣᠯᠠᠭᠤᠯᠤᠯᠲᠠ ᠴᠥᠮ ᠢᠯᠡᠳᠲᠡ ᠰᠡᠷᠭᠦᠵᠦ᠂ ᠤᠯᠤᠰ ᠤᠨ ᠪᠠᠶᠠᠷ ᠤᠨ ᠬᠤᠭᠤᠴᠠᠭᠠᠨ ᠳᠤ ᠠᠰᠠᠭᠤᠨ ᠰᠤᠷᠪᠤᠯᠵᠢᠯᠠᠬᠤ᠂ ᠬᠤᠳᠠᠯᠳᠤᠨ ᠠᠪᠬᠤ ᠬᠡᠮᠵᠢᠶ᠎ᠡ ᠶᠡᠭᠡ ᠪᠠᠷ ᠲᠡᠭᠡᠭᠰᠢᠯᠡᠵᠡᠢ ᠭᠡᠵᠦ ᠵᠢᠭᠠᠨ ᠭᠠᠷᠭᠠᠪᠠ᠃      ᠪᠣᠳᠠᠲᠠᠢ ᠪᠠᠷ ᠦᠵᠡᠪᠡᠯ᠂ 10 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ᠂ ᠨᠢᠭᠡᠳᠦᠭᠡᠷ ᠲᠡᠰ ᠤᠨ ᠬᠤᠲᠠ ᠶᠢᠨ ᠰᠢᠨ᠎ᠡ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ ᠲᠦᠷᠦᠭᠦᠸ ᠰᠠᠷ᠎ᠠ ᠶᠢᠨ ᠬᠢ ᠠᠴᠠ 65% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 22% ᠢᠶᠠᠷ ᠨᠡᠮᠡᠭᠳᠡᠵᠡᠢ᠃ ᠬᠤᠶᠠᠳᠤᠭᠠᠷ ᠳᠡᠰ ᠤᠨ ᠬᠤᠲᠠ ᠶᠢᠨ ᠰᠢᠨ᠎ᠡ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠠᠯᠠᠪᠠᠶ ᠲᠦᠷᠦᠭᠦᠸ ᠰᠠᠷ᠎ᠠ ᠶᠢᠨ ᠬᠢ ᠠᠴᠠ ᠪᠠᠨ 19% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 15% ᠪᠠᠷ ᠪᠠᠭᠤᠷᠠᠪᠠ︔ ᠭᠤᠷᠪᠠ ᠳᠥᠷᠪᠡᠳᠦᠭᠡᠷ ᠲᠡᠰ ᠤᠨ ᠬᠤᠲᠠ ᠶᠢᠨ ᠰᠢᠨ᠎ᠡ ᠭᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ ᠨᠢ ᠲᠦᠷᠦᠭᠦᠸ ᠰᠠᠷ᠎ᠠ ᠶᠢᠨ ᠬᠢ ᠠᠴᠠ ᠪᠠᠨ 48% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠵᠡᠢ᠃ ᠭᠠᠷ ᠳᠠᠮᠵᠢᠭᠰᠠᠨ ᠣᠷᠣᠨ ᠰᠠᠭᠤᠴᠠ ᠶᠢᠨ ᠲᠠᠯ᠎ᠠ ᠪᠠᠷ᠂ 10 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ᠂ 20 ᠲᠥᠯᠥᠭᠡᠯᠡᠭᠴᠢ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ 99766 ᠢᠵᠢ ᠠᠷᠠᠯᠵᠢᠶ᠎ᠠ ᠪᠦᠳᠦᠵᠦ᠂ ᠲᠦᠷᠦᠭᠦᠸ ᠰᠠᠷ᠎ᠠ ᠶᠢᠨ ᠬᠢ ᠠᠴᠠ 18% ᠪᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 12% ᠢᠶᠠᠷ ᠨᠡᠮᠡᠭᠳᠡᠵᠡᠢ᠃      ᠡᠭᠦᠨ ᠳᠤ᠂ 10 ᠳ᠋ᠤᠭᠠᠷ ᠰᠠᠷ᠎ᠠ ᠶᠢᠨ 21 ᠤ ᠡᠳᠦᠷ ᠠᠴᠠ 10 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ᠂ 20 ᠬᠤᠲᠠ ᠶᠢᠨ ᠭᠠᠷ ᠳᠠᠮᠵᠢᠭᠰᠠᠨ ᠭᠡᠷ ᠪᠠᠶᠢᠰᠢᠩ ᠤᠨ ᠠᠷᠠᠯᠵᠢᠶ᠎ᠠ ᠪᠦᠲᠦᠭᠰᠡᠨ ᠲᠤᠭ᠎ᠠ ᠨᠢ 18 ᠰᠠᠷ᠎ᠠ ᠰᠢᠬᠠᠮ ᠤᠨ ᠲᠤᠷᠰᠢᠬᠢ ᠭᠠᠷᠠᠭ ᠤᠨ ᠰᠢᠨ᠎ᠡ ᠲᠡᠮᠳᠡᠭᠯᠡᠯ ᠢ ᠡᠭᠦᠳᠴᠡᠢ᠃      ᠠᠯᠢ ᠡᠷᠲᠡ ᠦᠯᠡᠳᠡᠭᠡᠯ ᠴᠠᠭ ᠦᠶ᠎ᠡ ᠳᠤ ᠤᠷᠤᠭᠰᠠᠨ ᠨᠢᠭᠡᠳᠦᠭᠡᠷ ᠳᠡᠰ ᠤᠨ ᠬᠤᠲᠠ ᠳᠤ᠂ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶᠠᠨ ᠤ ᠪᠠᠶᠢᠳᠠᠯ ᠲᠣᠭᠲᠠᠭᠤᠨ ᠪᠠᠶᠢᠨ᠎ᠠ᠃ ᠪᠡᠭᠡᠵᠢᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ 10 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠪᠡᠭᠡᠵᠢᠩ ᠤᠨ ᠭᠠᠷ ᠳᠠᠮᠵᠢᠭᠰᠠᠨ ᠣᠷᠣᠨ ᠰᠠᠭᠤᠴᠠ ᠶᠢᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠲᠤᠭ᠎ᠠ 15967 ᠢᠵᠢ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 61.1% ᠪᠠᠷ ᠨᠡᠮᠡᠭᠳᠡᠵᠦ᠂ 9 ᠳ᠋ᠤᠭᠡᠷ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 20.3% ᠪᠠᠷ ᠨᠡᠮᠡᠭᠳᠡᠵᠡᠢ᠃ ᠡᠨᠡ ᠬᠦ ᠬᠠᠨᠳᠤᠰᠢ ᠶᠢ ᠦᠨᠳᠦᠰᠦᠯᠡᠪᠡᠯ᠂ ᠪᠥᠬᠦ ᠰᠠᠷ᠎ᠠ ᠳᠤ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠭᠰᠠᠨ ᠲᠤᠭ᠎ᠠ 16000 ᠢᠵᠢ ᠶᠢ ᠲᠠᠪᠠᠭ᠋ᠤ ᠨᠢ ᠯᠠᠪᠳᠠᠭᠤᠨ ᠪᠤᠯᠵᠠᠢ᠃ ᠣᠯᠠᠨ ᠪᠠᠶᠢᠭᠤᠯᠤᠮᠵᠢ ᠶᠢᠨ ᠵᠢᠭᠠᠵᠤ ᠭᠠᠷᠭᠠᠭᠰᠠᠨ ᠢᠶᠠᠷ᠂ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠲᠤᠭ᠎ᠠ ᠪᠠᠷᠢᠮᠲᠠ ᠨᠢ ᠵᠣᠬᠢᠬᠤ ᠬᠡᠮᠵᠢᠶᠡᠨ ᠤ ᠵᠣᠭᠰᠣᠩᠭᠢᠷᠠᠬᠤ ᠴᠢᠨᠠᠷᠲᠠᠢ ᠪᠣᠯᠬᠤᠷ ᠲᠣᠰ ᠰᠠᠷ᠎ᠠ ᠳᠤ ᠪᠡᠭᠡᠵᠢᠩ ᠤᠨ ᠭᠠᠷ ᠳᠠᠮᠵᠢᠭᠰᠠᠨ ᠣᠷᠣᠨ ᠰᠠᠭᠤᠴᠠ ᠶᠢᠨ ᠦᠨᠡᠨ ᠪᠣᠳᠠᠲᠠᠢ ᠠᠷᠠᠯᠵᠢᠶᠠᠨ ᠤ ᠬᠡᠮᠵᠢᠶ᠎ᠡ ᠨᠢ 20000 ᠢᠵᠢ ᠠᠴᠠ ᠳᠡᠭᠡᠭᠰᠢ ᠪᠠᠶᠢᠨ᠎ᠠ ᠭᠡᠵᠡᠢ᠃      ᠪᠡᠭᠡᠵᠢᠩ ᠤᠨ ᠯᠢᠶᠠᠨ ᠵᠢᠶᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 10 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠰᠢᠨ᠎ᠡ ᠪᠠᠷ ᠨᠡᠮᠡᠭᠳᠡᠭᠰᠡᠨ ᠠᠰᠠᠭᠤᠨ ᠰᠤᠷᠪᠤᠯᠵᠢᠯᠠᠭᠴᠢᠳ ᠤᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠠᠷᠪᠠᠨ ᠤ ᠳᠥᠷᠪᠡᠨ ᠬᠤᠪᠢ ᠶᠢ ᠳᠠᠪᠠᠵᠤ᠂ 9 ᠳ᠋ᠤᠭᠡᠷ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠠᠷᠪᠠᠨ ᠤ ᠬᠤᠶᠠᠷ ᠬᠤᠪᠢ ᠰᠢᠬᠠᠮ ᠨᠡᠮᠡᠭᠳᠡᠵᠡᠢ᠂ ᠭᠡᠲᠡᠯ᠎ᠡ ᠰᠢᠨ᠎ᠡ ᠪᠠᠷ ᠨᠡᠮᠡᠭᠳᠡᠭᠰᠡᠨ ᠭᠡᠷ ᠪᠠᠶᠢᠰᠢᠩ ᠤᠨ ᠢᠷᠡᠯᠲᠡ ᠶᠢᠨ ᠬᠡᠮᠵᠢᠶ᠎ᠡ ᠪᠠ ᠬᠠᠳᠠᠭᠠᠯᠠᠵᠤ ᠪᠠᠶᠢᠭ᠎ᠠ ᠭᠡᠷ ᠪᠠᠶᠢᠰᠢᠩ ᠤᠨ ᠢᠷᠡᠯᠲᠡ ᠶᠢᠨ ᠬᠡᠮᠵᠢᠶ᠎ᠡ ᠴᠥᠮ ᠲᠦᠷᠦᠭᠦᠸ ᠰᠠᠷ᠎ᠠ ᠶᠢᠨ ᠬᠢ ᠠᠴᠠ ᠡᠳᠦᠢ ᠲᠡᠳᠦᠢ ᠪᠠᠭᠤᠷᠠᠭᠰᠠᠨ ᠪᠠᠶᠢᠨ᠎ᠠ᠃ ᠰᠢᠨ᠎ᠡ ᠪᠠᠷ ᠨᠡᠮᠡᠭᠳᠡᠭᠰᠡᠨ ᠭᠡᠷ ᠪᠠᠶᠢᠰᠢᠩ ᠬᠤᠳᠠᠯᠳᠤᠨ ᠠᠪᠤᠭᠴᠢ ᠶᠢᠨ ᠢᠷᠡᠯᠲᠡ ᠶᠢᠨ ᠬᠠᠷᠢᠴᠠᠯ ᠨᠢ 1᠄ 10 ᠪᠠᠶᠢᠭᠰᠠᠨ ᠠᠴᠠ ᠪᠠᠨ 1᠄ 13 ᠪᠣᠯᠣᠨ ᠬᠤᠪᠢᠷᠠᠵᠤ᠂ ᠬᠤᠳᠠᠯᠳᠤᠭᠴᠢ ᠶᠢᠨ ᠦᠭᠡ ᠬᠡᠯᠡᠬᠦ ᠡᠷᠬᠡ ᠨᠢ ᠵᠢᠭᠠᠬᠠᠨ ᠳᠡᠭᠡᠭᠰᠢᠯᠡᠭᠰᠡᠨ ᠪᠠᠶᠢᠨ᠎ᠠ᠃            ᠠᠳᠠᠯᠢ ᠬᠤᠭᠤᠴᠠᠭᠠᠨ ᠳᠤ᠂ ᠱᠠᠩᠬᠠᠢ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ ᠨᠢ ᠬᠤᠶᠠᠷ ᠰᠠᠷ᠎ᠠ ᠶᠢᠨ ᠳᠠᠷᠠᠭ᠎ᠠ ᠳᠠᠬᠢᠨ 20000 ᠢᠵᠢ ᠶᠢ ᠲᠠᠪᠠᠵᠠᠢ᠃      ᠵᠦᠩ ᡁᠢ ᠰᠤᠳᠤᠯᠭᠠᠨ ᠤ ᠬᠦᠷᠢᠶᠡᠯᠡᠩ ᠤᠨ ᠢᠯᠡᠷᠬᠡᠶᠢᠯᠡᠭᠰᠡᠨ ᠢᠶᠠᠷ᠂ ᠶᠡᠷᠦᠩᠬᠡᠢ ᠳᠤᠨᠢ ᠠᠪᠴᠤ ᠦᠵᠡᠪᠡᠯ᠂ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠣᠣᠷ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠵᠢᠱᠢᠯᠲᠡ ᠵᠢᠴᠢ ᠭᠡᠷ ᠪᠠᠶᠢᠰᠢᠩ ᠬᠤᠳᠠᠯᠳᠤᠨ ᠠᠪᠤᠭᠴᠢ ᠶᠢᠨ ᠢᠲᠡᠭᠡᠯ ᠵᠣᠬᠢᠬᠤ ᠬᠡᠮᠵᠢᠶ᠎ᠡ ᠪᠠᠷ ᠰᠡᠷᠭᠦᠵᠦ᠂ 10 ᠳ᠋ᠤᠭᠠᠷ ᠰᠠᠷ᠎ᠠ ᠶᠢᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠢᠳᠡᠪᠬᠢᠴᠡ ᠢᠯᠡᠳᠲᠡ ᠳᠡᠭᠡᠭᠰᠢᠯᠡᠵᠦ᠂ ᠵᠢᠱᠢᠯᠲᠡ ᠪᠠᠷ ᠣᠬᠤᠷ ᠬᠤᠭᠤᠴᠠᠭᠠᠨ ᠳᠤ ᠭᠤᠣᠯᠯᠠᠭᠴᠢ ᠬᠤᠲᠠ ᠶᠢᠨ ᠪᠣᠷᠤᠯᠠᠭᠤᠯᠭ᠎ᠠ ᠶᠢᠨ ᠲᠣᠭᠲᠠᠪᠤᠷᠢᠵᠢᠬᠤ ᠪᠠᠶᠢᠳᠠᠯ ᠦᠷᠭᠦᠯᠵᠢᠯᠡᠬᠦ ᠪᠣᠯᠣᠮᠵᠢ ᠲᠠᠢ ᠪᠠᠶᠢᠨ᠎ᠠ᠃      ᠲᠠᠷᠠᠭᠠᠴᠢ ᠪᠠᠷ᠂ ᠬᠡᠷᠪᠡ 100 ᠲᠦᠮᠡᠨ ᠢᠵᠢ ᠬᠤᠲᠠ ᠶᠢᠨ ᠲᠤᠮᠳᠠᠬᠢ ᠲᠣᠰᠬᠤᠨ ᠢ ᠵᠤᠭᠤᠰᠵᠢᠭᠤᠯᠤᠨ ᠲᠥᠪᠬᠢᠨᠡᠭᠦᠯᠬᠦ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠵᠢᠴᠢ ᠦᠯᠡᠳᠡᠭᠡᠯ ᠭᠡᠷ ᠪᠠᠶᠢᠰᠢᠩ ᠢ ᠬᠤᠳᠠᠯᠳᠤᠨ ᠠᠪᠬᠤ ᠵᠢᠴᠢ ᠰᠤᠯᠠ ᠪᠠᠶᠢᠬᠤ ᠭᠠᠵᠠᠷ ᠰᠢᠷᠣᠢ ᠶᠢᠨ ᠲᠥᠷᠥ ᠶᠢᠨ ᠪᠣᠳᠣᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠵᠤ ᠴᠢᠳᠠᠪᠠᠯ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠲᠦᠷᠭᠡᠪᠴᠢᠯᠡᠨ ᠰᠠᠶᠢᠵᠢᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ︽ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠭᠤᠨ ᠪᠣᠯᠭᠠᠬᠤ︾ ᠬᠠᠷᠠᠯᠲᠠ ᠶᠢ ᠪᠡᠶᠡᠯᠡᠭᠦᠯᠬᠦ ᠳᠤ ᠠᠰᠢᠭᠲᠠᠢ ᠶᠤᠮ ᠭᠡᠵᠦ ᠵᠦᠩ ᡁᠢ ᠰᠤᠳᠤᠯᠭᠠᠨ ᠤ ᠬᠦᠷᠢᠶᠡᠯᠡᠩ ᠢᠯᠡᠷᠬᠡᠶᠢᠯᠡᠵᠡᠢ᠃      ᠵᠢᠯ ᠤᠨ ᠡᠴᠦᠰ ᠲᠤ ᠣᠷᠣᠨ ᠰᠠᠭᠤᠴᠠ ᠶᠢᠨ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠡᠰᠦᠯᠦᠨ ᠪᠤᠳᠤᠬᠤ ᠵᠠᠩᠭᠢᠯᠠᠭ᠎ᠠ ᠶᠢᠨ ᠴᠡᠭ ᠬᠦᠷᠴᠦ ᠢᠷᠡᠬᠦ ᠦᠶ᠎ᠡ ᠳᠤ᠂ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠦᠷᠭᠦᠯᠵᠢᠯᠡᠨ ᠨᠡᠯᠢᠶᠡᠳ ᠶᠡᠭᠡ ᠦᠨ᠎ᠡ ᠬᠠᠶᠠᠯᠴᠠᠬᠤ ᠡᠷᠴᠢᠮ ᠢᠶᠠᠨ ᠴᠢᠩᠭᠠᠷᠠᠭᠤᠯᠵᠦ ᠰᠢᠨ᠎ᠡ ᠣᠷᠣᠨ ᠰᠠᠭᠤᠴᠠ ᠶᠢᠨ ᠠᠷᠠᠯᠵᠢᠶ᠎ᠠ ᠳᠤ ᠠᠰᠢᠭᠲᠠᠢ ᠪᠠᠶᠢᠯᠭᠠᠨ᠎ᠠ᠃ ᠡᠭᠦᠨ ᠤ ᠵᠡᠷᠭᠡ ᠳᠤ᠂ ᠬᠡᠰᠡᠭ ᠥᠮᠴᠢᠲᠡᠨ ᠭᠠᠷ ᠳᠠᠮᠵᠢᠭᠰᠠᠨ ᠣᠷᠣᠨ ᠰᠠᠭᠤᠴᠠ ᠶᠢᠨ ᠦᠨ᠎ᠡ ᠶᠢ ᠥᠰᠬᠡᠭᠰᠡᠨ ᠠᠴᠠ ᠪᠣᠯᠵᠤ᠂ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢᠨ ᠦᠵᠡᠯᠴᠡᠭᠡᠨ ᠢ ᠡᠭᠦᠰᠬᠡᠭᠰᠡᠨ ᠪᠣᠯᠪᠠᠴᠤ ᠪᠦᠬᠦ᠋ᠢᠯᠡ ᠵᠠᠬ᠎ᠠ ᠳᠡᠯᠭᠡᠭᠦᠷ ᠤᠨ ᠵᠢᠱᠢᠯᠲᠡ ᠨᠢ ᠭᠤᠷᠪᠠᠳᠤᠭᠠᠷ ᠤᠯᠠᠷᠢᠯ ᠤᠨ  ᠬᠢ ᠠᠴᠠ ᠰᠠᠶᠢᠨ ᠪᠣᠯᠤᠭᠰᠠᠨ ᠪᠣᠯᠬᠤᠷ ᠭᠠᠷ ᠳᠠᠮᠵᠢᠭᠰᠠᠨ ᠣᠷᠣᠨ ᠰᠠᠭᠤᠴᠠ ᠶᠢᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ ᠲᠤᠭ᠎ᠠ ᠪᠠᠷᠢᠮᠲᠠ ᠥᠨᠳᠥᠷ ᠪᠠᠶᠢᠷᠢᠨ ᠳᠤ ᠤᠷᠤᠰᠢᠬᠤ ᠪᠣᠯᠣᠮᠵᠢ ᠲᠠᠢ ᠪᠠᠶᠢᠨ᠎ᠠ ᠭᠡᠵᠦ ᠵᠠᠳᠠᠯᠤᠭᠴᠢᠳ ᠦᠵᠡᠵᠦ ᠪᠠᠶᠢᠨ᠎ᠠ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1