ᠶᠡᠷᠦᠩᠬᠡᠢ ᠱᠦᠵᠢ ᠰᠢ ᠶᠢᠨ ᠫᠢᠩ᠂ ᠬᠥᠮᠥᠰ ᠤᠨ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ | ᠨᠥᠬᠦᠴᠡᠯ ᠪᠣᠯ ᠥᠷᠭᠡᠨ ᠣᠯᠠᠨ ᠲᠠᠷᠢᠶᠠᠴᠢᠳ ᠤᠨ ᠴᠢᠩ ᠰᠡᠳᠬᠢᠯ ᠤᠨ ᠬᠦᠰᠡᠯ ᠡᠷᠡᠮᠡᠯᠵᠡᠯ ᠮᠥᠨ᠂ ᠪᠣᠬᠢᠷᠲᠤᠯ | ᠦᠭᠡᠢ ᠬᠥᠭᠵᠢᠯᠲᠡ ᠶᠢ ᠪᠠᠷᠢᠮᠲᠠᠯᠠᠨ᠂ ᠲᠠᠷᠢᠶᠠᠴᠢᠳ ᠤᠨ ᠣᠷᠣᠰᠢᠨ ᠰᠠᠭᠤᠬᠤ ᠳᠤ ᠲᠠᠭᠠᠯᠠᠮᠵᠢᠳᠠᠢ ᠠᠵᠤ ᠦᠢᠯᠡᠰ | ᠡᠷᠭᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ | ᠵᠢᠭᠠᠨ ᠭᠠᠷᠭᠠᠪᠠ᠃ ᠣᠶᠢᠷ᠎ᠠ ᠳᠤ᠂ ᠬᠤᠨᠠᠨ ᠮᠤᠵᠢ ᠪᠥᠬᠦ ᠮᠤᠵᠢ ᠶᠢᠨ ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ | ᠬᠦᠳᠡᠭᠡ ᠲᠤᠰᠬᠤᠨ ᠤ ᠣᠷᠣᠨ ᠰᠠᠭᠤᠴᠠ ᠶᠢᠨ ᠠᠵᠢᠯ ᠤᠨ ᠠᠬᠤᠢ ᠲᠠᠯᠠᠪᠤᠷ ᠤᠨ ᠠᠬᠢᠭᠤᠯᠬᠤ ᠬᠤᠷᠠᠯ | ᠬᠤᠷᠠᠯᠳᠤᠭᠤᠯᠵᠤ᠂ ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ ᠬᠦᠳᠡᠭᠡ ᠲᠤᠰᠬᠤᠨ ᠤ ᠣᠷᠣᠨ ᠰᠠᠭᠤᠴᠠ ᠶᠢᠨ | ᠬᠥᠭᠵᠢᠯᠲᠡ ᠶᠢᠨ ︽ᠬᠤᠨᠠᠨ ᠤ ᠵᠠᠭᠪᠤᠷ︾ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ ᠭᠡᠵᠦ ᠳᠤᠷᠠᠳᠤᠨ | ᠭᠠᠷᠭᠠᠪᠠ᠃ | ᠰᠢᠨᠵᠢᠯᠡᠭᠡ ᠮᠡᠷᠭᠡᠵᠢᠯ ᠤᠨ ᠴᠢᠳᠠᠪᠤᠷᠢ ᠣᠯᠭᠤᠬᠤ ᠶᠢ ᠲᠤᠪᠤᠶᠢᠯᠭᠠᠵᠤ᠂ ᠬᠥᠳᠡᠭᠡ ᠲᠣᠰᠬᠤᠨ ᠤ ᠭᠡᠷ | ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠠᠭᠤᠯᠤᠭᠳᠠᠬᠤᠨ ᠢ ᠲᠡᠭᠡᠭᠰᠢᠯᠡᠭᠦᠯᠦᠨ᠎ᠡ᠃ | ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ ᠬᠥᠳᠡᠭᠡ ᠲᠣᠰᠬᠤᠨ ᠤ ᠭᠡᠷ ᠪᠠᠶᠢᠰᠢᠩ ᠨᠢ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠮᠡᠷᠭᠡᠵᠢᠯ ᠢ | ᠬᠠᠷᠢᠯᠴᠠᠨ ᠤᠶᠠᠯᠳᠤᠭᠤᠯᠵᠤ᠂ ᠠᠵᠤ ᠦᠢᠯᠡᠳᠪᠦᠷᠢᠵᠢᠭᠦᠯᠦᠨ ᠦᠢᠯᠡᠳᠪᠦᠷᠢᠯᠡᠬᠦ ᠠᠷᠭ᠎ᠠ ᠮᠠᠶ᠋ᠢᠭ ᠂ ᠰᠢᠨ᠎ᠡ | ᠦᠢᠯᠡᠳᠬᠦᠨ᠂ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ ᠢ ᠭᠦᠢᠴᠡᠳ ᠬᠡᠷᠡᠭᠯᠡᠨ᠂ ᠵᠢᠷᠤᠵᠤ ᠲᠥᠯᠥᠪᠯᠡᠬᠦ ᠨᠢ | ᠰᠢᠨᠵᠢᠯᠡᠬᠦ ᠤᠬᠠᠭᠠᠨᠴᠢ᠂ ᠪᠠᠷᠢᠯᠭ᠎ᠠ ᠪᠠᠷᠢᠬᠤ ᠳᠤ ᠳᠥᠭᠦᠮ ᠳᠥᠲᠡ᠂ ᠶᠠᠰᠤ ᠴᠢᠨᠠᠷ ᠢᠶᠠᠷ ᠰᠠᠶᠢᠨ᠂ ᠪᠣᠬᠢᠷᠲᠤᠯ | ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠲᠠᠭᠠᠯᠠᠮᠵᠢᠲᠠᠢ ᠴᠢᠨᠠᠷ ᠪᠠ ᠠᠮᠤᠷ ᠲᠦᠪᠰᠢᠨ ᠴᠢᠨᠠᠷ ᠢᠶᠠᠷ ᠥᠨᠳᠥᠷ᠂ | ᠬᠡᠷᠡᠭᠯᠡᠭᠡᠨ ᠤ ᠠᠮᠢ ᠨᠠᠰᠤ ᠣᠷᠳᠣ ᠵᠡᠷᠭᠡ ᠣᠨᠴᠠᠯᠢᠭ ᠲᠠᠢ ᠪᠠᠶᠢᠵᠤ᠂ ᠣᠯᠠᠨ ᠲᠦᠮᠡᠨ ᠤ ᠵᠥᠪᠰᠢᠶᠡᠷᠡᠯ ᠪᠠ | ᠬᠦᠷᠢᠶᠡᠯᠡᠯ ᠢ ᠶᠡᠬᠡᠳᠡ ᠣᠯᠣᠭᠰᠠᠨ ᠪᠠᠶᠢᠨ᠎ᠠ᠃ ᠪᠠᠷᠢᠯᠭ᠎ᠠ ᠶᠢᠨ ᠠᠵᠢᠯ ᠲᠥᠷᠥᠯ ᠤᠨ ︽ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ︾ ᠪᠣᠯᠤᠭᠰᠠᠨ ᠤ ᠬᠤᠪᠢ ᠳᠤ᠂ ᠡᠨᠡ ᠬᠦ ᠰᠢᠨ᠎ᠡ ᠬᠡᠯᠪᠡᠷᠢ ᠶᠢᠨ ᠪᠠᠷᠢᠯᠭ᠎ᠠ ᠶᠢᠨ | ᠠᠷᠭ᠎ᠠ ᠮᠠᠶ᠋ᠢᠭ ᠨᠢ ᠬᠦᠳᠡᠭᠡ ᠲᠤᠰᠬᠤᠨ ᠤ ᠭᠡᠷ ᠪᠠᠶᠢᠰᠢᠩ ᠤᠨ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠬᠢᠷᠢ | ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ︽ᠮᠠᠰᠢᠨ ᠲᠡᠷᠭᠡ ᠦᠢᠯᠡᠳᠬᠦ ᠰᠢᠭ ᠢᠶᠠᠷ ᠭᠡᠷ ᠪᠠᠶᠢᠰᠢᠩ ᠪᠠᠷᠢᠵᠤ︾ | ᠂ ᠨᠢᠭᠡ ᠪᠦᠯᠦᠭ ᠣᠲᠣ ᠦᠶ᠎ᠡ ᠶᠢᠨ ᠴᠢᠳᠠᠮᠵᠢ ᠲᠠᠢ᠂ ᠥᠪᠡᠷ ᠤᠨ ᠥᠷᠲᠡᠭ ᠨᠢ ᠬᠢᠮᠳᠠ᠂ ᠪᠦᠲᠦᠴᠡ ᠨᠢ ᠠᠮᠤᠷ | ᠲᠦᠪᠰᠢᠨ᠂ ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ ᠬᠥᠳᠡᠭᠡ ᠲᠣᠰᠬᠤᠨ ᠤ ︽ᠰᠠᠶᠢᠨ ᠭᠡᠷ ᠪᠠᠶᠢᠰᠢᠩ | ︾ ᠢ ᠲᠦᠷᠭᠡᠨ ᠪᠠᠶᠢᠭᠤᠯᠵᠤ᠂ ᠥᠷᠭᠡᠨ ᠣᠯᠠᠨ ᠲᠠᠷᠢᠶᠠᠴᠢᠳ ᠲᠤ ᠴᠢᠨᠠᠷ ᠰᠠᠶᠢᠲᠠᠢ ᠪᠠᠷᠢᠯᠭ᠎ᠠ ᠶᠢᠨ ᠦᠢᠯᠡᠳᠬᠦᠨ | ᠬᠠᠩᠭᠠᠵᠤ ᠦᠭᠭᠭᠦᠨᠡ᠃ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ | ᠬᠥᠳᠡᠭᠡ ᠲᠣᠰᠬᠤᠨ ᠤ ᠭᠡᠷ ᠪᠠᠶᠢᠰᠢᠩ ᠤᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠮᠠᠨ ᠤ ᠤᠯᠤᠰ ᠣᠶᠢᠷ᠎ᠠ ᠶᠢᠨ ᠵᠢᠯ ᠤᠳ ᠲᠤ ᠪᠠᠷᠢᠯᠭ᠎ᠠ ᠶᠢᠨ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠶᠢ ᠢᠳᠡᠪᠬᠢᠲᠡᠢ ᠠᠬᠢᠭᠤᠯᠵᠤ᠂ ᠨᠢᠭᠡᠨᠲᠡ ᠪᠠᠶᠢᠭ᠎ᠠ ᠪᠠᠷᠢᠯᠭ᠎ᠠ ᠶᠢ ᠪᠣᠬᠢᠷᠲᠤᠯ ᠦᠭᠡᠢ | ᠪᠣᠯᠭᠠᠨ ᠥᠭᠡᠷᠡᠴᠢᠯᠡᠬᠦ ᠠᠴᠠ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠬᠦᠷᠲᠡᠯ᠎ᠡ᠂ ᠲᠠᠬᠢᠨ ᠤᠭᠰᠠᠷᠠᠮᠠᠯ | ᠮᠠᠶ᠋ᠢᠭ ᠤᠨ ᠪᠠᠷᠢᠯᠭ᠎ᠠ ᠬᠦᠷᠲᠡᠯ᠎ᠡ᠂ ᠪᠣᠬᠢᠷᠲᠤᠯ ᠦᠭᠡᠢ ᠪᠠᠷᠢᠯᠭ᠎ᠠ ᠶᠢᠨ ᠡᠵᠡᠯᠡᠬᠦ ᠬᠠᠷᠢᠴᠠᠯ ᠢ ᠦᠷᠭᠦᠯᠵᠢᠯᠡᠨ | ᠳᠡᠭᠡᠭᠰᠢᠯᠡᠭᠦᠯᠵᠡᠢ᠃ ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ ᠬᠥᠳᠡᠭᠡ ᠲᠣᠰᠬᠤᠨ ᠤ ᠣᠷᠣᠨ ᠰᠠᠭᠤᠴᠠ ᠶᠢ | ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠳᠤ ᠦᠨᠳᠦᠰᠦᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠥᠨᠳᠥᠷ ᠪᠦᠲᠦᠮᠵᠢᠲᠡᠢ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ | ᠬᠠᠮᠠᠭᠠᠯᠠᠬᠤ ᠲᠠᠭᠠᠯᠠᠮᠵᠢᠲᠠᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠰᠢᠢᠳᠪᠦᠷᠢᠯᠡᠬᠦ ᠲᠥᠰᠥᠯ ᠢ ᠬᠠᠩᠭᠠᠪᠠ᠃ ᠳᠤᠯᠠᠭᠠᠨ ᠢ ᠬᠠᠮᠠᠭᠠᠯᠠᠨ ᠬᠠᠯᠠᠭᠤᠨ ᠢ ᠬᠥᠨᠳᠡᠶᠢᠷᠡᠭᠦᠯᠬᠦ ᠰᠠᠶᠢᠨ | ᠴᠢᠳᠠᠮᠵᠢ ᠳᠤ ᠲᠦᠰᠢᠭᠯᠡᠵᠦ᠂ ᠠᠭᠠᠷ ᠲᠣᠬᠢᠷᠠᠭᠤᠯᠤᠭᠴᠢ ᠪᠣᠯᠣᠨ ᠲᠤᠯᠠᠭᠠᠯᠭ᠎ᠠ ᠳᠤ ᠲᠦᠰᠢᠭᠯᠡᠬᠦ ᠶᠢ ᠪᠠᠭᠠᠰᠬᠠᠵᠤ᠂ | ᠬᠥᠳᠡᠭᠡ ᠲᠣᠰᠬᠤᠨ ᠤ ᠣᠷᠣᠨ ᠰᠠᠭᠤᠴᠠ ᠶᠢᠨ ᠡᠨᠧᠷᠭᠢ ᠬᠡᠷᠡᠭᠯᠡᠬᠦ ᠪᠦᠲᠦᠴᠡ ᠶᠢᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠬᠤᠪᠢᠷᠠᠭᠤᠯᠬᠤ ᠶᠢ ᠠᠬᠢᠭᠤᠯᠤᠨ᠎ᠠ᠃ ᠪᠦᠲᠦᠭᠡᠨ ᠪᠠᠶᠢᠭᠤᠯᠬᠤ ᠶᠠᠪᠤᠴᠠ ᠳᠤ | ᠦᠢᠯᠡᠳᠪᠦᠷᠢ ᠶᠢᠨ ᠲᠣᠨᠣᠭᠯᠠᠭᠠᠰᠤ ᠶᠢ ᠤᠷᠢᠳᠴᠢᠯᠠᠨ ᠦᠢᠯᠡᠳᠬᠦ᠂ ᠲᠤᠬᠠᠢ ᠶᠢᠨ ᠲᠠᠯᠠᠪᠤᠷ ᠲᠤ ᠤᠭᠰᠠᠷᠠᠬᠤ ᠠᠷᠭ᠎ᠠ | ᠮᠠᠶ᠋ᠢᠭ ᠢ ᠬᠡᠷᠡᠭᠯᠡᠬᠦ ᠨᠢ ᠲᠤᠬᠠᠢ ᠶᠢᠨ ᠲᠠᠯᠠᠪᠤᠷ ᠤᠨ ᠲᠣᠭᠤᠰᠣ ᠰᠢᠷᠣᠢ᠂ ᠪᠠᠷᠢᠯᠭ᠎ᠠ ᠶᠢᠨ ᠬᠤᠭ ᠨᠣᠪᠰᠢ ᠵᠢᠴᠢ ᠪᠣᠬᠢᠷ | ᠤᠰᠤ ᠵᠡᠷᠭᠡ ᠶᠢ ᠪᠠᠭᠠᠰᠬᠠᠵᠤ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠨ᠂ ᠬᠥᠳᠡᠭᠡ | ᠲᠣᠰᠬᠤᠨ ᠤ ᠭᠡᠷ ᠪᠠᠶᠢᠰᠢᠩ ᠤᠨ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠶᠢ ᠲᠦᠯᠬᠢᠨ | ᠠᠬᠢᠭᠤᠯᠬᠤ ᠳᠤ ᠠᠰᠢᠭᠲᠠᠢ ᠶᠤᠮ᠃ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠰᠣᠩᠭᠤᠯᠲᠠ ᠪᠠ | ᠬᠡᠷᠡᠭᠯᠡᠯᠲᠡ ᠨᠢ ᠭᠡᠷ ᠳᠣᠲᠣᠷᠠᠬᠢ ᠠᠭᠠᠷ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠪᠠᠷᠢᠯᠭ᠎ᠠ ᠶᠢᠨ ᠬᠥᠮᠥᠨ ᠤ | ᠪᠡᠶ᠎ᠡ ᠶᠢᠨ ᠡᠷᠡᠭᠦᠯ ᠮᠡᠨᠳᠦ ᠪᠠ ᠠᠮᠢ ᠠᠬᠤᠢ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠤᠯᠠᠮ ᠨᠢᠭᠡ | ᠠᠯᠬᠤᠮ ᠪᠠᠭᠤᠷᠠᠭᠤᠯᠬᠤ ᠪᠣᠯᠣᠨ᠎ᠠ᠃ | ᠠᠵᠤ ᠦᠢᠯᠡᠰ ᠤᠨ ᠳᠣᠲᠣᠭᠠᠳᠤ ᠬᠡᠷᠡᠭᠴᠡᠭᠡ ᠶᠢ ᠥᠷᠭᠡᠳᠬᠡᠵᠦ᠂ ᠣᠳᠣᠬᠢᠴᠢᠯᠠᠭᠰᠠᠨ ᠪᠠᠷᠢᠯᠭ᠎ᠠ ᠶᠢᠨ ᠠᠵᠤ | ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠣᠳᠣᠬᠠᠨ ᠳᠤ ᠪᠠᠷᠢᠯᠭ᠎ᠠ ᠶᠢᠨ ᠦᠢᠯᠡᠰ ᠨᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠱᠠᠲᠤᠨ ᠳᠤ ᠣᠷᠣᠰᠢᠵᠤ᠂ ᠠᠵᠤ ᠦᠢᠯᠡᠳᠪᠦᠷᠢᠵᠢᠯᠲᠡ᠂ ᠪᠣᠬᠢᠷᠲᠤᠯ ᠦᠭᠡᠢ ᠬᠦᠭᠵᠢᠯᠳᠡ ᠵᠡᠷᠭᠡ | ᠴᠢᠭᠯᠡᠯ ᠢᠶᠠᠷ ᠬᠡᠯᠪᠡᠷᠢ ᠬᠤᠪᠢᠷᠠᠨ ᠲᠡᠰ ᠲᠡᠪᠰᠢᠵᠦ ᠪᠠᠶᠢᠨ᠎ᠠ᠃ ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ | ᠬᠥᠳᠡᠭᠡ ᠲᠣᠰᠬᠤᠨ ᠤ ᠣᠷᠣᠨ ᠰᠠᠭᠤᠴᠠ ᠨᠢ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ | ᠨᠡᠭᠡᠭᠡᠵᠡᠢ᠂ ︽ᠢᠷᠡᠭᠡᠳᠦᠢ ᠡᠷᠡᠭᠦᠯ ᠰᠠᠷᠠᠭᠤᠯ︾ ᠪᠠᠶᠢᠨ᠎ᠠ᠂ ᠡᠨᠡ ᠨᠢ ᠪᠠᠷᠢᠯᠭ᠎ᠠ ᠶᠢᠨ ᠦᠢᠯᠡᠰ ᠤᠨ ᠪᠡᠯᠡ | ᠣᠷᠣᠭᠤᠯᠤᠯᠲᠠ ᠶᠢᠨ ᠰᠢᠨ᠎ᠡ ᠬᠦᠭᠡᠭᠡᠴᠡᠯᠳᠦᠯ ᠪᠣᠯᠬᠤ ᠪᠣᠯᠣᠨ᠎ᠠ᠃ ᠣᠶᠢᠯᠠᠭᠠᠭᠰᠠᠨ ᠢᠶᠠᠷ᠂ ᠪᠥᠬᠦ ᠤᠯᠤᠰ ᠤᠨ | ᠬᠥᠳᠡᠭᠡ ᠲᠣᠰᠬᠤᠨ ᠳᠤ ᠵᠢᠯ ᠪᠦᠷᠢ ᠮᠠᠰᠢ ᠣᠯᠠᠨ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ | ᠪᠠᠶᠢᠭᠤᠯᠤᠭᠰᠠᠨ ᠬᠥᠳᠡᠭᠡ ᠲᠣᠰᠬᠤᠨ ᠤ ᠭᠡᠷ ᠪᠠᠶᠢᠰᠢᠩ ᠪᠣᠶ᠂ ᠬᠡᠷᠪᠡ 2025 ᠪᠤᠯᠳᠠᠯ᠎ᠠ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠳᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠡᠵᠡᠯᠡᠬᠦ ᠬᠠᠷᠢᠴᠠᠯ ᠢ 30% ᠠᠴᠠ | ᠲᠡᠭᠡᠭᠡᠰᠢ ᠪᠤᠯᠭᠠᠬᠤ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠵᠢᠯ ᠪᠦᠷᠢ ᠤᠭᠰᠠᠷᠠᠮᠠᠯ ᠮᠠᠶ᠋ᠢᠭ ᠤᠨ ᠬᠥᠳᠡᠭᠡ | ᠲᠣᠰᠬᠤᠨ ᠤ ᠭᠡᠷ ᠪᠠᠶᠢᠰᠢᠩ ᠪᠠᠶᠢᠭᠤᠯᠵᠤ᠂ ᠤᠭᠰᠠᠷᠠᠮᠠᠯ ᠮᠠᠶ᠋ᠢᠭ ᠤᠨ ᠳᠣᠲᠣᠷ ᠴᠢᠮᠡᠭᠯᠡᠯ᠂ ᠣᠶᠤᠨᠯᠢᠭ ᠭᠡᠷ ᠤᠨ | ᠬᠡᠷᠡᠭᠰᠡᠯ ᠤᠨ ᠰᠢᠰᠲ᠋ᠧᠮ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠵᠡᠷᠭᠡ ᠶᠢ ᠨᠡᠮᠡᠪᠡᠯ᠂ ᠵᠠᠬ᠎ᠠ | ᠳᠡᠯᠭᠡᠭᠦᠷ ᠤᠨ ᠬᠡᠪᠴᠢᠶ᠎ᠡ ᠲᠦᠮᠡᠨ ᠳ᠋ᠦᠩᠰᠢᠭᠤᠷ ᠢ ᠳᠠᠪᠠᠭ᠋ᠤ ᠪᠣᠯᠣᠨ᠎ᠠ᠃ ᠬᠤᠨᠠᠨ ᠮᠤᠵᠢ ᠶᠢᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠷᠢᠭᠤᠴᠠᠯᠭᠠᠲᠠᠨ ᠠᠬᠤᠢ ᠲᠠᠯᠠᠪᠤᠷ ᠤᠨ | ᠠᠬᠢᠭᠤᠯᠬᠤ ᠬᠤᠷᠠᠯ ᠳᠡᠭᠡᠷ᠎ᠡ᠂ ᠡᠨᠡ ᠵᠢᠯ ᠤᠨ ᠲᠦᠷᠦᠭᠦᠸ ᠭᠤᠷᠪᠠᠨ ᠤᠯᠠᠷᠢᠯ ᠳᠤ ᠪᠥᠬᠦ ᠮᠤᠵᠢ ᠪᠠᠷ ᠢᠶᠠᠨ 696 | ᠢᠵᠢ ᠤᠭᠰᠠᠷᠠᠮᠠᠯ ᠮᠠᠶ᠋ᠢᠭ ᠤᠨ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠵᠦ᠂ 3.2 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠡᠢ᠂ 2026 | ᠣᠨ ᠳᠤ ᠪᠥᠬᠦ ᠮᠤᠵᠢ ᠪᠠᠷ ᠢᠶᠠᠨ 3 ᠲᠦᠮᠡᠨ ᠢᠵᠢ ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ ᠬᠥᠳᠡᠭᠡ | ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠵᠦ᠂ 150 ᠳ᠋ᠦᠩᠰᠢᠭᠤᠷ ᠲᠥᠭᠦᠷᠢᠭ ᠤᠨ ᠦᠢᠯᠡᠳᠬᠦᠨ ᠤ | ᠥᠷᠲᠡᠭ ᠢ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠲᠤᠷᠠᠳᠤᠨ ᠭᠠᠷᠭᠠᠵᠠᠢ᠃ | ᠲᠤᠷᠰᠢᠯᠲᠠ ᠬᠢᠵᠦ ᠵᠢᠱᠢᠶ᠎ᠡ ᠦᠵᠡᠭᠦᠯᠬᠦ ᠠᠵᠢᠯ ᠢ ᠴᠢᠩᠭᠠᠳᠬᠠᠵᠤ᠂ ᠬᠥᠳᠡᠭᠡ ᠲᠣᠰᠬᠤᠨ ᠤ ᠭᠡᠷ | ᠪᠠᠶᠢᠰᠢᠩ ᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠬᠤᠷᠠᠮᠳᠤᠭᠤᠯᠤᠨ᠎ᠠ᠃ ᠨᠢᠭᠡ | ᠵᠦᠢᠯ ᠤᠨ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠭᠡᠷ ᠪᠠᠶᠢᠰᠢᠩ ᠤᠨ ᠲᠥᠷᠥᠯ ᠬᠡᠯᠪᠡᠷᠢ ᠪᠣᠯᠤᠭᠰᠠᠨ ᠤ | ᠬᠤᠪᠢ ᠳᠤ᠂ ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ ᠬᠥᠳᠡᠭᠡ ᠲᠣᠰᠬᠤᠨ ᠤ ᠭᠡᠷ ᠪᠠᠶᠢᠰᠢᠩ ᠮᠥᠨ ᠬᠦ | ᠠᠩᠬᠠᠨ ᠤ ᠬᠥᠭᠵᠢᠯᠲᠡ ᠶᠢᠨ ᠱᠠᠲᠤᠨ ᠳᠠᠭᠠᠨ ᠪᠠᠶᠢᠵᠤ᠂ ᠤᠯᠠᠮ ᠨᠢᠭᠡ ᠠᠯᠬᠤᠮ ᠬᠠᠶᠢᠨ ᠰᠦᠪᠡᠭᠴᠢᠯᠡᠬᠦ ᠪᠠ ᠲᠠᠰ | ᠳᠡᠪᠰᠢᠭᠦᠯᠬᠦ ᠴᠢᠬᠤᠯᠠᠲᠠᠢ ᠪᠠᠶᠢᠨ᠎ᠠ᠃ ᠣᠯᠠᠨ ᠭᠠᠵᠠᠷ ᠤᠨ ᠬᠢᠨ ᠤᠷᠢᠳ ᠢᠶᠠᠷ ᠲᠤᠷᠰᠢᠯᠲᠠ ᠬᠢᠵᠦ᠂ ᠴᠡᠭ ᠢᠶᠠᠷ | ᠨᠡᠶᠢᠳᠡᠮ ᠢ ᠳᠠᠶᠢᠴᠢᠯᠠᠬᠤ ᠶᠢ ᠪᠠᠷᠢᠮᠲᠠᠯᠠᠨ᠂ ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ ᠬᠥᠳᠡᠭᠡ ᠲᠣᠰᠬᠤᠨ ᠤ ᠭᠡᠷ | ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ ᠨᠠᠩ ᠣᠯᠠᠨ ᠯᠠᠪᠯᠠᠯᠲᠠ | ᠪᠣᠯᠭᠠᠬᠤ ᠠᠴᠢ ᠬᠤᠯᠪᠣᠭᠳᠠᠯ ᠪᠦᠬᠦᠢ ᠲᠤᠷᠰᠢᠯᠭ᠎ᠠ ᠪᠠ ᠠᠷᠭ᠎ᠠ ᠬᠢᠳᠡᠯ ᠢ ᠪᠣᠶ ᠪᠣᠯᠭᠠᠵᠤ᠂ ᠨᠠᠩ ᠶᠡᠭᠡ | ᠬᠡᠪᠴᠢᠶᠡᠨ ᠳᠤ ᠳᠡᠯᠭᠡᠷᠡᠭᠦᠯᠦᠨ ᠬᠡᠷᠡᠭᠯᠡᠬᠦ ᠪᠠᠷ ᠴᠢᠷᠮᠠᠶᠢᠵᠤ ᠪᠠᠶᠢᠨ᠎ᠠ᠃ ᠵᠢᠱᠢᠶᠡᠯᠡᠪᠡᠯ᠂ ᠬᠤᠨᠠᠨ ᠮᠤᠵᠢ ᠶᠢᠨ ᠬᠢᠨ | ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ | ᠪᠠᠶᠢᠭᠤᠯᠤᠯᠲᠠ ᠶᠢᠨ ᠲᠤᠷᠰᠢᠯᠲᠠ ᠶᠢ ᠥᠷᠨᠢᠭᠦᠯᠵᠦ᠂ ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠲᠤᠷᠰᠢᠯᠲᠠ ᠶᠢᠨ ᠰᠢᠶᠠᠨ ︵ᠬᠤᠲᠠ᠂ ᠲᠣᠭᠤᠷᠢᠭ︶ ᠳᠤ 500 ᠲᠦᠮᠡᠨ | ᠲᠥᠭᠦᠷᠢᠭ ᠤᠨ ᠡᠳ᠋ ᠤᠨ ᠵᠠᠰᠠᠭ ᠤᠨ ᠨᠥᠬᠦᠪᠦᠷᠢ ᠣᠯᠭᠤᠪᠠ᠃ ᠠᠨᠾᠦ᠋ᠢ ᠮᠤᠵᠢ ᠶᠢᠨ ᠬᠢᠨ ᠾᠧᠹᠸᠢ᠂ ᠯᠢᠦ ᠠᠨ᠂ | ᠭᠤᠸᠠᠩ ᠳ᠋ᠧ ᠵᠡᠷᠭᠡ ᠭᠠᠵᠠᠷ ᠢ ᠰᠣᠩᠭᠤᠨ ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ ᠬᠥᠳᠡᠭᠡ ᠲᠣᠰᠬᠤᠨ ᠤ | ᠣᠷᠣᠨ ᠰᠠᠭᠤᠴᠠ ᠶᠢᠨ ᠲᠤᠷᠰᠢᠯᠲᠠ ᠶᠢᠨ ᠭᠠᠵᠠᠷ ᠣᠷᠣᠨ ᠪᠣᠯᠭᠠᠵᠤ᠂ ᠤᠭᠰᠠᠷᠠᠮᠠᠯ ᠮᠠᠶ᠋ᠢᠭ ᠤᠨ ᠮᠡᠷᠭᠡᠵᠢᠯ ᠢ ︽ | ᠬᠥᠳᠡᠭᠡ ᠪᠠᠭᠤᠯᠭᠠᠬᠤ︾᠂ ︽ᠬᠥᠳᠡᠭᠡ ᠲᠣᠰᠬᠤᠨ ᠳᠤ ᠬᠦᠷᠴᠦ ᠡᠷᠦᠭᠡ ᠳᠤ ᠣᠷᠣᠬᠤ︾ ᠶᠢ ᠠᠬᠢᠭᠤᠯᠪᠠ᠃ | ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ | ᠪᠠᠶᠢᠭᠤᠯᠤᠯᠲᠠ ᠪᠣᠯ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ | ᠬᠦᠴᠦᠲᠡᠢ ᠭᠠᠷᠳᠠᠴᠠ ᠮᠥᠨ᠂ ᠪᠠᠰᠠ ᠴᠤ ᠣᠷᠣᠰᠢᠨ ᠰᠠᠭᠤᠬᠤ ᠳᠤ ᠲᠠᠭᠠᠯᠠᠮᠵᠢᠳᠠᠢ ᠠᠵᠢᠯ ᠦᠢᠯᠡᠰ ᠡᠷᠬᠢᠯᠡᠬᠦ ᠳᠤ | ᠲᠣᠬᠢᠷᠠᠮᠵᠢᠲᠠᠢ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢᠨ ᠴᠢᠬᠤᠯᠠ ᠠᠷᠭ᠎ᠠ | ᠬᠡᠮᠵᠢᠶ᠎ᠡ ᠮᠥᠨ᠃ ᠲᠠᠷᠢᠶᠠᠴᠢᠳ ᠤᠨ ᠬᠦᠰᠡᠯ ᠡᠷᠡᠮᠡᠯᠵᠡᠯ ᠢ ᠭᠦᠢᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ | ᠤᠭᠰᠠᠷᠠᠮᠠᠯ ᠮᠠᠶ᠋ᠢᠭ ᠤᠨ ᠪᠣᠬᠢᠷᠲᠤᠯ ᠦᠭᠡᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠨᠢᠭᠡ ᠪᠦᠯᠦᠭ ᠨᠡᠭᠦᠷᠡᠰᠦᠲᠥ᠋ᠷᠥᠭᠴᠢ ᠪᠠᠭ᠎ᠠ ᠪᠣᠬᠢᠷᠲᠤᠯ ᠦᠭᠡᠢ | ᠬᠥᠭᠵᠢᠯᠲᠡ ᠶᠢᠨ ᠪᠠᠷᠢᠮᠵᠢᠶ᠎ᠠ ᠳᠤ ᠨᠡᠶᠢᠴᠡᠭᠰᠡᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠦᠯᠢᠭᠡᠷ | ᠳᠠᠭᠤᠷᠢᠶᠠᠯ ᠢ ᠲᠦᠷᠭᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢ ᠨᠡᠩ ᠪᠣᠬᠢᠷᠲᠤᠯ ᠦᠭᠡᠢ᠂ ᠨᠡᠩ ᠠᠮᠤᠷ ᠲᠦᠪᠰᠢᠨ᠂ ᠠᠷᠠᠳ ᠤᠨ ᠠᠮᠢᠳᠤᠷᠠᠯ ᠢ ᠨᠡᠩ | ᠲᠠᠭᠠᠯᠠᠮᠵᠢᠲᠠᠢ ᠪᠣᠯᠭᠠᠬᠤ ᠬᠡᠷᠡᠭᠲᠡᠢ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |