ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ ᠵᠡᠷᠭᠡ ᠮᠡᠷᠭᠡᠵᠢᠯ ᠢ | ᠥᠷᠭᠡᠨ ᠢᠶᠠᠷ ᠬᠡᠷᠡᠭᠯᠡᠬᠦ ᠶᠢ ᠳᠠᠭᠠᠯᠳᠤᠨ᠂ ᠮᠠᠨ ᠤ ᠤᠯᠤᠰ ᠤᠨ ᠣᠶᠤᠨᠲᠤ ᠬᠤᠳᠠ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠢᠯᠡᠳᠲᠡ ᠲᠠᠪᠰᠢᠯᠳᠠ ᠲᠠᠢ ᠪᠣᠯᠵᠤ᠂ ᠮᠠᠰᠢ ᠤᠯᠠᠨ ᠬᠤᠳᠠ ᠶᠢᠨ | ᠬᠢᠨ ᠣᠶᠤᠨᠲᠤ ᠬᠤᠳᠠ ᠶᠢᠨ ᠰᠢᠰᠲ᠋ᠧᠮ ᠢ ᠪᠠᠶᠢᠭᠤᠯᠵᠤ᠂ ᠣᠶᠤᠨᠴᠢᠯᠠᠭᠰᠠᠨ᠂ ᠲᠣᠭᠠᠴᠢᠯᠠᠭᠰᠠᠨ ᠠᠷᠭ᠎ᠠ ᠪᠠᠷᠢᠯ ᠢᠶᠠᠷ | ᠬᠤᠳᠠ ᠶᠢᠨ ᠠᠷᠠᠳ ᠲᠤ ᠨᠡᠩ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ ᠪᠠᠶᠢᠨ᠎ᠠ᠃ ᠡᠭᠦᠨ ᠤ ᠵᠡᠷᠭᠡ ᠳᠤ | ᠪᠠᠰᠠ ᠣᠶᠤᠨᠲᠤ ᠲᠥᠬᠦᠭᠡᠷᠦᠮᠵᠢ ᠶᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠠᠷᠠᠴᠢᠯᠠᠯᠳᠠ ᠬᠠᠮᠠᠭᠠᠯᠠᠯᠲᠠ | ᠲᠤᠳᠠᠭᠳᠠᠵᠤ ᠦᠵᠡᠮᠦᠷᠢ ᠲᠡᠳᠦᠢ ᠪᠤᠯᠵᠠᠢ᠂ ᠪᠠᠰᠠ ᠵᠠᠷᠢᠮ ᠨᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠠᠯ᠎ᠠ ᠪᠠᠷ | ᠬᠦᠷᠦᠯᠴᠡᠬᠦ ᠦᠭᠡᠢ᠂ ᠠᠮᠤᠷ ᠲᠦᠪᠰᠢᠨ ᠤ ᠴᠢᠨᠠᠷᠲᠠᠢ ᠬᠤᠪᠢ ᠶᠢᠨ ᠨᠢᠭᠤᠴᠠ ᠶᠢᠨ ᠴᠢᠨᠠᠷᠲᠠᠢ ᠬᠠᠮᠠᠭᠠᠯᠠᠯᠲᠠ ᠶᠢ | ᠴᠢᠩᠭᠠᠳᠬᠠᠬᠤ ᠴᠢᠬᠤᠯᠠᠲᠠᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ | ᠬᠤᠲᠠ ᠶᠢᠨ ᠰᠢᠨᠡᠴᠢᠯᠡᠯᠲᠡ ᠶᠢᠨ ᠳᠤᠮᠳᠠ᠂ ᠲᠣᠭᠠᠴᠢᠯᠠᠯᠲᠠ ᠪᠠᠷ ᠬᠤᠲᠠ ᠶᠢᠨ ᠪᠦᠲᠦᠭᠡᠨ | ᠪᠠᠶᠢᠭᠤᠯᠤᠯᠲᠠ ᠳᠤ ᠡᠨᠧᠷᠭᠢ ᠣᠯᠭᠤᠵᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠳᠤ᠂ ᠮᠠᠰᠢ ᠤᠯᠠᠨ ᠬᠤᠳᠠ ᠶᠢᠨ ᠠᠷᠠᠳ ᠬᠦᠰᠡᠯ | ᠡᠷᠡᠮᠡᠯᠵᠡᠯ ᠢᠶᠠᠷ ᠪᠢᠯᠬᠠᠮ᠎ᠠ ᠪᠠᠶᠢᠨ᠎ᠠ᠃ ᠨᠢᠩᠰᠢᠶᠠ ᠶᠢᠨ ᠶᠢᠨᠴᠤᠸᠠᠨ ᠬᠤᠲᠠ ᠶᠢᠨ ᠨᠢᠭᠡᠨ ᠬᠤᠲᠠ ᠶᠢᠨ ᠠᠷᠠᠳ | ᠬᠡᠯᠡᠬᠦ ᠳᠡᠭᠡᠨ᠂ ᠣᠶᠤᠨᠴᠢᠯᠠᠭᠰᠠᠨ ᠥᠷᠲᠡᠭᠡᠨ ᠤ ᠫᠠᠶᠢᠰᠠ ᠪᠣᠰᠬᠠᠵᠤ᠂ ︽ᠨᠡᠶᠢᠲᠡ ᠶᠢᠨ ᠮᠠᠰᠢᠨ ᠲᠡᠷᠭᠡ | ᠬᠠᠮᠢᠭ᠎ᠠ ᠠᠴᠠ ᠬᠠᠮᠢᠭ᠎ᠠ ᠬᠦᠷᠬᠦ᠂ ᠨᠡᠶᠢᠲᠡ ᠶᠢᠨ ᠮᠠᠰᠢᠨ ᠲᠡᠷᠭᠡ ᠤᠳᠤ ᠬᠠᠮᠢᠭ᠎ᠠ ᠶᠠᠪᠤᠵᠤ ᠪᠠᠶᠢᠭ᠎ᠠ᠂ ᠲᠡᠷᠭᠡᠨ | ᠲᠡᠭᠡᠷ᠎ᠡ ᠶᠡᠭᠡ ᠲᠥᠯᠥᠪ ᠬᠡᠳᠦᠢ ᠬᠥᠮᠥᠨ ᠪᠠᠶᠢᠬᠤ︾ ᠵᠡᠷᠭᠡ ᠮᠡᠳᠡᠭᠡ ᠵᠠᠩᠬᠢ ᠶᠢ ᠮᠡᠳᠡᠭᠦᠯᠬᠦ ᠶᠢ ᠬᠦᠰᠡᠵᠦ ᠪᠠᠶᠢᠨ᠎ᠠ | ᠭᠡᠵᠡᠢ᠃ | ᠵᠠᠷᠢᠮ ᠲᠥᠰᠥᠪᠯᠡᠯ ᠢ ᠵᠠᠷᠢᠮ ᠬᠤᠳᠠ ᠳᠤ ᠨᠢᠭᠡᠨᠲᠡ ᠪᠣᠳᠠᠲᠠᠢ ᠪᠠᠷ ᠬᠡᠷᠡᠭᠵᠢᠭᠦᠯᠵᠡᠢ᠃ ᠵᠢᠱᠢᠶᠡᠯᠡᠪᠡᠯ᠂ | ᠱᠠᠨᠳᠦ᠋ᠩ ᠤᠨ ᠳ᠋ᠦᠩ ᠶᠢᠩ ᠬᠤᠲᠠ ᠳᠤ ᠨᠡᠶᠢᠲᠡ ᠶᠢᠨ ᠮᠠᠰᠢᠨ ᠲᠡᠷᠭᠡᠨ ᠳᠤ ᠰᠠᠭᠤᠪᠠᠯ᠂ ᠡᠯᠧᠺᠲᠷᠣᠨ ᠳᠡᠯᠭᠡᠴᠡ | ᠪᠤᠶᠤ ᠭᠠᠷ ᠤᠲᠠᠰᠤᠨ ᠤ APP ᠪᠠᠷ ᠳᠠᠮᠵᠢᠭᠤᠯᠤᠨ ᠨᠡᠶᠢᠲᠡ ᠶᠢᠨ ᠮᠠᠰᠢᠨ ᠲᠡᠷᠭᠡᠨ ᠤ ᠣᠷᠣᠨ ᠪᠠᠶᠢᠷᠢ ᠪᠠ | ᠬᠦᠷᠴᠦ ᠢᠷᠡᠬᠦ ᠴᠠᠭ ᠢ ᠣᠨᠣᠪᠴᠢᠲᠠᠶ ᠡᠷᠢᠵᠦ ᠣᠯᠵᠤ ᠪᠣᠯᠣᠨ᠎ᠠ — 2016 ᠣᠨ ᠤ 12 ᠳ᠋ᠤᠭᠠᠷ ᠰᠠᠷ᠎ᠠ ᠳᠤ᠂ | ᠳ᠋ᠦᠩ ᠶᠢᠩ ᠣᠶᠤᠨᠲᠤ ᠨᠡᠶᠢᠲᠡ ᠶᠢᠨ ᠮᠠᠰᠢᠨ ᠲᠡᠷᠭᠡᠨ ᠤ ᠭᠠᠷ ᠤᠲᠠᠰᠤᠨ ᠤ APP ᠶᠢ ᠨᠡᠶᠢᠳᠡᠯᠡᠵᠦ᠂ ᠣᠯᠠᠨ | ᠤᠳᠠᠭ᠎ᠠ ᠲᠠᠰ ᠲᠡᠪᠰᠢᠭᠦᠯᠵᠦ᠂ ᠣᠲᠣ ᠨᠢᠭᠡᠨᠲᠡ ᠳ᠋ᠦᠩ ᠶᠢᠩ ᠬᠤᠲᠠ ᠶᠢᠨ ᠠᠷᠠᠳ ᠤᠨ ᠨᠡᠶᠢᠲᠡ ᠶᠢᠨ ᠠᠶᠠᠨ ᠳᠤ | ᠵᠠᠪᠠᠯ ᠰᠣᠩᠭᠤᠬᠤ ᠪᠠᠭᠠᠵᠢ ᠪᠣᠯᠤᠭᠰᠠᠨ ᠪᠠᠶᠢᠨ᠎ᠠ᠃ | ︽ᠥᠴᠥᠭᠡᠳᠦᠷ ᠣᠷᠣᠢ ᠮᠢᠨᠤ ᠲᠡᠷᠭᠡ ᠬᠤᠲᠠ ᠶᠢᠨ ᠵᠠᠰᠠᠭ ᠤᠨ ᠣᠷᠳᠣᠨ ᠤ ᠲᠡᠷᠭᠡᠨ ᠵᠣᠭᠰᠣᠭᠠᠯ ᠳᠤ | ᠵᠣᠭᠰᠣᠵᠠᠢ︾ ᠭᠡᠵᠦ ᠬᠤᠪᠧᠢ ᠶᠢᠨ ᠬᠤᠸᠠᠩ ᠱᠢ ᠬᠤᠳᠠ ᠶᠢᠨ ᠨᠢᠭᠡᠨ ᠬᠤᠳᠠ ᠶᠢᠨ ᠠᠷᠠᠳ ᠢᠯᠡᠳᠬᠡᠪᠡ᠃ ᠲᠡᠷᠭᠡ | ᠵᠣᠭᠰᠣᠬᠤ ᠬᠦᠴᠢᠷᠳᠡᠯ ᠢ ᠨᠠᠮᠳᠠᠭᠤᠯᠬᠤ ᠶᠢᠨ ᠲᠥᠯᠥᠭᠡ᠂ ᠡᠨᠡ ᠵᠢᠯ ᠤᠨ 6 ᠳ᠋ᠤᠭᠠᠷ ᠰᠠᠷ᠎ᠠ ᠳᠤ᠂ ᠬᠤᠲᠠ ᠶᠢᠨ | ᠵᠠᠰᠠᠭ ᠤᠨ ᠣᠷᠳᠣᠨ ᠤ ᠲᠡᠷᠭᠡᠨ ᠵᠣᠭᠰᠣᠭᠠᠯ ᠢ ᠪᠠᠭᠲᠠᠭᠠᠭᠰᠠᠨ ᠲᠦᠷᠦᠭᠦᠸ ᠪᠦᠯᠦᠭ ᠤᠨ 15 ᠬᠠᠮᠲᠤ ᠪᠠᠷ ᠡᠳ᠋ᠯᠡᠬᠦ | ᠲᠡᠷᠭᠡᠨ ᠵᠣᠭᠰᠣᠭᠠᠯ ᠢ ᠵᠢᠩᠬᠢᠨᠢ ᠪᠠᠷ ︽ᠬᠤᠸᠠᠩ ᠱᠢ ᠲᠡᠷᠭᠡᠨ ᠵᠤᠭᠰᠤᠭᠠᠯ︾ APP ᠳᠤ ᠬᠤᠯᠪᠤᠵᠤ᠂ | ᠬᠤᠲᠠ ᠶᠢᠨ ᠠᠷᠠᠳ ︽ᠬᠠᠮᠲᠤ ᠪᠠᠷ ᠡᠳ᠋ᠯᠡᠬᠦ ᠪᠣᠯᠵᠤᠭ᠎ᠠ︾ ᠶᠢᠨ ᠴᠢᠳᠠᠮᠵᠢ ᠪᠠᠷ ᠳᠠᠮᠵᠢᠭᠤᠯᠤᠨ ᠲᠡᠷᠭᠡ | ᠵᠣᠭᠰᠤᠭᠠᠬᠤ ᠪᠠᠷ ᠭᠤᠶᠤᠴᠢᠯᠠᠵᠤ ᠪᠣᠯᠣᠨ᠎ᠠ᠃ ᠡᠭᠦᠨ ᠤ ᠵᠡᠷᠭᠡ ᠳᠤ᠂ ᠬᠤᠸᠠᠩ ᠱᠢ ᠪᠥᠬᠦ ᠬᠤᠲᠠ ᠶᠢᠨ ᠡᠯ᠎ᠡ | ᠲᠥᠷᠥᠯ ᠤᠨ ᠲᠡᠷᠭᠡᠨ ᠵᠣᠭᠰᠣᠭᠠᠯ ᠢ ᠨᠢᠭᠡᠳᠦᠯᠲᠡᠢ ᠥᠭᠡᠷᠡᠴᠢᠯᠡᠵᠦ᠂ ︽ᠨᠢᠭᠡ ᠲᠡᠷᠭᠡᠨ ᠵᠣᠭᠰᠣᠭᠠᠯ︾ ᠤᠨ | ᠣᠶᠤᠨᠲᠤ ᠲᠡᠷᠭᠡᠨ ᠵᠣᠭᠰᠣᠭᠠᠯ ᠤᠨ ᠲᠠᠪᠴᠠᠩ ᠳᠤ ᠣᠷᠣᠭᠤᠯᠤᠨ᠂ ᠡᠮᠨᠡᠯᠭᠡ ᠶᠢᠨ ᠬᠤᠷᠢᠶ᠎ᠠ᠂ ᠦᠵᠡᠮᠵᠢ ᠶᠢᠨ | ᠣᠷᠣᠨ᠂ ᠰᠣᠶᠣᠯ ᠲᠠᠮᠢᠷ ᠤᠨ ᠲᠠᠯᠠᠪᠤᠷ ᠣᠷᠳᠣᠨ ᠵᠢᠴᠢ ᠬᠡᠰᠡᠭ ᠠᠳᠠᠯ ᠠᠬᠤᠢ ᠲᠠᠢ ᠰᠠᠭᠤᠭᠠᠯᠢ ᠠᠷᠠᠳ ᠤᠨ | ᠲᠣᠭᠤᠷᠢᠭ ᠢ ᠪᠠᠭᠲᠠᠭᠠᠭᠰᠠᠨ ᠨᠡᠶᠢᠲᠡ 92 ᠵᠠᠰᠠᠭ ᠤᠨ ᠣᠷᠳᠣᠨ ᠤ ᠲᠣᠭᠲᠠᠭᠠᠭᠰᠠᠨ ᠲᠡᠷᠭᠡᠨ ᠵᠣᠭᠰᠣᠭᠠᠯ ᠢ | ᠤᠷᠢᠳ ᠢᠶᠠᠷ ᠲᠤᠷᠰᠢᠨ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠨᠡᠶᠢᠲᠡ 11.9 ᠲᠦᠮᠡᠨ ᠲᠡᠷᠭᠡᠨ | ᠵᠣᠭᠰᠣᠭᠠᠯ ᠢ ᠵᠠᠯᠭᠠᠨ ᠣᠷᠣᠭᠤᠯᠵᠤ᠂ ᠡᠭᠦᠨ ᠳᠤ ᠬᠥᠳᠡᠯᠦᠩᠭᠦᠢ ᠲᠡᠷᠭᠡᠨ ᠵᠣᠭᠰᠣᠭᠠᠯ ᠢ 10.2 ᠲᠦᠮᠡ ᠪᠣᠯᠭᠠᠪᠠ᠃ | ᠲᠡᠷᠭᠡ ᠵᠣᠭᠰᠣᠬᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ | ᠬᠤᠸᠠᠩ ᠱᠢ ᠲᠥᠪ ᠬᠤᠲᠠ ᠶᠢᠨ ᠲᠣᠭᠤᠷᠢᠭ ᠲᠤ ᠲᠡᠷᠭᠡ ᠵᠣᠭᠰᠤᠭᠠᠬᠤ ᠳᠤ ᠬᠦᠴᠢᠷᠲᠡᠢ ᠪᠠᠶᠢᠬᠤ ᠵᠥᠷᠢᠴᠡᠯ ᠢ | ᠪᠦᠲᠦᠮᠵᠢᠲᠡᠶ ᠪᠠᠷ ᠨᠠᠮᠳᠠᠭᠤᠯᠵᠠᠢ ᠭᠡᠵᠦ ᠬᠤᠸᠠᠩ ᠱᠢ ᠬᠤᠲᠠ ᠶᠢᠨ ᠣᠷᠣᠨ ᠰᠠᠭᠤᠴᠠ ᠪᠠ ᠬᠤᠲᠠ ᠶᠢᠨ | ᠰᠢᠨᠡᠴᠢᠯᠡᠯᠲᠡ ᠶᠢᠨ ᠲᠣᠪᠴᠢᠶ᠎ᠠ ᠶᠢᠨ ᠬᠤᠲᠠ ᠶᠢᠨ ᠰᠢᠨᠡᠴᠢᠯᠡᠯᠲᠡ ᠶᠢᠨ ᠰᠠᠯᠠᠭᠠᠨ ᠤ ᠬᠠᠷᠢᠭᠤᠴᠠᠯᠭᠠᠲᠠᠨ ᠯᠢᠦ ᠰᠢᠶᠣᠣ | ᠴᠧᠩ ᠲᠠᠨᠢᠯᠴᠠᠭᠤᠯᠵᠠᠢ᠃ | ᠣᠶᠤᠨᠴᠢᠯᠠᠭᠰᠠᠨ ᠠᠷᠭ᠎ᠠ ᠪᠠᠷᠢᠯ ᠨᠢ ᠬᠤᠳᠠ ᠶᠢᠨ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠢ | ᠳᠠᠪᠠᠭᠤᠯᠢᠭ ᠢᠶᠠᠨ ᠢᠯᠡᠷᠡᠭᠦᠯᠦᠭᠰᠡᠨ ᠪᠠᠶᠢᠨ᠎ᠠ᠃ ᠡᠨᠡ ᠵᠢᠯ ᠤᠨ ᠵᠤᠨ ᠤ ᠨᠢᠭᠡᠨ ᠡᠳᠦᠷ᠂ ᠾᠧᠨᠠᠨ ᠤ ᠵᠧᠩᠵᠧᠦ | ᠬᠤᠲᠠ ᠳᠤ ᠭᠡᠨᠡᠳᠲᠡ ᠶᠡᠭᠡ ᠪᠣᠷᠣᠭᠠᠨ ᠣᠷᠣᠵᠤ᠂ ᠲᠤᠬᠠᠢ ᠶᠢᠨ ᠭᠠᠵᠠᠷ ᠤᠨ ᠰᠢᠨ᠎ᠡ ᠮᠠᠶ᠋ᠢᠭ ᠤᠨ ᠣᠶᠤᠨᠲᠤ | ᠬᠤᠲᠠ ᠶᠢᠨ ᠠᠵᠢᠯᠯᠠᠭᠠᠨ ᠤ ᠲᠥᠪ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠦᠳᠲᠡᠷ ᠲᠦᠷᠭᠡᠨ ᠡᠬᠢᠯᠡᠭᠦᠯᠵᠦ | ᠂ ᠬᠤᠲᠠ ᠶᠢᠨ ᠲᠣᠭᠤᠷᠢᠭ ᠲᠤ ᠲᠦᠭᠡᠭᠰᠡᠨ ᠰᠡᠷᠡᠯ ᠳᠠᠮᠵᠢᠭᠤᠯᠤᠭᠴᠢ ᠪᠠᠷ ᠳᠡᠮᠵᠢᠨ᠂ ᠲᠣᠮᠣ ᠳᠡᠯᠭᠡᠴᠡ ᠳᠡᠭᠡᠷᠡᠬᠢ | ᠡᠯ᠎ᠡ ᠵᠦᠢᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠰᠢᠨᠡᠳᠬᠡᠪᠡ᠃ ᠲᠥᠰᠥᠭᠡᠯᠡᠨ ᠪᠤᠳᠤᠬᠤ ᠪᠠ | ᠵᠠᠳᠠᠯᠬᠤ ᠪᠠᠷ ᠳᠡᠮᠵᠢᠨ᠂ ᠠᠵᠢᠯᠯᠠᠭᠠᠨ ᠤ ᠲᠥᠪ ᠠᠴᠠ ᠰᠢᠷᠦᠭᠦᠨ ᠪᠣᠷᠣᠭᠠᠨ ᠳᠤ ᠨᠥᠯᠥᠭᠡᠯᠡᠭᠳᠡᠵᠦ ᠮᠡᠳᠡᠬᠦ ᠣᠷᠣᠨ | ᠪᠦᠰᠡ ᠳᠤ ᠤᠷᠢᠳᠴᠢᠯᠠᠨ ᠰᠡᠷᠡᠮᠵᠢ ᠥᠭᠬᠦ ᠶᠢᠨ ᠬᠠᠮᠲᠤ ᠵᠠᠩᠭᠢᠯᠠᠭ᠎ᠠ ᠶᠢᠨ ᠮᠡᠳᠡᠭᠡ ᠵᠠᠩᠭᠢ ᠶᠢ ᠬᠤᠯᠪᠣᠭᠳᠠᠯ ᠪᠦᠬᠦᠢ | ᠬᠤᠲᠠ ᠶᠢᠨ ᠠᠷᠠᠳ ᠲᠤ ᠢᠯᠡᠭᠡᠪᠡ᠃ ᠡᠭᠦᠨ ᠤ ᠬᠠᠮᠲᠤ᠂ ︽ᠵᠧᠩᠵᠧᠦ ᠠᠯᠪᠠᠯᠠᠬᠤ︾ APP ᠳᠡᠭᠡᠷᠡᠬᠢ ︽ | ᠤᠰᠤ ᠬᠤᠷᠠᠬᠤ ᠴᠡᠭ ᠤᠨ ᠭᠠᠵᠠᠷ ᠤᠨ ᠵᠢᠷᠤᠭ︾ ᠨᠢ ᠤᠯᠠᠭᠠᠨ᠂ ᠰᠢᠷ᠎ᠠ᠂ ᠨᠣᠭᠤᠭᠠᠨ ᠭᠤᠷᠪᠠᠨ ᠥᠩᠭᠡ ᠪᠠᠷ | ᠲᠤᠬᠠᠢ ᠶᠢᠨ ᠴᠠᠭ ᠤᠨ ᠤᠰᠤ ᠬᠤᠷᠠᠬᠤ ᠪᠠᠶᠢᠳᠠᠯ᠂ ᠤᠰᠤ ᠬᠤᠷᠠᠬᠤ ᠳᠠᠯᠳᠠ ᠲᠦᠭᠰᠢᠭᠦᠷᠢ ᠵᠢᠴᠢ ᠬᠠᠮᠤᠭ ᠤᠨ | ᠣᠶᠢᠷ᠎ᠠ ᠪᠠᠶᠢᠭ᠎ᠠ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ ᠴᠡᠭ ᠢ ᠲᠡᠮᠳᠡᠭᠯᠡᠵᠦ᠂ ᠬᠤᠲᠠ ᠶᠢᠨ | ᠠᠷᠠᠳ ᠲᠤ ᠬᠠᠮᠤᠭ ᠤᠨ ᠰᠢᠨ᠎ᠡ ᠪᠠᠶᠢᠳᠠᠯ ᠢ ᠴᠠᠭ ᠲᠤᠬᠠᠢ ᠳᠤᠨᠢ ᠮᠡᠳᠡᠭᠦᠯᠦᠨ᠎ᠡ᠃ | ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠷ ᠪᠠᠷᠠᠬᠤ ᠦᠭᠡᠢ᠂ | ᠲᠣᠭᠠᠴᠢᠯᠠᠭᠰᠠᠨ ᠵᠠᠰᠠᠯᠲᠠ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ ᠪᠤᠢ᠃ ᠣᠶᠢᠷ᠎ᠠ ᠶᠢᠨ ᠵᠢᠯ ᠠᠴᠠ᠂ | ᠱᠠᠨᠳᠦ᠋ᠩ ᠤᠨ ᠳ᠋ᠦᠩ ᠶᠢᠩ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠢᠨ | ᠣᠶᠤᠨᠴᠢᠯᠠᠭᠰᠠᠨ ᠠᠷᠭ᠎ᠠ ᠪᠠᠷᠢᠯ ᠢ ᠨᠡᠶᠢᠭᠡᠮ ᠲᠣᠭᠤᠷᠢᠭ ᠤᠨ ᠵᠠᠰᠠᠯᠳᠠ ᠳᠤ ᠠᠭᠤᠰᠤᠯᠴᠠᠭᠤᠯᠵᠠᠢ᠃ ᠲᠤᠷᠰᠢᠯᠲᠠ ᠶᠢᠨ | ᠴᠡᠭ ᠤᠨ ᠨᠡᠶᠢᠭᠡᠮ ᠲᠣᠭᠤᠷᠢᠭ ᠤᠨ ᠨᠢᠭᠡ ᠪᠣᠯᠤᠭᠰᠠᠨ ᠰᠢᠩ ᠱᠧᠩ ᠨᠡᠶᠢᠭᠡᠮ ᠲᠣᠭᠤᠷᠢᠭ ᠤᠨ ᠣᠶᠤᠨᠴᠢ | ᠬᠠᠮᠢᠶᠠᠷᠤᠯᠲᠠ ᠶᠢᠨ ᠲᠠᠪᠴᠠᠩ ᠨᠢ ᠲᠠᠮᠠᠬᠢᠨ ᠤ ᠰᠡᠷᠡᠯ ᠤᠨ ᠲᠦᠭᠰᠢᠭᠦᠷᠢ ᠮᠡᠳᠡᠭᠡᠯᠡᠬᠦ ᠮᠠᠰᠢᠨ᠂ ᠣᠶᠤᠨᠲᠤ ᠳ᠋ᠧᠩ ᠤᠨ | ᠡᠰᠢ ᠵᠡᠷᠭᠡ ᠶᠢ ᠪᠠᠭᠲᠠᠭᠠᠭᠰᠠᠨ ᠲᠦᠮᠡ ᠭᠠᠷᠤᠢ ᠣᠶᠤᠨᠴᠢ ᠰᠡᠷᠡᠯ ᠤᠨ ᠲᠥᠬᠦᠭᠡᠷᠦᠮᠵᠢ ᠶᠢ ᠬᠤᠯᠪᠣᠭᠰᠠᠨ ᠪᠠᠶᠢᠨ᠎ᠠ᠃ | ᠬᠠᠮᠢᠶᠠᠷᠤᠯᠲᠠ ᠶᠢᠨ ᠲᠠᠪᠴᠠᠩ ᠢ ᠬᠢᠨᠠᠨ ᠡᠵᠡᠮᠳᠡᠬᠦ ᠪᠠᠷ ᠳᠠᠮᠵᠢᠭᠤᠯᠤᠨ᠂ ᠴᠠᠬᠢᠯᠭᠠᠨ ᠴᠡᠨᠡᠭᠯᠡᠭᠰᠡᠨ᠂ ᠳᠦᠷᠢᠮ ᠠᠴᠠ | ᠵᠥᠷᠢᠴᠡᠭᠰᠡᠨ ᠪᠠᠷᠢᠯᠭ᠎ᠠ ᠪᠠᠷᠢᠭᠰᠠᠨ᠂ ᠥᠨᠳᠥᠷ ᠠᠴᠠ ᠶᠠᠭᠤᠮ᠎ᠠ ᠬᠠᠶᠠᠬᠤ ᠵᠡᠷᠭᠡ ᠠᠮᠤᠷ ᠲᠦᠪᠰᠢᠨ ᠤ ᠬᠡᠮ | ᠰᠣᠭᠤᠭ ᠤᠨ ᠬᠡᠷᠡᠭ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ ᠪᠤᠯᠤᠨ᠎ᠠ᠃ | ᠬᠤᠪᠧᠢ ᠶᠢᠨ ᠦᠬᠠᠨ ᠬᠤᠳᠠ ᠶᠢᠨ ᠵᠢᠶᠠᠩ ᠬᠠᠨ ᠲᠣᠭᠤᠷᠢᠭ ᠲᠤ᠂ ᠲᠤᠬᠠᠢ ᠶᠢᠨ ᠭᠠᠵᠠᠷ ᠤᠨ ᠬᠢᠨ | ᠬᠥᠮᠥᠨ᠂ ᠲᠡᠷᠭᠡ᠂ ᠪᠡᠯᠡᠳᠭᠡᠮᠵᠢ ᠲᠥᠬᠦᠭᠡᠷᠦᠮᠵᠢ ᠵᠢᠴᠢ ᠬᠤᠳᠠ ᠶᠢᠨ ᠤᠭᠰᠠᠷᠠᠭ᠎ᠠ ᠲᠤᠨᠤᠭ ᠢ ᠢᠨᠲ᠋ᠥᠷ | ᠰᠦᠯᠵᠢᠶ᠎ᠡ ᠪᠠᠷ ᠳᠠᠮᠵᠢᠭᠤᠯᠤᠨ ᠬᠤᠯᠪᠣᠯᠳᠤᠭᠤᠯᠵᠤ᠂ ᠣᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠵᠡᠢ᠃ ︽ | ᠲᠣᠭᠤᠷᠢᠨ ᠴᠠᠭᠳᠠᠬᠤ ᠲᠡᠷᠭᠡᠨ ᠤ ᠺᠠᠮᠧᠷᠠ ᠨᠢ ᠴᠠᠭ ᠲᠤᠬᠠᠢ ᠳᠤᠨᠢ ᠳᠦᠷᠰᠦ ᠰᠢᠩᠭᠡᠭᠡᠯᠲᠡ ᠲᠠᠮᠵᠢᠭᠤᠯᠤᠨ | ᠢᠷᠡᠳᠡᠭ᠂ ᠡᠭᠦᠨ ᠳᠤ ᠬᠤᠭ ᠤᠨ ᠰᠠᠪᠠ ᠳᠦᠭᠦᠷᠦᠭᠰᠡᠨ᠂ ᠭᠡᠷ ᠤᠨ ᠭᠠᠳᠠᠨᠠᠬᠢ ᠵᠢᠵᠢᠭ ᠵᠠᠷ ᠮᠡᠳᠡᠭᠡ ᠶᠢ | ᠳᠤᠷ᠎ᠠ ᠪᠠᠷ ᠢᠶᠠᠨ ᠨᠠᠭᠠᠭᠰᠠᠨ᠂ ᠬᠠᠮᠲᠤ ᠪᠠᠷ ᠡᠳ᠋ᠯᠡᠬᠦ ᠳᠤᠭᠤᠢ ᠲᠡᠷᠭᠡ ᠶᠢ ᠳᠤᠷ᠎ᠠ ᠪᠠᠷ ᠢᠶᠠᠨ ᠵᠣᠭᠰᠣᠭᠠᠭᠰᠠᠨ ᠵᠡᠷᠭᠡ | ᠠᠰᠠᠭᠤᠳᠠᠯ ᠢ ᠰᠢᠰᠲ᠋ᠧᠮ ᠤᠨ ᠬᠢᠨ ᠥᠪᠡᠰᠦᠪᠡᠨ ᠢᠯᠭᠠᠨ ᠲᠠᠨᠢᠵᠤ ᠪᠣᠯᠬᠤ ᠪᠥᠭᠡᠳ ᠰᠢᠭᠤᠳ ᠵᠣᠬᠢᠴᠠᠩᠭᠤᠢ | ᠠᠵᠢᠯ ᠤᠨ ᠬᠠᠭᠤᠳᠠᠰᠤ ᠪᠣᠯᠭᠠᠨ ᠬᠤᠪᠢᠷᠠᠭᠤᠯᠵᠤ ᠪᠣᠯᠣᠨ᠎ᠠ︾᠃ ᠠᠵᠢᠯ ᠤᠨ ᠬᠠᠭᠤᠳᠠᠰᠤ ᠶᠢ ᠰᠢᠭᠤᠳ | ᠠᠵᠢᠯᠯᠠᠭᠴᠢ ᠶᠢᠨ ᠭᠠᠷ ᠤᠲᠠᠰᠤᠨ ᠳᠡᠭᠡᠷ᠎ᠡ ᠶᠠᠪᠤᠭᠤᠯᠵᠤ᠂ ᠠᠵᠢᠯᠯᠠᠭᠴᠢ ᠶᠢ ᠰᠢᠢᠳᠪᠦᠷᠢᠯᠡᠵᠦ ᠪᠠᠷᠠᠭᠰᠠᠨ ᠤ ᠳᠠᠷᠠᠭ᠎ᠠ | ᠂ ᠬᠡᠷᠡᠯ ᠵᠢᠷᠤᠭ ᠠᠪᠴᠤ ᠬᠠᠷᠢᠭᠤ ᠲᠤᠰᠬᠠᠬᠤ᠂ AI ᠠᠦ᠋ᠲ᠋ᠣ᠋ ᠰᠢᠯᠭᠠᠨ ᠠᠪᠬᠤ ᠵᠡᠷᠭᠡ ᠶᠢ ᠪᠡᠶᠡᠯᠡᠭᠦᠯᠵᠡᠢ ᠭᠡᠵᠦ | ᠵᠢᠶᠠᠩ ᠬᠠᠨ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡ ᠶᠢ ᠬᠠᠷᠢᠭᠤᠴᠠᠵᠤ ᠪᠠᠶᠢᠭ᠎ᠠ ᠬᠠᠮᠢᠶ᠎ᠠ ᠪᠦᠬᠦᠢ | ᠠᠵᠢᠯᠲᠠᠨ ᠲᠠᠨᠢᠯᠴᠠᠭᠤᠯᠵᠠᠢ᠃ | ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠲᠤᠭ᠎ᠠ ᠪᠠᠷᠢᠮᠲᠠ ᠶᠢᠨ ᠪᠠᠬᠢᠯᠡᠯᠲᠡ᠂ ᠠᠮᠤᠷ | ᠲᠦᠪᠰᠢᠨ ᠤ ᠴᠢᠨᠠᠷ ᠢᠶᠠᠷ ᠳᠤᠲᠠᠮᠠᠭ᠂ ᠵᠣᠭᠰᠣᠩᠭᠢᠷᠠᠵᠤ ᠪᠦᠷᠢᠯᠭᠡᠬᠦ ᠵᠡᠷᠭᠡ ᠠᠰᠠᠭᠤᠳᠠᠯ ᠣᠷᠣᠰᠢᠵᠤ ᠪᠠᠶᠢᠨ᠎ᠠ | ᠬᠡᠳᠦᠶᠢᠪᠡᠷ ᠣᠶᠤᠨᠲᠤ ᠬᠤᠳᠠ ᠨᠢ ᠬᠤᠳᠠ ᠶᠢᠨ ᠠᠷᠠᠳ ᠲᠤ ᠨᠡᠩ ᠰᠠᠶᠢᠨ ᠦᠢᠯᠡᠴᠢᠯᠡᠭᠡ ᠬᠠᠩᠭᠠᠭᠰᠠᠨ | ᠪᠣᠯᠪᠠᠴᠤ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠤᠳ ᠪᠠᠰᠠ ᠤᠯᠠᠨ ᠪᠠᠶᠢᠨ᠎ᠠ᠃ ᠵᠠᠷᠢᠮ ᠬᠤᠲᠠ | ᠶᠢᠨ ᠬᠢᠨ ᠰᠠᠭᠤᠭᠠᠯᠢ ᠠᠷᠠᠳ ᠤᠨ ᠲᠣᠭᠤᠷᠢᠭ ᠲᠤ ᠬᠥᠮᠥᠨ ᠤ ᠵᠢᠰᠦ ᠶᠢ ᠢᠯᠭᠠᠨ ᠲᠠᠨᠢᠬᠤ ᠪᠠᠷ ᠳᠠᠮᠵᠢᠭᠤᠯᠤᠨ | ᠰᠠᠭᠤᠭᠠᠯᠢ ᠠᠷᠠᠳ ᠤᠨ ᠣᠷᠣᠵᠤ ᠭᠠᠷᠬᠤ ᠵᠡᠷᠭᠡ ᠳᠤ ᠣᠶᠤᠨᠴᠢ ᠦᠢᠯᠡᠴᠢᠯᠡᠭᠡ ᠬᠠᠩᠭᠠᠵᠦ ᠪᠠᠶᠢᠭ᠎ᠠ ᠨᠢ ᠬᠡᠳᠦᠶᠢᠪᠡᠷ | ᠳᠥᠭᠦᠮ ᠳᠥᠲᠡ ᠨᠥᠬᠦᠴᠡᠯ ᠠᠪᠴᠢᠷᠠᠭᠰᠠᠨ ᠪᠣᠯᠪᠠᠴᠤ ᠵᠠᠷᠢᠮ ᠰᠠᠭᠤᠭᠠᠯᠢ ᠠᠷᠠᠳ ᠵᠥᠪᠰᠢᠶᠡᠷᠡᠬᠦ ᠦᠭᠡᠢ ᠪᠠᠶᠢᠨ᠎ᠠ᠃ | ᠵᠠᠷᠢᠮ ᠰᠠᠭᠤᠭᠠᠯᠢ ᠠᠷᠠᠳ ᠤᠨ ᠦᠵᠡᠬᠦ ᠪᠠᠷ ᠲᠥᠷᠥᠯ ᠰᠠᠳᠤᠨ ᠨᠠᠶᠢᠵᠠ ᠨᠥᠬᠦᠳ ᠨᠢ ᠠᠶᠢᠯᠴᠢᠯᠠᠬᠤ ᠪᠠᠷ ᠢᠷᠡᠬᠦ | ᠦᠶ᠎ᠡ ᠳᠤ ᠣᠷᠣᠵᠤ ᠭᠠᠷᠬᠤ ᠳᠤ ᠶᠠᠷᠰᠢᠭ ᠲᠠᠢ᠂ ᠵᠠᠷᠢᠮ ᠨᠢ ᠵᠢᠰᠦ ᠶᠢ ᠢᠯᠭᠠᠨ ᠲᠠᠨᠢᠬᠤ ᠪᠠᠷ ᠳᠠᠮᠵᠢᠭᠤᠯᠤᠨ | ᠰᠠᠭᠤᠭᠠᠯᠢ ᠠᠷᠠᠳ ᠤᠨ ᠲᠣᠭᠤᠷᠢᠭ ᠢᠶᠠᠷ ᠣᠷᠣᠵᠤ ᠭᠠᠷᠬᠤ ᠳᠤ ᠰᠠᠭᠤᠭᠠᠯᠢ ᠠᠷᠠᠳ ᠤᠨ ᠬᠤᠪᠢ ᠶᠢᠨ ᠨᠢᠭᠤᠴᠠ ᠶᠢ | ᠵᠠᠳᠠᠷᠠᠭᠤᠯᠬᠤ ᠠᠶᠤᠯ ᠣᠷᠣᠰᠢᠵᠤ ᠪᠠᠶᠢᠨ᠎ᠠ ᠭᠡᠵᠦ ᠦᠵᠡᠳᠡᠭ᠃ | ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠳᠠᠭᠠᠯᠳᠤᠨ᠂ ᠬᠤᠲᠠ ᠶᠢᠨ ᠲᠤᠭ᠎ᠠ | ᠪᠠᠷᠢᠮᠲᠠ ᠴᠤ ᠳᠡᠯᠪᠡᠷᠡᠯᠲᠡ ᠶᠢᠨ ᠴᠢᠨᠠᠷᠲᠠᠢ ᠪᠠᠷ ᠨᠡᠮᠡᠭᠳᠡᠬᠦ ᠪᠠᠶᠢᠳᠠᠯ ᠲᠠᠢ ᠪᠠᠶᠢᠨ᠎ᠠ᠃ ᠭᠡᠪᠡᠴᠦ ᠣᠨᠣᠯ ᠤᠨ | ᠰᠤᠳᠤᠯᠭᠠᠨ ᠳᠤᠲᠠᠮᠠᠭ᠂ ᠳᠦᠷᠢᠮ ᠲᠡᠭᠦᠯᠳᠡᠷ ᠪᠤᠰᠤ ᠠᠴᠠ ᠪᠣᠯᠵᠤ᠂ ᠬᠤᠲᠠ ᠶᠢᠨ ᠡᠯ᠎ᠡ ᠰᠢᠰᠲ᠋ᠧᠮ ᠤᠨ | ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠬᠠᠷᠠᠬᠠᠨ ᠪᠦᠷᠢᠮᠦᠰᠦᠨ ᠪᠡᠶᠡᠯᠡᠭᠦᠯᠦᠭᠡᠳᠦᠢ᠂ ᠲᠤᠭ᠎ᠠ | ᠪᠠᠷᠢᠮᠲᠠ ᠶᠢᠨ ᠬᠠᠳᠠᠭᠠᠯᠠᠯᠲᠠ ᠪᠠ ᠵᠠᠰᠠᠯᠲᠠ ᠶᠢᠨ ᠥᠪᠡᠷ ᠤᠨ ᠥᠷᠲᠡᠭ ᠢ ᠨᠡᠮᠡᠭᠳᠡᠭᠦᠯᠦᠭᠰᠡᠨ ᠤ ᠵᠡᠷᠭᠡ ᠳᠤ ᠲᠤᠭ᠎ᠠ | ᠪᠠᠷᠢᠮᠲᠠ ᠶᠢᠨ ᠠᠮᠤᠷ ᠲᠦᠪᠰᠢᠨ ᠵᠢᠴᠢ ᠪᠤᠳᠤᠬᠤ ᠠᠷᠭ᠎ᠠ ᠶᠢᠨ ᠭᠠᠳᠠᠭᠤᠷᠴᠢᠯᠠᠯ ᠵᠡᠷᠭᠡ ᠠᠯᠢ ᠣᠯᠠᠨ ᠠᠰᠠᠭᠤᠳᠠᠯ ᠢ | ᠡᠭᠦᠰᠬᠡᠭᠰᠡᠨ ᠪᠠᠶᠢᠨ᠎ᠠ᠃ ︽ᠬᠡᠷᠪᠡ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠡᠷᠡᠭᠯᠡᠬᠦ ᠳᠤ ᠬᠦᠷᠪᠡᠯ᠂ ᠪᠠᠶᠢᠭᠠᠯᠢ | ᠬᠥᠮᠥᠨ ᠤ ᠬᠤᠪᠢ ᠶᠢᠨ ᠨᠢᠭᠤᠴᠠ ᠶᠢᠨ ᠡᠷᠬᠡ᠂ ᠠᠵᠤ ᠠᠬᠤᠶᠢᠯᠠᠯ ᠤᠨ ᠬᠤᠳᠠᠯᠳᠤᠭᠠᠨ ᠤ ᠠᠰᠢᠭ ᠲᠤᠰᠠ ᠳᠤ | ᠬᠠᠯᠳᠠᠵᠤ᠂ ᠴᠢᠨᠠᠭᠰᠢᠯᠠᠪᠠᠯ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠵᠤ ᠮᠡᠳᠡᠨ᠎ᠡ︾ ᠭᠡᠵᠦ | ᠴᠦᠩᠴᠢᠩ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ | ᠰᠢᠶ᠋ᠧ ᠰᠢᠶᠣᠣ ᠬᠡᠯᠡᠪᠡ᠃ | ᠲᠤᠭ᠎ᠠ ᠪᠠᠷᠢᠮᠲᠠ ᠶᠢᠨ ᠪᠠᠬᠢᠯᠡᠯᠲᠡ ᠠᠴᠠ ᠪᠣᠯᠤᠭᠰᠠᠨ ᠡᠬᠢ ᠪᠠᠶᠠᠯᠢᠭ ᠢ ᠪᠦᠷᠢᠯᠭᠡᠨ ᠰᠦᠢᠳᠬᠡᠬᠦ | ᠠᠰᠠᠭᠤᠳᠠᠯ ᠢ ᠴᠤ ᠴᠢᠬᠤᠯᠠᠴᠢᠯᠠᠭᠤᠰᠢᠲᠠᠢ ᠪᠠᠶᠢᠨ᠎ᠠ᠃ ᠵᠢᠱᠢᠶᠡᠯᠡᠪᠡᠯ᠂ ᠵᠠᠷᠢᠮ ᠬᠤᠲᠠ ᠶᠢᠨ ᠲᠣᠨᠣᠯᠵᠢᠨ ᠵᠠᠮ ᠤᠨ | ᠠᠭᠤᠯᠵᠠᠷ ᠲᠤ᠂ ᠵᠠᠷᠢᠮ ᠳᠠᠭᠠᠨ ᠣᠯᠠᠨ ᠰᠡᠭᠦᠳᠡᠷᠯᠡᠬᠦ ᠮᠠᠰᠢᠨ ᠵᠡᠷᠭᠡᠴᠡᠵᠦ ᠪᠠᠶᠢᠬᠤ ᠶᠢ ᠣᠯᠵᠤ ᠬᠠᠷᠠᠳᠠᠭ᠃ ᠲᠤᠰᠬᠠᠢ | ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠦᠵᠡᠭᠳᠡᠯ ᠭᠠᠷᠴᠤ ᠪᠠᠶᠢᠭ᠎ᠠ ᠨᠢ | ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠬᠠᠷᠠᠬᠠᠨ ᠪᠠᠶᠢᠭᠤᠯᠤᠭᠠᠳᠤᠢ ᠪᠠᠶᠢᠬᠤ ᠲᠠᠢ ᠬᠤᠯᠪᠣᠭ᠎ᠠ ᠲᠠᠢ | ᠶᠤᠮ᠃ | ︽ᠣᠶᠤᠨᠴᠢ ᠬᠤᠲᠠ ᠶᠢ ᠪᠦᠲᠦᠭᠡᠨ ᠪᠠᠶᠢᠭᠤᠯᠬᠤ ᠳᠤ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ | ᠢᠨᠲ᠋ᠧᠷ ᠰᠦᠯᠵᠢᠶ᠎ᠡ ᠪᠣᠯᠣᠨ ᠪᠤᠳᠤᠯᠳᠠ ᠶᠢᠨ ᠰᠦᠯᠵᠢᠶ᠎ᠡ ᠵᠡᠷᠭᠡ ᠭᠤᠷᠪᠠᠨ ᠰᠦᠯᠵᠢᠶ᠎ᠡ ᠶᠢ ᠰᠠᠶᠢᠲᠤᠷ ᠪᠠᠶᠢᠭᠤᠯᠵᠤ | ᠰᠠᠶᠢᠲᠤᠷ ᠬᠡᠷᠡᠭᠯᠡᠬᠦ ᠬᠡᠷᠡᠭᠲᠡᠢ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠪᠣᠯ ᠰᠠᠭᠤᠷᠢ ᠮᠥᠨ᠂ ᠰᠡᠷᠡᠯ | ᠳᠠᠮᠵᠢᠭᠤᠯᠤᠭᠴᠢ ᠲᠠᠢ ᠪᠣᠯ ᠰᠠᠶ᠋ᠢ ᠲᠤᠭ᠎ᠠ ᠪᠠᠷᠢᠮᠲᠠ ᠶᠢ ᠳᠠᠮᠵᠢᠭᠤᠯᠵᠤ ᠴᠢᠳᠠᠨ᠎ᠠ︾᠃ ︽ᠠᠳᠠᠯᠢ ᠪᠤᠰᠤ | ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠤᠳᠤᠬᠤ ᠠᠷᠭ᠎ᠠ ᠳᠤ ᠲᠠᠯᠪᠢᠬᠤ ᠱᠠᠭᠠᠷᠳᠠᠯᠭ᠎ᠠ ᠨᠢ ᠠᠳᠠᠯᠢ ᠪᠤᠰᠤ | ᠪᠠᠶᠢᠳᠠᠭ᠃ ᠵᠢᠱᠢᠶᠡᠯᠡᠪᠡᠯ ᠠᠳᠠᠯᠢ ᠨᠢᠭᠡ ᠬᠡᠰᠡᠭ ᠵᠠᠮ ᠤᠨ ᠸᠢᠳᠢᠤ᠋ ᠪᠠᠷ ᠠᠪᠴᠤ ᠬᠡᠯᠡᠪᠡᠯ᠂ ᠬᠤᠲᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠩᠬᠠᠷᠴᠤ ᠪᠠᠶᠢᠭ᠎ᠠ ᠨᠢ ᠡᠷᠬᠢᠨ ᠲᠣᠭᠤᠷᠢᠨ ᠳᠤ ᠵᠠᠮ ᠡᠵᠡᠯᠡᠨ | ᠡᠵᠡᠩᠨᠡᠭᠰᠡᠨ ᠡᠰᠡᠬᠦ᠂ ᠬᠤᠭ ᠨᠣᠪᠰᠢ ᠣᠪᠣᠭᠠᠷᠠᠭᠰᠠᠨ ᠡᠰᠡᠬᠦ᠂ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ | ᠠᠩᠬᠠᠷᠴᠤ ᠪᠠᠶᠢᠭ᠎ᠠ ᠨᠢ ᠵᠠᠮ ᠬᠠᠷᠢᠯᠴᠠᠭᠠᠨ ᠤ ᠠᠳᠡᠯ ᠭᠠᠷᠤᠭᠰᠠᠨ ᠡᠰᠡᠬᠦ᠂ ᠵᠠᠮ ᠬᠠᠷᠢᠯᠴᠠᠭᠠᠨ ᠤ ᠲᠦᠭᠵᠢᠷᠡᠯ | ᠭᠠᠷᠤᠭᠰᠠᠨ ᠡᠰᠡᠬᠦ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠠᠩᠬᠠᠷᠴᠤ ᠪᠠᠶᠢᠭ᠎ᠠ ᠨᠢ | ᠬᠦᠴᠦᠷᠬᠡᠭᠯᠡᠯ ᠤᠨ ᠬᠡᠷᠡᠭ ᠭᠠᠷᠤᠭᠰᠠᠨ ᠡᠰᠡᠬᠦ ᠵᠡᠷᠭᠡ ᠪᠣᠯᠣᠨ᠎ᠠ᠃ ᠠᠳᠠᠯᠢ ᠨᠢᠭᠡᠨ ᠺᠠᠮᠧᠷᠠ᠂ ᠠᠳᠠᠯᠢ ᠨᠢᠭᠡᠨ | ᠸᠢᠳᠢᠤ᠋ ᠶᠢ ᠬᠠᠮᠢᠶᠠᠷᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ ᠠᠷᠤ ᠳᠤᠨᠢ ᠠᠳᠠᠯᠢ ᠪᠤᠰᠤ ᠪᠤᠳᠤᠬᠤ ᠠᠷᠭ᠎ᠠ ᠶᠢ | ᠣᠷᠣᠭᠤᠯᠵᠤ ᠨᠠᠩ ᠥᠨᠳᠥᠷ ᠪᠦᠲᠦᠮᠵᠢᠲᠡᠶ ᠦᠢᠯᠡᠳᠦᠯᠭᠡ ᠶᠢᠨ ᠬᠡᠷᠡᠭᠯᠡᠭᠡᠨ ᠳᠤ ᠣᠷᠣᠭᠤᠯᠵᠤ ᠪᠣᠯᠣᠨ᠎ᠠ︾ ᠭᠡᠵᠦ | ᠬᠤᠯᠪᠣᠭᠳᠠᠯ ᠪᠦᠬᠦᠢ ᠠᠵᠢᠯ ᠲᠥᠷᠥᠯ ᠤᠨ ᠬᠥᠮᠥᠰ ᠲᠠᠨᠢᠯᠠᠴᠠᠭᠤᠯᠵᠠᠢ᠃ | ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠲᠣᠭᠠᠴᠢᠯᠠᠯᠲᠠ ᠪᠠᠷ | ᠬᠤᠲᠠ ᠶᠢᠨ ᠵᠣᠯ ᠵᠢᠷᠭᠠᠯ ᠤᠨ ᠭᠦᠢᠴᠡᠳᠭᠡᠯ ᠲᠤᠭ᠎ᠠ ᠶᠢ ᠳᠡᠭᠡᠭᠰᠢᠯᠡᠭᠦᠯᠦᠨ᠎ᠡ | ᠡᠨᠡ ᠵᠢᠯ ᠤᠨ 5 ᠳ᠋ᠤᠭᠠᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠤᠯᠤᠰ ᠤᠨ ᠲᠤᠭ᠎ᠠ ᠪᠠᠷᠢᠮᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ︽ᠣᠶᠤᠨᠲᠤ ᠬᠤᠲᠠ ᠶᠢᠨ | ᠬᠥᠭᠵᠢᠯᠲᠡ ᠶᠢ ᠭᠦᠨᠵᠡᠭᠡᠶᠢᠷᠡᠭᠦᠯᠵᠦ ᠬᠤᠲᠠ ᠶᠢᠨ ᠪᠥᠬᠦ ᠴᠠᠷᠠᠭᠠᠨ ᠤ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠶᠢ | ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠪᠡ᠃ ᠬᠤᠳᠠ ᠶᠢᠨ ᠲᠣᠭᠠᠴᠢᠯᠠᠭᠰᠠᠨ ᠨᠡᠶᠢᠲᠡᠴᠢ ᠴᠢᠨᠠᠷᠲᠠᠢ | ᠰᠠᠭᠤᠷᠢ ᠶᠢ ᠪᠠᠶᠢᠭᠤᠯᠵᠤ᠂ ᠬᠤᠳᠠ ᠶᠢᠨ ᠲᠣᠭᠠᠴᠢᠯᠠᠭᠰᠠᠨ ᠠᠵᠤ ᠠᠬᠤᠢ ᠶᠢ ᠪᠣᠶᠢᠵᠢᠭᠤᠯᠤᠨ ᠪᠤᠵᠠᠭᠠᠶᠢᠷᠠᠭᠤᠯᠵᠤ᠂ | ᠰᠢᠨ᠎ᠡ ᠬᠡᠯᠪᠡᠷᠢ ᠶᠢᠨ ᠦᠢᠯᠡᠳᠪᠦᠷᠢᠯᠡᠯ ᠬᠤᠳᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠦᠭᠡᠮᠡᠯ | ᠬᠠᠷᠠᠭᠠᠯᠵᠠᠯᠲᠤ ᠲᠣᠭᠠᠴᠢᠯᠠᠭᠰᠠᠨ ᠤᠯᠠᠨ ᠨᠡᠶᠢᠲᠡ ᠶᠢᠨ ᠦᠢᠯᠡᠴᠢᠯᠡᠭᠡ ᠶᠢ ᠪᠠᠶᠠᠯᠢᠭᠵᠢᠭᠤᠯᠬᠤ ᠪᠠᠷ ᠳᠤᠷᠠᠳᠴᠠᠢ ᠁ | ᠬᠤᠳᠠ ᠶᠢᠨ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠶᠢ ᠪᠦᠬᠦ ᠬᠦᠷᠢᠶᠡᠨ ᠳᠤ ᠠᠬᠢᠭᠤᠯᠤᠨ᠎ᠠ᠃ | ︽ᠣᠶᠤᠨᠴᠢ ᠬᠤᠲᠠ ᠶᠢ ᠪᠦᠲᠦᠭᠡᠨ ᠪᠠᠶᠢᠭᠤᠯᠬᠤ ᠶᠠᠪᠤᠴᠠ ᠳᠤ ᠠᠳᠠᠯᠢ ᠪᠤᠰᠤ ᠠᠰᠢᠭ ᠲᠤᠰᠠ ᠶᠢᠨ | ᠭᠤᠤᠯ ᠴᠣᠭᠴᠠ ᠶᠢᠨ ᠬᠡᠷᠡᠭᠴᠡᠭᠡ ᠠᠳᠠᠯᠢ ᠪᠤᠰᠤ ᠪᠠᠶᠢᠳᠠᠭ᠃ ᠵᠠᠰᠠᠭ ᠤᠨ ᠣᠷᠳᠣᠨ ᠨᠡᠶᠢᠭᠡᠮ ᠨᠡᠶᠢᠲᠡ ᠶᠢᠨ ᠠᠰᠢᠭ | ᠲᠤᠰᠠ ᠪᠠ ᠬᠦᠰᠡᠯ ᠱᠠᠭᠠᠷᠳᠠᠯᠭ᠎ᠠ ᠶᠢ ᠪᠠᠲᠤᠯᠠᠬᠤ ᠶᠢ ᠴᠢᠬᠤᠯᠠᠴᠢᠯᠠᠵᠤ᠂ ᠬᠤᠪᠢ ᠬᠥᠮᠥᠨ ᠤ ᠡᠷᠬᠡ ᠠᠰᠢᠭ ᠪᠠ | ᠨᠡᠶᠢᠭᠡᠮ ᠤᠨ ᠡᠷᠬᠡ ᠲᠡᠭᠰᠢ ᠶᠢ ᠪᠠᠲᠤᠯᠠᠵᠤ᠂ ᠪᠦᠲᠦᠮᠵᠢᠲᠡᠶ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠣᠭᠲᠠᠴᠠ | ᠪᠠ ᠡᠷᠬᠡ ᠲᠡᠭᠰᠢ ᠵᠦᠢ ᠵᠣᠬᠢᠰᠲᠠᠢ ᠠᠰᠢᠭ ᠲᠤᠰᠠ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠤᠲᠠ ᠶᠢᠨ | ᠡᠯ᠎ᠡ ᠬᠤᠯᠪᠣᠭᠳᠠᠯ ᠪᠦᠬᠦᠢ ᠭᠤᠤᠯ ᠴᠣᠭᠴᠠ ᠶᠢᠨ ᠬᠠᠮᠲᠤ ᠪᠠᠷ ᠡᠳ᠋ᠯᠡᠬᠦ ᠪᠠ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠪᠡᠯ ᠵᠣᠬᠢᠨ᠎ᠠ ᠭᠡᠵᠦ ᠭᠤᠸᠠᠩᠵᠧᠦ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ | ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠮᠡᠳᠡᠭᠡ ᠵᠠᠩᠭᠢ ᠶᠢᠨ ᠰᠦᠯᠵᠢᠶᠡᠨ ᠤ ᠲᠥᠪ ᠤᠨ ᠵᠠᠩ ᠬᠤᠸᠠ | ᠢᠯᠡᠷᠬᠡᠶᠢᠯᠡᠪᠡ ᠃ | ᠲᠤᠰᠬᠠᠢ ᠮᠡᠷᠭᠡᠵᠢᠯᠲᠡᠨ ᠤ ᠦᠵᠡᠬᠦ ᠪᠠᠷ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ | ᠥᠨᠳᠥᠷ ᠪᠦᠲᠦᠮᠵᠢᠲᠡᠶ᠂ ᠠᠮᠤᠷ ᠲᠦᠪᠰᠢᠨ ᠢᠶᠠᠷ ᠠᠰᠢᠭᠯᠠᠬᠤ ᠶᠢᠨ ᠬᠠᠮᠲᠤ ᠴᠠᠭ ᠲᠤᠬᠠᠢ ᠳᠤᠨᠢ ᠬᠤᠯᠪᠣᠭᠳᠠᠯ | ᠪᠦᠬᠦᠢ ᠠᠵᠤ ᠠᠬᠤᠶᠢᠯᠠᠯ ᠲᠠᠢ ᠬᠠᠮᠲᠤ ᠪᠠᠷ ᠡᠳ᠋ᠯᠡᠬᠦ ᠡᠰᠡᠬᠦ ᠨᠢ ᠣᠶᠤᠨᠲᠤ ᠬᠤᠲᠠ ᠶᠢᠨ ᠠᠬᠤᠢ ᠪᠠᠶᠢᠳᠠᠯ ᠳᠣᠣᠷᠠᠬᠢ | ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠬᠢᠷᠢ ᠲᠦᠪᠰᠢᠨ ᠤ ᠴᠢᠬᠤᠯᠠ ᠭᠦᠢᠴᠡᠳᠬᠡᠯ ᠲᠤᠭ᠎ᠠ | ᠪᠣᠯᠭᠠᠬᠤ ᠬᠡᠷᠡᠭᠲᠡᠢ᠃ ︽ᠲᠤᠭ᠎ᠠ ᠪᠠᠷᠢᠮᠲᠠ ᠶᠢ ᠵᠦᠢ ᠵᠣᠬᠢᠰᠲᠠᠢ ᠪᠠᠷ ᠢᠯᠡ ᠪᠣᠯᠭᠠᠬᠤ ᠨᠢ ᠲᠤᠭ᠎ᠠ ᠪᠠᠷᠢᠮᠲᠠ ᠶᠢᠨ | ᠭᠦᠢᠯᠭᠡᠭᠡ ᠠᠷᠠᠯᠵᠢᠶ᠎ᠠ ᠶᠢ ᠠᠬᠢᠭᠤᠯᠵᠤ᠂ ᠲᠤᠭ᠎ᠠ ᠪᠠᠷᠢᠮᠲᠠ ᠶᠢᠨ ᠵᠠᠬ᠎ᠠ ᠳᠡᠯᠭᠡᠭᠦᠷ ᠢ ᠠᠮᠢᠳᠤᠯᠢᠭ ᠪᠣᠯᠭᠠᠬᠤ ᠳᠤ | ᠠᠰᠢᠭᠲᠠᠢ᠂ ᠵᠦᠢ ᠵᠣᠬᠢᠰᠲᠠᠢ ᠪᠠᠷ ᠬᠠᠮᠲᠤ ᠪᠠᠷ ᠡᠳ᠋ᠯᠡᠬᠦ ᠨᠢ ᠲᠤᠭ᠎ᠠ ᠪᠠᠷᠢᠮᠲᠠ ᠶᠢᠨ ᠦᠨ᠎ᠡ ᠥᠷᠲᠡᠭ ᠢ ᠭᠦᠢᠴᠡᠳ | ᠪᠠᠳᠠᠷᠠᠭᠤᠯᠵᠤ᠂ ᠲᠤᠭ᠎ᠠ ᠪᠠᠷᠢᠮᠲᠠ ᠶᠢᠨ ᠵᠠᠬ᠎ᠠ ᠳᠡᠯᠭᠡᠭᠦᠷ ᠤᠨ ᠬᠥᠭᠵᠢᠯ ᠪᠠᠳᠠᠷᠠᠯ ᠢ ᠤᠯᠠᠮ ᠨᠢᠭᠡ ᠠᠯᠬᠤᠮ | ᠠᠬᠢᠭᠤᠯᠬᠤ ᠳᠤ ᠠᠰᠢᠭᠳᠠᠢ ᠭᠡᠪᠡ᠃ | ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠶᠢ ᠲᠦᠷᠭᠡᠳᠬᠡᠬᠦ ᠲᠤᠬᠠᠢ ᠰᠠᠨᠠᠯ︾ ᠢ ᠨᠡᠶᠢᠲᠡᠯᠡᠵᠦ᠂ ᠵᠠᠰᠠᠭ ᠤᠨ ᠶᠠᠪᠤᠳᠠᠯ ᠤᠨ | ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠳᠤ ᠶᠢᠨ ᠪᠠᠶᠢᠭ᠎ᠠ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠲᠠᠪᠴᠠᠩ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠤᠨ᠂ ︽ᠥᠨᠳᠥᠷ | ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢᠨ ᠲᠣᠭᠤᠷᠢᠨ ᠳᠤ ᠱᠠᠲᠤ ᠳᠠᠪᠬᠤᠷᠭ᠎ᠠ ᠠᠯᠤᠰᠯᠠᠭᠰᠠᠨ᠂ | ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ | ᠠᠵᠢᠯ ᠠᠯᠤᠰᠯᠠᠭᠰᠠᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠲᠤᠬᠠᠶᠢᠯᠠᠭᠰᠠᠨ | ᠠᠵᠢᠯ ᠤᠨ ᠬᠠᠮᠵᠢᠯᠴᠠᠭ᠎ᠠ ᠶᠢ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ ᠡᠭᠦᠨ ᠤ ᠬᠠᠮᠲᠤ᠂ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠨᠡᠭᠡᠭᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢᠨ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠨᠡᠭᠡᠭᠡᠯᠲᠡ ᠶᠢᠨ ᠡᠷᠬᠡ ᠬᠠᠷᠢᠭᠤᠴᠠᠯᠭ᠎ᠠ ᠪᠠ ᠬᠦᠷᠢᠶ᠎ᠡ ᠬᠡᠪᠴᠢᠶ᠎ᠡ ᠶᠢ | ᠲᠣᠳᠣᠷᠬᠠᠶᠢᠯᠠᠵᠤ᠂ ᠤᠯᠤᠰ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠠᠭᠠᠯᠠᠬᠤ᠂ ᠬᠤᠪᠢ ᠬᠥᠮᠥᠨ ᠤ | ᠮᠡᠳᠡᠭᠡ ᠵᠠᠩᠭᠢ ᠪᠠ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠤᠷᠢᠲᠠᠯ ᠳᠣᠣᠷ᠎ᠠ᠂ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢ ᠬᠠᠤᠯᠢ ᠲᠣᠭᠲᠠᠭᠠᠯ ᠶᠣᠰᠣᠭᠠᠷ ᠡᠮᠬᠢ ᠵᠢᠷᠤᠮ ᠲᠠᠢ ᠨᠡᠭᠡᠭᠡᠨ᠎ᠡ᠃ | ᠲᠤᠭ᠎ᠠ ᠪᠠᠷᠢᠮᠲᠠ ᠶᠢᠨ ᠠᠮᠤᠷ ᠲᠦᠪᠰᠢᠨ ᠪᠠ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ | ᠠᠰᠠᠭᠤᠳᠠᠯ ᠳᠤ ᠴᠢᠭᠯᠡᠭᠦᠯᠦᠨ᠂ ᠡᠩ ᠲᠡᠷᠢᠭᠦᠨ ᠳᠤ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠵᠤ᠂ ᠲᠤᠭ᠎ᠠ | ᠪᠠᠷᠢᠮᠲᠠ ᠶᠢ ᠴᠤᠭᠯᠠᠭᠤᠯᠬᠤ᠂ ᠰᠢᠢᠳᠪᠦᠷᠢᠯᠡᠬᠦ ᠪᠠ ᠠᠰᠢᠭᠯᠠᠬᠤ ᠶᠢᠨ ᠬᠠᠤᠯᠢ ᠶᠣᠰᠣᠨ ᠤ ᠪᠠ ᠲᠣᠭᠲᠠᠭᠠᠯ ᠳᠤ | ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠠᠷᠠᠭᠠᠯᠠᠪᠠᠯ᠂ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ | ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠭ᠎ᠠ | ᠪᠠᠷᠢᠮᠲᠠ ᠶᠢ ᠲᠥᠷᠥᠯ ᠬᠤᠪᠢᠶᠠᠨ ᠲᠠᠰ ᠬᠤᠪᠢᠶᠠᠨ ᠬᠠᠮᠢᠶᠠᠷᠬᠤ ᠠᠷᠭ᠎ᠠ ᠶᠢ ᠲᠣᠭᠲᠠᠭᠠᠵᠤ᠂ ᠲᠤᠭ᠎ᠠ ᠪᠠᠷᠢᠮᠲᠠ ᠶᠢ | ᠴᠤᠭᠯᠠᠭᠤᠯᠬᠤ᠂ ᠬᠠᠳᠠᠭᠠᠯᠠᠬᠤ᠂ ᠬᠠᠮᠲᠤ ᠪᠠᠷ ᠡᠳ᠋ᠯᠡᠬᠦ ᠵᠡᠷᠭᠡ ᠡᠯ᠎ᠡ ᠭᠤᠭᠴᠤᠭ᠎ᠠ ᠳᠠᠬᠢ ᠬᠢᠨᠠᠯᠲᠠ ᠬᠠᠮᠢᠶᠠᠷᠤᠯᠲᠠ ᠶᠢ | ᠴᠢᠩᠳᠠᠯᠠᠨ᠎ᠠ᠃ ᠬᠠᠮᠤᠭ ᠤᠨ ᠰᠡᠭᠦᠯ ᠳᠤ᠂ ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠸᠢᠷᠦ᠋ᠰ ᠢ ᠰᠡᠷᠭᠡᠶᠢᠯᠡᠨ | ᠬᠠᠮᠠᠭᠠᠯᠠᠬᠤ᠂ ᠡᠵᠡᠮᠳᠡᠬᠦ᠂ ᠨᠢᠭᠤᠴᠠᠯᠠᠨ ᠭᠡᠷᠡᠴᠢᠯᠡᠬᠦ ᠵᠡᠷᠭᠡ ᠮᠡᠳᠡᠭᠡ ᠵᠠᠩᠭᠢ ᠶᠢᠨ ᠠᠮᠤᠷ ᠲᠦᠪᠰᠢᠨ ᠤ ᠮᠡᠷᠭᠡᠵᠢᠯ ᠢ | ᠭᠦᠢᠴᠡᠳ ᠠᠰᠢᠭᠯᠠᠨ᠂ ᠨᠢᠭᠡ ᠴᠣᠭᠴᠠᠵᠢᠭᠰᠠᠨ ᠰᠢᠰᠲ᠋ᠧᠮ ᠤᠨ ᠠᠮᠤᠷ ᠲᠦᠪᠰᠢᠨ ᠤ ᠲᠠᠪᠴᠠᠩ ᠢ ᠪᠠᠶᠢᠭᠤᠯᠬᠤ | ᠬᠡᠷᠡᠭᠲᠡᠢ ᠭᠡᠵᠦ ᠵᠧᠵᠢᠶᠠᠩ ᠶᠡᠭᠡ ᠰᠤᠷᠭᠠᠭᠤᠯᠢ ᠶᠢᠨ ᠬᠤᠲᠠ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠴᠧᠨ | ᠭᠤᠸᠠᠨ ᠯᠢᠨ ᠰᠠᠨᠠᠭᠤᠯᠵᠠᠢ᠃ | ᠴᠧᠨ ᠭᠤᠸᠠᠨ ᠯᠢᠨ ᠤ ᠦᠵᠡᠬᠦ ᠪᠠᠷ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠵᠠᠰᠠᠭ ᠤᠨ | ᠣᠷᠳᠣᠨ ᠤ ᠪᠠᠶᠢᠭᠤᠯᠤᠮᠵᠢ᠂ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠲᠠ ᠶᠢᠨ ᠠᠷᠠᠳ ᠤᠨ ᠬᠠᠮᠲᠤ ᠪᠠᠷ | ᠣᠷᠣᠯᠴᠠᠬᠤ ᠶᠢ ᠵᠣᠷᠢᠭᠵᠢᠭᠤᠯᠵᠤ᠂ ᠢᠯᠠᠩᠭᠤᠶ᠎ᠠ ᠠᠵᠤ ᠠᠬᠤᠶᠢᠯᠠᠯ ᠤᠨ ᠢᠳᠡᠪᠬᠢᠵᠢᠯ ᠢ ᠳᠠᠶᠢᠴᠢᠯᠠᠵᠤ᠂ ᠠᠵᠤ | ᠠᠬᠤᠶᠢᠯᠠᠯ ᠤᠨ ᠮᠡᠳᠡᠭᠡ ᠵᠠᠩᠭᠢ ᠴᠤᠭᠯᠠᠭᠤᠯᠬᠤ᠂ ᠲᠤᠭ᠎ᠠ ᠪᠠᠷᠢᠮᠲᠠ ᠠᠰᠢᠭᠯᠠᠬᠤ᠂ ᠰᠢᠰᠲ᠋ᠧᠮ ᠤᠨ ᠨᠡᠭᠡᠭᠡᠨ | ᠬᠥᠭᠵᠢᠭᠦᠯᠬᠦ ᠵᠡᠷᠭᠡ ᠲᠠᠯ᠎ᠠ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠬᠡᠷᠡᠭᠲᠡᠢ᠃ ᠵᠢᠱᠢᠶᠡᠯᠡᠪᠡᠯ ︽ | ᠵᠠᠰᠠᠭ ᠤᠨ ᠣᠷᠳᠣᠨ ᠵᠠᠯᠠᠭᠤᠷ ᠢ ᠠᠳᠬᠤᠵᠤ᠂ ᠠᠵᠤ ᠠᠬᠤᠶᠢᠯᠠᠯ ᠰᠡᠯᠢᠭᠦᠷᠳᠡᠬᠦ︾ ᠮᠡᠳᠡᠭᠡ ᠵᠠᠩᠭᠢ ᠴᠤᠭᠯᠠᠭᠤᠯᠬᠤ | ᠵᠠᠭᠪᠤᠷ ᠢ ᠬᠡᠷᠡᠭᠯᠡᠨ᠂ ᠵᠠᠰᠠᠭ ᠤᠨ ᠣᠷᠳᠣᠨ ᠠᠴᠠ ᠬᠤᠲᠠ ᠶᠢᠨ ᠬᠠᠮᠢᠶᠠᠷᠤᠯᠲᠠ ᠳᠤ ᠢᠯᠡᠷᠡᠭᠦᠯᠦᠭᠰᠡᠨ | ᠠᠰᠠᠭᠤᠳᠠᠯ ᠡᠭᠦᠷᠭᠡ ᠬᠠᠷᠢᠭᠤᠴᠠᠯᠭ᠎ᠠ ᠶᠢ ᠨᠡᠶᠢᠭᠡᠮᠴᠢᠯᠡᠭᠰᠡᠨ ᠠᠵᠤ ᠠᠬᠤᠶᠢᠯᠠᠯ ᠳᠤ ᠲᠤᠰᠢᠶᠠᠨ ᠥᠭᠴᠦ᠂ ︽ᠵᠣᠭᠤᠰ | ᠵᠠᠷᠤᠴᠠᠭᠤᠯᠵᠤ ᠦᠢᠯᠡᠴᠢᠯᠡᠭᠡ ᠬᠤᠳᠠᠯᠳᠤᠨ ᠠᠪᠬᠤ︾ ᠠᠷᠭ᠎ᠠ ᠮᠠᠶ᠋ᠢᠭ ᠢᠶᠠᠷ ᠮᠡᠳᠡᠭᠡ ᠵᠠᠩᠭᠢ ᠴᠤᠭᠯᠠᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ︽ᠬᠤᠲᠠ ᠶᠢᠨ | ᠠᠷᠠᠳ ᠤᠨ ᠬᠠᠷᠠᠭᠠᠰᠤ᠂ ᠲᠤᠰᠬᠠᠢ ᠮᠡᠷᠭᠡᠵᠢᠯ ᠤᠨ ᠪᠠᠷᠢᠮᠵᠢᠶ᠎ᠠ︾ ᠪᠠᠷ ᠬᠤᠲᠠ ᠶᠢᠨ ᠬᠠᠮᠢᠶᠠᠷᠤᠯᠲᠠ ᠳᠤ | ᠤᠷᠤᠯᠴᠠᠭᠤᠯᠪᠠᠯ ᠵᠤᠬᠢᠨ᠎ᠠ ᠭᠡᠵᠡᠢ ᠃ | ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠪᠣᠯ ᠯᠤᠲᠤ ᠶᠡᠭᠡ ᠪᠡᠯᠡ ᠣᠷᠣᠭᠤᠯᠤᠯᠲᠠ ᠶᠢᠨ ᠤᠷᠳᠤ | ᠬᠤᠭᠤᠴᠠᠭᠠᠨ ᠤ ᠢᠨᠵᠧᠨᠧᠷᠢᠩ ᠪᠣᠯᠬᠤ ᠤᠴᠢᠷ ᠠᠴᠠ᠂ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠨᠢ | ᠵᠥᠪᠬᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠣᠷᠣᠭᠤᠯᠤᠯᠲᠠ ᠳᠤ ᠲᠦᠰᠢᠭᠯᠡᠭᠡᠳ | ᠪᠣᠯᠬᠤ ᠦᠭᠡᠢ᠂ ᠪᠠᠰᠠ ᠪᠡᠯᠡ ᠣᠷᠣᠭᠤᠯᠵᠤ ᠪᠡᠯᠡ ᠲᠤᠬᠢᠷᠠᠭᠤᠯᠬᠤ ᠲᠣᠭᠲᠠᠴᠠ ᠶᠢ ᠪᠠᠶᠢᠭᠤᠯᠵᠤ᠂ ᠭᠠᠶᠢᠯᠢ | ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠤᠷᠮᠠᠰᠢᠭᠤᠯᠬᠤ ᠲᠦᠷᠦ ᠶᠢᠨ ᠪᠣᠳᠣᠯᠭ᠎ᠠ ᠪᠠᠷ ᠳᠠᠮᠵᠢᠭᠤᠯᠤᠨ᠂ | ᠨᠡᠶᠢᠭᠡᠮ ᠤᠨ ᠬᠥᠷᠥᠩᠭᠡ ᠶᠢᠨ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠣᠯᠴᠠᠬᠤ ᠶᠢ | ᠠᠬᠢᠭᠤᠯᠬᠤ ᠬᠡᠷᠡᠭᠲᠡᠢ ᠭᠡᠵᠦ ᠴᠧᠨ ᠭᠤᠸᠠᠨ ᠯᠢᠨ ᠳᠤᠷᠠᠳᠪᠠ᠃ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠬᠤᠪᠢ ᠬᠥᠮᠥᠨ ᠵᠡᠷᠭᠡ ᠶᠢᠨ ᠵᠠᠰᠠᠯᠲᠠ ᠶᠢᠨ ᠭᠤᠤᠯ ᠴᠣᠭᠴᠠ ᠳᠤ ᠨᠡᠯᠢᠶᠡᠳ ᠶᠡᠭᠡ ᠲᠤᠭ᠎ᠠ | ᠪᠠᠷᠢᠮᠲᠠ ᠶᠢᠨ ᠡᠵᠡᠨ ᠮᠡᠳᠡᠬᠦ ᠡᠷᠬᠡ ᠣᠯᠭᠤᠬᠤ ᠪᠠᠷ ᠳᠠᠮᠵᠢᠭᠤᠯᠤᠨ᠂ ᠲᠤᠭ᠎ᠠ ᠪᠠᠷᠢᠮᠲᠠ ᠶᠢᠨ ᠭᠦᠢᠯᠭᠡᠭᠡ ᠪᠠ | ᠬᠡᠷᠡᠭᠯᠡᠯᠲᠡ ᠶᠢ ᠠᠬᠢᠭᠤᠯᠵᠤ᠂ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢᠨ ᠦᠨ᠎ᠡ ᠥᠷᠲᠡᠭ ᠢ ᠪᠡᠶᠡᠯᠡᠭᠦᠯᠦᠨ᠂ | ᠲᠤᠭ᠎ᠠ ᠪᠠᠷᠢᠮᠲᠠ ᠶᠢᠨ ᠴᠡᠪᠡᠷ ᠠᠰᠢᠭ ᠢ ᠭᠠᠷᠭᠠᠵᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠬᠦ ᠬᠡᠷᠡᠭᠲᠡᠢ ᠭᠡᠵᠦ ᠰᠢᠶ᠋ᠧ ᠰᠢᠶᠣᠣ ᠰᠠᠨᠠᠭᠤᠯᠵᠦ ᠪᠠᠶᠢᠨ᠎ᠠ᠃ | ᠢᠷᠡᠯᠲᠡ᠄ ᠠᠷᠠᠳ ᠤᠨ ᠡᠳᠦᠷ ᠤᠨ ᠰᠣᠨᠢᠨ ᠤ ᠭᠠᠳᠠᠭᠠᠳᠤ ᠬᠡᠪᠯᠡᠯ |