ᠣᠶᠢᠷ᠎ᠠ ᠳᠤ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠰᠢᠶᠠᠨ ᠤ ᠡᠳ᠋ ᠤᠨ | ᠵᠠᠰᠠᠭ ᠤᠨ ᠲᠣᠪᠴᠢᠶ᠎ᠠ ᠲᠠᠢ ᠬᠠᠮᠲᠤᠷᠠᠨ ᠰᠢᠯᠭᠠᠨ ᠠᠪᠬᠤ ᠠᠵᠢᠯ ᠤᠨ ᠳᠤᠭᠤᠶᠢᠯᠠᠩ ᠪᠠᠶᠢᠭᠤᠯᠵᠤ᠂ 2024 ᠣᠨ ᠤ | ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠪᠣᠶᠢᠵᠢᠭᠤᠯᠤᠨ ᠪᠤᠵᠠᠭᠠᠶᠢᠷᠠᠭᠤᠯᠬᠤ ᠲᠥᠷᠥᠯ ᠵᠦᠢᠯ ᠪᠠ | 2020 ᠣᠨ ᠤ ᠲᠥᠪ ᠤᠨ ᠡᠳ᠋ ᠤᠨ ᠵᠠᠰᠠᠭ ᠤᠨ ᠳᠡᠮᠵᠢᠬᠦ ᠬᠤᠷᠰᠢᠶ᠎ᠠ ᠶᠢᠨ ᠲᠥᠷᠥᠯ ᠵᠦᠢᠯ ᠢ ᠲᠤᠬᠠᠢ ᠶᠢᠨ ᠭᠠᠵᠠᠷ | ᠲᠤᠨᠢ ᠰᠢᠯᠭᠠᠨ ᠠᠪᠤᠪᠠ᠃ | ᠠᠵᠢᠯᠯᠠᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠲᠣᠭᠲᠠᠬᠤ ᠰᠢᠶᠠᠨ ᠤ ᠢᠦᠢ ᠮᠢᠩ ᠲᠠᠷᠢᠶᠠᠯᠠᠩ | ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠪᠣᠯᠣᠨ ᠲᠣᠭᠲᠠᠬᠤ ᠰᠢᠶᠠᠨ ᠤ ᠰᠢᠩ ᠰᠢᠩ ᠲᠠᠷᠢᠶᠠᠯᠠᠩ ᠲᠡᠵᠢᠭᠡᠨ | ᠦᠷᠡᠵᠢᠭᠦᠯᠬᠦ ᠲᠤᠰᠬᠠᠢ ᠬᠤᠷᠰᠢᠶ᠎ᠠ ᠳᠤ ᠭᠦᠨᠵᠡᠭᠡᠶᠢᠷᠡᠨ 2020 ᠣᠨ ᠤ ᠲᠦᠷᠦᠯ ᠵᠦᠢᠯ ᠢ ᠰᠢᠯᠭᠠᠨ ᠠᠪᠴᠤ᠂ | ᠲᠦᠷᠦᠯ ᠵᠦᠢᠯ ᠤᠨ ᠬᠡᠷᠡᠭᠵᠢᠭᠦᠯᠬᠦ ᠲᠥᠰᠥᠯ ᠵᠢᠴᠢ ᠪᠠᠷᠢᠯᠭ᠎ᠠ ᠳᠠᠭᠤᠰᠤᠭᠰᠠᠨ ᠳ᠋ᠦᠩᠨᠡᠨ ᠪᠣᠳᠣᠯᠲᠠ ᠶᠢ ᠬᠢᠨᠠᠨ | ᠬᠠᠷᠭᠤᠭᠤᠯᠤᠭᠰᠠᠨ ᠮᠡᠳᠡᠭᠦᠯᠦᠯᠲᠡ ᠶᠢ ᠦᠨᠳᠦᠰᠦᠯᠡᠨ᠂ ᠬᠤᠷᠰᠢᠶ᠎ᠠ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ᠂ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ᠂ ᠲᠦᠷᠦᠯ ᠵᠦᠢᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠵᠡᠷᠭᠡ ᠶᠢ ᠬᠢᠨᠠᠨ ᠤᠩᠰᠢᠪᠠ | ᠃ ᠳᠠᠷᠠᠭ᠎ᠠ ᠨᠢ᠂ ᠰᠢᠯᠭᠠᠨ ᠠᠪᠬᠤ ᠳᠤᠭᠤᠶᠢᠯᠠᠩ ᠤᠨ ᠬᠢᠨ 7 ᠲᠠᠷᠢᠶᠠᠯᠠᠩ ᠮᠠᠯᠵᠢᠯ ᠤᠨ ᠲᠠᠯᠠᠪᠠᠢ ᠶᠢᠨ | ᠬᠡᠷᠡᠭᠵᠢᠭᠦᠯᠦᠭᠰᠡᠨ 2024 ᠣᠨ ᠳᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠪᠣᠶᠢᠵᠢᠭᠤᠯᠤᠨ | ᠪᠤᠵᠠᠭᠠᠶᠢᠷᠠᠭᠤᠯᠬᠤ ᠲᠦᠷᠦᠯ ᠵᠦᠢᠯ ᠢ ᠲᠥᠪᠯᠡᠷᠡᠭᠦᠯᠦᠨ ᠰᠢᠯᠭᠠᠨ ᠠᠪᠤᠪᠠ᠃ ᠪᠠᠶᠢᠴᠠᠭᠠᠵᠤ ᠰᠢᠯᠭᠠᠨ ᠠᠪᠬᠤ ᠪᠠᠷ | ᠳᠡᠮᠵᠢᠨ᠂ 7 ᠲᠠᠷᠢᠶᠠᠯᠠᠩ ᠮᠠᠯᠵᠢᠯ ᠤᠨ ᠲᠠᠯᠠᠪᠠᠶ ᠴᠥᠮ ᠡᠳ᠋ ᠤᠨ ᠶᠠᠪᠤᠳᠠᠯ ᠤᠨ ᠲᠠᠩᠰᠠ ᠲᠡᠮᠳᠡᠭᠯᠡᠬᠦ ᠵᠥᠭᠡᠯᠡᠨ | ᠲᠣᠨᠤᠭ ᠢ ᠵᠢᠷᠤᠮᠵᠢᠭᠤᠯᠤᠨ ᠬᠡᠷᠡᠭᠯᠡᠵᠦ᠂ ᠡᠳ᠋ ᠤᠨ ᠶᠠᠪᠤᠳᠠᠯ ᠤᠨ ᠲᠡᠮᠳᠡᠭᠯᠡᠯ ᠨᠢ ᠦᠨᠡᠨ ᠪᠣᠳᠠᠲᠠᠢ᠂ ᠣᠨᠣᠪᠴᠢᠲᠠᠶ᠂ | ᠪᠦᠷᠢᠨ ᠪᠦᠲᠦᠨ ᠪᠠᠶᠢᠵᠤ᠂ ᠦᠢᠯᠡᠳᠪᠦᠷᠢᠯᠡᠯ ᠤᠨ ᠲᠡᠮᠳᠡᠭᠯᠡᠯ ᠤᠨ ᠲᠠᠩᠰᠠ ᠡᠪᠬᠡᠮᠡᠯ ᠨᠢ ᠵᠢᠷᠤᠮᠵᠢᠯ ᠲᠠᠢ | ᠣᠨᠣᠪᠴᠢᠲᠠᠶ ᠪᠠᠶᠢᠨ᠎ᠠ ᠭᠡᠵᠦ ᠨᠤᠨᠳᠠᠭᠯᠠᠵᠠᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |