ᠦᠪᠦᠷ ᠪᠠᠶᠢᠭᠤᠯᠤᠯᠳᠠ ᠴᠢᠨᠠᠷ ﹇2024﹈ 192 ᠳ᠋ᠤᠭᠠᠷ ᠲᠣᠭᠠᠲᠤ | ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠳᠤ᠄ | ᠣᠳᠣᠬᠠᠨ ᠳᠤ᠂ ᠮᠠᠨ ᠤ ᠣᠷᠣᠨ ᠨᠢᠭᠡᠨᠲᠡ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ | ᠬᠤᠭᠤᠴᠠᠭ᠎ᠠ ᠳᠤ ᠤᠷᠤᠵᠠᠢ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠭᠡᠷ ᠪᠠᠶᠢᠰᠢᠩ | ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ | ᠰᠡᠷᠭᠡᠶᠢᠯᠡᠨ ᠬᠢᠵᠠᠭᠠᠷᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ | ᠄ | ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠪᠤᠳᠠᠳᠠᠶᠢᠵᠢᠭᠤᠯᠤᠨ᠎ᠠ᠃ | ᠡᠪᠦᠯ ᠤᠨ ᠤᠯᠠᠷᠢᠯ ᠪᠤᠯ ᠪᠣᠷᠣᠭᠠᠨ ᠴᠠᠰᠤ ᠶᠡᠭᠡ ᠰᠠᠯᠬᠢ᠂ ᠬᠦᠢᠲᠡᠨ ᠤᠷᠤᠰᠬᠠᠯ ᠮᠥᠰᠥ ᠬᠥᠯᠳᠡᠬᠦ ᠵᠡᠷᠭᠡ | ᠮᠠᠭᠤ ᠠᠭᠤᠷ ᠠᠮᠢᠰᠬᠤᠯ ᠤᠯᠠᠮ ᠢᠶᠠᠷ ᠨᠡᠮᠡᠭᠳᠡᠵᠦ᠂ ᠶᠡᠷᠦ ᠠᠴᠠ ᠪᠠᠷᠢᠯᠭ᠎ᠠ ᠶᠢᠨ ᠠᠵᠢᠯ ᠤᠨ ᠠᠶᠤᠯᠭᠦᠢ | ᠦᠢᠯᠡᠳᠪᠦᠷᠢᠯᠡᠯ ᠤᠨ ᠠᠳᠡᠯ ᠤᠯᠠᠨ ᠭᠠᠷᠴᠤ ᠠᠮᠠᠷᠬᠠᠨ ᠭᠠᠷᠬᠤ ᠬᠤᠭᠤᠴᠠᠭ᠎ᠠ ᠪᠤᠯᠤᠨ᠎ᠠ᠃ ᠡᠭᠦᠨ ᠤ ᠵᠡᠷᠭᠡ ᠳᠤ᠂ | ᠵᠢᠯ ᠤᠨ ᠡᠴᠦᠰ ᠵᠢᠯ ᠤᠨ ᠡᠬᠢᠨ ᠪᠣᠯ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠠᠩᠭᠢᠯᠠᠭ᠎ᠠ ᠶᠢᠨ ᠬᠤᠭᠤᠴᠠᠭ᠎ᠠ | ᠪᠤᠯᠤᠨ᠎ᠠ᠂ ᠮᠥᠨ ᠴᠦ ᠠᠳᠡᠯ ᠣᠯᠠᠨ ᠭᠠᠷᠳᠠᠭ ᠤᠯᠠᠷᠢᠯ ᠮᠥᠨ᠂ ᠠᠵᠢᠯ ᠤᠨ ᠬᠤᠭᠤᠴᠠᠭ᠎ᠠ ᠶᠢ ᠵᠠᠪᠳᠤᠬᠤ᠂ | ᠠᠵᠢᠯ ᠤᠨ ᠠᠬᠢᠴᠠ ᠶᠢ ᠲᠦᠷᠭᠡᠳᠭᠡᠬᠦ ᠵᠢᠴᠢ ᠠᠵᠢᠯᠴᠢᠳ ᠤᠨ ᠪᠠᠶᠠᠷ ᠳᠤᠷᠠᠰᠬᠠᠯ ᠤᠨ ᠡᠳᠦᠷ ᠤᠨ ᠰᠡᠳᠬᠢᠯᠭᠡ ᠶᠢᠨ | ᠬᠤᠪᠢᠷᠠᠯᠳᠠ ᠵᠡᠷᠭᠡ ᠠᠰᠢᠭ ᠦᠭᠡᠢ ᠬᠦᠴᠦᠨ ᠵᠦᠢᠯ ᠤᠯᠠᠨ ᠪᠠᠶᠢᠬᠤ ᠠᠴᠠ ᠪᠤᠯᠵᠦ ᠪᠠᠷᠢᠯᠭ᠎ᠠ ᠶᠢᠨ ᠠᠵᠢᠯ ᠤᠨ ᠠᠮᠤᠷ | ᠲᠦᠪᠰᠢᠨ ᠤ ᠠᠶᠤᠯ ᠲᠦᠭᠰᠢᠭᠦᠷᠢ ᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠳᠠᠢ᠂ ᠡᠯ᠎ᠡ ᠱᠠᠲᠤᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠲᠠᠯ᠎ᠠ ᠶᠢᠨ ᠭᠤᠣᠯ ᠴᠣᠭᠴᠠ ᠨᠢ ᠡᠪᠦᠯ ᠤᠨ | ᠤᠯᠠᠷᠢᠯ ᠤᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠴᠢᠬᠤᠯᠠ ᠴᠢᠨᠠᠷ᠂ | ᠪᠤᠳᠤᠯᠢᠶᠠᠨᠲᠤ ᠴᠢᠨᠠᠷ᠂ ᠬᠠᠲᠠᠭᠤ ᠪᠡᠷᠬᠡᠰᠢᠶᠡᠯᠲᠦ ᠴᠢᠨᠠᠷ ᠢ ᠭᠦᠢᠴᠡᠳ ᠲᠠᠨᠢᠵᠤ᠂ ᠡᠪᠦᠯ ᠤᠨ ᠤᠯᠠᠷᠢᠯ ᠤᠨ | ᠪᠠᠷᠢᠯᠭ᠎ᠠ ᠶᠢᠨ ᠠᠵᠢᠯ ᠤᠨ ᠠᠶᠦᠯᠭᠦᠢ ᠦᠢᠯᠡᠳᠪᠦᠷᠢᠯᠡᠯ ᠤᠨ ᠠᠵᠢᠯ ᠤᠨ ᠵᠢᠮ᠎ᠡ ᠶᠣᠰᠣ ᠣᠨᠴᠠᠯᠢᠭ ᠢ ᠨᠠᠷᠢᠨ ᠬᠢᠨᠠᠮᠠᠭᠠᠢ | ᠰᠤᠳᠤᠯᠤᠨ ᠮᠠᠭᠠᠳᠯᠠᠵᠤ᠂ ᠲᠦᠭᠰᠢᠭᠦᠷᠢ ᠶᠢ ᠤᠨᠢᠨ ᠳᠡᠭᠡᠷ᠎ᠡ ᠨᠢ ᠰᠤᠳᠤᠯᠤᠨ ᠮᠠᠭᠠᠳᠯᠠᠵᠤ᠂ ᠬᠢᠨᠠᠨ ᠵᠢᠯᠤᠭᠤᠳᠴᠤ | ᠪᠠᠶᠢᠴᠠᠭᠠᠬᠤ ᠶᠢ ᠰᠠᠶᠢᠲᠤᠷ ᠠᠳᠬᠤᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ | ᠰᠡᠳᠬᠢᠯᠭᠡ ᠪᠠᠷ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠤᠬᠠᠮᠰᠠᠷ ᠪᠣᠯᠣᠨ ᠰᠡᠳᠬᠢᠬᠦᠢ ᠶᠢ ᠴᠢᠩᠭᠠᠳᠬᠠᠵᠤ᠂ ᠨᠠᠷᠢᠨ | ᠨᠢᠭᠲᠠ ᠪᠠᠶᠢᠷᠢᠯᠠᠭᠤᠯᠤᠨ ᠲᠣᠬᠢᠷᠠᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠡᠯ᠎ᠡ | ᠵᠦᠢᠯ ᠤᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ | ᠪᠦᠲᠦᠮᠵᠢ ᠣᠯᠬᠤ ᠪᠠᠷ ᠴᠢᠷᠮᠠᠶᠢᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ | ᠪᠠᠲᠤᠯᠠᠬᠤ ᠬᠡᠷᠡᠭᠲᠡᠢ᠃ | ᠬᠤᠶᠠᠷ᠂ ᠭᠤᠣᠯᠳᠠᠯᠭ᠎ᠠ ᠪᠠᠨ ᠲᠣᠪᠤᠶᠢᠯᠭᠠᠨ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠨ᠎ᠠ᠃ | ᠡᠯ᠎ᠡ ᠱᠠᠲᠤᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠠᠷᠢᠯᠭ᠎ᠠ ᠳᠤ ᠤᠷᠤᠯᠴᠠᠬᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ | ᠭᠤᠣᠯ ᠴᠣᠭᠴᠠ ᠨᠦᠭᠦᠳ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ ᠣᠨᠴᠠᠯᠢᠭ ᠲᠠᠢ ᠪᠠᠨ | ᠤᠶᠠᠯᠳᠤᠭᠤᠯᠤᠨ ᠪᠥᠬᠦ ᠲᠠᠯ᠎ᠠ ᠪᠠᠷ ᠥᠪᠡᠷ ᠢ ᠪᠠᠨ ᠪᠠᠶᠢᠴᠠᠭᠠᠵᠤ᠂ ᠦᠷᠭᠦᠯᠵᠢ ᠵᠢᠭᠰᠠᠭᠠᠨ ᠪᠠᠶᠢᠴᠠᠭᠠᠵᠤ᠂ ᠠᠮᠤᠷ | ᠲᠦᠪᠰᠢᠨ ᠪᠤᠰᠤ ᠲᠠᠯᠳᠠ ᠭᠡᠮ ᠢ ᠴᠠᠭ ᠲᠤᠬᠠᠢ ᠲᠤᠨᠢ ᠴᠡᠭᠴᠡᠯᠡᠨ ᠠᠷᠢᠯᠭᠠᠬᠤ ᠬᠡᠷᠡᠭᠲᠡᠢ᠃ ᠡᠪᠦᠯ ᠤᠨ ᠤᠯᠠᠷᠢᠯ ᠤᠨ | ᠪᠠᠷᠢᠯᠭ᠎ᠠ ᠪᠠᠷᠢᠬᠤ ᠪᠠᠷ ᠲᠥᠯᠥᠪᠯᠡᠵᠦ ᠪᠠᠶᠢᠭ᠎ᠠ ᠪᠣᠢ ᠪᠦᠬᠦᠢ ᠲᠥᠷᠥᠯ ᠵᠦᠢᠯ ᠢ ᠡᠷᠬᠡᠪᠰᠢ ᠲᠥᠷᠥᠯ ᠵᠦᠢᠯ ᠤᠨ | ᠪᠠᠷᠢᠯᠭ᠎ᠠ ᠶᠢᠨ ᠠᠵᠢᠯ ᠤᠨ ᠣᠨᠴᠠᠯᠢᠭ ᠲᠤ ᠴᠢᠭᠯᠡᠭᠦᠯᠦᠨ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ | ᠲᠥᠰᠥᠯ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠠᠷᠢᠶ᠎ᠠ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ | ᠲᠠᠷᠠᠭ᠎ᠠ ᠰᠠᠶ᠋ᠢ ᠠᠵᠢᠯ ᠡᠬᠢᠯᠡᠭᠦᠯᠵᠦ ᠪᠣᠯᠣᠨ᠎ᠠ᠃ | ︵ᠨᠢᠭᠡ︶ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ ᠲᠥᠷᠥᠯ ᠵᠦᠢᠯ ᠳᠤ | ᠠᠶᠦᠯᠭᠦᠢ ᠦᠢᠯᠡᠳᠪᠦᠷᠢᠯᠡᠯ ᠤᠨ ᠨᠥᠬᠦᠴᠡᠯ ᠢ ᠬᠢᠨᠠᠨ ᠪᠠᠶᠢᠴᠠᠭᠠᠵᠤ᠂ ᠡᠪᠦᠯ ᠤᠨ ᠤᠯᠠᠷᠢᠯ ᠤᠨ ᠪᠠᠷᠢᠯᠭ᠎ᠠ ᠶᠢᠨ | ᠨᠥᠬᠦᠴᠡᠯ ᠢ ᠪᠦᠷᠢᠳᠦᠭᠦᠯᠦᠭᠰᠡᠨ ᠦᠭᠡᠢ ᠪᠣᠯ ᠪᠠᠷᠢᠯᠭ᠎ᠠ ᠶᠢᠨ ᠠᠵᠢᠯ ᠢ ᠨᠢ ᠴᠥᠮ ᠵᠣᠭᠰᠤᠭᠠᠬᠤ ᠬᠡᠷᠡᠭᠲᠡᠢ᠃ ᠠᠵᠤ | ᠠᠬᠤᠶᠢᠯᠠᠯ ᠤᠨ ᠲᠥᠷᠥᠯ ᠵᠦᠢᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠲᠥᠷᠥᠯ ᠵᠦᠢᠯ ᠤᠨ ᠬᠠᠷᠢᠭᠤᠴᠠᠯᠭᠠᠲᠠᠨ᠂ ᠲᠥᠷᠥᠯ ᠵᠦᠢᠯ ᠤᠨ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ᠂ | ᠮᠡᠷᠭᠡᠵᠢᠯ ᠤᠨ ᠬᠠᠷᠢᠭᠤᠴᠠᠯᠭᠠᠲᠠᠨ ᠵᠢᠴᠢ ᠲᠤᠰᠬᠠᠢ ᠲᠤᠰᠢᠶᠠᠯᠲᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ | ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠤ | ᠠᠵᠢᠯ ᠤᠨ ᠪᠠᠶᠢᠷᠢ ᠳᠠᠭᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠭᠦᠨ ᠨᠦᠬᠡ᠂ ᠴᠠᠬᠤᠯᠠᠭᠤᠷ᠂ ᠡᠷᠭᠦᠭᠦᠯ ᠮᠠᠰᠢᠨ ᠵᠡᠷᠭᠡ ᠠᠶᠤᠯᠲᠠᠢ ᠲᠣᠮᠣ ᠢᠨᠵᠧᠨᠧᠷᠢᠩ ᠵᠢᠴᠢ | ᠬᠤᠲᠠ ᠶᠢᠨ ᠶᠠᠪᠤᠳᠠᠯ ᠤᠨ ᠬᠤᠭᠤᠯᠠᠢ ᠰᠤᠪᠠᠭ᠂ ᠭᠠᠯ ᠨᠣᠴᠣᠭᠠᠬᠤ᠂ ᠥᠨᠳᠥᠷ ᠲᠤ ᠠᠪᠠᠷᠢᠬᠤ᠂ ᠴᠠᠬᠢᠯᠭᠠᠨ | ᠬᠡᠷᠡᠭᠯᠡᠬᠦ᠂ ᠬᠢᠵᠠᠭᠠᠷ ᠲᠠᠢ ᠣᠷᠣᠨ ᠵᠠᠢ ᠵᠡᠷᠭᠡ ᠠᠳᠡᠯ ᠣᠯᠠᠨ ᠭᠠᠷᠳᠠᠭ ᠠᠵᠢᠯ ᠲᠦᠷᠦᠯ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠠᠶᠤᠯᠲᠠᠢ ᠲᠣᠮᠣ ᠢᠨᠵᠧᠨᠧᠷᠢᠩ ᠢ ᠢᠯᠭᠠᠨ ᠲᠠᠨᠢᠬᠤ᠂ ᠲᠥᠰᠥᠯ ᠨᠠᠶᠢᠷᠠᠭᠤᠯᠤᠨ | ᠵᠣᠬᠢᠶᠠᠬᠤ᠂ ᠨᠤᠳᠠᠯᠠᠯᠳᠠ ᠬᠢᠬᠦ᠂ ᠬᠢᠨᠠᠨ ᠵᠥᠪᠰᠢᠶᠡᠷᠡᠬᠦ᠂ ᠬᠡᠷᠡᠭᠵᠢᠭᠦᠯᠬᠦ᠂ ᠰᠢᠯᠭᠠᠨ ᠠᠪᠬᠤ ᠪᠥᠬᠦ ᠶᠠᠪᠤᠴᠠ ᠶᠢ | ᠬᠠᠮᠢᠶᠠᠷᠤᠨ ᠡᠵᠡᠮᠳᠡᠬᠦ ᠶᠢ ᠴᠢᠩᠳᠠᠯᠠᠬᠤ ᠬᠡᠷᠡᠭᠲᠡᠢ︔ᠡᠷᠭᠦᠭᠦᠯ ᠲᠥᠬᠦᠭᠡᠷᠦᠮᠵᠢ ᠶᠢᠨ ᠬᠢᠨᠠᠨ ᠡᠵᠡᠮᠳᠡᠬᠦ ᠪᠠ | ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠡᠷᠭᠦᠭᠦᠯ ᠲᠥᠬᠦᠭᠡᠷᠦᠮᠵᠢ ᠶᠢᠨ ᠠᠶᠤᠯᠭᠦᠢ ᠶᠢᠨ ᠴᠢᠳᠠᠮᠵᠢ ᠶᠢ | ᠪᠠᠲᠤᠯᠠᠵᠤ᠂ ᠮᠠᠰᠢᠨ ᠲᠥᠬᠦᠭᠡᠷᠦᠮᠵᠢ ᠶᠢᠨ ᠡᠪᠡᠳᠴᠢᠨ ᠲᠠᠢ ᠪᠠᠷ ᠠᠵᠢᠯᠯᠠᠬᠤ ᠶᠢ ᠴᠢᠩᠭ᠎ᠠ ᠴᠠᠭᠠᠵᠠᠯᠠᠨ᠎ᠠ︔ ᠬᠥᠪᠡᠭᠡ | ᠵᠠᠬ᠎ᠠ᠂ ᠨᠦᠬᠡᠨ ᠠᠮᠠᠰᠠᠷ ᠵᠡᠷᠭᠡ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠨ᠎ᠡ᠃ | ︵ᠭᠤᠷᠪᠠ︶ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ ᠬᠦᠢᠲᠡᠨ ᠠᠴᠠ ᠰᠡᠷᠭᠡᠶᠢᠯᠡᠬᠦ᠂ | ᠬᠥᠯᠳᠡᠬᠦ ᠠᠴᠠ ᠰᠡᠷᠭᠡᠶᠢᠯᠡᠬᠦ᠂ ᠭᠤᠯᠭᠤᠬᠤ ᠠᠴᠠ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠵᠦ᠂ ᠪᠠᠷᠢᠯᠭ᠎ᠠ ᠶᠢᠨ | ᠲᠤᠬᠠᠢ ᠶᠢᠨ ᠲᠠᠯᠠᠪᠤᠷ ᠤᠨ ᠰᠠᠯᠬᠢ ᠠᠴᠠ ᠰᠡᠷᠭᠡᠶᠢᠯᠡᠬᠦ᠂ ᠬᠥᠯᠳᠡᠬᠦ ᠠᠴᠠ ᠰᠡᠷᠭᠡᠶᠢᠯᠡᠬᠦ᠂ ᠭᠤᠯᠭᠤᠬᠤ ᠠᠴᠠ | ᠰᠡᠷᠭᠡᠶᠢᠯᠡᠬᠦ ᠬᠠᠮᠢᠶᠠᠷᠤᠯᠲᠠ ᠶᠢ ᠴᠢᠩᠭᠠᠷᠠᠭᠤᠯᠤᠨ᠂ ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠤᠰᠤ ᠬᠤᠷᠠᠬᠤ᠂ | ᠴᠠᠰᠤ ᠬᠤᠷᠠᠬᠤ ᠶᠢ ᠴᠠᠭ ᠲᠤᠬᠠᠢ ᠲᠤᠨᠢ ᠠᠷᠢᠯᠭᠠᠵᠤ᠂ ᠥᠨᠳᠥᠷ ᠭᠠᠵᠠᠷ ᠠᠵᠢᠯᠯᠠᠬᠤ ᠬᠥᠮᠥᠰ ᠲᠤ ᠭᠤᠯᠭᠤᠬᠤ ᠠᠴᠠ | ᠰᠡᠷᠭᠡᠶᠢᠯᠡᠬᠦ ᠱᠠᠬᠠᠢ᠂ ᠬᠠᠮᠠᠭᠠᠯᠠᠯᠲᠠ ᠶᠢᠨ ᠪᠡᠭᠡᠯᠡᠢ ᠵᠡᠷᠭᠡ ᠬᠠᠮᠠᠭᠠᠯᠠᠯᠲᠠ ᠶᠢᠨ ᠬᠡᠷᠡᠭᠰᠡᠯ ᠲᠣᠬᠢᠷᠠᠭᠤᠯᠬᠤ ᠬᠡᠷᠡᠭᠲᠡᠢ᠃ | ᠪᠣᠷᠣᠭᠠᠨ ᠴᠠᠰᠤ ᠪᠣᠯᠣᠨ ᠶᠡᠭᠡ ᠰᠠᠯᠬᠢ ᠲᠠᠢ ᠴᠠᠭ ᠠᠭᠤᠷ ᠲᠤ ᠠᠯᠪᠠᠳᠠᠯᠭ᠎ᠠ ᠪᠠᠷ ᠭᠡᠷ ᠤᠨ ᠭᠠᠳᠠᠨ᠎ᠠ ᠠᠵᠢᠯ ᠵᠣᠬᠢᠶᠠᠨ | ᠪᠠᠶᠢᠭᠤᠯᠵᠤ ᠠᠵᠢᠯᠯᠠᠭᠤᠯᠬᠤ ᠶᠢ ᠴᠢᠩᠭ᠎ᠠ ᠴᠠᠭᠠᠵᠠᠯᠠᠵᠤ᠂ ᠶᠡᠭᠡ ᠰᠠᠯᠬᠢ ᠲᠠᠢ ᠴᠠᠭ ᠠᠭᠤᠷ ᠲᠤ ᠰᠤᠪᠤᠷᠭᠠᠨ ᠡᠷᠭᠦᠭᠦᠷ | ᠂ ᠴᠠᠬᠢᠯᠭᠠᠨ ᠱᠠᠲᠤ ᠵᠡᠷᠭᠡ ᠬᠦᠨᠳᠦ ᠶᠢ ᠡᠷᠭᠦᠬᠦ ᠲᠥᠬᠦᠭᠡᠷᠦᠮᠵᠢ ᠶᠢ ᠬᠡᠷᠡᠭᠯᠡᠬᠦ ᠪᠠᠨ ᠵᠣᠭᠰᠣᠭᠠᠵᠤ᠂ ᠠᠵᠢᠯᠴᠢᠳ ᠤᠨ | ᠥᠨᠳᠥᠷ ᠭᠠᠵᠠᠷ ᠲᠤ ᠠᠵᠢᠯᠯᠠᠬᠤ ᠶᠢ ᠴᠠᠭᠠᠵᠠᠯᠠᠨ᠎ᠠ᠃ | ︵ᠳᠥᠷᠪᠡ︶ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ ᠠᠶᠦᠯᠭᠦᠢ ᠦᠢᠯᠡᠳᠪᠦᠷᠢᠯᠡᠯ ᠤᠨ | ᠮᠡᠳᠡᠯᠭᠡ ᠶᠢᠨ ᠪᠤᠯᠪᠠᠰᠤᠷᠠᠯ ᠢ ᠴᠢᠩᠭᠠᠳᠬᠠᠨ᠂ ᠠᠶᠦᠯᠭᠦᠢ ᠶᠢᠨ ᠮᠡᠷᠭᠡᠵᠢᠯ ᠤᠨ ᠦᠨᠳᠦᠰᠦᠨ ᠵᠦᠢᠯ ᠢ ᠲᠠᠨᠢᠭᠤᠯᠵᠤ᠂ | ᠠᠵᠢᠯᠯᠠᠭᠰᠠᠳ ᠤᠨ ᠮᠠᠭᠤ ᠴᠠᠭ ᠠᠭᠤᠷ ᠤᠨ ᠦᠶ᠎ᠡ ᠳᠤ ᠴᠠᠰᠤ ᠶᠢ ᠰᠡᠷᠭᠡᠶᠢᠯᠡᠬᠦ᠂ ᠰᠠᠯᠬᠢ ᠶᠢ ᠰᠡᠷᠭᠡᠶᠢᠯᠡᠬᠦ ᠵᠢᠴᠢ ᠭᠠᠯ | ᠰᠡᠷᠭᠡᠶᠢᠯᠡᠬᠦ ᠠᠶᠦᠯᠭᠦᠢ ᠶᠢᠨ ᠬᠥᠮᠦᠵᠢᠯ ᠢ ᠭᠤᠣᠯᠳᠠᠯᠭ᠎ᠠ ᠲᠠᠢ ᠴᠢᠩᠭᠠᠳᠬᠠᠵᠤ᠂ ᠠᠵᠢᠯ ᠠᠴᠠ ᠡᠮᠦᠨᠡᠬᠢ | ᠠᠶᠦᠯᠭᠦᠢ ᠶᠢᠨ ᠰᠠᠨᠠᠭᠤᠯᠤᠮᠵᠢ ᠪᠣᠯᠣᠨ ᠦᠨᠳᠦᠰᠦᠨ ᠵᠦᠢᠯ ᠢ ᠲᠤᠰᠢᠶᠠᠬᠤ ᠶᠢ ᠰᠠᠶᠢᠲᠤᠷ ᠬᠢᠵᠦ᠂ ᠪᠠᠷᠢᠯᠭ᠎ᠠ ᠶᠢᠨ | ᠠᠵᠢᠯ ᠤᠨ ᠠᠵᠢᠯᠯᠠᠭ᠎ᠠ ᠶᠢ ᠵᠢᠷᠤᠮᠵᠢᠭᠤᠯᠤᠨ᠂ ᠳᠦᠷᠢᠮ ᠠᠴᠠ ᠵᠥᠷᠢᠴᠡᠨ ᠭᠡᠨᠡᠨ ᠢᠶᠠᠷ ᠠᠵᠢᠯᠯᠠᠬᠤ ᠶᠢ ᠴᠢᠩᠭ᠎ᠠ | ᠴᠠᠭᠠᠵᠠᠯᠠᠨ᠎ᠠ᠃ ᠠᠵᠢᠯᠯᠠᠵᠤ ᠪᠠᠶᠢᠭ᠎ᠠ ᠬᠥᠮᠥᠰ ᠢ ᠰᠢᠮᠳᠠᠭᠤᠯᠵᠤ ᠪᠠᠶᠢᠭᠠᠳ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠠᠵᠢᠯᠯᠠᠬᠤ ᠳᠦᠷᠢᠮ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠠᠷᠭ᠎ᠠ ᠬᠡᠮᠵᠢᠶ᠎ᠡ ᠶᠢ ᠪᠠᠶᠢᠴᠠᠭᠠᠬᠤ ᠪᠠ ᠠᠵᠢᠯᠯᠠᠬᠤ ᠶᠠᠪᠤᠴᠠ ᠲᠤ ᠬᠢᠨᠠᠯᠲᠠ ᠲᠠᠯᠪᠢᠬᠤ ᠶᠢ ᠴᠢᠩᠭ᠎ᠠ | ᠨᠠᠶᠢᠳᠠᠪᠤᠷᠢᠵᠢᠭᠤᠯᠤᠨ᠂ ᠠᠶᠤᠯ ᠲᠠᠢ ᠶᠡᠭᠡ ᠪᠠᠷᠢᠯᠭ᠎ᠠ ᠶᠢᠨ ᠠᠵᠢᠯ ᠪᠤᠶᠤ ᠪᠤᠰᠤᠳ ᠠᠶᠤᠯ ᠲᠠᠢ ᠠᠵᠢᠯ ᠢ ᠲᠤᠰᠬᠠᠢ | ᠲᠤᠰᠢᠶᠠᠯᠲᠤ ᠠᠮᠤᠷ ᠲᠦᠪᠰᠢᠨ ᠤ ᠠᠵᠢᠯᠲᠠᠨ ᠡᠷᠬᠡᠪᠰᠢ ᠲᠤᠬᠠᠢ ᠶᠢᠨ ᠲᠠᠯᠠᠪᠤᠷ ᠲᠤ ᠪᠠᠶᠢᠴᠠᠭᠠᠨ ᠵᠢᠯᠤᠭᠤᠳᠬᠤ | ᠬᠡᠷᠡᠭᠲᠡᠢ᠃ | ︵ᠲᠠᠪᠤ︶ ᠪᠠᠷᠢᠯᠭ᠎ᠠ ᠶᠢᠨ ᠠᠵᠢᠯ ᠢ ᠵᠤᠭᠰᠤᠭᠠᠭᠰᠠᠨ ᠲᠥᠷᠥᠯ ᠵᠦᠢᠯ ᠤᠨ ᠠᠶᠦᠯᠭᠦᠢ ᠶᠢᠨ ᠬᠠᠮᠢᠶᠠᠷᠤᠯᠲᠠ ᠶᠢ | ᠰᠠᠶᠢᠲᠤᠷ ᠬᠢᠵᠦ᠂ ᠪᠠᠷᠢᠯᠭ᠎ᠠ ᠶᠢᠨ ᠠᠵᠢᠯ ᠢ ᠵᠤᠭᠰᠤᠭᠠᠭᠰᠠᠨ ᠲᠥᠷᠥᠯ ᠵᠦᠢᠯ ᠳᠤ ᠠᠶᠦᠯᠭᠦᠢ ᠶᠢᠨ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭᠯᠡᠬᠦ ᠪᠠᠨ | ᠵᠣᠭᠰᠣᠭᠰᠠᠨ ᠮᠠᠰᠢᠨ ᠲᠥᠬᠦᠭᠡᠷᠦᠮᠵᠢ ᠶᠢᠨ ᠴᠠᠬᠢᠯᠭᠠᠨ ᠢ ᠲᠠᠰᠤᠯᠵᠤ᠂ ᠨᠡᠭᠡᠯᠬᠡᠢ ᠶᠢᠨ ᠬᠠᠶᠢᠷᠴᠠᠭ᠂ ᠴᠠᠬᠢᠯᠭᠠᠨ | ᠲᠦᠭᠡᠭᠡᠬᠦ ᠬᠠᠶᠢᠷᠴᠠᠭ ᠢ ᠰᠠᠶᠢᠲᠤᠷ ᠣᠨᠢᠰᠤᠯᠠᠵᠤ᠂ ᠠᠶᠦᠯᠭᠦᠢ ᠶᠢᠨ ᠲᠣᠨᠣᠭᠯᠠᠯ ᠢ ᠰᠠᠶᠢᠳᠦᠷ ᠡᠵᠡᠮᠳᠡᠬᠦ ᠶᠢ | ᠪᠣᠳᠠᠲᠠᠶᠢᠵᠢᠭᠤᠯᠵᠤ᠂ ᠪᠦᠷᠢᠨ ᠭᠦᠢᠴᠡᠳ ᠪᠥᠭᠡᠳ ᠪᠦᠲᠦᠮᠵᠢᠲᠡᠶ ᠪᠠᠶᠢᠯᠭᠠᠬᠤ ᠬᠡᠷᠡᠭᠲᠡᠢ᠃ ᠪᠦᠲᠦᠭᠡᠨ | ᠪᠠᠶᠢᠭᠤᠯᠤᠯᠲᠠ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ | ᠵᠣᠭᠰᠣᠬᠤ ᠠᠴᠠ ᠡᠮᠦᠨᠡᠬᠢ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠠᠶᠢᠴᠠᠭᠠᠨ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠠᠵᠢᠯ ᠵᠣᠭᠰᠣᠭᠰᠠᠨ ᠲᠦᠷᠦᠯ ᠵᠦᠢᠯ ᠢ ᠲᠦᠭᠵᠢᠮᠡᠯ ᠪᠠᠶᠢᠳᠠᠯ ᠳᠤ | ᠪᠠᠶᠢᠯᠭᠠᠬᠤ ᠶᠢ ᠪᠠᠲᠤᠯᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠨ ᠬᠠᠮᠢᠶᠠᠷᠤᠨ ᠡᠵᠡᠮᠳᠡᠬᠦ ᠬᠡᠷᠡᠭᠲᠡᠢ᠃ | ᠭᠤᠷᠪᠠ᠂ ᠲᠦᠭᠰᠢᠭᠦᠷᠢ ᠶᠢ ᠴᠢᠩᠭ᠎ᠠ ᠠᠩᠬᠠᠷᠴᠤ᠂ ᠭᠠᠯ ᠤᠨᠲᠠᠷᠠᠭᠠᠵᠤ ᠠᠮᠦᠷ ᠲᠦᠪᠰᠢᠨ ᠤ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ | ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠭᠠᠯ ᠨᠣᠴᠣᠭᠠᠵᠤ ᠭᠠᠩᠨᠠᠬᠤ ᠠᠵᠢᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠭᠠᠯ ᠨᠣᠴᠣᠭᠠᠬᠤ ᠶᠢ ᠬᠢᠨᠠᠨ ᠵᠥᠪᠰᠢᠶᠡᠷᠡᠬᠦ | ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠠᠯ ᠨᠣᠴᠣᠭᠠᠵᠤ ᠭᠠᠩᠨᠠᠬᠤ ᠠᠵᠢᠯᠯᠠᠬᠤ ᠳᠦᠷᠢᠮ ᠢ ᠴᠢᠩᠭ᠎ᠠ | ᠵᠢᠷᠤᠮᠯᠠᠵᠤ᠂ ᠭᠠᠩᠨᠠᠬᠤ ᠵᠡᠷᠭᠡ ᠢᠯᠡ ᠭᠠᠯ ᠢᠶᠠᠷ ᠠᠵᠢᠯᠯᠠᠬᠤ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠬᠡᠷᠡᠭᠲᠡᠢ︔ | ᠨᠤᠴᠤᠮᠠᠳᠠᠭᠠᠢ ᠰᠢᠲᠠᠮᠠᠬᠠᠢ ᠮᠠᠲ᠋ᠧᠷᠢᠶᠠᠯ ᠢ ᠬᠠᠳᠠᠭᠠᠯᠠᠨ ᠬᠠᠮᠢᠶᠠᠷᠬᠤ ᠪᠠ ᠬᠡᠷᠡᠭᠯᠡᠬᠦ ᠶᠢ ᠴᠢᠩᠭᠠᠷᠠᠭᠤᠯᠵᠤ᠂ ᠰᠢᠷ ᠪᠤᠳᠤᠭ | ᠵᠡᠷᠭᠡ ᠶᠢ ᠲᠤᠰᠬᠠᠢ ᠲᠥᠷᠥᠯ ᠬᠤᠪᠢᠶᠠᠨ ᠬᠠᠳᠠᠭᠠᠯᠠᠵᠤ᠂ ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠴᠠᠭ ᠲᠤᠬᠠᠢ ᠳᠤᠨᠢ | ᠬᠤᠷᠢᠶᠠᠨ ᠴᠤᠭᠯᠠᠭᠤᠯᠵᠤ ᠴᠡᠪᠡᠷᠯᠡᠨ ᠲᠡᠭᠡᠭᠡᠪᠦᠷᠢᠯᠡᠵᠦ᠂ ᠨᠤᠴᠤᠮᠠᠳᠠᠭᠠᠢ ᠰᠢᠲᠠᠮᠠᠬᠠᠢ ᠪᠠᠷᠢᠯᠭ᠎ᠠ ᠶᠢᠨ ᠮᠠᠲ᠋ᠧᠷᠢᠶᠠᠯ ᠢ | ᠲᠤᠰᠬᠠᠷᠯᠠᠬᠤ᠂ ᠴᠢᠭᠢᠭᠲᠦᠭᠦᠯᠬᠦ ᠵᠡᠷᠭᠡ ᠠᠷᠭ᠎ᠠ ᠬᠡᠮᠵᠢᠶ᠎ᠡ ᠠᠪᠤᠨ᠎ᠠ︔ ᠠᠶᠤᠯᠭᠦᠢ ᠴᠠᠬᠢᠯᠭᠠᠨ ᠬᠡᠷᠡᠭᠯᠡᠬᠦ | ᠪᠠᠶᠢᠴᠠᠭᠠᠯᠲᠠ ᠶᠢ ᠴᠢᠩᠭᠠᠳᠬᠠᠵᠤ᠂ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠳᠠᠭᠠᠭᠠᠴᠠ ᠪᠠ | ᠤᠳᠠᠰᠤ ᠶᠢᠨ ᠠᠶᠤᠯᠭᠦᠢ ᠶᠢᠨ ᠪᠠᠶᠢᠴᠠᠭᠠᠯᠲᠠ ᠶᠢ ᠰᠠᠶᠢᠲᠤᠷ ᠬᠢᠵᠦ᠂ ᠠᠵᠢᠯᠴᠢᠨ ᠤ ᠪᠠᠶᠢᠷᠢ ᠳᠤ ᠳᠤᠷ᠎ᠠ ᠪᠠᠷ ᠢᠶᠠᠨ | ᠴᠠᠬᠢᠯᠭᠠᠨ ᠤᠲᠠᠰᠤ ᠲᠠᠲᠠᠬᠤ᠂ ᠴᠢᠳᠠᠯ ᠶᠡᠬᠡᠲᠡᠢ ᠴᠠᠬᠢᠯᠭᠠᠨ ᠬᠡᠷᠡᠭᠰᠡᠯ ᠬᠡᠷᠡᠭᠯᠡᠬᠦ ᠪᠠ ᠢᠯᠡ ᠭᠠᠯ ᠬᠡᠷᠡᠭᠯᠡᠬᠦ ᠶᠢ | ᠴᠠᠭᠠᠵᠠᠯᠠᠨ᠎ᠠ᠂ ᠲᠣᠭᠲᠠᠭᠠᠯ ᠢ ᠵᠥᠷᠢᠴᠡᠨ ᠴᠠᠬᠢᠯᠭᠠᠨ ᠬᠡᠷᠡᠭᠯᠡᠭᠰᠡᠨ ᠠᠴᠠ ᠪᠣᠯᠵᠤ ᠭᠠᠯ ᠤᠨ ᠠᠶᠤᠯ᠂ ᠴᠠᠬᠢᠯᠭᠠᠨ ᠳᠤ | ᠴᠣᠬᠢᠭᠳᠠᠬᠤ ᠪᠠ ᠤᠲᠤᠭ᠎ᠠ ᠳᠤ ᠬᠤᠣᠷᠳᠠᠭᠳᠠᠬᠤ ᠡ᠊ᠨᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ︔ ᠲᠤᠬᠠᠢ ᠶᠢᠨ | ᠲᠠᠯᠠᠪᠠᠶ ᠶᠢᠨ ᠬᠤᠭᠤᠯᠠᠨ ᠭᠡᠷ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ | ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ ᠬᠡᠷᠡᠭᠯᠡᠬᠦ ᠳᠦᠷᠢᠮ ᠢ ᠨᠠᠶᠢᠳᠠᠪᠦᠷᠢᠵᠢᠭᠤᠯᠤᠨ᠎ᠠ︔ ᠪᠠᠷᠢᠯᠭ᠎ᠠ ᠶᠢᠨ | ᠲᠤᠬᠠᠢ ᠶᠢᠨ ᠭᠠᠵᠠᠷ ᠤᠨ ᠭᠠᠯ ᠤᠨᠲᠠᠷᠠᠭᠠᠬᠤ ᠪᠡᠯᠡᠳᠬᠡᠮᠵᠢ᠂ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ | ᠪᠦᠲᠦᠮᠵᠢᠲᠡᠶ᠂ ᠲᠤᠭ᠎ᠠ ᠬᠡᠮᠵᠢᠶ᠎ᠡ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠳᠥᠷᠪᠡ᠂ ᠪᠡᠯᠡᠳᠬᠡᠯ ᠲᠥᠰᠥᠯ ᠢᠶᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ | ᠰᠠᠬᠢᠬᠤ ᠶᠢ ᠰᠠᠶᠢᠲᠤᠷ ᠬᠢᠬᠦ ᠬᠡᠷᠡᠭᠲᠡᠢ | ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ | ᠲᠠᠯ᠎ᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠨᠦᠭᠦᠳ ᠪᠠᠴᠢᠮ ᠪᠠᠶᠢᠳᠠᠯ ᠢ ᠠᠷᠭᠠᠴᠠᠬᠤ ᠲᠥᠰᠥᠯ ᠢᠶᠠᠨ ᠤᠯᠠᠮ | ᠨᠢᠭᠡ ᠠᠯᠬᠤᠮ ᠲᠡᠭᠦᠯᠳᠡᠷᠵᠢᠭᠦᠯᠵᠦ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠰᠢᠰᠲ᠋ᠧᠮ ᠢ ᠲᠡᠭᠦᠯᠳᠡᠷᠵᠢᠭᠦᠯᠬᠦ ᠶᠢᠨ | ᠬᠠᠮᠲᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠠᠴᠠ ᠠᠪᠤᠷᠠᠨ ᠭᠠᠮᠰᠢᠭ ᠠᠴᠠ | ᠠᠪᠤᠷᠠᠬᠤ ᠬᠥᠮᠥᠰ ᠢ ᠲᠤᠳᠤᠷᠬᠠᠶᠢᠯᠠᠵᠦ᠂ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ ᠮᠠᠰᠢᠨ ᠮᠧᠬᠠᠨᠢᠭ ᠪᠠ | ᠡᠳ᠋ ᠪᠣᠳᠠᠰ ᠢ ᠨᠠᠶᠢᠳᠠᠪᠤᠷᠢᠵᠢᠭᠤᠯᠵᠤ᠂ ᠡ᠊ᠨᠳᠡᠯ ᠭᠠᠷᠤᠮᠠᠭᠴᠠ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ | ᠠᠵᠢᠯ ᠢ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠪᠠᠷ ᠥᠷᠨᠢᠭᠦᠯᠬᠦ ᠶᠢ ᠦᠨᠡᠨ ᠬᠦ ᠪᠠᠲᠤᠯᠠᠵᠤ᠂ ᠬᠥᠮᠥᠨ ᠤ | ᠦᠬᠦᠯ ᠰᠢᠷᠬᠠᠲᠤᠯ ᠪᠠ ᠠᠵᠤ ᠠᠬᠤᠢ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠡᠪᠦᠯ ᠤᠨ | ᠤᠯᠠᠷᠢᠯ ᠤᠨ ᠶᠡᠭᠡ ᠰᠠᠯᠬᠢ᠂ ᠬᠦᠢᠲᠡᠨ ᠠᠭᠤᠷ ᠠᠮᠢᠰᠬᠤᠯ᠂ ᠪᠣᠷᠣᠭᠠᠨ ᠴᠠᠰᠤ᠂ ᠮᠥᠰᠥ ᠬᠥᠯᠳᠡᠬᠦ ᠵᠡᠷᠭᠡ | ᠲᠤᠶᠢᠯ ᠤᠨ ᠭᠠᠢ ᠭᠠᠮᠰᠢᠭ ᠲᠠᠢ ᠴᠠᠭ ᠠᠭᠤᠷ ᠢ ᠨᠢᠭᠲᠠ ᠠᠩᠬᠠᠷᠴᠤ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ | ᠤᠳᠤᠷᠢᠳᠬᠤ ᠺᠠᠳ᠋ᠷ ᠡᠭᠡᠯᠵᠢᠯᠡᠨ ᠠᠵᠢᠯᠯᠠᠬᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ | ᠵᠢᠵᠢᠭᠦᠷᠯᠡᠬᠦ ᠳᠦᠷᠢᠮ ᠪᠠ ᠭᠠᠳᠠᠭᠰᠢ ᠭᠠᠷᠬᠤ ᠳᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ | ᠮᠡᠳᠡᠭᠦᠯᠦᠨ ᠬᠦᠷᠭᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠠᠷᠢᠯᠴᠠᠭ᠎ᠠ ᠬᠤᠯᠪᠣᠭ᠎ᠠ ᠪᠠᠨ ᠪᠠᠲᠤᠯᠠᠵᠤ᠂ | ᠪᠤᠳᠠᠳᠠᠢ ᠪᠠᠶᠢᠳᠠᠯ ᠢ ᠲᠦᠷᠭᠡᠨ ᠮᠡᠳᠡᠭᠦᠯᠬᠦ ᠶᠢ ᠪᠠᠷᠢᠮᠲᠠᠯᠠᠵᠤ᠂ ᠰᠢᠯᠲᠠᠭᠠᠨ ᠢ ᠪᠣᠯᠭᠤᠮᠵᠢᠲᠠᠢ ᠮᠡᠳᠡᠭᠦᠯᠵᠦ᠂ | ᠣᠷᠬᠢᠭᠳᠠᠭᠤᠯᠤᠨ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠬᠦ ᠪᠠ ᠳᠠᠷᠤᠭᠠᠳ ᠮᠡᠳᠡᠭᠦᠯᠬᠦ ᠦᠭᠡᠢ ᠪᠠᠶᠢᠬᠤ ᠶᠢ ᠡᠷᠡᠰ | ᠬᠤᠷᠢᠭᠯᠠᠨ᠎ᠠ᠂ ᠪᠠᠴᠢᠮ ᠪᠠᠶᠢᠳᠠᠯ ᠭᠠᠷᠪᠠᠯ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠢ ᠠᠷᠭᠠᠴᠠᠨ ᠰᠢᠢᠳᠪᠦᠷᠢᠯᠡᠬᠦ ᠶᠢ | ᠪᠠᠲᠤᠯᠠᠬᠤ ᠬᠡᠷᠡᠭᠲᠡᠢ᠃ ᠡᠪᠦᠯ ᠤᠨ ᠤᠯᠠᠷᠢᠯ ᠤᠨ ᠪᠠᠷᠢᠯᠭ᠎ᠠ ᠪᠠᠷᠢᠬᠤ᠂ ᠭᠠᠯ ᠤᠨᠲᠠᠷᠠᠭᠠᠬᠤ ᠠᠮᠤᠷ ᠲᠦᠪᠰᠢᠨ ᠤ | ᠮᠡᠳᠡᠯᠭᠡ ᠶᠢ ᠥᠷᠭᠡᠨ ᠢᠶᠠᠷ ᠤᠬᠠᠭᠤᠯᠵᠤ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠰᠣᠷᠢᠯᠲᠠ ᠶᠢ ᠥᠷᠨᠢᠭᠦᠯᠵᠦ᠂ ᠬᠥᠮᠥᠰ ᠤᠨ ᠭᠠᠯ ᠤᠨᠲᠠᠷᠠᠭᠠᠬᠤ᠂ ᠭᠠᠯ ᠬᠡᠷᠡᠭᠯᠡᠬᠦ ᠦᠵᠡᠯ | ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ | 2024 ᠣᠨ ᠤ 11 ᠳ᠋ᠤᠭᠡᠷ ᠰᠠᠷ᠎ᠠ ᠶᠢᠨ 11 ᠤ ᠡᠳᠦᠷ | ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠰᠦᠯᠵᠢᠶ᠎ᠡ |