ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠪᠠᠷ ᠨᠠᠰᠤᠨ ᠳᠤ ᠥᠯᠥ ᠬᠦᠷᠦᠭᠰᠡᠳ ᠤᠨ | ᠡᠷᠡᠭᠦᠯ ᠢᠶᠠᠷ ᠬᠥᠭᠵᠢᠬᠦ ᠶᠢ ᠪᠠᠲᠤᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ | ᠨᠠᠰᠤᠨ ᠳᠤ ᠥᠯᠥ ᠬᠦᠷᠦᠭᠰᠡᠳ ᠤᠨ ᠡᠷᠡᠭᠦᠯ ᠢᠶᠠᠷ ᠥᠰᠦᠨ ᠪᠣᠶᠢᠵᠢᠬᠤ ᠳᠤ ᠰᠠᠶᠢᠨ ᠰᠠᠶᠢᠬᠠᠨ ᠣᠷᠴᠢᠨ | ᠲᠣᠭᠤᠷᠢᠨ ᠢ ᠴᠢᠷᠮᠠᠶᠢᠨ ᠪᠤᠢ ᠪᠣᠯᠭᠠᠬᠤ ᠶᠢᠨ ᠲᠦᠯᠦᠭᠡ᠂ ᠣᠶᠢᠷ᠎ᠠ ᠳᠤ᠂ ᠲᠣᠭᠲᠠᠬᠤ ᠰᠢᠶᠠᠨ ᠤ ᠬᠠᠤᠯᠢ | ᠴᠠᠭᠠᠵᠠ ᠶᠢᠨ ᠲᠤᠰᠠᠯᠠᠮᠵᠢ ᠶᠢᠨ ᠲᠥᠪ ᠠᠴᠠ ︽1+1︾ ᠳᠤᠮᠳᠠᠳᠤ ᠤᠯᠤᠰ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠰᠠᠶᠢᠨ ᠳᠤᠷ᠎ᠠ ᠶᠢᠨ ᠠᠵᠢᠯᠯᠠᠭᠴᠢ ᠰᠢᠦᠢ ᠢᠦᠢ ᠬᠤᠩ ᠬᠠᠤᠯᠢᠴᠢ ᠶᠢ ᠤᠷᠢᠵᠤ ᠲᠣᠭᠲᠠᠬᠤ | ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠳᠤ ᠬᠦᠷᠴᠦ ᠬᠠᠤᠯᠢ ᠴᠠᠭᠠᠵᠠ ᠶᠢ ᠰᠤᠷᠭᠠᠭᠤᠯᠢ ᠶᠢᠨ | ᠬᠦᠷᠢᠶᠡᠨ ᠳᠤ ᠤᠷᠤᠭᠤᠯᠬᠤ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠰᠢᠦᠢ ᠬᠠᠤᠯᠢᠴᠢ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ | ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠤᠣᠷ ᠬᠥᠨᠥᠭᠡᠯ ᠢ | ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠲᠠᠶᠢᠯᠪᠤᠷᠢᠯᠠᠨ᠂ ᠰᠤᠷᠤᠭᠴᠢᠳ ᠢ ᠡᠳᠦᠷ ᠲᠤᠲᠤᠮ ᠤᠨ ᠠᠮᠢᠳᠤᠷᠠᠯ | ᠳᠤᠮᠳᠠ ᠪᠠᠨ ᠤᠬᠠᠮᠰᠠᠷ ᠠᠴᠠ ᠪᠠᠨ ︽ᠬᠠᠤᠯᠢ ᠶᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ | ᠬᠠᠤᠯᠢ ᠶᠢ ᠬᠡᠷᠡᠭᠯᠡᠬᠦ︾ ᠪᠣᠯᠭᠠᠬᠤ ᠪᠠᠷ ᠬᠥᠲᠥᠯᠥᠨ ᠵᠢᠯᠣᠭᠤᠳᠪᠠ᠃ ᠡᠭᠦᠨ ᠤ ᠬᠠᠮᠲᠤ ᠰᠤᠷᠭᠠᠭᠤᠯᠢ ᠶᠢᠨ | ᠬᠦᠷᠢᠶᠡᠨ ᠤ ᠳᠣᠷᠣᠮᠵᠢᠯᠠᠯ ᠢ ᠡᠰᠡᠷᠭᠦᠴᠡᠬᠦ᠂ ᠨᠠᠰᠤᠨ ᠳᠤ ᠥᠯᠥ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠵᠡᠷᠭᠡ | ᠲᠠᠯ᠎ᠠ ᠪᠠᠷ ᠭᠤᠣᠯᠳᠠᠯᠭ᠎ᠠ ᠪᠣᠯᠭᠠᠨ ᠰᠤᠷᠤᠭᠴᠢᠳ ᠲᠠᠢ ᠳᠣᠲᠣᠨᠣ ᠪᠠᠷ ᠶᠠᠷᠢᠯᠴᠠᠵᠤ᠂ ᠪᠣᠳᠠᠲᠤ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ ᠲᠤᠬᠠᠢ ᠶᠢᠨ ᠲᠠᠯᠠᠪᠤᠷ ᠤᠨ ᠰᠤᠷᠤᠭᠴᠢᠳ ᠲᠠᠢ ᠬᠠᠷᠢᠯᠴᠠᠵᠤ᠂ ᠰᠤᠷᠤᠭᠴᠢᠳ ᠤᠨ ᠣᠶᠢᠯᠠᠭᠠᠯᠲᠠ ᠶᠢ | ᠨᠡᠩ ᠭᠦᠨᠵᠡᠭᠡᠢ ᠪᠣᠯᠭᠠᠵᠤ᠂ ᠰᠤᠷᠤᠭᠴᠢᠳ ᠤᠨ ᠬᠠᠤᠯᠢ ᠪᠠᠷ ᠵᠠᠰᠠᠬᠤ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ | ᠦᠭᠡᠢ ᠪᠠᠰᠠ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠤ ᠬᠠᠮᠲᠤ ᠪᠠᠰᠠ | ᠰᠤᠷᠤᠭᠴᠢᠳ ᠤᠨ ᠬᠠᠤᠯᠢ ᠶᠢ ᠮᠡᠳᠡᠬᠦ᠂ ᠬᠠᠤᠯᠢ ᠶᠢ ᠰᠠᠬᠢᠬᠤ ᠬᠠᠷᠢᠭᠤᠴᠠᠯᠭ᠎ᠠ ᠶᠢᠨ ᠤᠬᠠᠮᠰᠠᠷ ᠢ ᠬᠥᠮᠥᠵᠢᠭᠦᠯᠵᠡᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠰᠤᠷᠭᠠᠭᠤᠯᠢ ᠶᠢᠨ ᠡᠯ᠎ᠡ ᠠᠩᠭᠢ ᠳᠤ ᠬᠠᠤᠯᠢ ᠴᠠᠭᠠᠵᠠ ᠶᠢᠨ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠰᠤᠷᠤᠭᠴᠢᠳ ᠢ ᠬᠢᠴᠢᠶᠡᠯ ᠤᠨ ᠭᠠᠳᠠᠨᠠᠬᠢ ᠴᠠᠭ ᠲᠤ | ᠤᠩᠰᠢᠭᠤᠯᠬᠤ ᠶᠢᠨ ᠬᠠᠮᠲᠤ᠂ ᠰᠤᠷᠤᠭᠴᠢᠳ ᠲᠤ ᠪᠠᠭ᠎ᠠ ᠶᠠᠪᠤᠳᠠᠯ ᠠᠴᠠ ᠡᠬᠢᠯᠡᠨ ᠬᠢᠵᠦ᠂ ᠤᠬᠠᠮᠰᠠᠷ ᠠᠴᠠ ᠪᠠᠨ | ᠬᠠᠤᠯᠢ ᠴᠠᠭᠠᠵᠠ ᠶᠢ ᠵᠢᠷᠤᠮᠯᠠᠬᠤ ᠶᠢᠨ ᠬᠠᠮᠲᠤ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠵᠦ᠂ ᠬᠠᠤᠯᠢ | ᠴᠠᠭᠠᠵᠠ ᠶᠢᠨ ᠵᠡᠪᠰᠡᠭ ᠢᠶᠠᠷ ᠥᠪᠡᠷ ᠢ ᠪᠠᠨ ᠬᠠᠮᠠᠭᠠᠯᠠᠬᠤ ᠶᠢ ᠰᠤᠷᠬᠤ ᠬᠡᠷᠡᠭᠲᠡᠢ ᠭᠡᠵᠦ ᠰᠠᠨᠠᠭᠤᠯᠪᠠ᠃ | | | | | | | | ᠡᠨᠡ ᠵᠢᠯ ᠠᠴᠠ ᠨᠠᠰᠢ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠵᠢᠯ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ︽ᠲᠠᠪᠤ ᠶᠢ ᠣᠷᠣᠭᠤᠯᠬᠤ︾ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ︽ᠬᠦᠯᠢᠶᠡᠬᠦ︾ | ᠪᠠᠶᠢᠭᠰᠠᠨ ᠠᠴᠠ ︽ᠭᠡᠷ ᠲᠤᠨᠢ ᠬᠦᠷᠭᠡᠬᠦ︾ ᠪᠣᠯᠭᠠᠨ ᠬᠤᠪᠢᠷᠠᠭᠤᠯᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ | ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠢ ᠪᠠᠭᠲᠠᠭᠠᠭᠰᠠᠨ | ᠨᠡᠶᠢᠭᠡᠮ ᠤᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ | ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ᠂ ᠪᠦᠬᠦ ᠨᠡᠶᠢᠭᠡᠮ ᠤᠨ ᠡᠶ᠎ᠡ ᠵᠣᠬᠢᠴᠠᠯ ᠲᠠᠢ | ᠲᠣᠭᠲᠠᠭᠤᠨ ᠪᠠᠶᠢᠳᠠᠯ ᠢ ᠠᠬᠢᠭᠤᠯᠪᠠ᠃ | ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |