ᠬᠥᠬᠡᠬᠤᠲᠠ ᠠᠴᠠ ᠵᠡᠭᠦᠨᠭᠠᠷ ᠬᠦᠷᠬᠦ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠲᠤᠬᠢᠷᠠᠭᠤᠯᠬᠤ ᠲᠤᠬᠠᠢ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/11/19
      ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 639 ᠳ᠋ᠤᠭᠡᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠬᠥᠬᠡᠬᠤᠲᠠ ᠠᠴᠠ ᠵᠡᠭᠦᠨᠭᠠᠷ ᠬᠦᠷᠬᠦ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠢ ᠨᠢᠭᠡᠨᠲᠡ ᠵᠠᠭᠠᠭᠯᠠᠨ ᠲᠣᠭᠲᠠᠭᠠᠪᠠ᠂ ᠡᠳᠦᠭᠡ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠥᠬᠡᠬᠤᠲᠠ ᠠᠴᠠ ᠵᠡᠭᠦᠨᠭᠠᠷ ᠬᠦᠷᠬᠦ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠬᠡᠪᠴᠢᠶ᠎ᠡ ᠶᠢ ᠳᠣᠣᠷᠠᠬᠢ ᠮᠡᠲᠦ ᠵᠠᠷᠯᠠᠶ᠎ᠠ᠄      ᠨᠢᠭᠡ᠂ ᠬᠥᠬᠡᠬᠤᠲᠠ ᠠᠴᠠ ᠵᠡᠭᠦᠨᠭᠠᠷ ᠬᠦᠷᠬᠦ ᠲᠡᠮᠦᠷ ᠵᠠᠮ ︵ᠬᠥᠬᠡᠬᠤᠲᠠ  ᠵᠡᠭᠦᠨᠭᠠᠷ ᠱᠤᠭᠤᠮ᠄ ᠬᠥᠬᠡᠬᠤᠲᠠ ᠶᠢᠨ ᠲᠡᠮᠦᠷ ᠵᠠᠮ ᠤᠨ ᠲᠤᠪᠴᠢᠶ᠎ᠠ ᠶᠢᠨ ᠬᠠᠷᠢᠶᠠᠨ ᠳᠠᠬᠢ  K2+273-K4+665︔ ᠬᠥᠬᠡᠬᠤᠲᠠ ᠶᠢᠨ ᠲᠡᠮᠦᠷ ᠵᠠᠮ ᠤᠨ ᠲᠤᠪᠴᠢᠶ᠎ᠠ ᠶᠢᠨ ᠬᠠᠷᠢᠶᠠᠨ ᠳᠠᠬᠢ K0+995-K4+790 ᠠᠴᠠ  ᠲᠤᠷᠤᠭᠰᠢ︔ ᠬᠥᠬᠡᠬᠤᠲᠠ ᠶᠢᠨ ᠲᠡᠮᠦᠷ ᠵᠠᠮ ᠤᠨ ᠲᠤᠪᠴᠢᠶ᠎ᠠ ᠶᠢᠨ ᠬᠠᠷᠢᠶᠠᠨ ᠳᠠᠬᠢ ᠲᠠᠩ ᠱᠤᠭᠤᠮ ᠤᠨ K4+665-K20+738︔ ᠬᠥᠬᠡᠬᠤᠲᠠ ᠠᠴᠠ ᠵᠡᠭᠦᠨᠭᠠᠷ ᠬᠦᠷᠬᠦ ᠱᠤᠭᠤᠮ K17+404-K88+039᠃ ᠬᠥᠬᠡᠬᠤᠲᠠ ᠠᠴᠠ ᠵᠡᠭᠦᠨᠭᠠᠷ ᠬᠦᠷᠬᠦ ᠬᠤᠶᠠᠳᠤᠭᠠᠷ ᠱᠤᠭᠤᠮ᠄ K1+391-K73+770᠃︶ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠶᠢ ᠲᠡᠮᠦᠷ ᠵᠠᠮ ᠤᠨ ᠱᠤᠭᠤᠮ ᠤᠨ ᠵᠠᠮ ᠤᠨ ᠬᠠᠰᠢᠯᠭ᠎ᠠ ᠶᠢᠨ ᠬᠠᠵᠠᠭᠤ ᠶᠢᠨ ᠬᠤᠷᠮᠣᠢ᠂ ᠵᠠᠮ ᠤᠨ ᠰᠤᠪᠠᠭ ᠤᠨ ᠬᠠᠵᠠᠭᠤ ᠶᠢᠨ ᠣᠷᠣᠢ ᠪᠤᠶᠤ ᠲᠡᠮᠦᠷ ᠵᠠᠮ ᠤᠨ ᠬᠥᠭᠦᠷᠭᠡ ︵ᠲᠡᠮᠦᠷ ᠵᠠᠮ᠂ ᠵᠠᠮ ᠤᠨ ᠬᠤᠶᠠᠷ ᠬᠡᠷᠡᠭᠴᠡᠭᠡᠲᠦ ᠬᠥᠭᠦᠷᠭᠡ ᠪᠠᠭᠲᠠᠨ᠎ᠠ︶ ᠶᠢᠨ ᠭᠠᠳᠠᠷ ᠲᠠᠯ᠎ᠠ ᠠᠴᠠ ᠡᠬᠢᠯᠡᠨ ᠭᠠᠳᠠᠭᠰᠢ ᠶᠠᠪᠤᠭᠤᠯᠬᠤ ᠵᠠᠢ ᠨᠢ ᠲᠣᠰ ᠲᠣᠰ᠄      1. ᠬᠤᠳᠠ ᠶᠢᠨ ᠲᠣᠭᠤᠷᠢᠭ ᠤᠨ ᠡᠩ ᠤᠨ ᠬᠤᠷᠳᠤᠴᠠᠲᠤ ᠲᠡᠮᠦᠷ ᠵᠡᠮ ᠨᠢ 8 ᠮᠧᠲᠷ︔      2. ᠬᠤᠲᠠ ᠶᠢᠨ ᠲᠡᠭᠦᠷᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠡᠩ ᠤᠨ ᠬᠤᠷᠳᠤᠴᠠᠲᠤ ᠲᠡᠮᠦᠷ ᠵᠠᠮ ᠨᠢ 10 ᠮᠧᠲᠷ︔      3. ᠲᠣᠰᠬᠤᠨ ᠪᠠᠯᠭᠠᠰᠤ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠡᠩ ᠤᠨ ᠬᠤᠷᠳᠤᠴᠠ ᠶᠢᠨ ᠲᠡᠮᠦᠷ ᠵᠠᠮ ᠨᠢ 12 ᠮᠧᠲᠷ︔      4. ᠪᠤᠰᠤᠳ ᠭᠠᠵᠠᠷ ᠣᠷᠣᠨ ᠤ ᠡᠩ ᠤᠨ ᠬᠤᠷᠳᠤᠴᠠᠲᠤ ᠲᠡᠮᠦᠷ ᠵᠡᠮ ᠨᠢ 15 ᠮᠧᠲᠷ᠃      ᠡᠭᠦᠨ ᠳᠤ᠂ ᠵᠠᠮ ᠤᠨ ᠳᠠᠯᠠᠩ ᠤᠨ ᠪᠠᠯ ᠤᠨ ᠬᠤᠷᠮᠣᠢ ᠭᠡᠳᠡᠭ ᠨᠢ ᠵᠠᠮ ᠤᠨ ᠰᠠᠭᠤᠷᠢ ᠶᠢᠨ ᠬᠠᠵᠠᠭᠤ ᠶᠢᠨ ᠪᠠᠯ ᠤᠨ ᠭᠠᠵᠠᠷ ᠤᠨ ᠭᠠᠳᠠᠷᠭᠤ ᠲᠠᠢ ᠵᠠᠯᠭᠠᠯᠳᠤᠭᠰᠠᠨ ᠬᠡᠰᠡᠭ ᠢ ᠵᠢᠭᠠᠵᠤ ᠪᠣᠶ᠂ ᠵᠠᠮ ᠤᠨ ᠰᠤᠪᠠᠭ ᠤᠨ ᠪᠠᠯ ᠤᠨ ᠣᠷᠣᠢ ᠭᠡᠳᠡᠭ ᠨᠢ ᠵᠠᠮ ᠤᠨ ᠰᠤᠪᠠᠭ ᠤᠨ ᠪᠠᠯ ᠤᠨ ᠨᠢᠭᠤᠷ ᠤᠨ ᠭᠠᠵᠠᠷ ᠤᠨ ᠭᠠᠳᠠᠷᠭᠤ ᠲᠠᠢ ᠵᠠᠯᠭᠠᠯᠳᠤᠭᠰᠠᠨ ᠬᠡᠰᠡᠭ ᠢ ᠵᠢᠭᠠᠵᠤ ᠪᠣᠶ᠃      ᠬᠤᠶᠠᠷ᠂ ᠬᠥᠬᠡᠬᠤᠲᠠ ᠠᠴᠠ ᠵᠡᠭᠦᠨᠭᠠᠷ ᠬᠦᠷᠬᠦ ᠲᠡᠮᠦᠷ ᠵᠠᠮ ᠳᠠᠭᠠᠤ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠬᠤᠪᠢ ᠬᠥᠮᠥᠨ ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ︾ ᠤᠨ ᠬᠠᠮᠢᠶ᠎ᠠ ᠪᠦᠬᠦᠢ ᠲᠣᠭᠲᠠᠭᠠᠯ ᠢ ᠬᠠᠤᠯᠢ ᠶᠣᠰᠣᠭᠠᠷ ᠵᠢᠷᠤᠮᠯᠠᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠢ ᠬᠠᠮᠲᠤᠪᠠᠷ ᠬᠠᠮᠠᠭᠠᠯᠠᠬᠤ ᠬᠡᠷᠡᠭᠲᠡᠢ᠃ ᠬᠥᠬᠡᠬᠤᠲᠠ ᠠᠴᠠ ᠵᠡᠭᠦᠨᠭᠠᠷ ᠬᠦᠷᠬᠦ ᠲᠡᠮᠦᠷ ᠵᠠᠮ ᠤᠨ ᠺᠣᠮᠫᠠᠨᠢ  ᠨᠢ ᠲᠣᠰ ᠠᠯᠪᠠᠨ ᠵᠠᠷ ᠤᠨ ᠬᠡᠪᠴᠢᠶ᠎ᠡ ᠶᠢᠨ ᠶᠣᠰᠣᠭᠠᠷ ᠪᠠᠷᠢᠮᠵᠢᠶᠠᠲᠤ ᠱᠣᠩ ᠪᠣᠰᠬᠠᠵᠤ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠵᠢᠴᠢ ᠵᠠᠮ ᠳᠠᠭᠠᠤ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠪᠢ ᠬᠥᠮᠥᠨ ᠨᠢ ᠬᠠᠤᠯᠢ ᠶᠣᠰᠣᠭᠠᠷ ᠳᠡᠮᠵᠢᠯᠭᠡ ᠦᠵᠡᠭᠦᠯᠬᠦ ᠬᠡᠷᠡᠭᠲᠡᠢ᠃      ᠭᠤᠷᠪᠠ᠂ ᠬᠥᠬᠡᠬᠤᠲᠠ ᠠᠴᠠ ᠵᠡᠭᠦᠨᠭᠠᠷ ᠬᠦᠷᠬᠦ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠤᠨ ᠳᠣᠣᠷᠠᠬᠢ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠄      ︵ᠨᠢᠭᠡ︶ ᠲᠡᠮᠦᠷ ᠵᠠᠮ ᠤᠨ ᠠᠶᠦᠯᠭᠦᠢ ᠶᠢᠨ ᠬᠠᠮᠠᠭᠠᠯᠠᠯᠲᠠ ᠶᠢᠨ ᠣᠷᠣᠨ ᠲᠤ ᠠᠲᠠᠷᠰᠢᠭᠤᠯᠬᠤ᠂ ᠮᠠᠯ ᠬᠠᠷᠢᠭᠤᠯᠬᠤ᠂ ᠲᠡᠮᠦᠷ ᠵᠠᠮ  ᠤᠨ ᠠᠶᠦᠯᠭᠦᠢ ᠶᠢ ᠨᠥᠯᠥᠭᠡᠯᠡᠬᠦ ᠪᠠ ᠲᠡᠷᠭᠡᠨ ᠤ ᠬᠠᠷᠠᠭ᠎ᠠ ᠶᠢ ᠪᠠᠷᠠᠯᠠᠬᠤ ᠮᠣᠳᠣ ᠵᠡᠷᠭᠡ ᠤᠷᠭᠤᠮᠠᠯ ᠲᠠᠷᠢᠬᠤ ᠶᠢ ᠴᠠᠭᠠᠵᠠᠯᠠᠨ᠎ᠠ᠃      ᠲᠡᠮᠦᠷ ᠵᠡᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠪᠣᠬᠢᠷᠲᠤᠯ ᠭᠠᠳᠠᠭᠰᠢᠯᠠᠭᠤᠯᠬᠤ᠂ ᠬᠤᠭ ᠨᠣᠪᠰᠢ ᠬᠠᠶᠠᠬᠤ ᠵᠢᠴᠢ ᠲᠡᠮᠦᠷ ᠵᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠤᠰᠤᠳ ᠪᠣᠳᠠᠰ ᠴᠢᠳᠬᠤᠬᠤ ᠶᠢ ᠴᠠᠭᠠᠵᠠᠯᠠᠨ᠎ᠠ᠃      ︵ᠬᠤᠶᠠᠷ︶ ᠲᠡᠮᠦᠷ ᠵᠡᠮ ᠤᠨ ᠠᠶᠤᠯᠭᠦᠢ ᠶᠢᠨ ᠬᠠᠮᠠᠭᠠᠯᠠᠯᠲᠠ ᠶᠢᠨ ᠣᠷᠣᠨ ᠳᠤ ᠪᠠᠷᠢᠯᠭ᠎ᠠ᠂ ᠪᠠᠷᠢᠯᠭ᠎ᠠ ᠶᠢᠨ ᠵᠦᠢᠯ ᠵᠡᠷᠭᠡ ᠲᠥᠬᠦᠭᠡᠷᠦᠮᠵᠢ ᠪᠠᠶᠢᠭᠤᠯᠬᠤ᠂ ᠰᠢᠷᠣᠢ ᠠᠪᠬᠤ᠂ ᠡᠯᠡᠰᠦ ᠮᠠᠯᠲᠠᠬᠤ᠂ ᠰᠤᠪᠠᠭ ᠮᠠᠯᠲᠠᠬᠤ᠂ ᠬᠤᠭᠤᠰᠤᠨ ᠮᠠᠯᠲᠠᠬᠤ ᠠᠵᠢᠯ ᠬᠢᠬᠦ ᠪᠤᠶᠤ ᠡᠳ᠋ ᠪᠣᠳᠠᠰ ᠣᠪᠣᠭᠠᠯᠠᠵᠤ ᠲᠠᠯᠪᠢᠬᠤ᠂ ᠡᠯᠭᠦᠬᠦ ᠠᠵᠢᠯ ᠢ ᠬᠢᠬᠦ ᠳᠡᠭᠡᠨ ᠲᠡᠮᠦᠷ ᠵᠡᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠵᠥᠪᠰᠢᠶᠡᠷᠡᠯ ᠢ ᠣᠯᠬᠤ ᠶᠢᠨ ᠬᠠᠮᠲᠤ ᠠᠶᠤᠯᠭᠦᠢ ᠶᠢᠨ ᠬᠡᠯᠡᠯᠴᠡᠭᠡᠷ ᠲᠣᠭᠲᠠᠭᠠᠵᠤ᠂ ᠲᠡᠮᠦᠷ ᠵᠡᠮ ᠤᠨ ᠠᠶᠤᠯᠭᠦᠢ ᠶᠢ ᠪᠠᠲᠤᠯᠠᠬᠤ ᠤᠯᠤᠰ ᠤᠨ ᠪᠠᠷᠢᠮᠵᠢᠶ᠎ᠠ᠂ ᠠᠵᠢᠯ ᠲᠤᠶᠢᠷᠦᠯ ᠤᠨ ᠪᠠᠷᠢᠮᠵᠢᠶ᠎ᠠ ᠪᠠ ᠪᠠᠷᠢᠯᠭ᠎ᠠ ᠶᠢᠨ ᠠᠵᠢᠯ ᠤᠨ ᠠᠶᠤᠯᠭᠦᠢ ᠶᠢᠨ ᠵᠢᠷᠤᠮᠵᠢᠯ ᠢ ᠵᠢᠷᠤᠮᠯᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠲᠡᠮᠦᠷ ᠵᠡᠮ ᠤᠨ ᠲᠡᠭᠡᠭᠡᠪᠦᠷᠢ ᠶᠢᠨ ᠠᠶᠤᠯᠭᠦᠢ ᠶᠢ ᠨᠥᠯᠥᠭᠡᠯᠡᠬᠦ ᠶᠢ ᠰᠡᠷᠭᠡᠶᠢᠯᠡᠬᠦ ᠬᠡᠷᠡᠭᠲᠡᠢ᠃ ᠲᠡᠮᠦᠷ ᠵᠡᠮ ᠤᠨ ᠲᠡᠭᠡᠭᠡᠪᠦᠷᠢ ᠶᠢᠨ ᠠᠵᠤ ᠠᠬᠤᠶᠢᠯᠠᠯ ᠬᠥᠮᠥᠨ ᠲᠣᠮᠢᠯᠠᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠭᠠᠵᠠᠷ ᠲᠤ ᠠᠶᠤᠯᠭᠦᠢ ᠶᠢᠨ ᠬᠢᠨᠠᠯᠲᠠ ᠲᠠᠯᠪᠢᠬᠤ ᠬᠡᠷᠡᠭᠲᠡᠢ᠃      ︵ᠭᠤᠷᠪᠠ︶ ᠲᠡᠮᠦᠷ ᠵᠡᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠪᠠᠶᠢᠭ᠎ᠠ ᠪᠠᠷᠢᠯᠭ᠎ᠠ᠂ ᠪᠠᠷᠢᠯᠭ᠎ᠠ ᠶᠢᠨ ᠵᠦᠢᠯ ᠨᠢ ᠲᠡᠮᠦᠷ ᠵᠡᠮ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠰᠦᠷᠳᠡᠭᠦᠯᠦᠯ ᠪᠣᠯᠬᠤ ᠳᠤ ᠬᠦᠷᠪᠡᠯ᠂ ᠴᠢᠬᠤᠯᠠ ᠪᠦᠬᠦᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ︔ ᠠᠶᠤᠯᠭᠦᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠤᠭᠰᠠᠨ ᠤ ᠲᠡᠷᠠᠭ᠎ᠠ ᠮᠥᠨ ᠯᠡ ᠠᠶᠤᠯᠭᠦᠢ ᠪᠠᠶᠢᠬᠤ ᠶᠢ ᠪᠠᠲᠤᠯᠠᠵᠤ ᠴᠢᠳᠠᠬᠤ ᠤᠶᠢᠭᠡᠢ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠨᠤᠷᠠᠭᠠᠵᠤ ᠬᠠᠶᠠᠨ᠎ᠠ᠃      ᠲᠡᠮᠦᠷ ᠵᠡᠮ ᠤᠨ ᠠᠶᠤᠯᠭᠦᠢ ᠶᠢᠨ ᠬᠠᠮᠠᠭᠠᠯᠠᠯᠲᠠ ᠶᠢᠨ ᠣᠷᠣᠨ ᠳᠠᠬᠢ ᠪᠠᠷᠢᠯᠭ᠎ᠠ᠂ ᠪᠠᠷᠢᠯᠭ᠎ᠠ ᠶᠢᠨ ᠡᠳ᠋ ᠢ ᠨᠤᠷᠠᠭᠠᠬᠤ᠂ ᠲᠡᠮᠦᠷ ᠵᠡᠮ ᠤᠨ ᠠᠶᠤᠯᠭᠦᠢ ᠶᠢᠨ ᠬᠠᠮᠠᠭᠠᠯᠠᠯᠲᠠ ᠶᠢᠨ ᠣᠷᠣᠨ ᠳᠠᠬᠢ ᠤᠷᠭᠤᠮᠠᠯ ᠢ ᠴᠡᠪᠡᠷᠯᠡᠬᠦ᠂ ᠡᠰᠡᠬᠦᠯ᠎ᠡ ᠪᠤᠰᠤᠳ ᠬᠥᠮᠥᠨ ᠤ ᠲᠡᠮᠦᠷ ᠵᠡᠮ ᠤᠨ ᠠᠶᠤᠯᠭᠦᠢ ᠶᠢᠨ ᠬᠠᠮᠠᠭᠠᠯᠠᠯᠲᠠ ᠶᠢᠨ ᠣᠷᠣᠨ ᠳᠤ ᠨᠢᠭᠡᠨᠲᠡ ᠬᠠᠤᠯᠢ ᠶᠣᠰᠣᠭᠠᠷ ᠣᠯᠣᠭᠰᠠᠨ ᠠᠭᠤᠷᠬᠠᠢ ᠮᠠᠯᠲᠠᠬᠤ ᠡᠷᠬᠡ ᠵᠡᠷᠭᠡ ᠬᠠᠤᠯᠢ ᠶᠣᠰᠣᠨ ᠤ ᠡᠷᠬᠡ ᠶᠢ ᠬᠢᠵᠠᠭᠠᠷᠯᠠᠭᠠᠳ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠨᠥᠬᠦᠪᠦᠷᠢ ᠥᠭᠬᠦ ᠪᠤᠶᠤ ᠴᠢᠬᠤᠯᠠ ᠪᠦᠬᠦᠢ ᠨᠥᠬᠦᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠭᠡᠪᠡᠴᠦ ᠬᠠᠤᠯᠢ ᠪᠤᠰᠤ ᠪᠠᠷ ᠪᠠᠶᠢᠭᠤᠯᠤᠭᠰᠠᠨ ᠪᠠᠷᠢᠯᠭ᠎ᠠ᠂ ᠪᠠᠷᠢᠯᠭ᠎ᠠ ᠶᠢᠨ ᠵᠦᠢᠯ ᠢ ᠨᠤᠷᠠᠭᠠᠭᠰᠠᠨ ᠨᠢ ᠡᠭᠦᠨ ᠳᠤ ᠪᠠᠭᠲᠠᠬᠤ  ᠦᠭᠡᠢ᠃     ︵ᠲᠦᠷᠪᠡ︶ ᠲᠡᠮᠦᠷ ᠵᠡᠮ ᠤᠨ ᠠᠶᠤᠯᠭᠦᠢ ᠶᠢᠨ ᠬᠠᠮᠠᠭᠠᠯᠠᠯᠲᠠ ᠶᠢᠨ ᠣᠷᠣᠨ ᠵᠢᠴᠢ ᠲᠡᠭᠦᠨ ᠤ ᠣᠶᠢᠷ᠎ᠠ ᠬᠠᠪᠢ ᠶᠢᠨ ᠣᠷᠣᠨ ᠪᠦᠰᠡ ᠳᠤ ᠪᠠᠶᠢᠭᠤᠯᠤᠭᠰᠠᠨ ᠪᠠᠷᠢᠯᠭ᠎ᠠ᠂ ᠪᠠᠷᠢᠯᠭ᠎ᠠ ᠶᠢᠨ ᠵᠦᠢᠯ᠂ ᠲᠤᠨᠤᠬ ᠲᠥᠬᠦᠭᠡᠷᠦᠮᠵᠢ ᠵᠡᠷᠭᠡ ᠶᠢ ᠤᠯᠤᠰ ᠠᠴᠠ ᠲᠣᠭᠲᠠᠭᠠᠭᠰᠠᠨ ᠲᠡᠮᠦᠷ ᠵᠡᠮ ᠤᠨ ᠪᠠᠷᠢᠯᠭ᠎ᠠ ᠶᠢᠨ ᠬᠢᠵᠠᠭᠠᠷ ᠬᠡᠪᠴᠢᠶᠡᠨ ᠳᠤ ᠣᠷᠣᠭᠤᠯᠵᠤ ᠪᠣᠯᠬᠤ ᠦᠭᠡᠢ᠃            ᠡᠭᠦᠨ ᠤ ᠲᠤᠯᠠ ᠣᠨᠴᠠᠭᠠᠶᠢᠯᠠᠨ ᠵᠠᠷᠯᠠᠪᠠ          ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ                    2024 ᠣᠨ ᠤ 11 ᠳ᠋ᠤᠭᠡᠷ ᠰᠠᠷ᠎ᠠ ᠶᠢᠨ 4 ᠤ ᠡᠳᠦᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1