︽ᠴᠠᠬᠢᠯᠭᠠᠨ ᠱᠠᠲᠤ ᠤᠭᠰᠠᠷᠠᠬᠤ ᠪᠣᠯ ᠰᠠᠶᠢᠨ ᠶᠠᠪᠤᠳᠠᠯ᠂ ᠭᠡᠲᠡᠯ᠎ᠡ ᠴᠠᠬᠢᠯᠭᠠᠨ ᠱᠠᠲᠤ ᠶᠢ ᠠᠵᠢᠯ | ᠡᠬᠢᠯᠡᠭᠦᠯᠦᠨ ᠪᠠᠶᠢᠭᠤᠯᠤᠭᠰᠠᠨ ᠤ ᠳᠠᠷᠠᠭ᠎ᠠ ᠭᠠᠷᠤᠭᠰᠠᠨ ᠬᠤᠭ ᠨᠣᠪᠰᠢ ᠶᠢ ᠬᠡᠷᠬᠢᠨ ᠰᠢᠢᠳᠪᠦᠷᠢᠯᠡᠬᠦ ᠪᠤᠶ︖ | ᠮᠢᠨᠦ ᠰᠠᠨᠠᠭᠤᠯᠭ᠎ᠠ ᠪᠤᠯ ︽ᠬᠤᠭ ᠨᠣᠪᠰᠢ ᠶᠢ ᠰᠠᠶᠢᠲᠤᠷ ᠰᠢᠢᠳᠪᠦᠷᠢᠯᠡᠶ᠎ᠡ ᠭᠡᠪᠡᠯ᠂ ᠪᠠᠷᠢᠯᠭ᠎ᠠ ᠶᠢᠨ ᠠᠵᠢᠯ ᠤᠨ | ᠶᠠᠪᠤᠴᠠ ᠳᠠᠬᠢ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠥᠮᠴᠢᠲᠡᠨ ᠳᠤ ᠪᠠᠷᠢᠯᠭ᠎ᠠ ᠶᠢᠨ ᠠᠵᠢᠯ ᠤᠨ | ᠶᠠᠪᠤᠴᠠ ᠳᠠᠬᠢ ᠪᠤᠶ ᠪᠦᠬᠦᠢ ᠤᠴᠢᠷ ᠶᠠᠪᠤᠳᠠᠯ ᠢ ᠲᠣᠳᠣᠷᠬᠠᠢ ᠣᠶᠢᠯᠠᠭᠠᠭᠤᠯᠵᠤ᠂ ᠬᠠᠮᠢᠶᠠᠷᠤᠯᠲᠠ ᠶᠢ ᠵᠢᠷᠤᠮᠵᠢᠭᠤᠯᠬᠤ | ᠬᠡᠷᠡᠭᠲᠡᠢ︾ ᠭᠡᠵᠦ ᠱᠠᠨ ᠰᠢ ᠮᠤᠵᠢ ᠶᠢᠨ ᠲᠠᠶᠢᠶᠤᠸᠠᠨ ᠬᠤᠲᠠ ᠶᠢᠨ ᠰᠢᠶᠣᠣ ᠳ᠋ᠢᠶᠠᠨ ᠲᠣᠭᠤᠷᠢᠭ ᠤᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠨᠢᠩ ᠬᠤᠢ ᠴᠢᠩ ᠬᠡᠯᠡᠵᠡᠢ᠃ | ︽ᠪᠠᠷᠢᠯᠭ᠎ᠠ ᠶᠢᠨ ᠶᠠᠪᠤᠴᠠ ᠳᠤ ᠡᠭᠦᠰᠦᠭᠰᠡᠨ ᠬᠤᠭ ᠨᠣᠪᠰᠢ ᠣᠷᠴᠢᠨ ᠲᠣᠭᠤᠷᠢᠨ ᠢ ᠨᠥᠯᠥᠭᠡᠯᠡᠬᠦ ᠵᠡᠷᠭᠡ | ᠠᠰᠠᠭᠤᠳᠠᠯ ᠢ ᠪᠢᠳᠡ ᠢᠯᠡᠭᠦᠬᠡᠨ ᠠᠩᠬᠠᠷᠴᠤ᠂ ᠴᠠᠭ ᠲᠤᠬᠠᠢ ᠳᠤᠨᠢ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠨ᠎ᠠ | ᠂ ᠣᠯᠠᠨ ᠢᠶᠠᠷ ᠢᠶᠠᠨ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ︕︾ ᠭᠡᠵᠦ ᠴᠠᠬᠢᠯᠭᠠᠨ ᠱᠠᠲᠤ ᠨᠡᠮᠡᠵᠦ | ᠤᠭᠰᠠᠷᠠᠬᠤ ᠪᠠᠷᠢᠯᠭ᠎ᠠ ᠶᠢᠨ ᠨᠢᠭᠡᠴᠢ ᠶᠢᠨ ᠬᠠᠷᠢᠭᠤᠴᠠᠯᠭᠠᠲᠠᠨ ᠬᠠᠷᠢᠭᠤᠯᠳᠠᠭ ᠦᠭᠴᠡᠢ᠃ | ᠦᠳᠡ ᠶᠢᠨ ᠬᠤᠶᠢᠨᠠᠬᠢ 3 ᠴᠠᠭ ᠲᠤ᠂ ᠲᠠᠶᠢᠶᠤᠸᠠᠨ ᠬᠤᠲᠠ ᠶᠢᠨ ᠨᠢᠭᠡᠨ ᠬᠤᠳᠠᠯᠳᠤᠭᠠᠨ ᠤ ᠲᠣᠭᠤᠷᠢᠭ ᠤᠨ | ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠤᠷᠠᠯ ᠤᠨ ᠭᠡᠷ ᠲᠤ᠂ ᠲᠠᠶᠢᠶᠤᠸᠠᠨ ᠬᠤᠲᠠ ᠵᠢᠴᠢ ᠰᠢᠶᠣᠣ | ᠳ᠋ᠢᠶᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠸᠧᠨ ᠬᠤᠸᠠ ᠶᠤᠸᠠᠨ | ᠲᠣᠭᠤᠷᠢᠭ ᠤᠨ ᠰᠠᠭᠤᠭᠠᠯᠢ ᠠᠷᠠᠳ ᠤᠨ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠺᠠᠳ᠋ᠷ᠂ ᠠᠳᠠᠯ ᠠᠬᠤᠢ ᠵᠢᠴᠢ | ᠠᠵᠤ ᠠᠬᠤᠶᠢᠯᠠᠯ ᠤᠨ ᠲᠥᠯᠥᠭᠡᠯᠡᠭᠴᠢᠳ ᠲᠤᠰᠬᠠᠢ ᠰᠡᠳᠦᠪᠲᠦ ᠵᠦᠪᠳᠡᠯᠴᠡᠭᠡᠷ ᠤᠨ ᠬᠤᠷᠡᠯ ᠬᠤᠷᠠᠯᠳᠤᠭᠤᠯᠵᠠᠢ᠃ | ᠤᠤᠯ ᠨᠢ ᠸᠧᠨ ᠬᠤᠸᠠ ᠶᠤᠸᠠᠨ ᠰᠠᠭᠤᠭᠠᠯᠢ ᠠᠷᠠᠳ ᠤᠨ ᠲᠣᠭᠤᠷᠢᠭ ᠪᠤᠯ ᠪᠠᠶᠢᠭᠤᠯᠤᠭᠰᠠᠨ ᠣᠨ ᠵᠢᠯ ᠨᠢ | ᠣᠷᠳᠣ᠂ ᠰᠠᠭᠤᠷᠢ ᠲᠥᠬᠦᠭᠡᠷᠦᠮᠵᠢ ᠨᠢ ᠬᠠᠭᠤᠴᠢᠷᠠᠭᠰᠠᠨ᠂ ᠨᠡᠶᠢᠲᠡᠯᠢᠭ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠶᠤᠮ᠃ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠳᠣᠲᠣᠷ᠎ᠠ 65 ᠨᠠᠰᠤᠨ | ᠠᠴᠠ ᠳᠡᠭᠡᠭᠰᠢᠬᠢ ᠨᠠᠰᠤᠲᠠᠶᠢᠴᠤᠳ ᠤᠨ ᠡᠵᠡᠯᠡᠬᠦ ᠬᠠᠷᠢᠴᠠᠯ ᠨᠢ 57% ᠳᠤ ᠬᠦᠷᠴᠦ᠂ ᠣᠯᠠᠩᠬᠢ ᠥᠮᠴᠢᠲᠡᠨ ᠤ | ᠴᠠᠬᠢᠯᠭᠠᠨ ᠱᠠᠲᠤ ᠨᠡᠮᠡᠵᠦ ᠤᠭᠰᠠᠷᠠᠬᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠬᠦᠰᠡᠯ | ᠱᠠᠭᠠᠷᠳᠠᠯᠭ᠎ᠠ ᠨᠢ ᠮᠠᠰᠢ ᠥᠨᠳᠥᠷ ᠪᠠᠶᠢᠨ᠎ᠠ᠃ 2023 ᠣᠨ ᠳᠤ᠂ ᠸᠧᠨ ᠬᠤᠸᠠ ᠶᠤᠸᠠᠨ ᠰᠠᠭᠤᠭᠠᠯᠢ ᠠᠷᠠᠳ ᠤᠨ | ᠲᠣᠭᠤᠷᠢᠭ ᠲᠤ ᠲᠠᠪᠤᠳᠤᠭᠠᠷ ᠬᠤᠭᠤᠴᠠᠭᠠᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ | ᠥᠭᠡᠷᠡᠴᠢᠯᠡᠯᠲᠡ ᠶᠢᠨ ᠠᠵᠢᠯ ᠢ ᠡᠬᠢᠯᠡᠭᠦᠯᠵᠦ᠂ ᠴᠠᠬᠢᠯᠭᠠᠨ ᠱᠠᠲᠤ ᠨᠡᠮᠡᠵᠦ ᠤᠭᠰᠠᠷᠠᠬᠤ ᠠᠵᠢᠯ ᠢ ᠵᠡᠷᠭᠡᠪᠡᠷ ᠵᠣᠬᠢᠶᠠᠨ | ᠪᠠᠶᠢᠭᠤᠯᠵᠤ ᠶᠠᠪᠤᠭᠳᠠᠭᠤᠯᠵᠠᠢ᠃ ᠣᠲᠣ ᠪᠣᠯᠲᠠᠯ᠎ᠠ᠂ ᠸᠧᠨ ᠬᠤᠸᠠ ᠶᠤᠸᠠᠨ ᠲᠣᠭᠤᠷᠢᠭ ᠲᠤ ᠨᠢᠭᠡᠨᠲᠡ 47 | ᠴᠠᠬᠢᠯᠭᠠᠨ ᠱᠠᠲᠤ ᠶᠢ ᠨᠡᠮᠡᠨ ᠤᠭᠰᠠᠷᠠᠵᠤ᠂ ᠰᠢᠯᠭᠠᠨ ᠠᠪᠤᠭᠰᠠᠨ ᠤ ᠳᠠᠷᠠᠭ᠎ᠠ ᠠᠰᠢᠭᠯᠠᠯᠲᠠ ᠳᠤ ᠣᠷᠣᠭᠤᠯᠬᠤ ᠪᠠᠷ | ᠪᠠᠶᠢᠨ᠎ᠠ᠃ | ᠡᠮᠦᠨ᠎ᠡ ᠬᠡᠰᠡᠭ ᠬᠤᠭᠤᠴᠠᠭᠠᠨ ᠳᠤ᠂ ᠰᠢᠶᠣᠣ ᠳ᠋ᠢᠶᠠᠨ ᠲᠣᠭᠤᠷᠢᠭ ᠤᠨ ᠫᠢᠩ ᠶᠠᠩ ᠵᠠᠮ ᠤᠨ ᠵᠡᠭᠡᠯᠢ ᠭᠤᠳᠤᠮᠵᠢ ᠶᠢᠨ | ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠤᠯᠪᠣᠭ᠎ᠠ ᠠᠪᠬᠤ ᠳᠤᠭᠤᠶᠢᠯᠠᠩ 20 ᠭᠠᠷᠤᠢ ᠬᠤᠳᠠ᠂ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠤᠨ ᠸᠧᠨ ᠬᠤᠸᠠ ᠶᠤᠸᠠᠨ | ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠲᠤᠬᠠᠢ ᠶᠢᠨ ᠲᠠᠯᠠᠪᠤᠷ ᠲᠤ ᠴᠠᠬᠢᠯᠭᠠᠨ ᠱᠠᠲᠤ ᠶᠢ ᠨᠡᠮᠡᠵᠦ | ᠤᠭᠰᠠᠷᠠᠭᠰᠠᠨ ᠪᠠᠶᠢᠳᠠᠯ ᠪᠣᠯᠣᠨ ᠤᠳᠤ ᠶᠢᠨ ᠴᠠᠬᠢᠯᠭᠠᠨ ᠱᠠᠲᠤ ᠶᠢᠨ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ | ᠣᠶᠢᠯᠠᠭᠠᠵᠤ᠂ ᠰᠠᠭᠤᠭᠠᠯᠢ ᠠᠷᠠᠳ᠂ ᠪᠠᠷᠢᠯᠭ᠎ᠠ ᠶᠢᠨ ᠠᠵᠢᠯᠲᠠᠳ ᠲᠠᠢ ᠨᠢᠭᠤᠷᠳᠠᠨ ᠶᠠᠷᠢᠯᠴᠠᠵᠤ᠂ ᠪᠠᠶᠢᠴᠠᠭᠠᠨ | ᠰᠤᠳᠤᠯᠤᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠵᠤ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ | ᠣᠶᠢᠯᠠᠭᠠᠪᠠ᠃ | ᠡᠨᠡ ᠤᠳᠠᠭ᠎ᠠ ᠶᠢᠨ ᠲᠤᠰᠬᠠᠢ ᠰᠡᠳᠦᠪᠲᠦ ᠵᠥᠪᠯᠡᠬᠦ ᠬᠤᠷᠠᠯ ᠪᠣᠯ ᠳᠠᠷᠤᠢ ᠡᠮᠦᠨᠡᠬᠢ ᠬᠤᠭᠤᠴᠠᠭᠠᠨ ᠤ ᠪᠠᠶᠢᠴᠠᠭᠠᠨ | ᠰᠤᠳᠤᠯᠤᠯᠲᠠ ᠶᠢᠨ ᠦᠷ᠎ᠡ ᠳ᠋ᠦᠩ ᠢ ᠦᠨᠳᠦᠰᠦᠯᠡᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢᠨ ᠲᠥᠯᠥᠭᠡ | ᠬᠤᠷᠠᠯᠳᠤᠭᠤᠯᠤᠭᠰᠠᠨ ᠶᠤᠮ᠃ ᠰᠠᠭᠤᠭᠠᠯᠢ ᠠᠷᠠᠳ ᠤᠨ ᠲᠣᠭᠤᠷᠢᠭ ᠲᠤ ᠴᠠᠬᠢᠯᠭᠠᠨ ᠱᠠᠲᠤ ᠶᠢ ᠬᠡᠷᠬᠢᠨ ᠤᠭᠰᠠᠷᠠᠬᠤ᠂ | ᠬᠡᠨ ᠬᠠᠮᠢᠶᠠᠷᠬᠤ᠂ ᠠᠮᠤᠷ ᠲᠦᠪᠰᠢᠨ ᠡᠰᠡᠬᠦ ᠵᠡᠷᠭᠡ ᠨᠢ ᠴᠥᠮ ᠰᠠᠭᠤᠭᠠᠯᠢ ᠠᠷᠠᠳ ᠤᠨ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠪᠣᠯᠣᠨ᠎ᠠ᠃ | ︽ᠬᠡᠷᠪᠡ ᠴᠠᠬᠢᠯᠭᠠᠨ ᠱᠠᠲᠤ ᠶᠢ ᠨᠡᠯᠢᠶᠡᠳ ᠤᠷᠲᠤ ᠬᠤᠭᠤᠴᠠᠭ᠎ᠠ ᠬᠡᠷᠡᠭᠯᠡᠭᠰᠡᠨ ᠤ ᠳᠠᠷᠠᠭ᠎ᠠ ᠰᠡᠯᠪᠢᠨ ᠵᠠᠰᠠᠬᠤ | ᠴᠢᠬᠤᠯᠠ ᠲᠠᠢ ᠪᠣᠯ ᠵᠠᠷᠤᠳᠠᠯ ᠢ ᠨᠢ ᠶᠠᠭᠠᠬᠢᠵᠤ ᠡᠭᠦᠷᠭᠡᠯᠡᠬᠦ ᠪᠣᠢ︖ ᠣᠳᠣᠬᠠᠨ ᠳᠤ ᠴᠠᠬᠢᠯᠭᠠᠨ ᠱᠠᠲᠤ ᠶᠢ | ᠪᠠᠷᠢᠯᠭ᠎ᠠ ᠶᠢᠨ ᠲᠠᠯ᠎ᠠ ᠠᠴᠠ ᠬᠠᠮᠢᠶᠠᠷᠴᠤ ᠪᠠᠶᠢᠬᠤ ᠶᠤᠮ ᠦᠦ︖ ᠡᠰᠡᠬᠦᠯ᠎ᠡ ᠰᠠᠭᠤᠭᠠᠯᠢ ᠠᠷᠠᠳ ᠤᠨ ᠲᠣᠭᠤᠷᠢᠭ ᠤᠨ | ᠠᠳᠠᠯ ᠠᠬᠤᠢ ᠠᠴᠠ ᠬᠠᠮᠢᠶᠠᠷᠴᠤ ᠪᠠᠶᠢᠬᠤ ᠶᠤᠮ ᠦᠦ︖︾ ᠭᠡᠵᠦ ᠰᠠᠭᠤᠭᠠᠯᠢ ᠠᠷᠠᠳ ᠤᠨ ᠲᠥᠯᠥᠭᠡᠯᠡᠭᠴᠢ ᠵᠤᠤ | ᠵᠢᠶᠠᠨ ᠯᠢ ᠰᠠᠭᠤᠭᠠᠯᠢ ᠠᠷᠠᠳ ᠤᠨ ᠰᠠᠨᠠᠭᠠᠰᠢᠷᠠᠯ ᠢ ᠬᠡᠯᠡᠵᠦ ᠭᠠᠷᠭᠠᠪᠠ᠃ | ᠠᠳᠠᠯᠢ ᠪᠤᠰᠤ ᠨᠢᠭᠡᠴᠢ ᠠᠴᠠ ᠢᠷᠡᠭᠰᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠴᠠᠬᠢᠯᠭᠠᠨ | ᠱᠠᠲᠤ ᠶᠢᠨ ᠪᠠᠷᠢᠯᠭ᠎ᠠ ᠶᠢᠨ ᠠᠮᠤᠷ ᠲᠦᠪᠰᠢᠨ᠂ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠯᠲᠠ | ᠵᠡᠷᠭᠡ ᠶᠢᠨ ᠲᠣᠭᠤᠷᠢᠨ ᠳᠤ ᠰᠠᠨᠠᠭᠤᠯᠭ᠎ᠠ ᠳᠤᠷᠠᠳᠴᠤ᠂ ᠪᠠᠷᠢᠯᠭ᠎ᠠ ᠶᠢᠨ ᠲᠠᠯ᠎ᠠ ᠪᠠ ᠠᠳᠠᠯ ᠠᠬᠤᠢ ᠶᠢᠨ ᠺᠣᠮᠫᠠᠨᠢ ᠶᠢᠨ | ᠰᠠᠨᠠᠯ ᠢ ᠰᠣᠨᠣᠰᠴᠤ᠂ ᠨᠠᠷᠢᠨ ᠨᠢᠮᠪᠠᠢ ᠲᠡᠮᠳᠡᠭᠯᠡᠪᠡ᠃ | ︽ᠴᠠᠬᠢᠯᠭᠠᠨ ᠱᠠᠲᠤ ᠶᠢᠨ ᠰᠡᠯᠪᠢᠨ ᠵᠠᠰᠠᠵᠤ ᠠᠷᠠᠴᠢᠯᠠᠬᠤ ᠠᠵᠢᠯ ᠢ ᠣᠳᠣᠬᠠᠨ ᠳᠤ ᠴᠠᠬᠢᠯᠭᠠᠨ ᠱᠠᠲᠤ ᠶᠢᠨ | ᠦᠢᠯᠡᠳᠪᠦᠷᠢ ᠠᠴᠠ ᠬᠠᠷᠢᠭᠤᠴᠠᠵᠤ ᠪᠠᠶᠢᠨ᠎ᠠ᠂ ᠪᠢᠳᠡ ᠲᠡᠭᠦᠨ ᠲᠠᠢ ᠢᠮᠠᠭᠲᠠ ᠬᠠᠷᠢᠯᠴᠠᠵᠤ ᠪᠠᠶᠢᠭ᠎ᠠ ᠪᠣᠯᠬᠤᠷ | ᠴᠠᠬᠢᠯᠭᠠᠨ ᠱᠠᠲᠤ ᠶᠢ ᠬᠠᠮᠢᠶᠠᠷᠬᠤ ᠬᠥᠮᠥᠨ ᠦᠭᠡᠢ ᠪᠠᠶᠢᠳᠠᠯ ᠶᠠᠭᠠᠬᠢᠭᠰᠠᠨ ᠴᠤ ᠭᠠᠷᠬᠤ ᠦᠭᠡᠢ ᠶᠤᠮ︾ ᠭᠡᠵᠦ | ᠪᠠᠷᠢᠯᠭ᠎ᠠ ᠶᠢᠨ ᠨᠢᠭᠡᠴᠢ ᠶᠢᠨ ᠬᠠᠷᠢᠭᠤᠴᠠᠯᠭᠠᠲᠠᠨ ᠬᠡᠯᠡᠪᠡ᠃ | ᠬᠡᠳᠦᠨ ᠡᠭᠡᠯᠵᠢ ᠶᠢᠨ ᠶᠠᠷᠢᠯᠴᠠᠭ᠎ᠠ ᠶᠢᠨ ᠲᠠᠷᠠᠭ᠎ᠠ᠂ ᠰᠠᠭᠤᠭᠠᠯᠢ ᠠᠷᠠᠳ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ᠂ ᠰᠢᠢᠳᠪᠦᠷᠢᠯᠡᠬᠦ ᠰᠡᠳᠬᠢᠴᠡ ᠪᠣᠯᠣᠨ ᠲᠥᠰᠥᠯ ᠤᠨ ᠲᠤᠬᠠᠢ ᠠᠯᠬᠤᠮ ᠠᠯᠬᠤᠮ ᠢᠶᠠᠷ ᠲᠣᠳᠣᠷᠬᠠᠢ | ᠪᠤᠯᠵᠠᠢ᠂ ᠰᠢᠶᠣᠣ ᠳ᠋ᠢᠶᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯᠲᠠᠳ ︽ᠬᠠᠭᠤᠴᠢᠨ | ᠰᠠᠭᠤᠭᠠᠯᠢ ᠠᠷᠠᠳ ᠤᠨ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ︾ ᠲᠤᠰᠬᠠᠢ ᠰᠡᠳᠦᠪᠲᠦ ᠵᠥᠪᠳᠡᠯᠴᠡᠨ | ᠲᠣᠭᠲᠠᠭᠠᠭᠰᠠᠨ ᠬᠦᠰᠦᠨᠦᠭᠲᠦ ᠶᠢ ᠰᠠᠭᠤᠭᠠᠯᠢ ᠠᠷᠠᠳ ᠪᠣᠯᠣᠨ ᠡᠯ᠎ᠡ ᠨᠢᠭᠡᠴᠢ ᠶᠢᠨ ᠲᠥᠯᠥᠭᠡᠯᠡᠭᠴᠢᠳ ᠲᠤ | ᠲᠠᠷᠬᠠᠭᠠᠪᠠ᠃ ᠲᠤᠰᠬᠠᠢ ᠰᠡᠳᠦᠪᠲᠦ ᠵᠥᠪᠯᠡᠬᠦ ᠬᠤᠷᠠᠯ ᠤᠨ ᠶᠠᠷᠢᠯᠴᠠᠵᠤ ᠲᠤᠭᠳᠠᠭᠠᠭᠰᠠᠨ ᠦᠷ᠎ᠡ ᠳ᠋ᠦᠩ ᠢ | ᠦᠨᠳᠦᠰᠦᠯᠡᠨ᠂ ᠡᠯ᠎ᠡ ᠲᠠᠯ᠎ᠠ ᠶᠢᠨ ᠬᠢᠨ ᠭᠠᠷ ᠤᠨ ᠦᠰᠦᠭ ᠵᠢᠷᠤᠵᠤ ᠨᠤᠲᠠᠯᠠᠬᠤ ᠶᠢᠨ ᠬᠠᠮᠲᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠥᠪᠳᠡᠯᠴᠡᠭᠰᠡᠨ ᠦᠷ᠎ᠡ ᠪᠦᠲᠦᠭᠡᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠰᠢᠮᠳᠠᠭᠤᠯᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠬᠦ ᠶᠢ ᠪᠡᠶᠡᠯᠡᠭᠦᠯᠪᠡ᠃ | ︽ᠤᠯᠤᠰ ᠲᠥᠷᠥ ᠶᠢᠨ ᠵᠥᠪᠯᠡᠯᠭᠡᠨ ᠤ ︿ᠤᠴᠢᠷ ᠲᠠᠢ ᠪᠣᠯ ᠵᠥᠪᠳᠡᠯᠴᠡᠬᠦ﹀ ᠲᠠᠪᠴᠠᠩ ᠢᠶᠠᠷ ᠳᠠᠮᠵᠢᠭᠤᠯᠤᠨ | ᠡᠯ᠎ᠡ ᠲᠠᠯ᠎ᠠ ᠶᠢᠨ ᠬᠢᠨ ᠢ ᠬᠠᠮᠳᠦ ᠪᠠᠷ ᠵᠦᠪᠳᠡᠯᠴᠡᠭᠰᠡᠨ ᠨᠢ ᠡᠮᠦᠨᠡᠬᠢ ᠬᠤᠭᠤᠴᠠᠭᠠᠨ ᠤ ᠵᠢᠷᠤᠭ ᠲᠥᠯᠥᠪᠯᠡᠭᠡ ᠪᠣᠯᠣᠨ | ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢᠨ ᠬᠤᠭᠤᠷᠣᠨᠳᠤ | ᠣᠷᠣᠰᠢᠵᠤ ᠪᠠᠶᠢᠭ᠎ᠠ ᠵᠣᠬᠢᠴᠠᠯᠳᠤᠬᠤ ᠦᠭᠡᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ ᠶᠤᠮ︾᠃ | ︽ ᠨᠡᠪᠲᠡᠷᠡᠯᠴᠡᠭᠡ ᠰᠠᠨᠠᠯ ᠰᠤᠯᠢᠯᠴᠠᠭ᠎ᠠ ᠶᠢ ᠠᠬᠢᠭᠤᠯᠤᠭᠰᠠᠨ ᠠᠴᠠ ᠰᠠᠭᠤᠭᠠᠯᠢ ᠠᠷᠠᠳ ᠤᠨ ᠴᠠᠬᠢᠯᠭᠠᠨ ᠱᠠᠲᠤ | ᠨᠡᠮᠡᠵᠦ ᠤᠭᠰᠠᠷᠠᠬᠤ ᠳᠤ ᠣᠷᠣᠯᠴᠠᠬᠤ ᠤᠷᠮ᠎ᠠ ᠰᠡᠳᠬᠢᠯᠭᠡ ᠶᠢ ᠬᠦᠭᠵᠢᠭᠡᠵᠦ᠂ ᠴᠠᠬᠢᠯᠭᠠᠨ ᠱᠠᠲᠤ ᠨᠡᠮᠡᠵᠦ | ᠤᠭᠰᠠᠷᠠᠬᠤ ᠦᠶ᠎ᠡ ᠶᠢᠨ ᠵᠥᠷᠢᠴᠡᠯ ᠢ ᠪᠠᠭᠠᠰᠬᠠᠬᠤ ᠳᠤ ᠠᠰᠢᠭᠲᠠᠢ ᠪᠣᠯᠵᠠᠢ︾ ᠭᠡᠵᠦ ᠰᠢᠶᠣᠣ ᠳ᠋ᠢᠶᠠᠨ | ᠲᠣᠭᠤᠷᠢᠭ ᠤᠨ ᠫᠢᠩ ᠶᠠᠩ ᠵᠡᠭᠡᠯᠢ ᠶᠢᠨ ᠸᠧᠨ ᠬᠤᠸᠠ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠠᠩ ᠰᠢᠨ ᠬᠡᠯᠡᠪᠡ᠃ | ᠬᠠᠭᠤᠴᠢᠨ ᠰᠠᠭᠤᠭᠠᠯᠢ ᠠᠷᠠᠳ ᠤᠨ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠪᠣᠯ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠮᠥᠨ᠂ ᠪᠠᠰᠠ ᠴᠤ ︽ᠤᠴᠢᠷ ᠲᠠᠢ ᠪᠣᠯ ᠵᠥᠪᠳᠡᠯᠴᠡᠬᠦ︾ | ᠵᠥᠪᠳᠡᠯᠴᠡᠭᠡᠨ ᠤ ᠲᠠᠪᠴᠠᠩ ᠤᠨ ᠦᠨᠳᠦᠰᠦᠨ ᠱᠠᠲᠤᠨ ᠤ ᠵᠠᠰᠠᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ | ᠪᠠᠶᠢᠭ᠎ᠠ ᠶᠢᠨ ᠢᠯᠡᠷᠡᠯ ᠮᠥᠨ᠃ | ᠲᠠᠶᠢᠶᠤᠸᠠᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠰᠢᠶᠠᠨ᠂ ᠰᠢᠶᠠᠩ᠂ ᠭᠠᠴᠠᠭ᠎ᠠ ᠭᠤᠷᠪᠠᠨ | ᠱᠠᠲᠤᠨ ᠤ ᠵᠥᠪᠳᠡᠯᠴᠡᠭᠡᠨ ᠤ ᠲᠠᠪᠴᠠᠩ ᠢ ᠦᠷᠭᠦᠯᠵᠢᠯᠡᠨ 316 ᠪᠠᠶᠢᠭᠤᠯᠵᠤ᠂ ︽ᠤᠴᠢᠷ ᠲᠠᠢ ᠪᠣᠯ ᠵᠥᠪᠳᠡᠯᠴᠡᠬᠦ︾ | ᠦᠨᠳᠦᠰᠦᠨ ᠱᠠᠲᠤᠨ ᠤ ᠵᠥᠪᠳᠡᠯᠴᠡᠭᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ 107 ᠤᠯᠤᠰ | ᠲᠦᠷᠦ ᠶᠢᠨ ᠵᠥᠪᠯᠡᠯᠭᠡᠨ ᠤ ᠠᠵᠢᠯ ᠤᠨ ᠬᠤᠯᠪᠣᠭ᠎ᠠ ᠠᠪᠬᠤ ᠳᠤᠭᠤᠶᠢᠯᠠᠩ ᠢ ᠪᠠᠶᠢᠭᠤᠯᠵᠤ᠂ 142 ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠬᠤ ᠲᠠᠰᠤᠭ ᠢ ᠰᠦᠪᠡᠭᠴᠢᠯᠡᠨ ᠪᠠᠶᠢᠭᠤᠯᠪᠠ᠃ 2023 ᠣᠨ ᠤ | ᠡᠴᠦᠰ ᠪᠣᠯᠲᠠᠯ᠎ᠠ᠂ ᠲᠣᠰᠬᠤᠨ ᠳᠤ ᠤᠷᠤᠭᠤᠯᠬᠤ᠂ ᠨᠡᠶᠢᠭᠡᠮ ᠲᠣᠭᠤᠷᠢᠭ ᠲᠤ ᠤᠷᠤᠭᠤᠯᠬᠤ ᠵᠥᠪᠳᠡᠯᠴᠡᠭᠡᠨ ᠤ | ᠠᠵᠢᠯᠯᠠᠭ᠎ᠠ ᠶᠢ ᠨᠡᠶᠢᠳᠡ 648 ᠤᠳᠠᠭ᠎ᠠ ᠥᠷᠨᠢᠭᠦᠯᠵᠦ᠂ ᠤᠯᠠᠨ ᠲᠦᠮᠡᠨ ᠤ ᠪᠣᠳᠠᠲᠠᠢ ᠠᠰᠠᠭᠤᠳᠠᠯ ᠢ 466 | ᠬᠤᠪᠢ ᠰᠢᠢᠳᠪᠦᠷᠢᠯᠡᠪᠡ᠃ | ᠢᠷᠡᠯᠲᠡ᠄ ᠠᠷᠠᠳ ᠤᠨ ᠡᠳᠦᠷ ᠤᠨ ᠰᠣᠨᠢᠨ | |