ᠤᠶᠤᠲᠠᠳ ᠤᠨ ᠡᠨᠡ ᠶᠡᠭᠡ ᠤᠷᠤᠯᠳᠤᠭᠠᠨ ᠲᠠᠨ ᠢ  ᠬᠦᠯᠢᠶᠡᠵᠦ ᠪᠠᠶᠢᠨ᠎ᠠ
ᠨᠡᠶᠢᠲᠡᠯᠡᠭᠰᠡᠨ ᠴᠠᠭ᠄
2024/11/19
      ᠦᠴᠦᠭᠡᠳᠤᠷᠬᠡᠨ᠂ ᠰᠤᠷᠭᠠᠨ ᠬᠥᠮᠦᠵᠢᠯ ᠤᠨ ᠶᠠᠮᠤᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠣᠶᠤᠲᠠᠳ ᠤᠨ ᠠᠵᠢᠯ ᠮᠡᠷᠭᠡᠵᠢᠯ ᠤᠨ ᠲᠥᠯᠦᠪᠵᠢᠭᠦᠯᠭᠡ ᠶᠢᠨ ᠤᠷᠤᠯᠳᠤᠭᠠᠨ ᠢ ᠡᠬᠢᠯᠡᠭᠦᠯᠪᠡ᠂ ᠤᠷᠤᠯᠳᠤᠭᠠᠨ ᠨᠢ ︽ᠬᠦᠰᠡᠯ ᠵᠡᠭᠦᠳᠦ ᠪᠠᠨ ᠲᠡᠷᠭᠡᠯᠰᠢᠭᠦᠯᠦᠨ ᠵᠠᠯᠠᠭᠤ ᠨᠠᠰᠤᠨ ᠤ ᠴᠠᠭ ᠵᠣᠷᠢᠭ ᠢ ᠳᠥᠷᠪᠡᠨ ᠵᠦᠭ ᠲᠤ ᠰᠠᠴᠠᠷᠠᠭᠤᠯᠵᠦ᠂ ᠲᠥᠯᠦᠪᠵᠢᠭᠦᠯᠭᠡ ᠪᠠᠷ ᠠᠶᠠᠯᠠᠯ ᠢᠶᠠᠨ ᠡᠬᠢᠯᠡᠭᠦᠯᠵᠦ ᠠᠵᠢᠯ ᠢᠶᠠᠷ ᠢᠷᠡᠭᠡᠳᠦᠢ  ᠪᠠᠨ ᠬᠥᠲᠥᠯᠬᠦ︾ ᠪᠠᠷ ᠭᠤᠣᠯ ᠰᠡᠳᠦᠪ ᠪᠣᠯᠭᠠᠵᠤ᠂ ᠠᠮᠢᠳᠤᠷᠠᠯ ᠤᠨ ᠰᠤᠷᠭᠠᠨ ᠬᠥᠮᠦᠵᠢᠯ ᠢ ᠴᠢᠩᠭᠠᠳᠬᠠᠬᠤ ᠲᠣᠮᠣ ᠬᠢᠴᠢᠶᠡᠯ ᠤᠨ ᠲᠠᠩᠬᠢᠮ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠮᠣ ᠲᠠᠪᠴᠠᠩ᠂ ᠲᠡᠭᠦᠰᠬᠦ ᠰᠤᠷᠤᠭᠴᠢᠳ ᠤᠨ ᠠᠵᠢᠯ ᠣᠯᠭᠤᠯᠲᠠ ᠳᠤ ᠦᠢᠯᠡᠴᠢᠯᠡᠬᠦ ᠲᠣᠮᠣ ᠵᠠᠬ᠎ᠠ ᠳᠡᠯᠭᠡᠭᠦᠷ ᠢ ᠪᠣᠶ ᠪᠣᠯᠭᠠᠬᠤ ᠪᠠᠷ ᠵᠣᠷᠢᠯᠭ᠎ᠠ ᠪᠠᠨ ᠪᠣᠯᠭᠠᠵᠠᠢ᠃ᠬᠤᠶᠠᠳᠤᠭᠠᠷ ᠬᠤᠭᠤᠴᠠᠭᠠᠨ ᠤ ᠶᠡᠭᠡ ᠤᠷᠤᠯᠳᠤᠭᠠᠨ ᠳᠤ ᠪᠦᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠨ ᠦᠰᠦᠨ ᠪᠣᠶᠢᠵᠢᠬᠤ ᠤᠷᠤᠯᠳᠤᠭᠠᠨ ᠤ ᠵᠠᠮ᠂ ᠠᠵᠢᠯ ᠣᠯᠭᠤᠬᠤ ᠤᠷᠤᠯᠳᠤᠭᠠᠨ ᠤ ᠵᠠᠮ ᠭᠠᠷᠭᠠᠵᠠᠢ᠃ᠤᠷᠤᠯᠳᠤᠭᠠᠨ  ᠨᠢ 2024 ᠣᠨ ᠤ 10 ᠰᠠᠷ᠎ᠠ ᠶᠢᠨ 22 ᠤᠨ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ᠂ ᠤᠷᠤᠯᠳᠤᠭᠠᠨ ᠳᠤ ᠣᠷᠣᠯᠴᠠᠬᠤ ᠰᠤᠷᠤᠭᠴᠢᠳ ᠪᠥᠬᠦ ᠤᠯᠤᠰ ᠤᠨ ᠣᠶᠤᠲᠠᠳ ᠤᠨ ᠠᠵᠢᠯ ᠮᠡᠷᠭᠡᠵᠢᠯ ᠤᠨ ᠲᠥᠯᠦᠪᠵᠢᠭᠦᠯᠭᠡ ᠶᠢᠨ ᠤᠷᠤᠯᠳᠤᠭᠠᠨ ᠤ ᠲᠠᠪᠴᠠᠩ ᠢᠶᠠᠷ ᠨᠡᠷ᠎ᠡ ᠮᠡᠳᠡᠭᠦᠯᠵᠦ ᠪᠣᠯᠣᠨ᠎ᠠ᠂ ᠨᠡᠷ᠎ᠡ ᠮᠡᠳᠡᠭᠦᠯᠬᠦ ᠲᠡᠭᠦᠰᠭᠡᠯ ᠴᠠᠭ ᠢ ᠡᠯ᠎ᠡ ᠭᠠᠵᠠᠷ ᠤᠨ ᠬᠢᠨ ᠮᠤᠵᠢ ᠶᠢᠨ ᠤᠷᠤᠯᠳᠤᠭᠠᠨ ᠤ ᠲᠣᠬᠢᠷᠠᠭᠤᠯᠤᠯᠲᠠ ᠶᠢ ᠦᠨᠳᠦᠰᠦᠯᠡᠨ ᠲᠣᠭᠲᠠᠭᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1