ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠨᠢ ᠣᠯᠠᠨ ᠲᠦᠮᠡᠨ ᠤ ᠠᠮᠢᠳᠤᠷᠠᠯ ᠤᠨ ᠴᠢᠨᠠᠷ | ᠴᠢᠨᠰᠠᠭ᠎ᠠ ᠂ ᠬᠤᠲᠠ ᠶᠢᠨ ᠠᠮᠤᠷ ᠲᠦᠪᠰᠢᠨ ᠠᠵᠢᠯᠯᠠᠭᠠᠨ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ | ᠬᠤᠯᠪᠤᠭᠳᠠᠨ᠎ᠠ᠃ ᠣᠶᠢᠷ᠎ᠠ ᠶᠢᠨ ᠵᠢᠯ ᠤᠳ ᠲᠤ᠂ ᠵᠢᠶᠠᠩᠰᠤ ᠮᠤᠵᠢ ᠶᠢᠨ ᠨᠠᠨ ᠲᠦᠩ ᠬᠤᠲᠠ ᠨᠡᠶᠢᠭᠡᠮ | ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠤᠷᠰᠢᠶ᠎ᠠ ᠪᠠᠶᠢᠭᠤᠯᠬᠤ ᠶᠢ ᠢᠳᠡᠪᠬᠢᠲᠡᠢ ᠲᠤᠷᠰᠢᠨ | ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠬᠡᠪᠴᠢᠶᠡᠨ ᠳᠠᠬᠢ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ | ᠨᠢᠭᠡᠳᠦᠯᠲᠡᠢ ᠲᠦᠯᠦᠪᠵᠢᠭᠦᠯᠦᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠦᠢᠯᠡᠴᠢᠯᠡᠭᠡᠨ ᠤ ᠬᠠᠮᠢᠶᠠᠷᠤᠯᠲᠠ ᠶᠢᠨ | ᠬᠦᠷᠦᠯᠴᠡᠬᠦ ᠦᠭᠡᠢ᠂ ᠠᠳᠠᠯ ᠠᠬᠤᠢ ᠦᠭᠡᠢ ᠬᠠᠭᠤᠴᠢᠨ ᠣᠷᠣᠨ ᠰᠠᠭᠤᠴᠠ ᠶᠢᠨ ᠲᠣᠭᠤᠷᠢᠭ ᠤᠨ ᠬᠠᠮᠢᠶᠠᠷᠤᠯᠲᠠ | ᠬᠦᠴᠢᠷᠲᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ᠂ ᠦᠨᠳᠦᠰᠦᠨ ᠱᠠᠲᠤᠨ ᠤ ᠪᠣᠳᠠᠲᠤ | ᠪᠠᠶᠢᠳᠠᠯ ᠳᠤ ᠨᠡᠶᠢᠴᠡᠭᠰᠡᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠪᠤᠳᠤᠯᠬᠢᠯᠠᠭᠰᠠᠨ᠂ ᠯᠠᠪᠯᠠᠯᠲᠠ | ᠪᠣᠯᠭᠠᠵᠤ ᠪᠣᠯᠬᠤ ᠠᠴᠢ ᠬᠤᠯᠪᠣᠭᠳᠠᠯ ᠲᠠᠢ ᠰᠢᠢᠳᠪᠦᠷᠢᠯᠡᠬᠦ ᠠᠷᠭ᠎ᠠ ᠵᠠᠮ ᠢ ᠬᠠᠶᠢᠨ ᠰᠦᠪᠡᠭᠴᠢᠯᠡᠵᠦ ᠭᠠᠷᠭᠠᠵᠠᠢ᠃ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠨᠢᠭᠡᠳᠦᠯᠲᠡᠢ | ᠲᠥᠯᠥᠪᠯᠡᠬᠦ ᠳᠤ ᠭᠦᠢᠴᠡᠳ ᠬᠦᠴᠦ ᠣᠷᠣᠭᠤᠯᠬᠤ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠬᠤᠷᠰᠢᠶ᠎ᠠ ᠶᠢ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠠᠴᠠ ᠭᠤᠤᠯᠴᠢᠯᠠᠨ ᠡᠷᠭᠢᠯᠡᠵᠦ᠂ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠡᠯ᠎ᠡ ᠲᠠᠯ᠎ᠠ ᠶᠢᠨ ᠡᠬᠢ ᠪᠠᠶᠠᠯᠢᠭ ᠪᠠ ᠬᠦᠴᠦᠨ ᠢ ᠡᠮᠬᠢᠯᠡᠨ | ᠨᠡᠶᠢᠯᠡᠭᠦᠯᠬᠦ ᠶᠢ ᠬᠠᠷᠢᠭᠤᠴᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ | ᠤᠳᠤᠷᠢᠳᠬᠤ ᠭᠤᠤᠯᠯᠠᠭᠴᠢ ᠶᠢᠨ ᠦᠢᠯᠡᠳᠦᠯ ᠢ ᠪᠠᠳᠠᠷᠠᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠪᠦᠲᠦᠴᠡ ᠠᠴᠠ | ᠦᠵᠡᠪᠡᠯ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠠᠳᠠᠯ ᠠᠬᠤᠢ ᠶᠢᠨ | ᠦᠢᠯᠡᠴᠢᠯᠡᠭᠡᠨ ᠤ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ᠂ ᠲᠤᠤᠷᠴᠢᠯᠠᠭᠰᠠᠨ ᠨᠠᠮ ᠤᠨ ᠡᠭᠦᠷ ᠤᠨ | ᠱᠦᠵᠢ᠂ ᠡᠯ᠎ᠡ ᠣᠷᠣᠨ ᠰᠠᠭᠤᠴᠠ ᠶᠢᠨ ᠲᠣᠭᠤᠷᠢᠭ ᠤᠨ ᠦᠮᠴᠢᠳᠡᠨ ᠤ ᠵᠥᠪᠯᠡᠯ ᠤᠨ ᠡᠷᠬᠢᠯᠡᠭᠴᠢ᠂ ᠲᠤᠰᠬᠠᠢ | ᠲᠤᠰᠢᠶᠠᠯᠲᠤ ᠲᠤᠤᠷᠴᠢᠯᠠᠭᠰᠠᠨ ᠠᠵᠢᠯᠲᠠᠨ ᠤ ᠲᠤᠰᠢᠶᠠᠯ ᠢ ᠡᠭᠦᠷᠭᠡᠯᠡᠵᠦ᠂ ᠬᠤᠲᠠ ᠶᠢᠨ ᠬᠠᠮᠢᠶᠠᠷᠤᠯᠲᠠ ᠶᠢᠨ | ᠠᠵᠢᠯᠲᠠᠨ ᠬᠡᠷᠡᠭ ᠡᠷᠬᠢᠯᠡᠭᠴᠢᠳ ᠤᠨ ᠬᠤᠷᠠᠯ ᠤᠨ ᠪᠦᠷᠢᠯᠳᠦᠭᠦᠨ ᠪᠣᠯᠤᠭᠰᠠᠨ ᠤ ᠬᠤᠪᠢ ᠳᠤ᠂ ᠲᠣᠰ ᠣᠷᠣᠨ | ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠬᠡᠷᠡᠭ ᠶᠠᠪᠤᠳᠠᠯ ᠤᠨ | ᠦᠢᠯᠡᠴᠢᠯᠡᠭᠡ᠂ ᠬᠥᠷᠰᠢ ᠵᠡᠷᠭᠡᠯᠡᠳᠡᠭᠡ ᠶᠢᠨ ᠵᠥᠷᠢᠴᠡᠯ ᠢ ᠵᠣᠬᠢᠴᠠᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ | ᠥᠷᠨᠢᠭᠦᠯᠬᠦ᠂ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠵᠡᠷᠭᠡ ᠠᠵᠢᠯ ᠳᠤ ᠬᠠᠷᠢᠭᠤᠴᠠᠨ᠎ᠠ᠃ ᠠᠳᠠᠯ ᠠᠬᠤᠢ ᠶᠢᠨ | ᠦᠢᠯᠡᠴᠢᠯᠡᠭᠡᠨ ᠤ ᠬᠤᠷᠰᠢᠶ᠎ᠠ ᠶᠢ ᠪᠠᠶᠢᠭᠤᠯᠬᠤ ᠪᠠᠷ ᠳᠡᠮᠵᠢᠨ᠂ ᠨᠡᠶᠢᠭᠡᠮ ᠲᠣᠭᠤᠷᠢᠭ ᠨᠢ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠴᠢᠳᠠᠮᠵᠢ᠂ ᠵᠣᠬᠢᠶᠠᠨ ᠪᠠᠶᠢᠭᠤᠯᠤᠯᠲᠠ ᠶᠢᠨ | ᠬᠦᠴᠦᠨ ᠢ ᠭᠦᠢᠴᠡᠳ ᠪᠠᠳᠠᠷᠠᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ ᠦᠨᠳᠦᠰᠦᠨ ᠱᠠᠲᠤᠨ ᠤ | ᠨᠡᠶᠢᠭᠡᠮ ᠲᠣᠭᠤᠷᠢᠭ ᠤᠨ ᠵᠠᠰᠠᠯᠲᠠ ᠶᠢᠨ ᠬᠦᠷᠢᠶ᠎ᠡ ᠬᠡᠪᠴᠢᠶᠡᠨ ᠳᠤ ᠣᠷᠣᠭᠤᠯᠵᠤ᠂ ᠣᠷᠣᠨ ᠰᠠᠭᠤᠴᠠ ᠶᠢᠨ | ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠡᠶᠢᠭᠡᠮ | ᠲᠣᠭᠤᠷᠢᠭ ᠤᠨ ᠵᠠᠰᠠᠯᠲᠠ ᠯᠤᠭ᠎ᠠ ᠠᠭᠤᠰᠤᠯᠴᠠᠭᠤᠯᠤᠨ ᠬᠠᠮᠲᠤ ᠳᠤᠨᠢ ᠠᠬᠢᠭᠤᠯᠵᠤ᠂ ᠠᠳᠠᠯ ᠠᠬᠤᠢ ᠶᠢᠨ | ᠦᠢᠯᠡᠴᠢᠯᠡᠭᠡ ᠶᠢ ᠪᠦᠷᠢᠨ ᠪᠦᠷᠬᠦᠭᠦᠯᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠦᠷᠢᠨ ᠡᠵᠡᠮᠰᠢᠬᠦ᠂ | ᠠᠰᠠᠭᠤᠳᠠᠯ ᠤᠨ ᠭᠤᠮᠣᠳᠠᠯ ᠱᠠᠭᠠᠷᠳᠠᠯᠭ᠎ᠠ ᠶᠢ ᠪᠦᠷᠢᠨ ᠲᠤᠰᠬᠠᠬᠤ ᠶᠢ ᠦᠨᠡᠨᠬᠦ ᠪᠡᠶᠡᠯᠡᠭᠦᠯᠦᠨ᠎ᠡ᠃ | ᠨᠡᠶᠢᠲᠡ ᠶᠢᠨ ᠠᠰᠠᠷᠠᠮᠵᠢ ᠪᠠᠷ ᠠᠷᠠᠳ ᠤᠨ ᠲᠥᠯᠥᠭᠡ ᠵᠢᠳᠬᠦᠬᠦ ᠶᠢ ᠪᠠᠷᠢᠮᠲᠠᠯᠠᠵᠤ᠂ ᠬᠠᠮᠲᠤ ᠪᠠᠷ ᠪᠠᠶᠢᠭᠤᠯᠵᠤ | ᠬᠠᠮᠲᠤ ᠪᠠᠷ ᠵᠠᠰᠠᠬᠤ ᠲᠠᠯ᠎ᠠ ᠪᠠᠷ ᠭᠦᠢᠴᠡᠳ ᠠᠵᠢᠯ ᠬᠢᠬᠦ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ | ᠬᠤᠷᠰᠢᠶ᠎ᠠ ᠨᠢ ᠠᠷᠠᠳ ᠠᠴᠠ ᠡᠷᠭᠢᠯᠡᠭᠰᠡᠨ ᠠᠰᠢᠭ ᠬᠤᠨᠵᠢᠪᠤᠷᠢ ᠶᠢᠨ ᠪᠤᠰᠤ ᠴᠢᠨᠠᠷ ᠲᠠᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠣᠯᠤᠭᠰᠠᠨ ᠤ ᠬᠤᠪᠢ ᠳᠤ᠂ ᠵᠠᠷᠤᠯᠭ᠎ᠠ ᠪᠠᠷ ᠣᠷᠣᠯᠭ᠎ᠠ ᠶᠢ ᠲᠣᠭᠲᠠᠭᠠᠬᠤ ᠶᠢ ᠪᠠᠷᠢᠮᠲᠠᠯᠠᠨ᠂ | ᠵᠠᠷᠤᠳᠠᠯ ᠢ ᠪᠦᠬᠦᠨ ᠢ ᠠᠳᠠᠯ ᠠᠬᠤᠢ ᠶᠢᠨ ᠦᠢᠯᠡᠴᠢᠯᠡᠭᠡ ᠶᠢ ᠲᠡᠭᠡᠭᠰᠢᠯᠡᠭᠦᠯᠬᠦ ᠳᠤ ᠬᠡᠷᠡᠭᠯᠡᠵᠦ᠂ ᠢᠮᠠᠭᠲᠠ ᠰᠠᠭᠤᠭᠠᠯᠢ | ᠠᠷᠠᠳ ᠯᠤᠭ᠎ᠠ ᠰᠡᠳᠬᠢᠯ ᠰᠠᠨᠠᠭ᠎ᠠ ᠪᠠᠨ ᠨᠢᠭᠡᠳᠬᠡᠨ ᠠᠳᠠᠯᠢ ᠴᠢᠭᠯᠡᠯ ᠲᠠᠢ ᠪᠠᠶᠢᠬᠤ ᠬᠡᠷᠡᠭᠲᠡᠢ᠃ ᠠᠳᠠᠯ ᠠᠬᠤᠢ ᠶᠢᠨ | ᠦᠢᠯᠡᠴᠢᠯᠡᠭᠡᠨ ᠤ ᠬᠤᠷᠰᠢᠶ᠎ᠠ ᠶᠢᠨ ᠬᠡᠪ ᠤᠨ ᠠᠵᠢᠯᠯᠠᠭᠠᠨ ᠢ ᠪᠠᠲᠤᠯᠠᠬᠤ ᠶᠢᠨ ᠲᠤᠰᠠᠳᠠ᠂ ᠨᠡᠶᠢᠭᠡᠮ ᠲᠣᠭᠤᠷᠢᠭ ᠨᠢ | ᠠᠷᠠᠳ ᠲᠤ ᠦᠢᠯᠡᠴᠢᠯᠡᠬᠦ ᠪᠡᠯᠡ ᠮᠥᠩᠭᠦ᠂ ᠳᠡᠭᠡᠳᠦ ᠱᠠᠲᠤᠨ ᠤ ᠠᠳᠠᠯ ᠠᠬᠤᠢ ᠶᠢᠨ ᠬᠠᠮᠢᠶᠠᠷᠤᠯᠲᠠ ᠶᠢᠨ ︽ | ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ︾ ᠪᠡᠯᠡ ᠮᠥᠩᠭᠦ ᠶᠢᠨ ᠳᠣᠲᠣᠷ᠎ᠠ ᠠᠴᠠ ᠲᠤᠰᠬᠠᠢ ᠵᠦᠢᠯ ᠤᠨ ᠵᠠᠷᠤᠳᠠᠯ | ᠭᠠᠷᠭᠠᠨ ᠨᠥᠬᠦᠪᠦᠷᠢ ᠥᠭᠬᠦ ᠶᠢᠨ ᠬᠠᠮᠲᠤ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠨᠠᠷᠢᠨ ᠵᠦᠢᠯᠡᠰ ᠵᠡᠷᠭᠡ | ᠴᠢᠬᠤᠯᠠ ᠶᠡᠭᠡ ᠵᠦᠢᠯᠡᠰ ᠢ ᠴᠠᠭ ᠲᠤᠬᠠᠢ ᠳᠤᠨᠢ ᠢᠯᠡ ᠪᠣᠯᠭᠠᠵᠤ᠂ ᠥᠮᠴᠢᠲᠡᠨ ᠤ ᠪᠠᠶᠢᠳᠠᠯ ᠢ ᠮᠡᠳᠡᠬᠦ ᠡᠷᠬᠡ᠂ | ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠭᠦᠢᠴᠡᠳ ᠪᠠᠲᠤᠯᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠠᠳᠠᠯ | ᠠᠬᠤᠢ ᠶᠢᠨ ᠦᠢᠯᠡᠴᠢᠯᠡᠭᠡᠨ ᠤ ᠵᠦᠪᠯᠡᠯ᠂ ᠬᠥᠷᠰᠢ ᠵᠡᠷᠭᠡᠯᠡᠳᠡᠭᠡ ᠶᠢᠨ ᠲᠥᠯᠥᠭᠡᠯᠡᠭᠴᠢᠳ ᠤᠨ ᠣᠷᠣᠯᠴᠠᠭᠰᠠᠨ ᠠᠳᠠᠯ | ᠠᠬᠤᠢ ᠶᠢᠨ ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠣᠷᠴᠢᠨ ᠲᠣᠭᠤᠷᠢᠨ ᠢ ᠴᠡᠭᠴᠡᠯᠡᠨ | ᠵᠠᠰᠠᠬᠤ᠂ ᠨᠡᠶᠢᠭᠡᠮ ᠲᠣᠭᠤᠷᠢᠭ ᠢ ᠵᠠᠰᠠᠬᠤ ᠵᠡᠷᠭᠡ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ | ᠬᠠᠮᠤᠭ ᠤᠨ ᠪᠣᠳᠠᠲᠠᠢ ᠠᠭᠤᠯᠭ᠎ᠠ ᠶᠢᠨ ᠲᠣᠭᠤᠷᠢᠨ ᠳᠤ ᠠᠳᠠᠯ ᠠᠬᠤᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ | ᠲᠣᠭᠲᠠᠭᠠᠵᠤ᠂ ᠨᠡᠶᠢᠭᠡᠮ ᠲᠣᠭᠤᠷᠢᠭ ᠤᠨ ᠦᠨᠳᠦᠰᠦᠨ ᠦᠢᠯᠡᠴᠢᠯᠡᠭᠡᠨ ᠢ ᠪᠠᠶᠢᠩᠭᠤᠵᠢᠭᠤᠯᠬᠤ᠂ ᠣᠯᠠᠨ | ᠶᠠᠩᠵᠤᠴᠢᠯᠠᠬᠤ ᠶᠢ ᠥᠷᠭᠡᠳᠬᠡᠬᠦ ᠶᠠᠪᠤᠴᠠ ᠳᠤ᠂ ᠰᠢᠢᠳᠪᠦᠷᠢᠲᠦ ᠪᠣᠳᠣᠯᠭ᠎ᠠ ᠶᠢ ᠬᠠᠮᠲᠤ ᠪᠠᠷ ᠰᠦᠪᠡᠭᠴᠢᠯᠡᠬᠦ᠂ | ᠬᠥᠭᠵᠢᠭᠦᠯᠵᠦ ᠬᠠᠮᠲᠤ ᠪᠠᠷ ᠪᠠᠶᠢᠭᠤᠯᠬᠤ᠂ ᠪᠦᠲᠦᠭᠡᠨ ᠪᠠᠶᠢᠭᠤᠯᠵᠤ ᠬᠠᠮᠲᠤ ᠪᠠᠷ ᠬᠠᠮᠢᠶᠠᠷᠬᠤ᠂ ᠦᠷ᠎ᠡ ᠪᠦᠲᠦᠮᠵᠢ ᠶᠢ | ᠬᠠᠮᠲᠤ ᠪᠠᠷ ᠦᠨᠡᠯᠡᠬᠦ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ | ᠲᠤᠰᠬᠠᠢ ᠮᠡᠷᠭᠡᠵᠢᠯ ᠤᠨ ᠠᠵᠢᠯᠯᠠᠭᠠᠨ ᠢ ᠪᠠᠷᠢᠮᠲᠠᠯᠠᠵᠤ᠂ ᠦᠢᠯᠡᠴᠢᠯᠡᠭᠡᠨ ᠤ ᠶᠠᠰᠤ ᠴᠢᠨᠠᠷ ᠤᠨ ᠲᠠᠯ᠎ᠠ ᠪᠠᠷ ᠤᠯᠠᠮ | ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠬᠤᠷᠰᠢᠶ᠎ᠠ ᠨᠢ ᠣᠷᠣᠨ | ᠰᠠᠭᠤᠴᠠ ᠶᠢᠨ ᠲᠣᠭᠤᠷᠢᠭ ᠤᠨ ᠤᠳᠤᠬᠢ ᠬᠠᠮᠢᠶᠠᠷᠤᠯᠲᠠ ᠶᠢᠨ ᠪᠠᠶᠢᠳᠠᠯ ᠢ ᠦᠨᠳᠦᠰᠦᠯᠡᠨ᠂ ᠡᠯ᠎ᠡ ᠣᠷᠣᠨ | ᠰᠠᠭᠤᠴᠠ ᠶᠢᠨ ᠲᠣᠭᠤᠷᠢᠭ ᠤᠨ ᠦᠮᠴᠢᠳᠡᠨ ᠤ ᠵᠥᠪᠯᠡᠯ ᠤᠨ ᠡᠷᠬᠡ ᠣᠯᠭᠤᠯᠲᠠ ᠪᠠᠷ᠂ ᠨᠣᠭᠤᠭᠠᠷᠠᠭᠤᠯᠤᠯᠲᠠ ᠶᠢ | ᠬᠠᠮᠢᠶᠠᠷᠴᠤ ᠠᠷᠠᠴᠢᠯᠠᠨ ᠬᠠᠮᠠᠭᠠᠯᠠᠬᠤ᠂ ᠤᠰᠤ ᠴᠠᠬᠢᠯᠭᠠᠨ ᠢ ᠰᠡᠯᠪᠢᠨ ᠵᠠᠰᠠᠬᠤ᠂ ᠬᠤᠭᠤᠯᠠᠢ ᠲᠣᠣᠷ ᠢ ᠨᠡᠪᠲᠡᠷᠡᠭᠦᠯᠬᠦ᠂ | ᠪᠠᠭᠠᠰᠤᠨ ᠲᠠᠲᠠᠭᠠᠯ ᠢ ᠴᠡᠪᠡᠷᠯᠡᠨ ᠮᠠᠯᠲᠠᠬᠤ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠲᠤᠰᠬᠠᠢ | ᠦᠢᠯᠡᠴᠢᠯᠡᠭᠡᠨ ᠤ ᠵᠦᠢᠯᠡᠰ ᠢ ᠨᠢᠭᠡᠳᠦᠯᠲᠡᠢ ᠭᠠᠳᠠᠭᠰᠢ ᠳᠠᠭᠠᠭᠠᠴᠢᠯᠠᠭᠤᠯᠬᠤ ᠬᠡᠪᠴᠢᠶᠡᠨ ᠳᠤ ᠣᠷᠣᠭᠤᠯᠵᠤ᠂ ︽ | ᠲᠠᠷᠭᠤᠨ ᠪᠠ ᠲᠤᠷᠠᠩᠬᠠᠢ ᠶᠢ ᠲᠣᠬᠢᠷᠠᠭᠤᠯᠤᠨ᠂ ᠪᠣᠭᠤᠳᠠᠯᠯᠠᠵᠤ ᠦᠢᠯᠡᠴᠢᠯᠡᠬᠦ︾ ᠵᠠᠷᠴᠢᠮ ᠢ ᠵᠢᠷᠤᠮᠯᠠᠨ ᠣᠷᠣᠨ | ᠰᠠᠭᠤᠴᠠ ᠶᠢᠨ ᠲᠣᠭᠤᠷᠢᠭ ᠢ ᠪᠦᠬᠦᠯᠢ ᠴᠣᠭᠴᠠ ᠪᠠᠷ ᠨᠢ ᠳᠠᠭᠠᠭᠠᠴᠢᠯᠠᠭᠤᠯᠵᠤ᠂ ︽ᠭᠠᠭᠴᠠ ᠣᠷᠣᠨ ᠰᠠᠭᠤᠴᠠ ᠶᠢᠨ | ᠲᠣᠭᠤᠷᠢᠭ ᠤᠨ ᠨᠢᠭᠡ ᠯᠡ ᠤᠳᠠᠭ᠎ᠠ ᠳᠤ ᠬᠤᠳᠠᠯᠳᠤᠨ ᠠᠪᠬᠤ ᠦᠢᠯᠡᠴᠢᠯᠡᠭᠡ︾ ᠶᠢ ︽ᠣᠯᠠᠨ ᠣᠷᠣᠨ | ᠰᠠᠭᠤᠴᠠ ᠶᠢᠨ ᠲᠣᠭᠤᠷᠢᠭ ᠤᠨ ᠪᠥᠭᠡᠮ ᠢᠶᠠᠷ ᠬᠤᠳᠠᠯᠳᠤᠨ ᠠᠪᠬᠤ ᠦᠢᠯᠡᠴᠢᠯᠡᠭᠡ︾ ᠪᠣᠯᠭᠠᠨ ᠬᠤᠪᠢᠷᠠᠭᠤᠯᠵᠤ᠂ | ᠰᠠᠭᠤᠭᠠᠯᠢ ᠠᠷᠠᠳ ᠲᠤ ᠬᠠᠮᠤᠭ ᠤᠨ ᠶᠡᠭᠡ ᠠᠰᠢᠭ ᠲᠤᠰᠠ ᠣᠯᠭᠤᠨ᠎ᠠ᠃ ᠴᠥᠩ ᠴᠤᠸᠠᠨ ᠲᠣᠭᠤᠷᠢᠭ ᠤᠨ ᠨᠠᠨ | ᠴᠤᠸᠠᠨ ᠶᠤᠸᠠᠨ ᠨᠡᠶᠢᠭᠡᠮ ᠲᠣᠭᠤᠷᠢᠭ ᠢᠶᠠᠷ ᠵᠢᠱᠢᠶᠡᠯᠡᠬᠦ ᠳᠤ᠂ ᠠᠳᠠᠯ ᠠᠬᠤᠢ ᠶᠢᠨ ᠦᠢᠯᠡᠴᠢᠯᠡᠭᠡᠨ ᠤ ᠬᠤᠷᠰᠢᠶ᠎ᠠ | ᠠᠵᠢᠯᠯᠠᠭᠰᠠᠨ ᠠᠴᠠ ᠨᠢᠭᠡ ᠪᠦᠯᠦᠭ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠵᠦ᠂ ᠣᠷᠣᠨ | ᠪᠦᠰᠡ ᠶᠢᠨ ᠳᠣᠲᠣᠷᠠᠬᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠷᠢᠯᠴᠠᠨ ᠬᠠᠪᠰᠤᠷᠤᠯᠴᠠᠵᠤ | ᠬᠠᠮᠲᠤ ᠪᠠᠷ ᠡᠳ᠋ᠯᠡᠬᠦ ᠰᠠᠶᠢᠨ ᠣᠷᠴᠢᠯ ᠢ ᠪᠣᠶ ᠪᠣᠯᠭᠠᠵᠤ᠂ ᠡᠯ᠎ᠡ ᠣᠷᠣᠨ ᠰᠠᠭᠤᠴᠠ ᠶᠢᠨ ᠲᠣᠭᠤᠷᠢᠭ ᠤᠨ ᠠᠳᠠᠯ | ᠠᠬᠤᠢ ᠶᠢᠨ ᠰᠦᠢᠳᠬᠡᠯ ᠬᠤᠷᠢᠶᠠᠬᠤ ᠨᠣᠷᠮ᠎ᠠ ᠶᠢ ᠴᠥᠮ 95% ᠠᠴᠠ ᠳᠡᠭᠡᠭᠰᠢ ᠳᠤ ᠬᠦᠷᠦᠭᠦᠯᠵᠦ᠂ ᠶᠢᠨ ᠰᠢᠨ | ᠶᠤᠸᠠᠨ᠂ ᠰᠢᠨ ᠰᠢᠶᠠᠩ ᠨᠡᠶᠢᠲᠡ ᠶᠢᠨ ᠪᠠᠶᠢᠷᠢ ᠶᠢᠨ ᠠᠳᠠᠯ ᠠᠬᠤᠢ ᠶᠢᠨ ᠰᠦᠢᠳᠬᠡᠯ ᠢ ᠳᠡᠭᠡᠭᠰᠢᠯᠡᠭᠦᠯᠦᠭᠰᠡᠨ ᠪᠠᠶᠢᠳᠠᠯ | ᠳᠣᠣᠷ᠎ᠠ᠂ ᠠᠳᠠᠯ ᠠᠬᠤᠢ ᠶᠢᠨ ᠰᠦᠢᠳᠬᠡᠯ ᠬᠤᠷᠢᠶᠠᠬᠤ ᠨᠣᠷᠮ᠎ᠠ ᠶᠢ ᠲᠣᠰ ᠲᠣᠰ ᠤᠤᠯ ᠤᠨ 30% ᠣᠷᠴᠢᠮ ᠪᠠ | 70% ᠣᠷᠴᠢᠮ ᠪᠠᠶᠢᠭᠰᠠᠨ ᠠᠴᠠ 100% ᠳᠤ ᠬᠦᠷᠦᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠨᠢ ᠣᠯᠠᠨ ᠲᠦᠮᠡᠨ ᠲᠠᠢ | ᠣᠶᠢᠷᠠᠳᠴᠤ᠂ ᠦᠨᠳᠦᠰᠦᠨ ᠱᠠᠲᠤᠨ ᠳᠤ ᠦᠨᠳᠦᠰᠦᠯᠡᠵᠦ᠂ ᠬᠠᠮᠤᠷᠬᠤ ᠬᠡᠪᠴᠢᠶ᠎ᠡ ᠨᠢ ᠥᠷᠭᠡᠨ ᠪᠠᠶᠢᠵᠤ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢᠨ ᠴᠢᠬᠤᠯᠠ ᠭᠠᠷᠳᠠᠴᠠ ᠪᠣᠯᠣᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠩᠭᠠᠬᠤ ᠶᠢ ᠠᠳᠠᠯ ᠠᠬᠤᠢ ᠶᠢᠨ | ᠬᠠᠮᠢᠶᠠᠷᠤᠯᠲᠠ ᠶᠢᠨ ᠡᠭᠦᠰᠬᠡᠯ ᠪᠠ ᠲᠡᠭᠦᠰᠬᠡᠯ ᠪᠣᠯᠭᠠᠵᠤ᠂ ᠣᠷᠣᠨ ᠰᠠᠭᠤᠴᠠ ᠶᠢᠨ ᠠᠳᠠᠯ ᠠᠬᠤᠢ ᠶᠢᠨ | ᠬᠠᠮᠢᠶᠠᠷᠤᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠬᠠᠭᠤᠴᠢᠨ ᠣᠷᠣᠨ | ᠰᠠᠭᠤᠴᠠ ᠶᠢᠨ ᠲᠣᠭᠤᠷᠢᠭ ᠢ ᠥᠭᠡᠷᠡᠴᠢᠯᠡᠭᠰᠡᠨ ᠤ ᠳᠠᠷᠠᠭᠠᠬᠢ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ | ᠶᠠᠪᠤᠳᠠᠯ ᠢ ᠪᠣᠳᠠᠲᠠᠢ ᠬᠢᠵᠦ᠂ ᠬᠦᠴᠢᠷᠲᠡᠢ ᠶᠠᠪᠤᠳᠠᠯ ᠢ ᠰᠠᠶᠢᠲᠤᠷ ᠬᠢᠵᠦ᠂ ᠠᠳᠠᠯ ᠠᠬᠤᠢ ᠶᠢᠨ ᠦᠢᠯᠡᠴᠢᠯᠡᠭᠡᠨ ᠤ | ᠴᠢᠨᠠᠷ ᠴᠢᠨᠰᠠᠭ᠎ᠠ ᠪᠠ ᠣᠯᠠᠨ ᠶᠠᠩᠵᠤᠴᠢᠯᠠᠯᠳᠠ ᠳᠠᠰᠢ ᠲᠠᠰ ᠲᠡᠪᠰᠢᠭᠦᠯᠬᠦ ᠶᠢ ᠲᠠᠰᠤᠷᠠᠯᠲᠠ ᠦᠭᠡᠢ ᠠᠬᠢᠭᠤᠯᠤᠨ᠎ᠠ᠃ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |