ᠲᠣᠭᠲᠠᠬᠤ ᠰᠢᠶᠠᠨ 2024 ᠣᠨ ᠤ 10 ᠳ᠋ᠤᠭᠠᠷ ᠰᠠᠷ᠎ᠠ ᠳᠤ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠨᠡᠶᠢᠲᠡ 114237 ᠲᠦᠮᠡᠨ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2024/11/24
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ     ᠠᠷᠠᠳ ᠤᠨ ᠠᠮᠢᠳᠤᠷᠠᠯ ᠤᠨ ᠵᠠᠷᠤᠯᠭ᠎ᠠ ᠪᠣᠯ ᠢᠮᠠᠭᠲᠠ ᠡᠳ᠋ ᠤᠨ ᠵᠠᠰᠠᠭ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠵᠡᠷᠭᠡ ᠵᠠᠶᠢᠯᠠᠰᠢ ᠦᠭᠡᠢ ᠵᠠᠷᠤᠯᠭ᠎ᠠ ᠶᠢᠨ ᠰᠠᠭᠤᠷᠢᠨ ᠳᠡᠭᠡᠷ᠎ᠡ᠂ ᠵᠠᠷᠤᠯᠭ᠎ᠠ ᠶᠢᠨ ᠪᠦᠲᠦᠴᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠬᠦᠷᠢᠶ᠎ᠡ ᠲᠡᠰᠢ ᠬᠡᠯᠪᠡᠶᠢᠯᠭᠡᠪᠡ᠃      2024 ᠣᠨ ᠤ 10 ᠳ᠋ᠤᠭᠠᠷ ᠰᠠᠷ᠎ᠠ ᠳᠤ᠂ ᠪᠦᠬᠦ ᠰᠢᠶᠠᠨ ᠤ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠳᠡ 114237 ᠲᠦᠮᠡᠨ ᠲᠥᠭᠦᠷᠢᠭ ᠢ ᠪᠡᠶᠡᠯᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 62% ᠢ ᠡᠵᠡᠯᠡᠪᠡ᠃ ᠡᠭᠦᠨ ᠤ ᠳᠣᠲᠣᠷ᠎ᠠ᠄ ᠰᠤᠷᠭᠠᠨ ᠬᠥᠮᠦᠵᠢᠯ ᠤᠨ ᠵᠠᠷᠤᠯᠭ᠎ᠠ 26333 ᠲᠥᠭᠦᠷᠢᠭ︔ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 2052 ᠲᠦᠮᠡᠨ ᠲᠥᠭᠦᠷᠢᠭ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 36708 ᠲᠦᠮᠡᠨ ᠲᠥᠭᠦᠷᠢᠭ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 12017 ᠲᠦᠮᠡᠨ ᠲᠥᠭᠦᠷᠢᠭ︔ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠠᠷᠤᠯᠭ᠎ᠠ 765 ᠲᠦᠮᠡᠨ ᠲᠥᠭᠦᠷᠢᠭ︔ ᠲᠠᠷᠢᠶᠠᠯᠠᠩ ᠣᠶ ᠰᠢᠭᠤᠢ ᠤᠰᠤᠨ ᠤ ᠶᠠᠪᠤᠳᠠᠯ ᠤᠨ ᠵᠠᠷᠤᠯᠭ᠎ᠠ 27152 ᠲᠦᠮᠡᠨ ᠲᠥᠭᠦᠷᠢᠭ︔ ᠵᠠᠮ ᠲᠡᠭᠡᠭᠡᠪᠦᠷᠢ ᠶᠢᠨ ᠵᠠᠷᠤᠯᠭ᠎ᠠ 3716 ᠲᠦᠮᠡᠨ ᠲᠥᠭᠦᠷᠢᠭ︔ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 5494 ᠲᠦᠮᠡᠨ ᠲᠥᠭᠦᠷᠢᠭ ᠪᠣᠯᠣᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1