ᠰᠢᠨᠬᠤᠸᠠ ᠬᠤᠷᠢᠶ᠎ᠠ ᠶᠢᠨ ᠪᠷᠠᠽᠢᠯᠢᠶ᠎ᠠ ᠶᠢᠨ 11 ᠰᠠᠷ᠎ᠠ ᠶᠢᠨ 19 ᠤ ᠴᠠᠭᠢᠯᠭᠠᠨ ᠮᠡᠳᠡᠭᠡ ᠲᠤᠬᠠᠢ ᠶᠢᠨ | ᠭᠠᠵᠠᠷ ᠤᠨ ᠴᠠᠭ ᠢᠶᠠᠷ 11 ᠰᠠᠷ᠎ᠠ ᠶᠢᠨ 19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠲᠤᠰᠬᠠᠢ ᠨᠢᠰᠬᠡᠯ ᠢᠶᠠᠷ ᠪᠷᠠᠽᠢᠯᠢᠶ᠎ᠠ ᠳᠤ ᠬᠦᠷᠴᠦ᠂ ᠪᠷᠠᠽᠢᠯ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠡᠬᠢᠯᠡᠪᠡ᠃ | ᠲᠤᠰᠬᠠᠢ ᠨᠢᠰᠬᠡᠯ ᠪᠷᠠᠽᠢᠯᠢᠶ᠎ᠠ ᠶᠢᠨ ᠠᠭᠠᠷ ᠤᠨ ᠴᠡᠷᠢᠭ ᠤᠨ ᠰᠠᠭᠤᠷᠢᠨ ᠭᠠᠵᠠᠷ ᠲᠤ ᠬᠦᠷᠬᠦ ᠦᠶ᠎ᠡ ᠳᠤ ᠪᠷᠠᠽᠢᠯ ᠤᠨ | ᠶᠡᠷᠦᠩᠬᠡᠶᠢᠯᠡᠭᠴᠢ ᠶᠢᠨ ᠣᠷᠳᠣᠨ ᠤ ᠲᠡᠷᠢᠭᠦᠨ ᠰᠠᠶᠢᠳ ᠺᠧᠰᠲ᠋ᠠ᠂ ᠪᠷᠠᠽᠢᠯᠢᠶ᠎ᠠ ᠶᠢᠨ ᠠᠭᠠᠷ ᠤᠨ ᠴᠡᠷᠢᠭ ᠤᠨ ᠰᠠᠭᠤᠷᠢᠨ | ᠭᠠᠵᠠᠷ ᠤᠨ ᠺᠣᠮᠠᠨᠳ᠋ᠯᠠᠭᠴᠢ ᠮᠢᠭᠧᠷ᠂ ᠬᠠᠤᠯᠢ ᠴᠠᠭᠠᠵᠠ ᠶᠢᠨ ᠶᠠᠮᠤᠨ ᠤ ᠰᠠᠶᠢᠳ ᠯᠠᠶᠢᠸᠠᠨᠳᠦ᠋ᠸᠸᠹᠰᠺᠢ᠂ | ᠶᠡᠷᠦᠩᠬᠡᠶᠢᠯᠡᠭᠴᠢ ᠶᠢᠨ ᠣᠷᠳᠣᠨ ᠤ ᠪᠠᠶᠢᠭᠤᠯᠤᠮᠵᠢ ᠶᠢᠨ ᠬᠠᠷᠢᠯᠴᠠᠭᠠᠨ ᠤ ᠶᠠᠮᠤᠨ ᠤ ᠰᠠᠶᠢᠳ ᠫᠠᠳᠢᠯᠢᠶᠠ ᠵᠡᠷᠭᠡ ᠳᠡᠭᠡᠳᠦ | ᠵᠡᠷᠭᠡ ᠶᠢᠨ ᠠᠯᠪᠠᠨ ᠲᠤᠰᠢᠶᠠᠯᠲᠠᠨ ᠨᠢᠰᠬᠡᠯ ᠤᠨ ᠪᠠᠭᠤᠳᠠᠯ ᠳᠤ ᠬᠠᠯᠠᠭᠤᠨ ᠢᠶᠠᠷ ᠤᠭᠲᠤᠨ ᠠᠪᠴᠤ᠂ ᠶᠡᠷᠦᠩᠬᠡᠶᠢᠯᠡᠭᠴᠢ | ᠯᠦᠯᠠ ᠪᠣᠯᠣᠨ ᠪᠷᠠᠽᠢᠯ ᠤᠨ ᠵᠠᠰᠠᠭ ᠤᠨ ᠣᠷᠳᠣᠨ ᠤ ᠡᠮᠦᠨ᠎ᠡ ᠠᠴᠠ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠷ᠎ᠠ | ᠢᠷᠡᠭᠰᠡᠨ ᠢ ᠬᠠᠯᠠᠭᠤᠨ ᠢᠶᠠᠷ ᠤᠭᠲᠤᠪᠠ᠃ | ᠪᠠᠲ᠋ᠠᠯᠠ ᠶᠢᠨ ᠬᠡᠳᠦᠨ ᠠᠷᠪᠠᠨ ᠤᠷᠠᠯᠢᠭᠴᠢᠨ ᠭᠦᠷ ᠬᠥᠭᠵᠢᠶᠡᠨ ᠲᠠᠢ ᠪᠷᠠᠽᠢᠯ ᠤᠨ ᠣᠨᠴᠠᠯᠢᠭᠲᠤ ᠬᠡᠩᠭᠡᠷᠭᠡᠲᠦ | ᠬᠥᠭᠵᠢᠮ ᠢ ᠬᠥᠭᠵᠢᠮᠳᠡᠪᠡ᠃ | ᠼᠠᠢ ᠴᠢ᠂ ᠸᠠᠩ ᠢ ᠵᠡᠷᠭᠡ ᠪᠠᠷ᠎ᠠ ᠪᠣᠯᠣᠭᠰᠠᠳ ᠨᠢᠭᠡ ᠨᠢᠰᠬᠡᠯ ᠢᠶᠠᠷ ᠬᠠᠮᠲᠤ ᠭᠦᠷᠪᠡ᠃ | ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠰᠠᠭᠠᠲᠠᠬᠤ ᠪᠠᠭᠤᠳᠠᠯ ᠳᠠᠭᠠᠨ ᠬᠦᠷᠬᠦ | ᠵᠠᠮ ᠳᠤ ᠲᠤᠬᠠᠢ ᠶᠢᠨ ᠭᠠᠵᠠᠷ ᠤᠨ ᠳᠤᠮᠳᠠᠳᠤ ᠶᠢᠨ ᠬᠠᠷᠢᠶᠠᠲᠤ ᠪᠠ ᠳᠤᠮᠳᠠᠳᠤᠴᠤᠳ᠂ ᠳᠤᠮᠳᠠᠳᠤ ᠶᠢᠨ ᠪᠡᠯᠡ | ᠣᠷᠣᠭᠤᠯᠤᠭᠰᠠᠨ ᠪᠠᠶᠢᠭᠤᠯᠤᠮᠵᠢ ᠪᠣᠯᠣᠨ ᠭᠠᠳᠠᠭᠠᠳᠤ ᠳᠤ ᠰᠤᠷᠤᠯᠴᠠᠵᠥ ᠪᠠᠶᠢᠭ᠎ᠠ ᠰᠤᠷᠤᠬᠴᠢᠳ ᠤᠨ ᠲᠥᠯᠥᠭᠡᠯᠡᠭᠴᠢ | ᠵᠠᠮ ᠤᠨ ᠬᠠᠵᠠᠭᠤ ᠳᠤ ᠵᠣᠭᠰᠣᠨ ᠳᠤᠮᠳᠠᠳᠤ ᠪᠷᠠᠽᠢᠯ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ᠂ ︽ | ᠲᠡᠷᠢᠭᠦᠯᠡᠭᠴᠢ ᠰᠢ ᠶᠢᠨ ᠫᠢᠩ ᠤᠨ ᠪᠷᠠᠽᠢᠯ ᠳᠤ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠶ᠎ᠠ︾᠂ ︽ᠳᠤᠮᠳᠠᠳᠤ | ᠪᠷᠠᠽᠢᠯ ᠤᠨ ᠨᠥᠬᠦᠷᠯᠡᠯ ᠮᠠᠨᠳᠤᠲᠤᠭᠠᠢ︕︾ ᠵᠡᠷᠭᠡ ᠤᠯᠠᠭᠠᠨ ᠥᠩᠭᠡ ᠶᠢᠨ ᠬᠥᠨᠳᠡᠯᠡᠨ ᠪᠢᠴᠢᠭᠡᠰᠦ ᠶᠢ ᠥᠨᠳᠥᠷ ᠡᠷᠭᠦᠵᠦ᠂ | ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ | ᠰᠢ ᠶᠢᠨ ᠫᠢᠩ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠ ᠶᠢᠰᠦᠳᠦᠭᠡᠷ ᠤᠳᠠᠭ᠎ᠠ ᠶᠢᠨ | ᠲᠦᠷᠦᠭᠦᠴᠦᠳ ᠤᠨ ᠬᠤᠷᠠᠯ ᠤᠨ ᠠᠵᠢᠯᠯᠠᠭ᠎ᠠ ᠲᠡᠭᠦᠰᠦᠭᠰᠡᠨ ᠤ ᠲᠠᠷᠠᠭ᠎ᠠ ᠷᠢᠦ᠋ ᠳ᠋ᠢ ᠿᠧᠨ᠋ᠸᠶᠢᠷᠦ᠋ ᠠᠴᠠ ᠮᠣᠷᠳᠠᠵᠤ | ᠪᠷᠠᠽᠢᠯᠢᠶ᠎ᠠ ᠳᠤ ᠭᠦᠷᠦᠭᠰᠡᠨ ᠪᠠᠶᠢᠨ᠎ᠠ᠃ | |