ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠦᠬᠡᠳ ᠤᠨ ᠨᠥᠬᠦᠷᠰᠡᠭ ᠬᠤᠲᠠ ᠶᠢᠨ ᠪᠦᠳᠦᠭᠡᠨ ᠪᠠᠶᠢᠭᠤᠯᠤᠯᠳᠠ ᠶᠢ ᠴᠢᠬᠤᠯᠠᠴᠢᠯᠠᠬᠤ ᠬᠡᠷᠡᠭᠳᠡᠢ
ᠨᠡᠶᠢᠲᠡᠯᠡᠭᠰᠡᠨ ᠴᠠᠭ᠄
2024/11/26
      ᠬᠡᠦᠬᠡᠳ ᠤᠨ ᠨᠥᠬᠦᠷᠰᠡᠭ ᠬᠤᠲᠠ ᠭᠡᠭᠴᠢ ᠶᠠᠮᠠᠷ ᠪᠤᠢ︖      ᠣᠶᠢᠷ᠎ᠠ ᠳᠤ ᠨᠡᠶᠢᠲᠡᠯᠡᠭᠰᠡᠨ ︽ᠳᠤᠮᠳᠠᠳᠤ ᠤᠯᠤᠰ ᠤᠨ ᠬᠡᠦᠬᠡᠳ ᠤᠨ ᠨᠥᠬᠦᠷᠰᠡᠭ ᠬᠤᠲᠠ ᠶᠢᠨ ᠬᠥᠭᠵᠢᠯᠲᠡ ᠶᠢᠨ ᠮᠡᠳᠡᠭᠦᠯᠦᠯᠲᠡ ︵2024︶︾ ︵ᠳᠣᠷᠣᠭᠰᠢ ︽ᠮᠡᠳᠡᠭᠦᠯᠦᠯᠲᠡ︾ ᠭᠡᠵᠦ ᠲᠣᠪᠴᠢᠯᠠᠨ᠎ᠠ︶ ᠳᠤ ᠢᠯᠡᠷᠡᠭᠦᠯᠦᠭᠰᠡᠨ ᠢᠶᠠᠷ᠂ ᠣᠲᠣ ᠪᠣᠯᠲᠠᠯ᠎ᠠ᠂ ᠪᠥᠬᠦ ᠤᠯᠤᠰ ᠲᠤ ᠨᠢᠭᠡᠨᠲᠡ 93 ᠬᠤᠲᠠ ᠤᠯᠤᠰ ᠤᠨ ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠣᠵᠤ᠂ 31 ᠮᠤᠵᠢ ᠣᠷᠣᠨ ᠬᠤᠲᠠ ᠶᠢ ᠬᠠᠮᠤᠷᠴᠤ᠂ ᠤᠯᠠᠮ ᠠᠴᠠ ᠤᠯᠠᠮ ᠣᠯᠠᠨ ᠬᠤᠳᠠ ᠬᠡᠦᠬᠡᠳ ᠤᠨ ᠨᠥᠬᠦᠷᠰᠡᠭ ᠬᠤᠲᠠ ᠶᠢᠨ ᠪᠦᠳᠦᠭᠡᠨ ᠪᠠᠶᠢᠭᠤᠯᠤᠯᠳᠠ ᠶᠢᠨ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠴᠢᠬᠤᠯᠠᠴᠢᠯᠠᠵᠤ ᠪᠠᠶᠢᠨ᠎ᠠ᠃      ᠶᠠᠭᠤᠨ ᠳᠤ ᠬᠡᠦᠬᠡᠳ ᠤᠨ ᠨᠥᠬᠦᠷᠰᠡᠭ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠤᠢ︖ ᠲᠠᠷᠠᠭᠠᠴᠢ ᠪᠠᠷ ᠶᠠᠮᠠᠷ ᠶᠠᠮᠠᠷ ᠲᠠᠯ᠎ᠠ ᠪᠠᠷ ᠬᠦᠴᠦᠯᠡᠬᠦ ᠬᠡᠷᠡᠭᠳᠡᠢ ᠪᠤᠢ︖      ᠬᠥᠭᠵᠢᠯᠲᠡ ᠶᠢᠨ ᠣᠶᠢᠯᠠᠭᠠᠭᠳᠠᠬᠤᠨ ᠠᠴᠠ ᠤᠯᠤᠰ ᠤᠨ ᠠᠵᠢᠯᠯᠠᠭ᠎ᠠ ᠪᠤᠯᠭᠠᠨ ᠲᠡᠰ ᠲᠡᠪᠰᠢᠭᠦᠯᠪᠠ     ᠭᠠᠷᠠᠭ ᠤᠨ ᠰᠡᠭᠦᠯᠴᠢ ᠪᠠᠷ ᠬᠠᠮᠢᠭ᠎ᠠ ᠣᠴᠢᠵᠤ ︽ᠬᠡᠦᠬᠡᠳ ᠢᠶᠠᠨ ᠨᠠᠭᠠᠳᠤᠭᠤᠯᠬᠤ︾ ᠪᠤᠶ︖ ᠴᠥᠭᠡᠨ ᠪᠤᠰᠤ ᠬᠤᠳᠠ ᠳᠤ᠂ ᠡᠨᠡᠬᠦ ᠠᠰᠠᠭᠤᠳᠠᠯ ᠳᠤ ᠤᠯᠠᠮ ᠠᠴᠠ ᠤᠯᠠᠮ ᠤᠯᠠᠨ ᠰᠢᠨ᠎ᠡ ᠬᠠᠷᠢᠭᠤᠯᠲᠠ ᠲᠠᠢ ᠪᠤᠯᠵᠠᠢ᠄ ᠱᠠᠩᠬᠠᠢ ᠬᠤᠳᠠ ᠶᠢᠨ ᠰᠢᠦᠢ ᠬᠤᠢ ᠲᠣᠭᠤᠷᠢᠭ ᠭᠤᠤᠯ ᠲᠠᠩ ᠤᠷᠤᠨ ᠳᠤ ᠬᠡᠦᠬᠡᠳ ᠤᠨ ᠬᠠᠳᠠ ᠮᠠᠴᠤᠬᠤ ᠬᠡᠷᠡᠮ᠂ ᠰᠠᠭᠰᠤᠨ ᠪᠥᠮᠪᠦᠭᠡ ᠶᠢᠨ ᠲᠠᠯᠠᠪᠠᠢ᠂ ᠭᠤᠯᠭᠤᠭᠤᠷ ᠬᠠᠪᠲᠠᠰᠤ ᠶᠢᠨ ᠲᠠᠯᠠᠪᠠᠢ ᠵᠡᠷᠭᠡ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠲᠣᠬᠢᠷᠠᠭᠤᠯᠵᠤ᠂ ᠭᠤᠣᠯ ᠰᠡᠳᠦᠪ ᠨᠢ ᠢᠯᠡ ᠲᠣᠳᠣ ᠬᠡᠦᠬᠡᠳ ᠤᠨ ᠲᠤᠭᠯᠠᠭᠠᠮ ᠤᠨ ᠣᠷᠣᠨ ᠪᠦᠰᠡ ᠶᠢ ᠴᠣᠭᠴᠠᠯᠠᠪᠠ︔ ᠵᠧᠵᠢᠶᠠᠩ ᠮᠤᠵᠢ ᠶᠢᠨ ᠬᠠᠩᠵᠧᠦ ᠬᠤᠳᠠ ᠶᠢᠨ ᠱᠠᠩ ᠴᠧᠩ ᠲᠣᠭᠤᠷᠢᠭ ᠲᠤ ᠪᠦᠬᠦ ᠬᠤᠳᠠ ᠶᠢᠨ ᠠᠩᠬᠠᠳᠠᠭᠴᠢ ᠬᠡᠦᠬᠡᠳ ᠤᠨ ᠨᠥᠬᠦᠷᠰᠡᠭ ᠬᠤᠳᠠᠯᠳᠤᠭᠠᠨ ᠤ ᠲᠣᠭᠤᠷᠢᠭ ᠢ ᠪᠠᠶᠢᠭᠤᠯᠵᠤ᠂ ᠬᠡᠦᠬᠡᠳ ᠤᠨ ᠵᠦᠴᠦᠭᠡ ᠶᠢᠨ ᠲᠠᠯᠠᠪᠠᠢ᠂ ᠤᠩᠰᠢᠯᠭ᠎ᠠ ᠶᠢᠨ ᠲᠣᠭᠤᠷᠢᠭ᠂ ᠲᠣᠭᠯᠠᠭᠠᠮ ᠤᠨ ᠲᠣᠭᠤᠷᠢᠭ ᠵᠡᠷᠭᠡ ᠶᠢ ᠬᠤᠳᠠᠯᠳᠤᠭᠠᠨ ᠤ ᠲᠠᠯᠠᠪᠤᠷ ᠲᠤ ᠪᠠᠶᠢᠷᠢᠰᠢᠭᠤᠯᠤᠨ᠂ ᠲᠤᠬᠠᠢ ᠶᠢᠨ ᠭᠠᠵᠠᠷ ᠤᠨ ᠬᠡᠦᠬᠡᠳ ᠪᠠᠭᠠᠴᠤᠳ ᠤᠨ ᠬᠠᠯᠠᠮᠰᠢᠯ ᠤᠷᠤᠨ ᠪᠤᠯᠵᠠᠢ︔ ᠬᠤᠨᠠᠨ ᠮᠤᠵᠢ ᠶᠢᠨ ᠴᠠᠩᠱᠠ ᠬᠤᠳᠠ ᠶᠢᠨ ᠮᠠ ᠯᠠᠨ ᠱᠠᠨ ᠣᠷᠣᠨ ᠳᠤ ᠪᠦᠬᠦ ᠬᠤᠳᠠ ᠶᠢᠨ ᠠᠩᠬᠠᠳᠠᠭᠴᠢ ︽ᠬᠡᠦᠬᠡᠳ ᠤᠨ ᠨᠥᠬᠦᠷᠰᠡᠭ ᠠᠵᠢᠯ ᠤᠨ ᠦᠷᠳᠡᠭᠡ︾ ᠶᠢ ᠪᠠᠶᠢᠭᠤᠯᠵᠤ᠂ ᠮᠠ ᠯᠠᠨ ᠱᠠᠨ ᠶᠠ ᠽᠦᠢ ᠴᠡᠴᠡᠷᠯᠢᠭ ᠲᠤ ᠮᠠ ᠯᠠᠨ ᠱᠠᠨ ᠴᠠᠭ ᠠᠭᠤᠷ ᠤᠨ ᠦᠷᠳᠡᠭᠡ᠂ ᠤᠰᠤᠨ ᠲᠦᠪᠰᠢᠨ ᠪᠣᠷᠣᠭᠠᠨ ᠤ ᠬᠡᠮᠵᠢᠶ᠎ᠡ ᠶᠢ ᠠᠵᠢᠭᠯᠠᠨ ᠬᠡᠮᠵᠢᠬᠦ ᠦᠷᠳᠡᠭᠡ ᠶᠢ ᠪᠠᠶᠢᠭᠤᠯᠬᠤ ᠶᠢᠨ ᠬᠠᠮᠲᠤ ᠭᠡᠷ ᠤᠨ ᠭᠠᠳᠠᠨᠠᠬᠢ ᠬᠡᠦᠬᠡᠳ ᠤᠨ ᠵᠤᠭ᠎ᠠ ᠴᠡᠩᠭᠡᠯ ᠤᠨ ᠲᠣᠭᠤᠷᠢᠭ᠂ ᠡᠯᠡᠰᠦᠨ ᠨᠠᠭᠠᠳᠤᠮ ᠵᠡᠷᠭᠡ ᠲᠥᠬᠦᠭᠡᠷᠦᠮᠵᠢ ᠶᠢ ᠢᠵᠢ ᠪᠦᠷᠢᠯᠳᠦᠭᠦᠯᠦᠨ ᠪᠠᠶᠢᠭᠤᠯᠪᠠ᠃      ᠶᠠᠭᠤ ᠶᠢ ᠬᠡᠦᠬᠡᠳ ᠤᠨ ᠨᠥᠬᠦᠷᠰᠡᠭ ᠬᠤᠳᠠ ᠭᠡᠬᠦ ᠪᠤᠢ︖ ᠶᠠᠭᠤᠨ ᠳᠤ ᠤᠯᠤᠰ ᠤᠨ ᠲᠠᠯ᠎ᠠ ᠠᠴᠠ ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠶ︖      ᠤᠬᠠᠭᠳᠠᠬᠤᠨ᠄ 1989 ᠣᠨ ᠳᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠬᠡᠦᠬᠡᠳ ᠤᠨ ᠡᠷᠬᠡ ᠶᠢᠨ ᠨᠡᠶᠢᠲᠡ ᠶᠢᠨ ᠭᠡᠷ᠎ᠡ︾ ᠳᠤ ᠬᠡᠦᠬᠡᠳ ᠣᠷᠣᠰᠢᠨ ᠲᠣᠭᠲᠠᠨᠢᠬᠤ ᠡᠷᠬᠡ᠂ ᠬᠥᠭᠵᠢᠯᠲᠡ ᠶᠢᠨ ᠡᠷᠬᠡ᠂ ᠬᠠᠮᠠᠭᠠᠯᠠᠭᠳᠠᠬᠤ ᠡᠷᠬᠡ ᠪᠠ ᠣᠷᠣᠯᠴᠠᠬᠤ ᠡᠷᠬᠡ ᠵᠡᠷᠭᠡ ᠳᠥᠷᠪᠡᠨ ᠶᠡᠭᠡ ᠡᠷᠬᠡ ᠲᠠᠢ ᠭᠡᠵᠦ ᠳᠤᠷᠠᠳᠤᠨ ᠭᠠᠷᠭᠠᠵᠠᠢ᠃ ᠬᠡᠦᠬᠡᠳ ᠤᠨ ᠨᠥᠬᠦᠷᠰᠡᠭ ᠬᠤᠲᠠ ᠪᠣᠯ ᠶᠠᠭ ᠬᠡᠦᠬᠡᠳ ᠤᠨ ᠬᠠᠷᠠᠭᠠᠰᠤ ᠠᠴᠠ ᠡᠭᠦᠰᠴᠦ᠂ ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠬᠡᠦᠬᠡᠳ ᠤᠨ ᠦᠰᠦᠨ ᠪᠤᠶᠢᠵᠢᠯᠲᠠ ᠳᠤ ᠲᠣᠬᠢᠷᠠᠮᠵᠢᠲᠠᠢ ᠨᠥᠬᠦᠴᠡᠯ᠂ ᠣᠷᠴᠢᠨ ᠲᠣᠭᠤᠷᠢᠨ ᠪᠠ ᠦᠢᠯᠡᠴᠢᠯᠡᠭᠡ ᠬᠠᠩᠭᠠᠵᠤ᠂ ᠬᠡᠦᠬᠡᠳ ᠤᠨ ᠳᠥᠷᠪᠡᠨ ᠶᠡᠭᠡ ᠡᠷᠬᠡ ᠶᠢ ᠦᠨᠡᠨ ᠬᠦ ᠪᠠᠳᠤᠯᠠᠬᠤ ᠬᠤᠲᠠ ᠪᠣᠯᠣᠨ᠎ᠠ᠃      ᠪᠣᠳᠠᠲᠤ ᠪᠠᠶᠢᠳᠠᠯ᠄ ᠳᠤᠮᠳᠠᠳᠤ ᠤᠯᠤᠰ ᠪᠣᠯ ᠬᠡᠦᠬᠡᠳ ᠤᠯᠠᠨᠳᠠᠢ ᠲᠣᠮᠣ ᠤᠯᠤᠰ ᠮᠥᠨ᠂ ᠣᠳᠣᠬᠠᠨ ᠳᠤ ᠪᠠᠷᠤᠭ 0 — 17 ᠪᠦᠬᠦᠯᠢ ᠨᠠᠰᠤᠨ ᠤ ᠬᠡᠦᠬᠡᠳ 3 ᠳ᠋ᠦᠩᠰᠢᠭᠤᠷ ᠪᠠᠶᠢᠵᠤ᠂ ᠪᠠᠷᠤᠭ ᠪᠦᠬᠦ ᠤᠯᠤᠰ ᠤᠨ ᠬᠥᠮᠥᠨ ᠠᠮᠠ ᠶᠢᠨ ᠶᠡᠷᠦᠩᠬᠡᠢ ᠲᠣᠭᠠᠨ ᠤ 1/5  ᠶᠢ ᠡᠵᠡᠯᠡᠵᠦ᠂ ᠳᠡᠯᠡᠬᠡᠢ ᠶᠢᠨ ᠬᠡᠦᠬᠡᠳ ᠤᠨ ᠬᠥᠮᠥᠨ ᠠᠮᠠ ᠶᠢᠨ 1/8 ᠶᠢ ᠡᠵᠡᠯᠡᠨ᠎ᠡ᠃ ᠥᠷᠭᠡᠨ ᠣᠯᠠᠨ ᠭᠡᠷ ᠪᠦᠯᠢ ᠶᠢᠨ ᠬᠡᠦᠬᠡᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ︽ᠪᠠᠴᠢᠮ᠂ ᠬᠦᠴᠢᠷ᠂ ᠵᠣᠪᠠᠨᠢᠯ︾ ᠨᠢ ᠲᠣᠪᠣᠶᠢᠮ᠎ᠠ ᠲᠤᠰᠬᠠᠭᠳᠠᠵᠤ ᠪᠠᠶᠢᠨ᠎ᠠ᠂ ᠵᠢᠱᠢᠶᠡᠯᠡᠪᠡᠯ᠂ ᠬᠡᠦᠬᠡᠳ ᠰᠠᠭᠠᠲᠠᠭᠤᠯᠬᠤ ᠲᠠᠯ᠎ᠠ ᠪᠠᠷ᠂ ᠠᠷᠪᠠᠨ ᠤ ᠭᠤᠷᠪᠠᠨ ᠬᠤᠪᠢ ᠠᠴᠠ ᠲᠡᠭᠡᠭᠡᠰᠢ ᠨᠢᠯᠬ᠎ᠠ ᠬᠡᠦᠬᠡᠳ ᠤᠨ ᠭᠡᠷ ᠪᠦᠯᠢ ᠨᠢ ᠬᠡᠦᠬᠡᠳ ᠰᠠᠭᠠᠲᠠᠭᠤᠯᠬᠤ ᠬᠡᠷᠡᠭᠴᠡᠭᠡ ᠱᠠᠭᠠᠷᠳᠠᠯᠭ᠎ᠠ ᠲᠠᠢ᠂ ᠣᠳᠣᠬᠠᠨ ᠳᠤ ᠬᠡᠦᠬᠡᠳ ᠰᠠᠭᠠᠲᠠᠭᠤᠯᠬᠤ ᠡᠬᠢ ᠪᠠᠶᠠᠯᠢᠭ ᠢ ᠪᠦᠬᠦᠨ ᠢ ᠬᠡᠷᠡᠭᠯᠡᠯᠲᠡ ᠳᠤ ᠣᠷᠣᠭᠤᠯᠤᠭᠰᠠᠨ ᠴᠤ ᠵᠥᠪᠬᠡᠨ 15% ᠶᠢᠨ ᠭᠡᠷ ᠪᠦᠯᠢ ᠶᠢᠨ ᠬᠡᠦᠬᠡᠳ ᠰᠠᠭᠠᠲᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠲᠠᠶᠢᠯᠤᠨ᠎ᠠ᠂ ᠣᠳᠣᠬᠠᠨ ᠳᠤ ᠪᠥᠬᠦ ᠤᠯᠤᠰ ᠤᠨ ᠬᠡᠦᠬᠡᠳ ᠰᠠᠭᠠᠲᠠᠭᠤᠯᠬᠤ ᠭᠠᠵᠠᠷ ᠲᠤ ᠪᠣᠳᠠᠲᠠᠢ ᠬᠦᠷᠭᠡᠵᠦ ᠪᠠᠶᠢᠭ᠎ᠠ ᠨᠣᠷᠮ᠎ᠠ ᠨᠢ ᠵᠥᠪᠬᠡᠨ 7.86 % ᠪᠠᠶᠢᠵᠤ᠂ 50% ᠰᠢᠬᠠᠮ ᠤᠨ ᠬᠡᠦᠬᠡᠳ ᠰᠠᠭᠠᠲᠠᠭᠤᠯᠬᠤ ᠡᠬᠢ ᠪᠠᠶᠠᠯᠢᠭ ᠬᠤᠭᠤᠰᠤᠨ ᠪᠠᠶᠢᠨ᠎ᠠ᠂ ᠨᠢᠭᠡᠳᠦᠭᠡᠷ ᠲᠡᠰ ᠤᠨ ᠬᠤᠲᠠ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠨᠠᠩ ᠲᠣᠪᠣᠶᠢᠮ᠎ᠠ ᠪᠣᠯᠵᠤ ᠪᠠᠶᠢᠨ᠎ᠠ᠃      ᠳᠤᠮᠳᠠᠳᠤ ᠤᠯᠤᠰ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠨᠡᠶᠢᠭᠡᠮ ᠤᠨ ᠰᠤᠳᠤᠯᠭᠠᠨ ᠤ ᠭᠠᠵᠠᠷ ᠤᠨ ᠳᠡᠳ᠋ ᠰᠤᠳᠤᠯᠤᠭᠴᠢ ᠸᠧᠢ ᠢ ᠹᠠᠩ ᠤᠨ ᠦᠵᠡᠬᠦ ᠪᠠᠷ᠂ ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠭ᠎ᠠ ᠶᠤᠮ᠃ ᠣᠶᠢᠷ᠎ᠠ ᠶᠢᠨ ᠵᠢᠯ ᠤᠳ ᠲᠤ᠂ ᠵᠠᠷᠢᠮ ᠬᠤᠲᠠ ᠬᠡᠷᠡᠭᠵᠢᠭᠦᠯᠬᠦ ᠶᠢᠨ ᠲᠠᠭᠠᠤ ᠲᠤᠷᠰᠢᠵᠤ᠂ ᠬᠡᠦᠬᠡᠳ ᠤᠨ ᠦᠰᠦᠨ ᠪᠤᠶᠢᠵᠢᠯᠳᠠ ᠬᠦᠭᠵᠢᠯᠳᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠶᠠᠪᠤᠴᠠ ᠪᠠ ᠬᠤᠲᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠵᠠᠰᠠᠯᠲᠠ ᠶᠢᠨ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠬᠤ ᠶᠢ ᠰᠦᠪᠡᠭᠴᠢᠯᠡᠭᠡᠳ ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ ᠬᠡᠦᠬᠡᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠬᠠᠮᠤᠷᠬᠤ ᠬᠡᠪᠴᠢᠶ᠎ᠡ ᠬᠦᠷᠦᠯᠴᠡᠬᠦ ᠦᠭᠡᠢ᠂ ᠨᠡᠶᠢᠭᠡᠮ ᠤᠨ ᠬᠦᠴᠦᠨ ᠤ ᠣᠯᠠᠨ ᠲᠠᠯ᠎ᠠ ᠶᠢᠨ ᠣᠷᠤᠯᠴᠠᠯᠭ᠎ᠠ ᠬᠦᠷᠦᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠤᠯᠤᠰ ᠤᠨ ᠲᠠᠯ᠎ᠠ ᠠᠴᠠ ᠬᠡᠦᠬᠡᠳ ᠤᠨ ᠨᠥᠬᠦᠷᠰᠡᠭ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠬᠦᠷᠢᠶᠡᠨ ᠤ ᠬᠡᠦᠬᠡᠳ ᠤᠨ ᠨᠥᠬᠦᠷᠰᠡᠭ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠬᠦ ᠨᠢ ᠬᠡᠦᠬᠡᠳ ᠤᠨ ᠨᠥᠬᠦᠷᠰᠡᠭ ᠣᠶᠢᠯᠠᠭᠠᠭᠳᠠᠬᠤᠨ ᠢ ᠪᠦᠬᠦ ᠨᠡᠶᠢᠭᠡᠮ ᠤᠨ ᠬᠠᠮᠲᠤ ᠶᠢᠨ ᠲᠠᠨᠢᠯᠲᠠ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠳᠤ ᠠᠰᠢᠭᠲᠠᠢ ᠶᠤᠮ ᠭᠡᠵᠡᠢ᠃      ᠬᠥᠭᠵᠢᠯᠲᠡ ᠶᠢᠨ ᠣᠶᠢᠯᠠᠭᠠᠭᠳᠠᠬᠤᠨ ᠠᠴᠠ ᠤᠯᠤᠰ ᠤᠨ ᠠᠵᠢᠯᠯᠠᠭ᠎ᠠ ᠪᠣᠯᠭᠠᠨ ᠲᠡᠰ ᠲᠡᠪᠰᠢᠭᠦᠯᠬᠦ ᠬᠤᠪᠢᠷᠠᠯᠲᠠ ᠶᠢ ᠬᠡᠷᠬᠢᠨ ᠪᠡᠶᠡᠯᠡᠭᠦᠯᠬᠦ ᠪᠤᠢ︖        ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠡᠶᠢᠭᠡᠮ ᠤᠨ ᠬᠥᠭᠵᠢᠭᠦᠯᠦᠯᠲᠡ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ 2021 ᠣᠨ ᠳᠤ᠂ ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠤᠯᠤᠰ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ︽ᠬᠥᠲᠥᠯᠪᠦᠷᠢ︾ ᠳᠤ ᠣᠷᠣᠭᠤᠯᠪᠠ᠃ ᠲᠣᠰ ᠵᠢᠯ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ 23 ᠰᠠᠯᠠᠭ᠎ᠠ ᠮᠥᠴᠢᠷ ᠬᠠᠮᠲᠤᠷᠠᠨ ︽ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠳᠤᠮᠳᠠᠳᠤ ᠤᠯᠤᠰ ᠤᠨ ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠵᠢᠩᠬᠢᠨᠢ ᠪᠠᠷ ᠡᠬᠢᠯᠡᠪᠡ᠃ ᠰᠠᠨᠠᠯ ᠢ ᠦᠨᠳᠦᠰᠦᠯᠡᠪᠡᠯ᠂ 2025 ᠣᠨ ᠪᠤᠯᠳᠠᠯ᠎ᠠ᠂ ᠪᠥᠬᠦ ᠤᠯᠤᠰ ᠤᠨ ᠬᠡᠪᠴᠢᠶᠡᠨ ᠳᠤ 100 ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠬᠡᠦᠬᠡᠳ ᠤᠨ ᠨᠥᠬᠦᠷᠰᠡᠭ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠲᠦᠯᠬᠢᠨ ᠠᠬᠢᠭᠤᠯᠵᠤ᠂ ᠬᠡᠦᠬᠡᠳ ᠤᠨ ᠨᠥᠬᠦᠷᠰᠡᠭ ᠱᠠᠭᠠᠷᠳᠠᠯᠭ᠎ᠠ ᠶᠢ ᠨᠡᠶᠢᠭᠡᠮ ᠤᠨ ᠲᠥᠷᠥ ᠶᠢᠨ ᠪᠣᠳᠣᠯᠭ᠎ᠠ᠂ ᠣᠯᠠᠨ ᠨᠡᠶᠢᠲᠡ ᠶᠢᠨ ᠦᠢᠯᠡᠴᠢᠯᠡᠭᠡ᠂ ᠡᠷᠬᠡ ᠶᠢᠨ ᠪᠠᠲᠤᠯᠠᠭ᠎ᠠ᠂ ᠦᠰᠦᠨ ᠪᠣᠶᠢᠵᠢᠬᠤ ᠣᠷᠣᠨ ᠪᠦᠰᠡ᠂ ᠬᠥᠭᠵᠢᠯᠲᠡ ᠶᠢᠨ ᠣᠷᠴᠢᠨ ᠨᠥᠬᠦᠴᠡᠯ ᠵᠡᠷᠭᠡ ᠲᠠᠯ᠎ᠠ ᠪᠠᠷ ᠭᠦᠢᠴᠡᠳ ᠢᠯᠡᠷᠡᠭᠦᠯᠦᠨ᠎ᠡ᠃    1/3 ᠣᠷᠴᠢᠮ ᠤᠨ ᠲᠤᠰᠬᠠᠢ ᠣᠷᠣᠨ ᠤ ᠳᠡᠰ ᠤᠨ ᠬᠤᠲᠠ ᠲᠤᠷᠰᠢᠯᠲᠠ   ᠶᠢᠨ ᠠᠵᠢᠯᠯᠠᠭ᠎ᠠ ᠳᠤ ᠣᠷᠣᠯᠴᠠᠪᠠ      ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠡᠯ᠎ᠡ ᠭᠠᠵᠠᠷ ᠤᠨ ᠬᠢᠨ ᠠᠬᠢᠴᠠ ᠬᠢᠷᠢ ᠵᠡᠷᠭᠡ ᠪᠤᠯ︖      ᠣᠶᠢᠯᠠᠭᠠᠭᠰᠠᠨ ᠢᠶᠠᠷ᠂ 2022 ᠣᠨ ᠳᠤ᠂ ᠪᠥᠬᠦ ᠤᠯᠤᠰ ᠲᠤ ᠤᠯᠤᠰ ᠤᠨ ᠬᠡᠦᠬᠡᠳ ᠤᠨ ᠨᠥᠬᠦᠷᠰᠡᠭ ᠬᠤᠲᠠ ᠶᠢ ᠪᠦᠲᠦᠭᠡᠨ ᠪᠠᠶᠢᠭᠤᠯᠬᠤ ᠠᠩᠬᠠᠨ ᠤ ᠪᠦᠯᠦᠭ ᠤᠨ 14 ᠨᠡᠷᠡᠰ ᠢ ᠨᠡᠶᠢᠲᠡᠯᠡᠭᠰᠡᠨ ᠠᠴᠠ ᠨᠠᠰᠢ᠂ 2023 ᠣᠨ᠂ 2024 ᠣᠨ ᠳᠤ ᠲᠣᠰ ᠲᠣᠰ 40 ᠪᠠ 39 ᠨᠡᠮᠡᠭᠳᠡᠵᠦ᠂ ᠨᠡᠶᠢᠲᠡ 93 ᠬᠤᠲᠠ ᠰᠣᠩᠭᠤᠭᠳᠠᠨ ᠣᠷᠣᠵᠤ᠂ ᠪᠥᠬᠦ ᠤᠯᠤᠰ ᠤᠨ ᠲᠤᠰᠬᠠᠢ ᠣᠷᠣᠨ ᠤ ᠲᠠᠰ ᠠᠴᠠ ᠳᠡᠭᠡᠭᠰᠢᠬᠢ ᠬᠤᠲᠠ ᠶᠢᠨ 1/3 ᠰᠢᠬᠠᠮ ᠢ ᠡᠵᠡᠯᠡᠪᠡ ᠃ 2023 ᠣᠨ ᠤ ᠡᠴᠦᠰ ᠪᠣᠯᠲᠠᠯ᠎ᠠ᠂ 130 ᠭᠠᠷᠤᠢ ᠬᠤᠲᠠ ︵ᠰᠢᠭᠤᠳ ᠬᠠᠷᠢᠶ᠎ᠠ ᠬᠤᠲᠠ ᠶᠢᠨ ᠬᠤᠲᠠ ᠲᠣᠭᠤᠷᠢᠭ ᠪᠠᠭᠲᠠᠨ᠎ᠠ︶ ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ᠂ ᠠᠵᠢᠯᠯᠠᠭᠠᠨ ᠤ ᠲᠥᠯᠥᠪᠯᠡᠭᠡ ᠵᠡᠷᠭᠡ ᠶᠢ ᠨᠠᠶᠢᠷᠠᠭᠤᠯᠤᠨ ᠵᠣᠬᠢᠶᠠᠵᠤ᠂ ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠠᠷᠭ᠎ᠠ ᠬᠡᠮᠵᠢᠶ᠎ᠡ ᠪᠠ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠳᠤᠷᠠᠳᠤᠨ ᠭᠠᠷᠭᠠᠪᠠ︔ 90 ᠭᠠᠷᠤᠢ ᠬᠤᠳᠠ ᠶᠢᠨ ᠬᠢᠨ ᠬᠡᠦᠬᠡᠳ ᠤᠨ ᠨᠥᠬᠦᠷᠰᠡᠭ ᠣᠶᠢᠯᠠᠭᠠᠭᠳᠠᠬᠤᠨ ᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠣᠯᠣᠨ ᠡᠯ᠎ᠡ ᠲᠦᠷᠦᠯ ᠤᠨ ᠰᠠᠯᠠᠭ᠎ᠠ ᠮᠥᠴᠢᠷ ᠤᠨ ᠲᠤᠰᠬᠠᠢ ᠲᠥᠯᠦᠪᠵᠢᠭᠦᠯᠭᠡ ᠳᠤ ᠠᠭᠤᠰᠤᠯᠴᠠᠭᠤᠯᠵᠠᠢ᠃ ᠡᠭᠦᠨ ᠤ ᠳᠣᠲᠣᠷ᠎ᠠ ᠴᠥᠭᠡᠨ ᠪᠤᠰᠤ ᠬᠤᠲᠠᠳ ᠡᠨᠡ ᠬᠦ ᠶᠠᠪᠤᠴᠠ ᠳᠠᠭᠠᠨ ᠠᠰᠢᠭᠲᠠᠢ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃      ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠰᠦᠵᠧᠦ ᠬᠤᠲᠠ ᠣᠶᠢᠷ᠎ᠠ ᠶᠢᠨ ᠵᠢᠯ ᠤᠳ ᠲᠤ ᠬᠡᠦᠬᠡᠳ ᠤᠨ ᠨᠥᠬᠦᠷᠰᠡᠭ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠳᠣᠪᠤᠶᠢᠯᠭᠠᠵᠤ᠂ ᠴᠡᠴᠡᠷᠯᠢᠭ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠣᠷᠣᠨ ᠪᠦᠰᠡ ᠳᠤ ᠲᠦᠰᠢᠭᠯᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠡᠦᠬᠡᠳ ᠪᠠᠭᠠᠴᠤᠳ ᠲᠤ ᠲᠣᠬᠢᠷᠠᠬᠤ ᠥᠭᠡᠷᠡᠴᠢᠯᠡᠯᠲᠡ ᠶᠢ ᠥᠷᠨᠢᠭᠦᠯᠵᠦ ᠂ 2023 ᠣᠨ ᠤ ᠡᠴᠦᠰ ᠪᠣᠯᠲᠠᠯ᠎ᠠ ᠪᠥᠬᠦ ᠬᠤᠲᠠ ᠳᠤ ᠬᠤᠲᠠ ᠶᠢᠨ ᠲᠠᠰ ᠤᠨ ᠬᠡᠦᠬᠡᠳ ᠤᠨ ᠨᠥᠬᠦᠷᠰᠡᠭ ᠨᠡᠶᠢᠭᠡᠮ ᠲᠣᠭᠤᠷᠢᠭ 52᠂ ᠴᠡᠴᠡᠷᠯᠢᠭ 40᠂ ᠲᠡᠯᠡᠪᠦᠷ ᠣᠷᠳᠣᠨ ᠵᠢᠴᠢ ᠵᠡᠭᠡᠯᠢ ᠲᠣᠭᠤᠷᠢᠭ 5 ᠪᠠᠶᠢᠭᠤᠯᠵᠤ᠂ 119 ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠬᠡᠦᠬᠡᠳ ᠪᠠᠭᠠᠴᠤᠳ ᠲᠤ ᠲᠣᠬᠢᠷᠠᠬᠤ ᠥᠭᠡᠷᠡᠴᠢᠯᠡᠯᠲᠡ ᠶᠢ ᠥᠷᠨᠢᠭᠦᠯᠵᠦ᠂ ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠭᠰᠠᠨ ᠪᠠᠶᠢᠨ᠎ᠠ᠃      ᠡᠭᠦᠨ ᠠᠴᠠ ᠭᠠᠳᠠᠨ᠎ᠠ᠂ ᠱᠠᠩᠬᠠᠢ ᠬᠤᠲᠠ ᠶᠢᠨ ᠬᠢᠨ ᠨᠡᠶᠢᠭᠡᠮ ᠤᠨ ᠲᠥᠷᠥ ᠶᠢᠨ ᠪᠣᠳᠣᠯᠭ᠎ᠠ ᠶᠢᠨ ᠲᠠᠯ᠎ᠠ ᠠᠴᠠ ︽ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2023 — 2025 ᠣᠨ︶︾ ᠢ ᠨᠡᠶᠢᠲᠡᠯᠡᠵᠦ᠂ ︽15 ᠮᠢᠨᠦ᠋ᠲ ᠤᠨ ᠬᠡᠦᠬᠡᠳ ᠤᠨ ᠠᠮᠢᠳᠤᠷᠠᠯ ᠤᠨ ᠲᠤᠭᠤᠷᠢᠭ︾ ᠶᠢ ᠪᠠᠶᠢᠭᠤᠯᠬᠤ ᠪᠠᠷ ᠳᠤᠷᠠᠳᠤᠨ ᠭᠠᠷᠭᠠᠪᠠ︔ ᠠᠨᠾᠦ᠋ᠢ ᠮᠤᠵᠢ ᠶᠢᠨ ᠾᠧᠹᠧᠢ ᠬᠤᠲᠠ ᠶᠢᠨ ᠬᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠪᠠᠷ ᠰᠢᠨ᠎ᠡ ᠪᠠᠷ ᠪᠠᠶᠢᠭᠤᠯᠤᠭᠰᠠᠨ 60 ᠭᠠᠷᠤᠢ ᠬᠡᠦᠬᠡᠳ ᠤᠨ ᠴᠡᠴᠡᠷᠯᠢᠭ ᠲᠤ ᠭᠡᠷ ᠤᠨ ᠠᠬᠠᠮᠠᠳ ᠤᠨ ᠬᠦᠯᠢᠶᠡᠬᠦ ᠲᠣᠭᠤᠷᠢᠭ᠂ ᠵᠢᠵᠢᠭ ᠵᠤᠭᠠᠴᠠᠯ ᠪᠠ ᠨᠡᠶᠢᠲᠡ ᠶᠢᠨ ᠵᠣᠷᠯᠣᠩ ᠵᠡᠷᠭᠡ ︽ᠭᠤᠷᠪᠠᠨ ᠢᠵᠢ︾ ᠬᠡᠦᠬᠡᠳ ᠤᠨ ᠨᠥᠬᠦᠷᠰᠡᠭ ᠤᠷᠤᠨ ᠪᠦᠰᠡ ᠶᠢ ᠲᠣᠬᠢᠷᠠᠭᠤᠯᠵᠤ ᠥᠭᠪᠡ︔ ᠡᠷᠬᠡ ᠠᠰᠢᠭ ᠤᠨ ᠪᠠᠲᠤᠯᠠᠭ᠎ᠠ ᠶᠢᠨ ᠲᠠᠯ᠎ᠠ ᠪᠠᠷ᠂ ᠾᠧᠨᠠᠨ ᠮᠤᠵᠢ ᠶᠢᠨ ᠵᠧᠩᠵᠧᠦ ᠬᠤᠲᠠ ᠶᠢᠨ ᠬᠢᠨ ᠣᠶᠢᠷ᠎ᠠ ᠶᠢᠨ 3 ᠵᠢᠯ ᠳᠤ 1.38 ᠲᠦᠮᠡᠨ ᠵᠡᠮᠳᠡᠭ ᠬᠡᠦᠬᠡᠳ ᠤᠨ ᠡᠷᠡᠭᠦᠯᠵᠢᠯ ᠠᠪᠤᠷᠠᠨ ᠲᠤᠰᠠᠯᠠᠬᠤ ᠦᠢᠯᠡᠴᠢᠯᠡᠭᠡ ᠶᠢ ᠬᠠᠩᠭᠠᠵᠤ᠂ ᠰᠧᠴᠤᠸᠠᠨ ᠮᠤᠵᠢ ᠶᠢᠨ ᠴᠧᠩᠳᠦ᠋ ᠬᠤᠲᠠ ᠶᠢᠨ ᠬᠢᠨ ᠳᠤᠮᠳᠠ᠂ ᠬᠦᠨᠳᠦ ᠲᠡᠰ ᠤᠨ ᠴᠢᠳᠠᠪᠤᠷᠢ ᠪᠠᠨ ᠠᠯᠳᠠᠭᠰᠠᠨ ᠰᠣᠷᠣᠭᠴᠢ ᠬᠡᠦᠬᠡᠳ ᠢ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ︔ ᠱᠠᠨᠳᠦ᠋ᠩ ᠮᠤᠵᠢ ᠶᠢᠨ ᠴᠢᠩᠳᠣᠣ ᠬᠤᠳᠠ ᠶᠢᠨ ᠬᠢᠨ ᠬᠡᠦᠬᠡᠳ ᠤᠨ ᠨᠥᠬᠦᠷᠰᠡᠭ ᠨᠣᠮ ᠤᠨ ᠰᠠᠩ 10 ᠲᠥᠰᠥᠪᠯᠡᠨ ᠪᠠᠶᠢᠭᠤᠯᠵᠦ᠂ ᠵᠢᠯ ᠳᠤ ᠪᠠᠷᠤᠭ 50 ᠲᠦᠮᠡᠨ ᠬᠥᠮᠥᠨ ᠤᠳᠠᠭ᠎ᠠ ᠶᠢᠨ ᠬᠡᠦᠬᠡᠳ ᠤᠩᠰᠢᠭᠴᠢᠳ ᠢ ᠬᠦᠯᠢᠶᠡᠨ ᠠᠪᠴᠤ᠂ ᠪᠦᠬᠦ ᠬᠤᠳᠠ ᠶᠢᠨ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠨᠡᠶᠢᠲᠡ ᠶᠢᠨ ᠠᠰᠠᠷᠠᠮᠵᠢ ᠶᠢᠨ ᠵᠢᠷᠤᠭᠲᠤ ᠨᠣᠮ ᠤᠨ ᠰᠠᠩ ᠢ ᠪᠠᠶᠢᠭᠤᠯᠵᠤ᠂ ᠬᠡᠦᠬᠡᠳ ᠤᠨ ᠰᠣᠶᠣᠯ ᠢᠷᠭᠡᠨᠰᠢᠯ ᠳᠤ ᠣᠷᠣᠯᠴᠠᠬᠤ ᠣᠷᠣᠨ ᠵᠠᠢ ᠶᠢ ᠥᠷᠭᠡᠳᠬᠡᠪᠡ᠃      ᠭᠡᠷ ᠤᠨ ᠠᠬᠠᠮᠠᠳ ᠢ ᠰᠠᠨᠠᠭ᠎ᠠ ᠠᠮᠤᠷ ᠲᠠᠭᠠᠯᠠᠮᠵᠢᠳᠠᠢ ︽ᠬᠡᠦᠬᠡᠳ ᠨᠠᠭᠠᠳᠤᠭᠤᠯᠬᠤ︾ ᠣᠷᠴᠢᠨ ᠲᠣᠭᠤᠷᠢᠨ ᠢ ᠬᠠᠩᠭᠠᠨ᠎ᠠ     ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠳᠤ ᠪᠠᠰᠠ ᠶᠠᠮᠠᠷ ᠶᠠᠮᠠᠷ ᠦᠷᠢᠰᠦᠯᠳᠦᠭᠡᠨ ᠲᠤᠯᠭᠠᠷᠠᠵᠦ ᠪᠠᠶᠢᠬᠤ ᠪᠤᠶ︖᡼     ︽ᠣᠳᠣᠬᠠᠨ ᠳᠤ᠂ ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠨᠢ ᠡᠬᠢᠯᠡᠯᠲᠡ  ᠶᠢᠨ ᠱᠠᠲᠤᠨ ᠳᠠᠭᠠᠨ ᠪᠠᠶᠢᠭ᠎ᠠ ᠪᠣᠯᠬᠤᠷ ᠵᠠᠷᠢᠮ ᠬᠤᠲᠠ ᠳᠤ ᠬᠡᠦᠬᠡᠳ ᠤᠨ ᠬᠡᠷᠡᠭᠴᠡᠭᠡ ᠶᠢ ᠭᠦᠢᠴᠡᠳ ᠪᠣᠳᠣᠯᠬᠢᠯᠠᠭᠰᠠᠨ ᠦᠭᠡᠢ᠂ ᠲᠥᠬᠦᠭᠡᠷᠦᠮᠵᠢ ᠶᠢᠨ ᠴᠢᠨᠠᠷ ᠴᠢᠨᠰᠠᠭ᠎ᠠ ᠶᠢ ᠲᠤᠤᠷ᠎ᠠ᠂ ᠢᠵᠢ ᠪᠦᠷᠢᠳᠦᠭᠦᠯᠬᠦ ᠦᠢᠯᠡᠴᠢᠯᠡᠭᠡ ᠲᠡᠭᠦᠯᠳᠡᠷ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠨ᠎ᠠ︾᠃ ᠵᠢᠶᠠᠩᠰᠤ ᠮᠤᠵᠢ ᠶᠢᠨ ᠨᠠᠨᠵᠢᠩ ᠬᠤᠲᠠ ᠶᠢᠨ ᠮᠦᠽᠧᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠬᠦ ᠳᠡᠭᠡᠨ᠂ ᠵᠠᠷᠢᠮ ᠮᠦᠽᠧᠢ ᠶᠢᠨ ᠳᠡᠯᠭᠡᠨ ᠦᠵᠡᠭᠦᠯᠬᠦ ᠰᠠᠮᠪᠠᠷ᠎ᠠ ᠬᠤᠷᠭᠤ ᠶᠢᠨ ᠥᠨᠳᠥᠷ ᠤᠨ ᠬᠡᠮᠵᠢᠶ᠎ᠡ᠂ ᠳᠡᠯᠭᠡᠨ ᠦᠵᠡᠭᠦᠯᠬᠦ ᠲᠢᠩᠬᠢᠮ ᠤᠨ ᠳᠣᠲᠣᠷᠠᠬᠢ ᠳ᠋ᠧᠩ ᠤᠨ ᠬᠡᠷᠡᠯ ᠪᠠ ᠥᠩᠭᠡ ᠪᠤᠳᠤᠭ ᠤᠨ ᠵᠢᠷᠤᠭ ᠲᠥᠯᠥᠪᠯᠡᠭᠡ ᠵᠡᠷᠭᠡ ᠨᠢ ᠬᠡᠦᠬᠡᠳ ᠤᠨ ᠲᠣᠭᠤᠷᠢᠨ ᠦᠵᠡᠬᠦ ᠬᠠᠮᠲᠤᠯᠢᠭ ᠤᠨ ᠬᠡᠷᠡᠭᠴᠡᠭᠡ ᠶᠢ ᠭᠦᠢᠴᠡᠳ ᠪᠣᠳᠣᠯᠬᠢᠯᠠᠭᠰᠠᠨ ᠦᠭᠡᠢ ᠪᠣᠯᠬᠤᠷ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠴᠢᠬᠤᠯᠠᠳᠠᠢ ᠪᠠᠶᠢᠨ᠎ᠠ ᠭᠡᠵᠡᠢ᠃ ᠣᠳᠣᠬᠠᠨ ᠳᠤ᠂ ᠬᠤᠲᠠ ᠶᠢᠨ ᠣᠯᠠᠨ ᠨᠡᠶᠢᠲᠡ ᠶᠢᠨ ᠣᠷᠣᠨ ᠪᠦᠰᠡ ᠳᠤ ᠬᠡᠦᠬᠡᠳ ᠲᠤ ᠲᠣᠬᠢᠷᠠᠬᠤ ᠲᠠᠯ᠎ᠠ ᠪᠠᠷ ᠲᠥᠬᠦᠭᠡᠷᠦᠮᠵᠢ ᠭᠦᠢᠴᠡᠳ ᠦᠭᠡᠢ᠂ ᠪᠠᠶᠢᠷᠢᠰᠢᠯ ᠲᠡᠩᠴᠡᠭᠦᠷᠢ ᠦᠭᠡᠢ᠂ ᠣᠷᠣᠨ ᠪᠦᠰᠡ ᠨᠥᠬᠦᠷᠰᠡᠭ ᠪᠤᠰᠤ᠂ ᠴᠢᠳᠠᠮᠵᠢ ᠲᠡᠭᠦᠯᠳᠡᠷ ᠪᠤᠰᠤ ᠵᠡᠷᠭᠡ ᠦᠵᠡᠭᠳᠡᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠬᠡᠦᠬᠡᠳ ᠤᠨ ᠬᠡᠷᠡᠭᠯᠡᠯᠲᠡ ᠶᠢᠨ ᠪᠡᠶᠡᠴᠢ ᠣᠶᠢᠯᠠᠭᠠᠯᠲᠠ ᠪᠠ ᠲᠥᠬᠦᠭᠡᠷᠦᠮᠵᠢ ᠶᠢᠨ ᠠᠰᠢᠭᠯᠠᠯᠲᠠ ᠶᠢᠨ ᠨᠣᠷᠮ᠎ᠠ ᠶᠢ ᠨᠥᠯᠥᠭᠡᠯᠡᠵᠦ ᠪᠠᠶᠢᠨ᠎ᠠ᠃ ᠬᠡᠦᠬᠡᠳ ᠤᠨ ᠥᠰᠦᠯᠲᠡ ᠪᠤᠶᠢᠵᠢᠯᠲᠠ ᠳᠤ ᠠᠳᠠᠯᠢ ᠪᠤᠰᠤ ᠬᠡᠮᠵᠢᠶ᠎ᠡ ᠪᠠᠷ ︽ᠠᠶᠠᠨᠳᠠᠭᠠᠨ ᠳᠤᠲᠠᠭᠳᠠᠬᠤ︾ ᠠᠰᠠᠭᠤᠳᠠᠯ ᠲᠤᠯᠭᠠᠷᠠᠵᠤ᠂ ᠵᠠᠷᠢᠮ ᠬᠤᠳᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠳᠤ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢᠨ ᠴᠢᠳᠠᠮᠵᠢ ᠶᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠣᠷᠭᠠᠨᠢᠭ ᠢᠶᠠᠷ ᠠᠭᠤᠰᠤᠯᠴᠠᠭᠤᠯᠬᠤ ᠶᠢ ᠴᠢᠬᠤᠯᠠᠴᠢᠯᠠᠭᠰᠠᠨ ᠦᠭᠡᠢ᠂ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠨᠤᠭᠤᠭᠠᠷᠠᠭᠤᠯᠤᠯᠳᠠ ᠶᠢᠨ ᠲᠣᠬᠢᠷᠠᠭᠤᠯᠤᠯᠲᠠ ᠬᠦᠷᠦᠯᠴᠡᠬᠦ ᠦᠭᠡᠢ᠂ ᠴᠡᠴᠡᠷᠯᠢᠭ ᠪᠠ ᠵᠡᠭᠡᠯᠢ ᠲᠣᠭᠤᠷᠢᠭ ᠲᠤ ᠬᠡᠦᠬᠡᠳ ᠤᠨ ᠵᠤᠭᠠᠴᠠᠨ ᠲᠤᠭᠯᠠᠬᠤ ᠲᠥᠬᠦᠭᠡᠷᠦᠮᠵᠢ ᠳᠤᠲᠠᠭᠳᠠᠵᠤ᠂ ᠬᠡᠦᠬᠡᠳ ᠤᠨ ᠡᠬᠡ ᠪᠠᠶᠢᠭᠠᠯᠢ ᠲᠠᠢ ᠣᠶᠢᠷᠠᠲᠤᠬᠤ ᠲᠣᠬᠢᠶᠠᠯ ᠢ ᠪᠠᠭᠠᠰᠬᠠᠵᠠᠢ᠃      ᠬᠡᠦᠬᠡᠳ ᠤᠨ ᠨᠥᠬᠦᠷᠰᠡᠭ ᠬᠤᠳᠠ ᠶᠢᠨ ᠪᠦᠲᠦᠭᠡᠨ ᠪᠠᠶᠢᠭᠤᠯᠤᠯᠲᠠ ᠳᠤ ᠬᠡᠦᠬᠡᠳ ᠤᠨ ᠨᠥᠬᠦᠷᠰᠡᠭ ᠣᠷᠣᠨ ᠪᠦᠰᠡ ᠪᠠᠷ ᠠᠴᠢᠶᠠᠯᠠᠪᠤᠷᠢ ᠪᠣᠯᠭᠠᠵᠤ᠂ ᠨᠡᠩ ᠢᠯᠡᠭᠦᠦ ᠲᠥᠷᠥᠭᠳᠡᠯ ᠲᠠᠢ᠂ ᠪᠣᠳᠠᠲᠠᠶᠢᠵᠢᠭᠤᠯᠬᠤ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠶᠠᠪᠤᠳᠠᠯ ᠤᠨ ᠴᠡᠴᠡᠷᠯᠢᠭ ︵ᠨᠡᠶᠢᠭᠡᠮ ᠲᠣᠭᠤᠷᠢᠭ ᠤᠨ ᠪᠢᠴᠢᠯ ᠴᠡᠴᠡᠷᠯᠢᠭ ᠪᠠᠭᠲᠠᠨ᠎ᠠ︶᠂ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠣᠷᠣᠨ ᠪᠦᠰᠡ ᠶᠢ ᠬᠡᠦᠬᠡᠳ ᠲᠤ ᠲᠤᠬᠢᠷᠠᠬᠤ ᠥᠭᠡᠷᠡᠴᠢᠯᠡᠯᠲᠡ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠥᠷᠭᠡᠨ ᠣᠯᠠᠨ ᠭᠡᠷ ᠤᠨ ᠠᠬᠠᠮᠠᠳ ᠲᠤ ᠨᠠᠩ ᠰᠠᠨᠠᠭ᠎ᠠ ᠠᠮᠤᠷ ᠲᠠᠭᠠᠯᠠᠮᠵᠢᠲᠠᠢ ︽ᠬᠡᠦᠬᠡᠳ ᠨᠠᠭᠠᠳᠤᠭᠤᠯᠬᠤ︾ ᠣᠷᠴᠢᠨ ᠲᠣᠭᠤᠷᠢᠨ ᠢ ᠬᠠᠩᠭᠠᠨ᠎ᠠ︔ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠦᠬᠡᠳ ᠤᠨ ᠨᠥᠬᠦᠷᠰᠡᠭ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠴᠡᠴᠡᠷᠯᠢᠭ ᠂ ᠨᠡᠶᠢᠭᠡᠮ ᠲᠣᠭᠤᠷᠢᠭ ᠵᠡᠷᠭᠡ ᠬᠦᠷᠢᠶ᠎ᠡ ᠴᠠᠷᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠲᠣᠭᠲᠠᠭᠠᠵᠤ᠂ ᠣᠯᠠᠨ ᠨᠡᠶᠢᠲᠡ ᠶᠢᠨ ᠣᠷᠣᠨ ᠪᠦᠰᠡ ᠪᠠ ᠪᠡᠯᠡᠳᠬᠡᠮᠵᠢ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠬᠡᠦᠬᠡᠳ ᠲᠤ ᠲᠣᠬᠢᠷᠠᠬᠤ ᠥᠭᠡᠷᠡᠴᠢᠯᠡᠯᠲᠡ ᠶᠢᠨ ᠨᠢᠭᠡᠳᠦᠯᠲᠡᠢ ᠪᠠᠷᠢᠮᠵᠢᠶ᠎ᠠ᠂ ᠵᠢᠷᠤᠮᠵᠢᠯ ᠲᠠᠢ ᠪᠦᠲᠦᠭᠡᠨ ᠪᠠᠶᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ︔ ᠬᠡᠦᠬᠡᠳ ᠤᠨ ᠨᠥᠬᠦᠷᠰᠡᠭ ᠭᠠᠵᠠᠷ ᠤᠨ ᠵᠢᠷᠤᠭ ᠨᠠᠶᠢᠷᠠᠭᠤᠯᠤᠨ ᠵᠤᠬᠢᠶᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠳᠣᠲᠣᠷᠠᠬᠢ ᠴᠡᠴᠡᠷᠯᠢᠭ᠂ ᠨᠣᠭᠤᠭᠠᠨ ᠬᠥᠷᠥᠰᠥ᠂ ᠮᠦᠽᠧᠢ᠂ ᠨᠣᠮ ᠤᠨ ᠰᠠᠩ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ ᠵᠡᠷᠭᠡ ᠡᠯ᠎ᠡ ᠲᠥᠷᠥᠯ ᠤᠨ ᠬᠡᠦᠬᠡᠳ ᠤᠨ ᠨᠥᠬᠦᠷᠰᠡᠭ ᠣᠷᠣᠨ ᠪᠦᠰᠡ ᠶᠢᠨ ᠡᠬᠢ ᠪᠠᠶᠠᠯᠢᠭ ᠢ ᠨᠢᠭᠡᠳᠦᠯᠳᠡᠢ ᠲᠦᠯᠦᠪᠵᠢᠭᠦᠯᠦᠨ᠎ᠡ᠃      ᠡᠭᠦᠨ ᠠᠴᠠ ᠡᠮᠦᠨ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠵᠡᠷᠭᠡ 3 ᠰᠠᠯᠠᠭ᠎ᠠ ᠮᠥᠴᠢᠷ᠂ ︽ᠬᠤᠲᠠ ᠶᠢᠨ ᠬᠡᠦᠬᠡᠳ ᠤᠨ ᠨᠥᠬᠦᠷᠰᠡᠭ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠳᠦᠷᠢᠮ ︵ᠲᠤᠷᠰᠢᠨ ᠬᠡᠷᠡᠭᠵᠢᠭᠦᠯᠬᠦ︶︾ ᠢ ᠨᠠᠶᠢᠷᠠᠭᠤᠯᠤᠨ ᠲᠠᠷᠬᠠᠭᠠᠵᠤ᠂ ᠬᠡᠦᠬᠡᠳ ᠲᠤ ᠲᠣᠬᠢᠷᠠᠬᠤ ᠥᠭᠡᠷᠡᠴᠢᠯᠡᠯᠲᠡ᠂ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠭᠠᠵᠠᠷ ᠪᠠ ᠵᠤᠭᠠᠴᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠣᠯᠠᠨ ᠲᠠᠯ᠎ᠠ ᠠᠴᠠ ᠪᠣᠳᠠᠲᠠᠢ ᠵᠢᠯᠣᠭᠤᠳᠤᠯᠭ᠎ᠠ ᠳᠤᠷᠠᠳᠪᠠ᠂ ᠡᠭᠦᠨ ᠳᠤ ᠮᠦᠽᠧᠢ᠂ ᠳᠠᠭᠤᠤ ᠬᠥᠭᠵᠢᠮ ᠤᠨ ᠲᠢᠩᠬᠢᠮ ᠵᠡᠷᠭᠡ ᠳᠡᠯᠭᠡᠨ ᠦᠵᠡᠭᠦᠯᠬᠦ ᠪᠠ ᠤᠷᠠᠯᠢᠭ ᠤᠨ ᠲᠣᠭᠯᠠᠯᠲᠠ ᠶᠢᠨ ᠲᠥᠬᠦᠭᠡᠷᠦᠮᠵᠢ ᠶᠢ ᠬᠡᠦᠬᠡᠳ ᠲᠤ ᠲᠣᠬᠢᠷᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠂ ᠳᠡᠯᠭᠡᠨ ᠦᠵᠡᠭᠦᠯᠬᠦ ᠲᠥᠬᠦᠭᠡᠷᠦᠮᠵᠢ ᠪᠠ ᠬᠡᠦᠬᠡᠳ ᠤᠨ ᠬᠠᠷᠢᠯᠴᠠᠨ ᠦᠢᠯᠡᠳᠦᠯᠴᠡᠬᠦ ᠲᠥᠬᠦᠭᠡᠷᠦᠮᠵᠢ ᠪᠡᠯᠡᠳᠭᠡᠮᠵᠢ ᠶᠢ ᠬᠡᠦᠬᠡᠳ ᠤᠨ ᠦᠶᠯᠡ ᠠᠵᠢᠯᠯᠠᠭᠠᠨ ᠤ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠢ︔ ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠴᠡᠴᠡᠷᠯᠢᠭ ᠢ ᠬᠡᠦᠬᠡᠳᠵᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠬᠡᠭᠡᠷ᠎ᠡ ᠪᠠᠭᠤᠳᠠᠯᠯᠠᠬᠤ ᠭᠠᠵᠠᠷ ᠵᠡᠷᠭᠡ ᠤᠯᠠᠨ ᠴᠢᠳᠠᠮᠵᠢᠲᠤ ᠠᠵᠢᠯᠯᠠᠭ᠎ᠠ ᠶᠢᠨ ᠦᠷᠲᠡᠭᠡ ᠪᠠᠶᠢᠭᠤᠯᠬᠤ ᠶᠢ ᠵᠣᠷᠢᠭᠵᠢᠭᠤᠯᠵᠤ᠂ ᠪᠠᠶᠢᠭᠠᠯᠢ ᠯᠤᠭ᠎ᠠ ᠠᠭᠤᠰᠤᠯᠴᠠᠭᠰᠠᠨ ᠬᠡᠦᠬᠡᠳ ᠤᠨ ᠵᠤᠭᠠᠴᠠᠨ ᠨᠠᠭᠠᠳᠬᠤ ᠣᠷᠣᠨ ᠪᠦᠰᠡ ᠶᠢ ᠪᠠᠶᠢᠭᠤᠯᠤᠨ᠎ᠠ᠃ ᠬᠤᠯᠪᠣᠭᠳᠠᠯ ᠪᠦᠬᠦᠢ ᠪᠠᠶᠢᠴᠠᠭᠠᠯᠲᠠ ᠠᠴᠠ ᠦᠵᠡᠪᠡᠯ᠂ ᠳᠤᠮᠳᠠᠳᠤ ᠤᠯᠤᠰ ᠤᠨ ᠬᠡᠦᠬᠡᠳ ᠤᠨ ᠦᠶ᠎ᠡ ᠠᠯᠤᠰᠯᠠᠨ ᠠᠰᠠᠷᠠᠨ ᠬᠥᠮᠥᠵᠢᠭᠦᠯᠬᠦ ᠬᠠᠷᠢᠴᠠᠯ ᠨᠡᠯᠢᠶᠡᠳ ᠥᠨᠳᠥᠷ ᠪᠠᠶᠢᠵᠤ᠂ ᠬᠤᠲᠠ ᠶᠢᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠬᠠᠷᠠᠭᠠᠯᠵᠠᠬᠤ ᠠᠵᠢᠯᠯᠠᠭ᠎ᠠ ᠳᠤ ᠡᠪᠦᠭᠡ ᠡᠮᠡᠭᠡ ᠶᠢᠨ ᠣᠷᠣᠯᠴᠠᠵᠤ ᠬᠠᠷᠢᠴᠠᠯ ᠨᠢ 60% ᠶᠢ ᠳᠠᠪᠠᠭᠰᠠᠨ ᠪᠠᠶᠢᠨ᠎ᠠ᠃ ᠡᠭᠦᠨ ᠤ ᠲᠤᠬᠠᠢ ᠲᠤᠰᠬᠠᠢ ᠮᠡᠷᠭᠡᠵᠢᠯᠲᠡᠨ ᠤ ᠦᠵᠡᠬᠦ ᠪᠠᠷ᠂ ᠨᠢᠯᠬ᠎ᠠ ᠬᠡᠦᠬᠡᠳ ᠤᠨ ᠥᠭᠡᠷᠡᠴᠢᠯᠡᠯᠲᠡ ᠳᠤ ᠵᠣᠬᠢᠴᠠᠬᠤ ᠶᠢᠨ ᠬᠠᠮᠲᠤ ᠪᠠᠰᠠ ᠨᠠᠰᠤᠵᠢᠯᠲᠠ ᠳᠤ ᠵᠣᠬᠢᠴᠠᠬᠤ ᠶᠢᠨ ᠥᠭᠡᠷᠡᠴᠢᠯᠡᠯᠲᠡ ᠶᠢ ᠴᠢᠬᠤᠯᠠᠴᠢᠯᠠᠬᠤ ᠬᠡᠷᠡᠭᠳᠡᠢ᠂ ︽ᠦᠳᠡᠯᠦᠭᠡ ᠨᠢᠯᠬᠠᠰ ᠢ ᠤᠶᠠᠯᠳᠤᠭᠤᠯᠬᠤ︾ ᠣᠷᠣᠨ ᠪᠦᠰᠡ ᠶᠢᠨ ᠠᠭᠤᠰᠤᠯᠴᠠᠯ ᠤᠨ ᠵᠠᠭᠪᠤᠷ ᠢ ᠢᠳᠡᠪᠬᠢᠲᠡᠢ ᠰᠦᠪᠡᠭᠴᠢᠯᠡᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠶᠡᠷᠦᠩᠬᠡᠶᠢᠯᠡᠨ ᠪᠠᠶᠢᠷᠢᠯᠠᠭᠤᠯᠬᠤ᠂ ᠨᠡᠶᠢᠯᠡᠭᠦᠯᠦᠨ ᠠᠰᠢᠭᠯᠠᠬᠤ᠂ ᠴᠠᠭ ᠵᠥᠷᠢᠭᠦᠯᠦᠨ ᠠᠰᠢᠭᠯᠠᠬᠤ ᠶᠢ ᠵᠣᠷᠢᠭᠵᠢᠭᠤᠯᠵᠤ᠂ ᠠᠳᠠᠯᠢ ᠪᠤᠰᠤ ᠨᠠᠰᠤᠨ ᠤ ᠰᠠᠭᠤᠭᠠᠯᠢ ᠠᠷᠠᠳ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ᠸᠧᠢ ᠢ ᠹᠠᠩ ᠤᠨ ᠦᠵᠡᠬᠦ ᠪᠠᠷ᠂ ᠬᠡᠦᠬᠡᠳ ᠤᠨ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠳᠤ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠲᠤ ᠪᠠᠷ ᠣᠷᠣᠯᠴᠠᠬᠤ ᠴᠢᠬᠤᠯᠠᠲᠠᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠡᠦᠬᠡᠳ ᠲᠤ ᠬᠠᠨᠳᠤᠭᠤᠯᠤᠭᠰᠠᠨ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ ᠥᠷᠭᠡᠳᠬᠡᠬᠦ ᠶᠢ ᠵᠣᠷᠢᠭᠵᠢᠭᠤᠯᠵᠤ᠂ ᠬᠡᠦᠬᠡᠳ ᠲᠤ ᠦᠢᠯᠡᠴᠢᠯᠡᠬᠦ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠪᠦᠯᠬᠦᠮ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢ ᠢᠳᠡᠪᠬᠢᠲᠡᠢ ᠪᠣᠶᠢᠵᠢᠭᠤᠯᠤᠨ᠂ ᠬᠡᠦᠬᠡᠳ ᠤᠨ ᠨᠥᠬᠦᠷᠰᠡᠭ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠵᠤ᠂ ᠭᠡᠷ ᠪᠦᠯᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠭᠡᠨ᠎ᠡ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1